ᠭᠤᠣᠯᠳᠠᠯᠭ᠎ᠠ ᠲᠠᠢ ᠬᠦᠷᠢᠶᠡᠨ ᠳᠠᠬᠢ ᠲᠥᠬᠦᠭᠡᠷᠦᠮᠵᠢ ᠶᠢᠨ ᠰᠢᠨᠡᠴᠢᠯᠡᠯᠲᠡ ᠢᠳᠡᠪᠬᠢᠲᠡᠢ ᠠᠬᠢᠴᠠ ᠲᠠᠢ ᠪᠤᠯᠵᠠᠢ ᠣᠷᠣᠨ ᠰᠠᠭᠤᠴᠠ ᠶᠢᠨ ᠬᠠᠭᠤᠴᠢᠷᠠᠭᠰᠠᠨ ᠴᠠᠬᠢᠯᠭᠠᠨ ᠱᠠᠲᠤ ᠶᠢᠨ ᠰᠢᠨᠡᠴᠢᠯᠡᠯᠲᠡ ᠵᠡᠷᠭᠡ ᠨᠢ ᠬᠡᠳᠦ ᠣᠷᠳᠣ ᠬᠤᠭᠤᠴᠠᠭᠠᠨ ᠤ ᠤᠯᠤᠰ ᠤᠨ ᠵᠢᠭᠡᠯᠡᠯᠭᠡ ᠶᠢᠨ ᠪᠡᠯᠡ ᠮᠥᠩᠭᠦ ᠶᠢᠨ ᠲᠡᠮᠵᠢᠯᠭᠡ ᠶᠢ ᠤᠯᠵᠠᠢ
ᠨᠡᠶᠢᠲᠡᠯᠡᠭᠰᠡᠨ ᠴᠠᠭ᠄
2024/9/26
      ︽ᠬᠤᠶᠠᠷ ᠰᠢᠨᠡᠴᠢᠯᠡᠯᠲᠡ︾ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠠᠴᠠ ᠨᠠᠰᠢ᠂ ᠡᠯ᠎ᠡ ᠭᠠᠵᠠᠷ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠯ᠎ᠡ ᠲᠥᠷᠥᠯ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠭᠦᠢᠴᠡᠳ ᠰᠠᠶᠢᠲᠤᠷ ᠬᠡᠷᠡᠭᠯᠡᠵᠦ᠂ ᠶᠡᠭᠡ ᠬᠡᠪᠴᠢᠶᠡᠨ ᠤ ᠲᠣᠨᠤᠭ ᠲᠥᠬᠦᠭᠡᠷᠦᠮᠵᠢ ᠶᠢᠨ ᠰᠢᠨᠡᠴᠢᠯᠡᠯᠲᠡ ᠶᠢᠨ ᠲᠠᠰᠤᠷᠠᠯᠲᠠ ᠦᠭᠡᠢ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠣᠯᠬᠤ‌‍ᠶᠢ ᠠᠬᠢᠭᠤᠯᠪᠠ᠃      ᠣᠷᠣᠨ ᠰᠠᠭᠤᠴᠠ ᠶᠢᠨ ᠬᠠᠭᠤᠴᠢᠷᠠᠭᠰᠠᠨ ᠴᠠᠬᠢᠯᠭᠠᠨ ᠱᠠᠲᠤ ᠶᠢᠨ ᠰᠢᠨᠡᠴᠢᠯᠡᠯᠳᠡ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠪᠡᠯᠡᠳᠭᠡᠮᠵᠢ ᠲᠥᠬᠦᠭᠡᠷᠦᠮᠵᠢ ᠶᠢᠨ ᠰᠢᠨᠡᠴᠢᠯᠡᠯᠳᠡ ᠵᠡᠷᠭᠡ ᠲᠥᠷᠥᠯ ᠵᠦᠢᠯ ᠢ ᠲᠣᠭᠲᠠᠭᠤᠨ ᠢᠶᠠᠷ ᠬᠡᠷᠡᠭᠵᠢᠭᠦᠯᠪᠡ
     ᠪᠠᠷᠢᠯᠭ᠎ᠠ ᠪᠠ ᠬᠤᠳᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠪᠣᠯ ︽ᠬᠤᠶᠠᠷ ᠰᠢᠨᠡᠴᠢᠯᠡᠯᠲᠡ︾ ᠶᠢᠨ ᠠᠵᠢᠯ ᠤᠨ ᠴᠢᠬᠤᠯᠠ ᠬᠦᠷᠢᠶ᠎ᠡ ᠬᠡᠪᠴᠢᠶᠡᠨ ᠤ ᠨᠢᠭᠡ ᠪᠣᠯᠣᠨ᠎ᠠ᠃ ᠣᠲᠣ ᠪᠣᠯᠲᠠᠯ᠎ᠠ᠂ ᠣᠷᠣᠨ ᠰᠠᠭᠤᠴᠠ‌‍ᠶᠢᠨ ᠬᠠᠭᠤᠴᠢᠷᠠᠭᠰᠠᠨ ᠴᠠᠬᠢᠯᠭᠠᠨ ᠱᠠᠲᠤ ᠶᠢ ᠰᠢᠨᠡᠳᠬᠡᠬᠦ᠂ ᠪᠣᠬᠢᠷ ᠤᠰᠤ ᠶᠢ ᠰᠢᠢᠳᠪᠦᠷᠢᠯᠡᠬᠦ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠪᠠᠯᠡᠳᠭᠡᠮᠵᠢ ᠲᠥᠬᠦᠭᠡᠷᠦᠮᠵᠢ ᠶᠢ ᠰᠢᠨᠡᠳᠬᠡᠬᠦ ᠵᠢᠴᠢ ᠠᠮᠢ ᠨᠠᠰᠤᠨ ᠤ ᠱᠤᠭᠤᠮ ᠤᠨ ᠢᠨᠵᠧᠨᠧᠷᠢᠩ ᠤᠨ ᠢᠵᠢ ᠪᠦᠷᠢᠳᠦᠭᠦᠯᠬᠦ ᠲᠥᠬᠦᠭᠡᠷᠦᠮᠵᠢ ᠶᠢ ᠰᠢᠨᠡᠳᠬᠡᠬᠦ ᠵᠡᠷᠭᠡ ᠭᠤᠣᠯᠳᠠᠯᠭ᠎ᠠ ᠲᠠᠢ ᠡᠭᠦᠷᠭᠡ ᠨᠢ ᠨᠢᠭᠡᠨᠲᠡ ᠬᠡᠳᠦ ᠣᠷᠳᠣ ᠬᠤᠭᠤᠴᠠᠭᠠᠨ ᠤ ᠤᠯᠤᠰ ᠤᠨ ᠵᠢᠭᠡᠯᠡᠯᠭᠡ ᠶᠢᠨ ᠪᠡᠯᠡ ᠮᠥᠩᠭᠦ ᠶᠢᠨ ᠳᠡᠮᠵᠢᠯᠭᠡ ᠶᠢ ᠣᠯᠣᠭᠰᠠᠨ ᠪᠠᠶᠢᠨ᠎ᠠ᠃ ᠡᠭᠦᠨ ᠠᠴᠠ ᠭᠠᠳᠠᠨ᠎ᠠ᠂ ᠡᠯ᠎ᠡ ᠭᠠᠵᠠᠷ ᠤᠨ ᠥᠪᠡᠰᠦᠪᠡᠨ ᠴᠤᠭᠯᠠᠭᠤᠯᠤᠭᠰᠠᠨ 400 ᠭᠠᠷᠤᠢ ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠪᠠᠷᠢᠯᠭ᠎ᠠ ᠪᠣᠯᠣᠨ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ   ᠶᠢᠨ ᠰᠢᠨᠡᠴᠢᠯᠡᠯᠲᠡ ᠳᠤ ᠣᠷᠣᠭᠤᠯᠵᠠᠢ᠃ ᠪᠦᠬᠦ ᠤᠯᠤᠰ ᠲᠤ ᠨᠡᠶᠢᠳᠡ 6400 ᠭᠠᠷᠤᠢ ᠤᠰᠤ ᠬᠠᠩᠭᠠᠬᠤ ᠦᠢᠯᠡᠳᠪᠦᠷᠢ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ ᠢᠯᠴᠢ ᠬᠠᠩᠭᠠᠬᠤ ᠦᠷᠳᠡᠭᠡ᠂ ᠰᠢᠩᠭᠡᠨᠵᠢᠮᠡᠯ ᠬᠡᠢ ᠰᠠᠪᠠᠯᠠᠬᠤ ᠦᠷᠳᠡᠭᠡ᠂ ᠬᠤᠭ ᠨᠣᠪᠰᠢ ᠰᠢᠢᠳᠪᠦᠷᠢᠯᠡᠬᠦ ᠦᠷᠳᠡᠭᠡ ᠵᠡᠷᠭᠡ  ᠬᠤᠯᠪᠣᠭᠳᠠᠯ ᠪᠦᠬᠦᠢ ᠲᠥᠬᠦᠭᠡᠷᠦᠮᠵᠢ ᠶᠢ ᠰᠢᠨᠡᠳᠭᠡᠵᠡᠢ  ︔ ᠣᠷᠣᠨ ᠰᠠᠭᠤᠴᠠ ᠶᠢᠨ ᠬᠠᠭᠤᠴᠢᠷᠠᠭᠰᠠᠨ ᠴᠠᠬᠢᠯᠭᠠᠨ ᠱᠠᠲᠤ᠂ ᠤᠰᠤ ᠬᠠᠩᠭᠠᠬᠤ ᠤᠰᠤ ᠭᠠᠳᠠᠭᠰᠢᠯᠠᠭᠤᠯᠬᠤ ᠲᠥᠬᠦᠭᠡᠷᠦᠮᠵᠢ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠲᠥᠬᠦᠭᠡᠷᠦᠮᠵᠢ᠂ ᠪᠠᠷᠢᠯᠭ᠎ᠠ ᠶᠢᠨ ᠠᠵᠢᠯ ᠤᠨ ᠲᠥᠬᠦᠭᠡᠷᠦᠮᠵᠢ᠂ ᠠᠮᠢ ᠨᠠᠰᠤᠨ ᠤ ᠱᠤᠭᠤᠮ ᠤᠨ ᠢᠨᠵᠧᠨᠧᠷᠢᠩ ᠵᠡᠷᠭᠡ ᠲᠠᠯ᠎ᠠ ᠶᠢᠨ 2100 ᠲᠦᠮᠡᠨ ᠢᠵᠢ / ᠲᠣᠨᠤᠭ ᠲᠥᠬᠦᠭᠡᠷᠦᠮᠵᠢ ᠶᠢᠨ ᠰᠢᠨᠡᠴᠢᠯᠡᠯᠳᠡ ᠶᠢ ᠪᠡᠶᠡᠯᠡᠭᠦᠯᠪᠡ︔ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ 2200 ᠲᠦᠮᠡᠨ ᠲᠡᠭᠰᠢ ᠳᠥᠷᠪᠡᠯᠵᠢᠨ ᠮᠧᠲᠷ ᠪᠡᠶᠡᠯᠡᠭᠦᠯᠪᠡ ᠭᠡᠵᠦ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠵᠤᠷᠭᠠᠨ ᠤ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠰᠢᠩ ᠬᠠᠢ ᠹᠧᠩ ᠠᠴᠠ ᠬᠤᠯᠪᠣᠭᠳᠠᠯ ᠪᠦᠬᠦᠢ ᠠᠵᠢᠯ ᠤᠨ ᠠᠬᠢᠴᠠ ᠶᠢ ᠲᠠᠨᠢᠯᠴᠠᠭᠤᠯᠪᠠ᠃      ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠪᠡᠯᠡᠳᠭᠡᠮᠵᠢ ᠲᠥᠬᠦᠭᠡᠷᠦᠮᠵᠢ ᠶᠢ ᠰᠢᠨᠡᠳᠬᠡᠬᠦ ᠭᠤᠣᠯᠳᠠᠯᠭ᠎ᠠ ᠲᠠᠢ ᠡᠭᠦᠷᠭᠡ ᠶᠢᠨ ᠣᠯᠠᠩᠬᠢ ᠨᠢ ᠠᠷᠠᠳ ᠤᠨ ᠠᠮᠢᠳᠤᠷᠠᠯ ᠪᠠ ᠠᠮᠤᠷ ᠲᠦᠪᠰᠢᠨ ᠤ ᠪᠠᠲᠤᠯᠠᠭ᠎ᠠ ᠲᠠᠢ ᠨᠢᠭᠲᠠ ᠬᠤᠯᠪᠣᠭ᠎ᠠ ᠲᠠᠢ᠂ ᠢᠯᠠᠩᠭᠤᠶ᠎ᠠ ᠣᠷᠣᠨ ᠰᠠᠭᠤᠴᠠ ᠶᠢᠨ ᠬᠠᠭᠤᠴᠢᠷᠠᠭᠰᠠᠨ ᠴᠠᠬᠢᠯᠭᠠᠨ ᠱᠠᠲᠤ ᠶᠢᠨ ᠰᠢᠨᠡᠴᠢᠯᠡᠯᠳᠡ᠂ ᠣᠯᠠᠨ ᠲᠦᠮᠡᠨ ᠤ ᠬᠦᠰᠡᠯ ᠡᠷᠡᠮᠡᠯᠵᠡᠯ ᠴᠢᠩᠭ᠎ᠠ᠂ ᠨᠡᠶᠢᠭᠡᠮ ᠤᠨ ᠠᠩᠬᠠᠷᠤᠯ ᠤᠨ ᠬᠡᠮᠵᠢᠶ᠎ᠡ ᠥᠨᠳᠥᠷ ᠪᠠᠶᠢᠳᠠᠭ ᠠᠵᠢᠯ ᠲᠦᠷᠦᠯ ᠪᠤᠯᠤᠨ᠎ᠠ᠃      ︽ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠬᠦᠴᠦᠯᠡᠨ ᠳᠡᠮᠵᠢᠬᠦ ᠲᠤᠬᠠᠢ ᠠᠷᠭ᠎ᠠ ᠬᠡᠮᠵᠢᠶ᠎ᠡ ᠨᠦᠭᠦᠳ︾ ︵ᠳᠣᠷᠣᠭᠰᠢ ︽ᠠᠷᠭ᠎ᠠ ᠬᠡᠮᠵᠢᠶ᠎ᠡ ᠨᠦᠭᠦᠳ︾ ᠭᠡᠵᠦ ᠲᠣᠪᠴᠢᠯᠠᠨ᠎ᠠ︶ ᠢ ᠦᠨᠳᠦᠰᠦᠯᠡᠪᠡᠯ᠂ ᠪᠢᠳᠡ ᠣᠷᠣᠨ ᠰᠠᠭᠤᠴᠠ ᠶᠢᠨ ᠬᠠᠭᠤᠴᠢᠷᠠᠭᠰᠠᠨ ᠴᠠᠬᠢᠯᠭᠠᠨ ᠱᠠᠲᠤ ᠶᠢ ᠰᠢᠨᠡᠳᠬᠡᠨ ᠥᠭᠡᠷᠡᠴᠢᠯᠡᠬᠦ ᠶᠢ ᠬᠡᠳᠦ ᠣᠷᠳᠣ ᠬᠤᠭᠤᠴᠠᠭᠠᠨ ᠤ ᠣᠨᠴᠠᠭᠠᠶ ᠤᠯᠤᠰ ᠤᠨ ᠵᠢᠭᠡᠯᠡᠯᠭᠡ ᠶᠢᠨ ᠪᠡᠯᠡ ᠮᠥᠩᠭᠦ ᠶᠢᠨ ᠳᠡᠮᠵᠢᠯᠭᠡ ᠶᠢᠨ ᠬᠡᠪᠴᠢᠶᠡᠨ ᠳᠤ  ᠨᠢᠬᠡᠨᠳᠡ ᠣᠷᠣᠭᠤᠯᠵᠤ᠂ ᠠᠰᠢᠭᠯᠠᠯᠲᠠ ᠳᠤ ᠤᠷᠤᠭᠤᠯᠵᠦ ᠬᠡᠷᠡᠭᠯᠡᠭᠰᠡᠨ ᠴᠠᠭ ᠨᠢ ᠣᠷᠳᠣ᠂ ᠲᠣᠬᠢᠷᠠᠭᠤᠯᠤᠯᠲᠠ ᠶᠢᠨ ᠬᠢᠷᠢ ᠲᠦᠪᠰᠢᠨ ᠨᠢ ᠳᠣᠣᠷ᠎ᠠ᠂ ᠠᠵᠢᠯᠯᠠᠭᠠᠨ ᠤ ᠰᠠᠭᠠᠳ ᠲᠣᠳᠬᠠᠷ ᠤᠨ ᠨᠣᠷᠮ᠎ᠠ ᠥᠨᠳᠥᠷ᠂ ᠠᠮᠤᠷ ᠲᠦᠪᠰᠢᠨ ᠤ ᠳᠠᠯᠳᠠ ᠬᠡᠮ ᠲᠣᠪᠣᠶᠢᠮ᠎ᠠ ᠣᠷᠣᠨ ᠰᠠᠭᠤᠴᠠ ᠶᠢᠨ ᠴᠠᠬᠢᠯᠭᠠᠨ ᠱᠠᠲᠤ ᠶᠢ ᠵᠢᠭᠰᠠᠭᠠᠨ ᠪᠠᠶᠢᠴᠠᠭᠠᠬᠤ ᠪᠤᠶᠤ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠭᠰᠡᠨ ᠪᠠᠶᠢᠳᠠᠯ ᠲᠠᠢ ᠤᠶᠠᠯᠳᠤᠭᠤᠯᠤᠨ ᠰᠢᠨᠡᠳᠬᠡᠨ ᠥᠭᠡᠷᠡᠴᠢᠯᠡᠨ᠎ᠡ︾᠃ 2024 ᠣᠨ ᠳᠤ᠂ ᠬᠡᠳᠦ ᠣᠷᠳᠣ ᠬᠤᠭᠤᠴᠠᠭᠠᠨ ᠤ ᠣᠨᠴᠠᠭᠠᠶ ᠤᠯᠤᠰ ᠤᠨ ᠵᠢᠭᠡᠯᠡᠯᠭᠡ ᠶᠢᠨ ᠪᠡᠯᠡ ᠮᠥᠩᠭᠦ ᠪᠠᠷ ᠳᠠᠮᠵᠢᠭᠤᠯᠤᠨ ᠡᠯ᠎ᠡ ᠭᠠᠵᠠᠷ ᠤᠨ 15 ᠵᠢᠯ ᠠᠴᠠ ᠳᠡᠭᠡᠭᠰᠢ ᠬᠡᠷᠡᠭᠯᠡᠭᠰᠡᠨ 4 ᠲᠦᠮᠡ ᠭᠠᠷᠤᠢ ᠣᠷᠣᠨ ᠰᠠᠭᠤᠴᠠ ᠶᠢᠨ ᠬᠠᠭᠤᠴᠢᠷᠠᠭᠰᠠᠨ ᠴᠠᠬᠢᠯᠭᠠᠨ ᠱᠠᠲᠤ ᠶᠢ ᠰᠢᠨᠡᠳᠬᠡᠬᠦ ᠶᠢ ᠳᠡᠮᠵᠢᠬᠦ ᠪᠠᠷ ᠲᠥᠯᠥᠪᠯᠡᠵᠦ ᠪᠠᠶᠢᠨ᠎ᠠ᠂ ︽ᠪᠢᠳᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤ ᠪᠠᠷ ᠲᠦᠷᠦᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠠᠵᠢᠯ ᠢ ᠰᠠᠶᠢᠲᠤᠷ ᠬᠢᠵᠦ᠂ ᠴᠠᠬᠢᠯᠭᠠᠨ ᠱᠠᠲᠤ ᠶᠢᠨ ᠠᠮᠤᠷ ᠲᠦᠪᠰᠢᠨ ᠤ ᠬᠡᠮ ᠰᠣᠭᠤᠭ ᠂ ᠳᠠᠯᠳᠠ ᠬᠡᠮ ᠢ ᠬᠦᠴᠦᠯᠡᠨ ᠠᠷᠢᠯᠭᠠᠵᠤ᠂ ᠠᠷᠠᠳ ᠣᠯᠠᠨ ᠳᠤ ᠠᠮᠤᠷ ᠲᠦᠪᠰᠢᠨ ᠂ ᠰᠠᠨᠠᠭ᠎ᠠ ᠠᠮᠤᠷ ᠢᠶᠠᠷ ᠴᠠᠬᠢᠯᠭᠠᠨ ᠱᠠᠳᠤ ᠬᠡᠷᠡᠭᠯᠡᠭᠦᠯᠦᠨ᠎ᠡ︾ ᠭᠡᠵᠦ ᠰᠢᠩ ᠬᠠᠢ ᠹᠧᠩ ᠠᠴᠠ ᠰᠤᠷᠪᠤᠯᠵᠢᠯᠠᠭᠴᠢ ᠳᠤ ᠬᠡᠯᠡᠵᠡᠢ᠃      ᠠᠵᠤ ᠦᠢᠯᠡᠳᠪᠦᠷᠢ ᠶᠢᠨ ᠬᠦᠷᠢᠶᠡᠨ ᠳᠠᠬᠢ ᠲᠥᠬᠦᠭᠡᠷᠦᠮᠵᠢ ᠶᠢᠨ ᠰᠢᠨᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ᠠᠵᠤ ᠠᠬᠤᠶᠢᠯᠠᠯ ᠤᠨ ᠮᠡᠷᠭᠡᠵᠢᠯ ᠤᠨ ᠦᠭᠡᠷᠡᠴᠢᠯᠡᠯᠳᠡ ᠶᠢᠨ ᠠᠯᠬᠤᠮ ᠢ  ᠨᠡᠩ ᠰᠠᠶᠢᠨ‌‍ᠲ᠋ᠦ᠋ᠷᠭᠡᠳᠭᠡᠨ᠎ᠡ      ᠮᠠᠰᠢᠨ ᠲᠥᠬᠦᠭᠡᠷᠦᠮᠵᠢ ᠪᠣᠯ ᠦᠢᠯᠡᠳᠪᠦᠷᠢᠯᠡᠯ ᠤᠨ ᠬᠦᠴᠦᠨ ᠤ ᠴᠢᠬᠤᠯᠠ ᠪᠦᠷᠢᠯᠳᠦᠭᠦᠨ ᠬᠡᠰᠡᠭ ᠮᠥᠨ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ︽ᠠᠷᠤᠭ ᠶᠠᠰᠤ︾ ᠮᠥᠨ᠃ ︽ᠰᠢᠨ᠎ᠡ ᠮᠠᠶ᠋ᠢᠭ ᠤᠨ ᠠᠵᠤ ᠦᠢᠯᠡᠳᠪᠦᠷᠢᠵᠢᠯᠲᠡ᠂ ᠬᠤᠲᠠ ᠪᠠᠯᠭᠠᠰᠤᠵᠢᠯᠲᠠ ᠶᠢᠨ ᠦᠷᠭᠦᠯᠵᠢᠯᠡᠨ ᠭᠦᠨᠵᠡᠭᠡᠶᠢᠷᠡᠬᠦ ᠶᠢ ᠳᠠᠭᠠᠯᠳᠤᠨ᠂ ᠡᠯ᠎ᠡ ᠲᠥᠷᠥᠯ ᠤᠨ ᠲᠥᠬᠦᠭᠡᠷᠦᠮᠵᠢ ᠶᠢ ᠰᠢᠨᠡᠳᠬᠡᠬᠦ ᠬᠡᠷᠡᠭᠴᠡᠭᠡ ᠤᠯᠠᠮ ᠠᠴᠠ ᠤᠯᠠᠮ ᠦᠷᠭᠡᠳᠪᠡ᠂ ᠮᠡᠷᠭᠡᠵᠢᠯ᠂ ᠡᠨᠧᠷᠭᠢ  ᠶᠢᠨ ᠬᠤᠷᠣᠭᠳᠠᠯ᠂ ᠭᠠᠳᠠᠭᠰᠢᠯᠠᠭᠤᠯᠤᠯᠲᠠ ᠵᠡᠷᠭᠡ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠪᠠᠷ ᠬᠥᠲᠥᠯᠥᠮᠵᠢ ᠪᠣᠯᠭᠠᠵᠤ᠂ ᠲᠥᠬᠦᠭᠡᠷᠦᠮᠵᠢ ᠶᠢ ᠰᠢᠨᠡᠳᠬᠡᠬᠦ ᠠᠵᠢᠯᠯᠠᠭ᠎ᠠ ᠶᠢ ᠲᠦᠷᠭᠡᠪᠴᠢᠯᠡᠨ ᠬᠡᠷᠡᠭᠵᠢᠭᠦᠯᠵᠦ᠂ ᠠᠵᠤ ᠦᠢᠯᠡᠰ ᠤᠨ ᠳᠡᠰ ᠳᠡᠪᠰᠢᠬᠦ ᠶᠢ ᠠᠬᠢᠭᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ︾ ᠭᠡᠵᠦ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠬᠢ ᠪᠠᠶᠠᠯᠢᠭ ᠢ ᠠᠷᠪᠢᠯᠠᠬᠤ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠤᠷᠭᠠᠨ ᠤ ᠳᠠᠷᠤᠭ᠎ᠠ ᠯᠢᠦ ᠳ᠋ᠧ ᠴᠦᠨ ᠠᠴᠠ ᠬᠡᠯᠡᠪᠡ᠃      ᠠᠵᠤ ᠦᠢᠯᠡᠳᠪᠦᠷᠢ ᠪᠣᠯ ᠡᠯ᠎ᠡ ᠲᠦᠷᠦᠯ ᠤᠨ ᠲᠤᠨᠤᠭ ᠲᠥᠬᠦᠭᠡᠷᠦᠮᠵᠢ ᠶᠢᠨ ᠰᠤᠳᠤᠯᠤᠨ ᠨᠡᠭᠡᠭᠡᠬᠦ  ᠦᠢᠯᠡᠳᠪᠦᠷᠢᠯᠡᠬᠦ ᠰᠠᠯᠠᠭ᠎ᠠ ᠮᠥᠴᠢᠷ ᠮᠥᠨ᠂ ᠪᠠᠰᠠ ᠴᠤ ᠶᠡᠭᠡ ᠬᠡᠮᠵᠢᠶᠡᠨ ᠤ ᠲᠡᠷᠢᠭᠦᠨ ᠤ ᠲᠤᠨᠤᠭ ᠲᠥᠬᠦᠭᠡᠷᠦᠮᠵᠢ ᠶᠢ ᠬᠡᠷᠡᠭᠯᠡᠬᠦ ᠭᠤᠣᠯ ᠰᠠᠯᠠᠭ᠎ᠠ ᠮᠥᠴᠢᠷ ᠮᠥᠨ᠃ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ‌‍ᠶᠢᠨ ᠶᠠᠮᠤᠨ ᠤ ᠲᠥᠯᠦᠪᠵᠢᠭᠦᠯᠭᠡ ᠶᠢᠨ ᠵᠤᠷᠭᠠᠨ ᠤ ᠳᠡᠳ᠋ ᠳᠠᠷᠤᠭ᠎ᠠ ᠵᠠᠩ ᠵᠢᠶᠠᠨ ᠬᠤᠸᠠ ᠠᠴᠠ ᠰᠤᠷᠪᠤᠯᠵᠢᠯᠠᠭᠴᠢ ᠳᠤ ᠬᠡᠯᠡᠬᠦ ᠳᠡᠭᠡᠨ᠂ ᠠᠵᠤ ᠦᠢᠯᠡᠳᠪᠦᠷᠢ ᠶᠢᠨ ᠬᠦᠷᠢᠶᠡᠨ ᠳᠠᠬᠢ ᠶᠡᠭᠡ ᠬᠡᠪᠴᠢᠶᠡᠨ ᠤ ᠲᠣᠨᠤᠭ ᠲᠥᠬᠦᠭᠡᠷᠦᠮᠵᠢ ᠶᠢᠨ ᠰᠢᠨᠡᠴᠢᠯᠡᠯᠲᠡ ᠶᠢ ᠠᠬᠢᠭᠤᠯᠬᠤ ᠶᠢᠨ ᠲᠥᠯᠥᠭᠡ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠣᠯᠠᠨ ᠲᠠᠯ᠎ᠠ ᠶᠢᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠵᠠᠢ ᠭᠡᠪᠡ᠃      ᠪᠡᠯᠡ ᠮᠥᠩᠭᠦ ᠶᠢᠨ ᠳᠡᠮᠵᠢᠯᠭᠡ ᠶᠢᠨ ᠲᠠᠯ᠎ᠠ ᠪᠠᠷ᠂ ᠪᠦᠬᠦ ᠤᠯᠤᠰ ᠤᠨ ᠠᠵᠤ ᠦᠢᠯᠡᠳᠪᠦᠷᠢ ᠶᠢᠨ ᠬᠦᠷᠢᠶᠡᠨ ᠳᠠᠬᠢ ᠲᠥᠬᠦᠭᠡᠷᠦᠮᠵᠢ ᠶᠢᠨ ᠰᠢᠨᠡᠴᠢᠯᠡᠯᠲᠡ ᠪᠠ ᠮᠡᠷᠭᠡᠵᠢᠯ ᠤᠨ ᠥᠭᠡᠷᠡᠴᠢᠯᠡᠯᠲᠡ ᠶᠢᠨ ᠲᠦᠷᠦᠯ  ᠵᠦᠢᠯ ᠤᠨ ᠬᠥᠮᠥᠷᠭᠡ ᠶᠢ ᠪᠠᠶᠢᠭᠤᠯᠵᠤ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ ᠲᠠᠢ ᠬᠠᠮᠵᠢᠯᠴᠠᠨ ᠬᠡᠳᠦ ᠤᠷᠳᠤ ᠬᠤᠭᠤᠴᠠᠭᠠᠨ ᠤ ᠣᠨᠴᠠᠭᠠᠶ ᠤᠯᠤᠰ ᠤᠨ ᠵᠢᠭᠡᠯᠡᠯᠭᠡ ᠪᠠᠷ ᠳᠠᠮᠵᠢᠭᠤᠯᠤᠨ  ᠠᠵᠤ ᠦᠢᠯᠡᠳᠪᠦᠷᠢ ᠶᠢᠨ ᠬᠦᠷᠢᠶᠡᠨ ᠳᠠᠬᠢ ᠶᠡᠭᠡ ᠬᠡᠪᠴᠢᠶᠡᠨ ᠤ ᠲᠥᠬᠦᠭᠡᠷᠦᠮᠵᠢ ᠶᠢᠨ ᠰᠢᠨᠡᠴᠢᠯᠡᠯᠲᠡ ᠶᠢ ᠬᠦᠴᠦᠯᠡᠨ ᠲᠡᠮᠵᠢᠵᠤ᠂ ᠳᠤᠮᠳᠠ ᠵᠢᠵᠢᠭ ᠠᠵᠤ ᠠᠬᠤᠶᠢᠯᠠᠯ᠂ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠲᠡᠰᠢ ᠦᠷᠭᠡᠳᠭᠡᠨ᠎ᠡ᠃ ᠡᠳ᠋ ᠤᠨ ᠵᠠᠰᠠᠭ ᠤᠨ ᠶᠠᠮᠤᠨ ᠲᠠᠢ ᠬᠤᠯᠪᠤᠭᠠᠯᠠᠨ ᠦᠢᠯᠡᠳᠬᠦ ᠦᠢᠯᠡᠰ ᠤᠨ  ᠰᠢᠨ᠎ᠡ ᠬᠡᠯᠪᠡᠷᠢ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠬᠤᠲᠠ ᠶᠢᠨ ᠲᠤᠷᠰᠢᠯᠲᠠ ᠪᠠ ᠳᠤᠮᠳᠠ ᠵᠢᠵᠢᠭ ᠠᠵᠤ ᠠᠬᠤᠶᠢᠯᠠᠯ ᠤᠨ ᠲᠤᠭᠠᠴᠢᠯᠠᠯᠳᠠ ᠬᠡᠯᠪᠡᠷᠢ ᠬᠤᠪᠢᠷᠠᠭᠤᠯᠬᠤ ᠬᠤᠲᠠ ᠶᠢᠨ ᠲᠤᠷᠰᠢᠯᠲᠠ ᠶᠢ ᠥᠷᠨᠢᠭᠦᠯᠵᠦ᠂ ᠲᠤᠰᠬᠠᠢ ᠪᠡᠯᠡ ᠮᠥᠩᠭᠦ  ᠪᠠᠷ ᠬᠥᠲᠥᠯᠥᠨ ᠲᠠᠭᠠᠭᠤᠯᠬᠤ ᠦᠢᠯᠡᠳᠦᠯ ᠢ ᠪᠠᠳᠠᠷᠠᠭᠤᠯᠵᠤ᠂ ᠭᠤᠣᠯᠳᠠᠯᠭ᠎ᠠ ᠲᠠᠢ ᠠᠵᠤ ᠠᠬᠤᠶᠢᠯᠠᠯ᠂ ᠠᠵᠤ ᠦᠢᠯᠡᠰ ᠤᠨ ᠬᠡᠯᠬᠢᠶ᠎ᠡ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠤ  ᠦᠢᠯᠡᠰ ᠤᠨ ᠬᠦᠷᠢᠶᠡᠯᠡᠩ ᠤᠨ ᠲᠤᠭᠠᠴᠢᠯᠠᠯᠳᠠ ᠬᠡᠯᠪᠡᠷᠢ ᠬᠤᠪᠢᠷᠠᠭᠤᠯᠬᠤ ᠶᠢ ᠳᠡᠮᠵᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡ ᠪᠦᠯᠦᠭ ᠵᠢᠱᠢᠶᠡᠴᠢ ᠲᠦᠷᠦᠯ ᠵᠦᠢᠯ ᠢ ᠪᠦᠳᠦᠭᠡᠨ ᠪᠠᠶᠢᠭᠤᠯᠤᠨ᠎ᠠ᠃      ᠮᠥᠩᠭᠦᠨ ᠭᠦᠢᠯᠭᠡᠭᠡᠨ ᠤ ᠳᠡᠮᠵᠢᠯᠭᠡ ᠶᠢᠨ ᠲᠠᠯ᠎ᠠ ᠪᠠᠷ᠂ ᠳᠤᠮᠳᠠᠳᠤ ᠤᠯᠤᠰ ᠤᠨ ᠠᠷᠠᠳ ᠤᠨ ᠪᠠᠩᠬᠢ ᠲᠠᠢ ᠬᠠᠮᠵᠢᠯᠴᠠᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠮᠡᠷᠭᠡᠵᠢᠯ ᠤᠨ ᠥᠭᠡᠷᠡᠴᠢᠯᠡᠯᠲᠡ ᠶᠢᠨ ᠲᠠᠬᠢᠨ ᠵᠢᠭᠡᠯᠡᠯᠭᠡ ᠶᠢ ᠬᠡᠷᠡᠭᠵᠢᠭᠦᠯᠵᠦ᠂ ᠠᠵᠤ ᠦᠢᠯᠡᠳᠪᠦᠷᠢ ᠶᠢᠨ ᠬᠦᠷᠢᠶᠡᠨ ᠳᠠᠬᠢ ᠨᠢᠭᠡᠳᠦᠭᠡᠷ ᠪᠦᠯᠦᠭ ᠤᠨ ᠨᠢᠭᠡᠨᠲᠡ ᠤᠯᠤᠰ ᠤᠨ ᠦᠢᠯᠡᠳᠪᠦᠷᠢᠯᠡᠯ ᠭᠦᠢᠯᠭᠡᠭᠡᠨ ᠤ ᠲᠠᠪᠴᠠᠩ ᠤᠨ ᠲᠠᠨᠢᠯᠴᠠᠭᠤᠯᠤᠭᠰᠠᠨ 21 ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠬᠦᠷᠭᠡᠵᠦ᠂ ᠬᠡᠰᠡᠭ ᠠᠵᠤ ᠠᠬᠤᠶᠢᠯᠠᠯ ᠪᠣᠯᠣᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠨᠢᠭᠡᠨᠲᠡ  ᠵᠤᠯᠭᠠᠭᠤᠯᠤᠭᠰᠠᠨ ᠵᠥᠪᠯᠡᠯᠴᠡᠭᠡᠷ ᠤᠨ ᠵᠢᠭᠡᠯᠡᠯᠭᠡ ᠪᠠᠷᠤᠭ 1500 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠲᠤᠰᠬᠠᠢ ᠵᠦᠢᠯ ᠤᠨ ᠲᠠᠬᠢᠨ ᠵᠢᠭᠡᠯᠡᠯᠭᠡ ᠶᠢᠨ ᠲᠦᠷᠦᠯ ᠵᠦᠢᠯ ᠳᠤ ᠲᠥᠪ ᠤᠨ ᠡᠳ᠋ ᠤᠨ ᠵᠠᠰᠠᠭ ᠠᠴᠠ ᠪᠠᠰᠠ 1.5 % ᠶᠢᠨ ᠲᠠᠮ ᠬᠦᠦ ᠥᠭᠬᠦ ᠪᠣᠯᠣᠨ᠎ᠠ  ᠃ ᠣᠳᠣᠬᠠᠨ ᠳᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠠᠵᠤ ᠦᠢᠯᠡᠳᠪᠦᠷᠢ ᠶᠢᠨ ᠬᠦᠷᠢᠶᠡᠨ ᠤ ᠬᠤᠶᠠᠳᠤᠭᠠᠷ ᠪᠦᠯᠦᠭ ᠤᠨ ᠲᠦᠷᠦᠯ ᠵᠦᠢᠯ ᠤᠨ ᠲᠠᠨᠢᠯᠴᠠᠭᠤᠯᠭ᠎ᠠ ᠶᠢ ᠵᠣᠬᠢᠶᠠᠨ ᠪᠠᠶᠢᠭᠤᠯᠵᠤ ᠪᠠᠶᠢᠨ᠎ᠠ᠃      ᠭᠠᠶᠢᠯᠢ ᠲᠠᠲᠠᠪᠤᠷᠢ ᠶᠢᠨ ᠲᠡᠮᠵᠢᠯᠭᠡ ᠶᠢᠨ ᠲᠠᠯ᠎ᠠ ᠪᠠᠷ᠂ ᠡᠳ᠋ ᠤᠨ ᠵᠠᠰᠠᠭ ᠤᠨ ᠶᠠᠮᠤᠨ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠵᠤ᠂ ᠠᠵᠤ ᠠᠬᠤᠶᠢᠯᠠᠯ ᠤᠨ 2024 ᠣᠨ ᠠᠴᠠ 2027 ᠣᠨ ᠪᠣᠯᠲᠠᠯᠠᠬᠢ ᠬᠤᠯᠪᠣᠭᠳᠠᠯ ᠪᠦᠬᠦᠢ ᠲᠥᠬᠦᠭᠡᠷᠦᠮᠵᠢ ᠶᠢᠨ ᠲᠤᠭᠠᠴᠢᠯᠠᠯᠳᠠ ᠤᠶᠤᠨᠴᠢᠯᠠᠯᠳᠠ ᠥᠭᠡᠷᠡᠴᠢᠯᠡᠯᠲᠡ ᠳᠤ ᠪᠡᠯᠡ ᠤᠷᠤᠭᠤᠯᠵᠦ᠂ ᠠᠵᠤ ᠠᠬᠤᠶᠢᠯᠠᠯ ᠤᠨ ᠲᠤᠬᠠᠢ ᠶᠢᠨ ᠵᠢᠯ ᠤᠨ ᠲᠤᠰᠢᠶᠠᠬᠤ ᠶᠣᠰᠣᠲᠠᠢ ᠭᠠᠶᠢᠯᠢ ᠶᠢᠨ ᠲᠤᠭ᠎ᠠ ᠶᠢ 10 % ᠪᠠᠷ ᠬᠡᠯᠲᠦᠷᠢᠭᠦᠯᠦᠨ᠎ᠡ᠃       ᠪᠠᠷᠢᠮᠵᠢᠶ᠎ᠠ ᠪᠠᠷ ᠬᠥᠲᠥᠯᠥᠨ ᠳᠠᠭᠠᠭᠤᠯᠬᠤ ᠲᠠᠯ᠎ᠠ ᠪᠠᠷ᠂ 71 ᠵᠦᠢᠯ ᠤᠨ ᠤᠯᠤᠰ ᠤᠨ ᠪᠠᠷᠢᠮᠵᠢᠶ᠎ᠠ ᠶᠢ ᠡᠮᠬᠢᠯᠡᠨ ᠳᠢᠭᠯᠡᠵᠦ᠂ ᠲᠣᠭᠲᠠᠭᠠᠬᠤ ᠪᠠ ᠵᠠᠰᠠᠪᠤᠷᠢ ᠣᠷᠣᠭᠤᠯᠬᠤ ᠲᠥᠯᠥᠪᠯᠡᠭᠡ ᠳᠤ ᠣᠷᠣᠭᠤᠯᠤᠨ᠂ ᠭᠠᠷᠴᠠᠭ ᠢ ᠨᠡᠶᠢᠲᠡᠯᠡᠨ ᠲᠣᠭᠲᠠᠭᠠᠵᠤ᠂ ᠠᠵᠤ ᠠᠬᠤᠶᠢᠯᠠᠯ ᠤᠨ ᠲᠥᠬᠦᠭᠡᠷᠦᠮᠵᠢ ᠬᠤᠳᠠᠯᠳᠤᠨ ᠠᠪᠬᠤ ᠳᠤ ᠯᠠᠪᠯᠠᠯᠲᠠ ᠬᠠᠩᠭᠠᠨ᠎ᠠ᠃      ︽ᠡᠭᠦᠨ ᠠᠴᠠ ᠭᠠᠳᠠᠨ᠎ᠠ᠂ ᠡᠯ᠎ᠡ ᠭᠠᠵᠠᠷ ᠤᠨ ᠬᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠪᠡᠯᠡ ᠣᠷᠣᠭᠤᠯᠤᠯᠲᠠ ᠶᠢᠨ ᠨᠥᠬᠦᠪᠦᠷᠢ᠂ ᠵᠢᠭᠡᠯᠡᠯᠭᠡ   ᠶᠢᠨ ᠳᠠᠮ ᠬᠦᠦ᠂ ᠰᠲ᠋ᠣᠺ ᠤᠨ ᠡᠷᠬᠡ ᠶᠢᠨ ᠪᠡᠯᠡ ᠣᠷᠣᠭᠤᠯᠤᠯᠲᠠ᠂ ᠪᠡᠯᠡ ᠲᠣᠬᠢᠷᠠᠭᠤᠯᠭ᠎ᠠ ᠶᠢᠨ ᠲᠦᠷᠢᠶᠡᠰᠦᠯᠡᠯ ᠪᠠ ᠳᠠᠭᠠᠭᠠᠯᠲᠠ ᠨᠥᠬᠦᠪᠦᠷᠢ ᠵᠡᠷᠭᠡ ᠬᠡᠯᠪᠡᠷᠢ ᠪᠠᠷ ᠠᠵᠤ ᠦᠢᠯᠡᠳᠪᠦᠷᠢ ᠶᠢᠨ ᠬᠦᠷᠢᠶᠡᠨ ᠳᠠᠬᠢ ᠲᠥᠬᠦᠭᠡᠷᠦᠮᠵᠢ ᠶᠢᠨ ᠰᠢᠨᠡᠴᠢᠯᠡᠯᠲᠡ ᠶᠢ ᠲᠡᠮᠵᠢᠨ᠎ᠡ  ᠃ ᠶᠡᠷᠦᠩᠬᠡᠢ ᠳᠤᠨᠢ ᠠᠪᠴᠤ ᠦᠵᠡᠪᠡᠯ᠂ ᠠᠵᠤ ᠦᠢᠯᠡᠳᠪᠦᠷᠢ ᠶᠢᠨ ᠬᠦᠷᠢᠶᠡᠨ ᠳᠠᠬᠢ ᠲᠥᠬᠦᠭᠡᠷᠦᠮᠵᠢ ᠶᠢᠨ ᠰᠢᠨᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ᠠᠵᠤ ᠠᠬᠤᠶᠢᠯᠠᠯ ᠤᠨ ᠲᠧᠭᠨᠢᠭ ᠮᠡᠷᠭᠡᠵᠢᠯ ᠤᠨ ᠥᠭᠡᠷᠡᠴᠢᠯᠡᠯᠲᠡ ᠶᠢᠨ ᠠᠯᠬᠤᠮ ᠲᠦᠷᠭᠡᠳᠪᠡ᠃ ᠡᠨᠡ ᠵᠢᠯ ᠤᠨ 1— 8 ᠳ᠋ᠤᠭᠠᠷ ᠰᠠᠷ᠎ᠠ ᠳᠤ᠂ ᠪᠥᠬᠦ ᠤᠯᠤᠰ ᠤᠨ ᠠᠵᠤ ᠦᠢᠯᠡᠳᠪᠦᠷᠢ ᠶᠢᠨ ᠲᠥᠬᠦᠭᠡᠷᠦᠮᠵᠢ ᠶᠢᠨ ᠪᠡᠯᠡ ᠣᠷᠣᠭᠤᠯᠤᠯᠲᠠ 11.1% ᠪᠠᠷ ᠨᠡᠮᠡᠭᠳᠡᠵᠦ᠂ ᠮᠡᠷᠭᠡᠵᠢᠯ ᠤᠨ ᠥᠭᠡᠷᠡᠴᠢᠯᠡᠯᠲᠡ ᠶᠢᠨ ᠪᠡᠯᠡ ᠣᠷᠣᠭᠤᠯᠤᠯᠲᠠ 10.6% ᠪᠠᠷ ᠨᠡᠮᠡᠭᠳᠡᠵᠦ᠂ ᠨᠡᠮᠡᠭᠳᠡᠯ ᠤᠨ  ᠬᠤᠷᠳᠤᠴᠠ ᠨᠢ 2023 ᠣᠨ ᠤ ᠪᠥᠬᠦ ᠵᠢᠯ ᠤᠨ ᠬᠢ ᠠᠴᠠ ᠲᠣᠰ ᠲᠣᠰ 2.4%᠂ 5.9 %ᠥᠨᠳᠥᠷ ᠪᠣᠯᠪᠠ︔ ᠬᠤᠶᠠᠳᠤᠭᠠᠷ ᠤᠯᠠᠷᠢᠯ ᠳᠤ᠂ ᠪᠦᠬᠦ ᠤᠯᠤᠰ ᠤᠨ ᠬᠡᠪᠴᠢᠶᠡᠵᠢᠯ ᠠᠴᠠ ᠲᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠣᠭᠠᠴᠢᠯᠠᠭᠰᠠᠨ ᠰᠤᠳᠤᠯᠤᠨ ᠨᠡᠭᠡᠭᠡᠬᠦ ᠵᠢᠷᠤᠭ ᠲᠥᠯᠥᠪᠯᠡᠭᠡ ᠶᠢᠨ ᠪᠠᠭᠠᠵᠢ ᠶᠢ ᠲᠦᠭᠡᠮᠡᠯᠵᠢᠭᠦᠯᠦᠭᠰᠡᠨ ᠨᠤᠷᠮ᠎ᠠ 83.1% ᠲᠤ ᠬᠦᠷᠴᠦ᠂ ᠵᠠᠩᠭᠢᠯᠠᠭ᠎ᠠ ᠶᠢᠨ ᠠᠵᠢᠯ ᠤᠨ ᠲᠡᠰ  ᠳᠠᠷᠠᠭᠠᠯᠠᠯ ᠤᠨ ᠲᠣᠭᠠᠨ ᠡᠵᠡᠮᠳᠡᠯ ᠤᠨ ᠨᠤᠷᠮ᠎ᠠ 64.9% ᠲᠤ ᠬᠦᠷᠴᠦ᠂ 2023 ᠣᠨ ᠤ ᠡᠴᠦᠰ ᠤᠨ ᠬᠢ ᠠᠴᠠ ᠲᠤᠰ ᠲᠤᠰ 1.1% ᠪᠠ 1.9 % ᠪᠠᠷ ᠳᠡᠭᠡᠭᠰᠢᠯᠡᠵᠡᠢ ᠭᠡᠵᠦ ᠵᠠᠩ ᠵᠢᠶᠠᠨ ᠬᠤᠸᠠ ᠰᠤᠷᠪᠤᠯᠵᠢᠯᠠᠭᠴᠢ ᠳᠤ ᠲᠠᠨᠢᠯᠴᠠᠭᠤᠯᠵᠠᠢ᠃      ᠵᠠᠮ ᠬᠠᠷᠢᠯᠴᠠᠭ᠎ᠠ᠂ ᠲᠠᠷᠢᠶᠠᠯᠠᠩ᠂ ᠰᠤᠷᠭᠠᠨ ᠬᠥᠮᠦᠵᠢᠯ᠂ ᠰᠣᠶᠣᠯ ᠵᠤᠭᠠᠴᠠᠯ᠂ ᠡᠷᠡᠭᠦᠯ ᠬᠠᠮᠠᠭᠠᠯᠠᠯ ᠵᠡᠷᠭᠡ ᠬᠦᠷᠢᠶᠡᠨ ᠤ ᠲᠥᠬᠦᠭᠡᠷᠦᠮᠵᠢ ᠶᠢᠨ ᠰᠢᠨᠡᠴᠢᠯᠡᠯᠲᠡ ᠶᠢ ᠯᠠᠪᠳᠠᠭᠤᠨ ᠪᠠᠲᠤᠲᠠᠢ ᠠᠬᠢᠭᠤᠯᠪᠠ       ᠠᠵᠤ ᠦᠢᠯᠡᠳᠪᠦᠷᠢ᠂ ᠪᠠᠷᠢᠯᠭ᠎ᠠ ᠬᠤᠳᠠ ᠶᠢᠨ ᠶᠠᠪᠤᠳᠠᠯ ᠵᠡᠷᠭᠡ ᠬᠦᠷᠢᠶ᠎ᠡ ᠠᠴᠠ ᠭᠠᠳᠠᠨ᠎ᠠ᠂ ᠵᠠᠮ ᠬᠠᠷᠢᠯᠴᠠᠭ᠎ᠠ᠂ ᠲᠠᠷᠢᠶᠠᠯᠠᠩ᠂ ᠰᠤᠷᠭᠠᠨ ᠬᠥᠮᠦᠵᠢᠯ᠂ ᠰᠣᠶᠣᠯ ᠵᠤᠭᠠᠴᠠᠯ᠂ ᠡᠷᠡᠭᠦᠯ ᠬᠠᠮᠠᠭᠠᠯᠠᠯ ᠵᠡᠷᠭᠡ ᠨᠢ ᠴᠦ ᠲᠥᠬᠦᠭᠡᠷᠦᠮᠵᠢ ᠶᠢᠨ ᠰᠢᠨᠡᠴᠢᠯᠡᠯᠳᠡ ᠶᠢᠨ ᠭᠤᠣᠯᠳᠠᠯᠭ᠎ᠠ ᠲᠠᠢ ᠬᠦᠷᠢᠶ᠎ᠡ ᠪᠣᠯᠣᠨ᠎ᠠ᠃      ᠵᠠᠮ ᠬᠠᠷᠢᠯᠴᠠᠭ᠎ᠠ᠂ ᠲᠠᠷᠢᠶᠠᠯᠠᠩ ᠤᠨ ᠬᠦᠷᠢᠶ᠎ᠡ ᠳᠤ᠂ ᠡᠨᠡ ᠵᠢᠯ ᠤᠨ 1 ᠠᠴᠠ 8 ᠳ᠋ᠤᠭᠠᠷ ᠰᠠᠷ᠎ᠠ ᠪᠣᠯᠲᠠᠯ᠎ᠠ᠂ ᠬᠤᠳᠠ ᠶᠢᠨ ᠨᠡᠶᠢᠲᠡ ᠶᠢᠨ ᠮᠠᠰᠢᠨ ᠲᠡᠷᠭᠡᠨ ᠤ ᠴᠠᠬᠢᠯᠭᠠᠨᠵᠢᠭᠤᠯᠤᠯᠳᠠ᠂ ᠬᠠᠭᠤᠴᠢᠨ ᠡᠵᠡᠩᠨᠡᠯᠲᠡ ᠶᠢᠨ ᠪᠠᠷᠠᠭᠠᠨ ᠤ ᠲᠡᠷᠭᠡ ᠶᠢᠨ ᠰᠢᠨᠡᠴᠢᠯᠡᠯᠳᠡ᠂ ᠬᠠᠭᠤᠴᠢᠨ ᠡᠵᠡᠩᠨᠡᠯᠲᠡ ᠶᠢᠨ ᠣᠩᠭᠤᠴᠠ ᠰᠠᠯ ᠤᠨ ᠰᠢᠨᠡᠴᠢᠯᠡᠯᠳᠡ ᠶᠢᠨ ᠲᠤᠭ᠎ᠠ ᠬᠡᠮᠵᠢᠶ᠎ᠡ ᠶᠡᠬᠡᠪᠡᠷ ᠨᠡᠮᠡᠭᠳᠡᠪᠡ︔ ᠪᠥᠬᠦ ᠤᠯᠤᠰ ᠤᠨ ᠬᠡᠷᠡᠭᠯᠡᠭᠡᠨ ᠠᠴᠠ ᠭᠠᠷᠭᠠᠭᠰᠠᠨ ᠮᠠᠰᠢᠨ ᠲᠡᠷᠭᠡ ᠶᠢ ᠡᠭᠡᠭᠦᠯᠦᠨ ᠬᠤᠷᠢᠶᠠᠭᠰᠠᠨ ᠬᠡᠮᠵᠢᠶ᠎ᠡ 421 ᠲᠦᠮᠡ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 42.4% ᠪᠠᠷ ᠨᠡᠮᠡᠭᠳᠡᠨ᠂ ᠨᠢᠳᠤᠨᠤᠨ ᠤ ᠪᠥᠬᠦ ᠵᠢᠯ ᠤᠨ ᠬᠡᠷᠡᠭᠯᠡᠭᠡᠨ ᠠᠴᠠ ᠭᠠᠷᠭᠠᠭᠰᠠᠨ ᠬᠡᠮᠵᠢᠶ᠎ᠡ ᠶᠢᠨ 90% ᠠᠴᠠ ᠳᠡᠭᠡᠭᠰᠢ ᠳᠤ ᠬᠦᠷᠴᠡᠢ᠃ ᠬᠠᠭᠤᠴᠢᠨ ᠲᠠᠷᠢᠶᠠᠯᠠᠩ ᠤᠨ ᠮᠠᠰᠢᠨ ᠢ ᠬᠡᠷᠡᠭᠯᠡᠭᠡᠨ ᠠᠴᠠ ᠭᠠᠷᠭᠠᠵᠦ ᠰᠢᠨᠡᠴᠢᠯᠡᠬᠦ ᠶᠢ ᠭᠦᠨᠵᠡᠭᠡᠢ ᠠᠬᠢᠭᠤᠯᠵᠠᠢ᠂ 1— 8 ᠳ᠋ᠤᠭᠠᠷ ᠰᠠᠷ᠎ᠠ ᠳᠤ ᠲᠠᠷᠢᠶᠠᠯᠠᠩ ᠣᠶ ᠰᠢᠭᠤᠢ ᠮᠠᠯ ᠠᠵᠤ ᠠᠬᠤᠢ ᠵᠢᠭᠠᠰᠤᠨ ᠠᠵᠤ ᠠᠬᠤᠢ ᠶᠢᠨ ᠪᠡᠯᠡ ᠣᠷᠣᠭᠤᠯᠤᠯᠲᠠ ᠶᠢ ᠠᠳᠠᠯᠢ ᠬᠤᠭᠤᠴᠠᠭᠠᠨ ᠤ ᠬᠢ ᠠᠴᠠ 5.2% ᠢᠶᠠᠷ ᠨᠡᠮᠡᠭᠳᠡᠭᠦᠯᠬᠦ ᠶᠢ ᠳᠠᠶᠢᠴᠢᠯᠠᠪᠠ᠃       ᠰᠤᠷᠭᠠᠨ ᠬᠥᠮᠦᠵᠢᠯ᠂ ᠰᠣᠶᠣᠯ ᠵᠤᠭᠠᠴᠠᠯ᠂ ᠡᠷᠡᠭᠦᠯ ᠬᠠᠮᠠᠭᠠᠯᠠᠯ ᠤᠨ ᠬᠦᠷᠢᠶᠡᠨ ᠤ ᠲᠥᠬᠦᠭᠡᠷᠦᠮᠵᠢ ᠶᠢ ᠰᠢᠨᠡᠳᠬᠡᠬᠦ ᠲᠠᠯ᠎ᠠ ᠪᠠᠷ᠂ ᠶᠡᠭᠡ ᠳᠡᠭᠡᠳᠦ ᠰᠤᠷᠭᠠᠭᠤᠯᠢ ᠵᠢᠴᠢ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠵᠢᠭᠠᠨ ᠰᠤᠷᠭᠠᠯᠲᠠ ᠰᠢᠨᠵᠢᠯᠡᠬᠦ ᠤᠬᠠᠭᠠᠨ ᠤ ᠰᠤᠳᠤᠯᠭᠠᠨ ᠤ ᠬᠡᠮᠵᠢᠭᠦᠷᠯᠢᠭ ᠲᠥᠬᠦᠭᠡᠷᠦᠮᠵᠢ᠂ ᠳᠠᠳᠤᠯᠭ᠎ᠠ ᠪᠣᠯᠪᠠᠰᠤᠷᠠᠯ ᠤᠨ ᠵᠢᠭᠠᠨ ᠰᠤᠷᠭᠠᠯᠲᠠ ᠶᠢᠨ ᠲᠥᠬᠦᠭᠡᠷᠦᠮᠵᠢ᠂ ᠵᠤᠭᠠᠴᠠᠭᠰᠠᠳ ᠢ ᠵᠥᠭᠡᠭᠡᠪᠦᠷᠢᠯᠡᠬᠦ ᠲᠥᠬᠦᠭᠡᠷᠦᠮᠵᠢ᠂ ᠵᠤᠭᠠᠴᠠᠯ ᠤᠨ ᠲᠥᠬᠦᠭᠡᠷᠦᠮᠵᠢ᠂ ᠵᠤᠭ᠎ᠠ ᠴᠡᠩᠭᠡᠯ ᠤᠨ ᠲᠥᠬᠦᠭᠡᠷᠦᠮᠵᠢ ᠶᠢᠨ ᠰᠢᠨᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠣᠶᠤᠨᠲᠤ ᠰᠣᠶᠣᠯ ᠵᠤᠭᠠᠴᠠᠯ ᠤᠨ ᠦᠢᠯᠡᠰ ᠢ ᠥᠭᠡᠷᠡᠴᠢᠯᠡᠨ ᠳᠡᠭᠡᠭᠰᠢᠯᠡᠭᠦᠯᠬᠦ ᠶᠢ ᠪᠦᠬᠦ ᠲᠠᠯ᠎ᠠ ᠪᠠᠷ ᠠᠬᠢᠭᠤᠯᠵᠤ᠂ 1 ᠠᠴᠠ 8 ᠳ᠋ᠤᠭᠠᠷ ᠰᠠᠷ᠎ᠠ ᠶᠢᠨ ᠰᠤᠷᠭᠠᠨ ᠬᠥᠮᠦᠵᠢᠯ ᠤᠨ ᠦᠢᠯᠡᠰ  ᠂ ᠰᠣᠶᠣᠯ ᠪᠡᠶ᠎ᠡ ᠶᠢᠨ ᠲᠠᠮᠢᠷ ᠵᠤᠭ᠎ᠠ ᠴᠡᠩᠭᠡᠯ ᠤᠨ ᠦᠢᠯᠡᠰ ᠤᠨ ᠪᠡᠯᠡ ᠣᠷᠣᠭᠤᠯᠤᠯᠲᠠ ᠶᠢ ᠳᠠᠶᠢᠴᠢᠯᠠᠨ ᠲᠤᠰ ᠲᠤᠰ 3.0%᠂ 2.2% ᠢᠶᠠᠷ ᠨᠡᠮᠡᠭᠳᠡᠭᠦᠯᠪᠡ᠃ ᠣᠯᠠᠨ ᠭᠠᠵᠠᠷ ᠤᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠨᠤᠭᠤᠳ ᠡᠮᠴᠢᠯᠡᠭᠡᠨ ᠤ ᠲᠥᠬᠦᠭᠡᠷᠦᠮᠵᠢ ᠬᠤᠳᠠᠯᠳᠤᠨ ᠠᠪᠬᠤ ᠲᠣᠳᠣᠷᠬᠠᠢ ᠬᠠᠭᠤᠳᠠᠰᠤ ᠶᠢ ᠦᠷᠭᠦᠯᠵᠢᠯᠡᠨ ᠨᠡᠶᠢᠲᠡᠯᠡᠵᠦ᠂ ᠨᠢᠭᠡ ᠪᠦᠯᠦᠭ ᠪᠤᠳᠤᠭᠲᠤ ᠬᠡᠲᠦ ᠳᠣᠯᠭᠢᠶᠠᠨ ᠤ ᠮᠠᠰᠢᠨ᠂ CT ᠮᠠᠰᠢᠨ ᠵᠡᠷᠭᠡ ᠲᠥᠬᠦᠭᠡᠷᠦᠮᠵᠢ ᠶᠢ ᠰᠢᠨᠡᠳᠬᠡᠵᠦ ᠲᠠᠰ ᠳᠡᠪᠰᠢᠭᠦᠯᠪᠡ᠃      ︽ᠠᠷᠭ᠎ᠠ ᠬᠡᠮᠵᠢᠶ᠎ᠡ ᠨᠦᠭᠦᠳ︾ ᠳᠤ᠂ ᠲᠥᠬᠦᠭᠡᠷᠦᠮᠵᠢ ᠶᠢᠨ ᠰᠢᠨᠡᠴᠢᠯᠡᠯᠳᠡ ᠶᠢ ᠳᠡᠮᠵᠢᠬᠦ ᠬᠡᠪᠴᠢᠶ᠎ᠡ ᠶᠢ ᠭᠤᠣᠯᠳᠠᠯᠭ᠎ᠠ ᠲᠠᠢ ᠠᠵᠢᠯ ᠲᠦᠷᠦᠯ ᠤᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠥᠭᠡᠷᠡᠴᠢᠯᠡᠯᠲᠡ ᠳᠤ ᠬᠦᠷᠲᠡᠯ᠎ᠡ ᠥᠷᠭᠡᠳᠬᠡᠨ᠎ᠡ ᠭᠡᠵᠦ ᠳᠤᠷᠠᠳᠴᠠᠢ᠃ ︽ᠡᠭᠦᠨ ᠤ ᠭᠤᠣᠯ ᠵᠣᠷᠢᠯᠭ᠎ᠠ ᠪᠣᠯ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠲᠡᠷᠢᠭᠦᠨ ᠤ ᠮᠡᠷᠭᠡᠵᠢᠯ ᠢ ᠲᠦᠷᠭᠡᠪᠴᠢᠯᠡᠨ ᠳᠡᠯᠭᠡᠷᠡᠭᠦᠯᠵᠦ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ ᠶᠤᠮ︾᠃ 7 ᠳ᠋ᠤᠭᠠᠷ ᠰᠠᠷ᠎ᠠ ᠶᠢᠨ ᠰᠡᠭᠦᠯᠴᠢ ᠠᠴᠠ ᠨᠠᠰᠢ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠣᠷᠣᠨ ᠨᠤᠲᠤᠭ ᠪᠣᠯᠣᠨ ᠬᠤᠯᠪᠣᠭᠳᠠᠯ ᠪᠦᠬᠦᠢ ᠲᠥᠪ ᠤᠨ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠡᠨᠧᠷᠭᠢ ᠬᠡᠷᠡᠭᠯᠡᠬᠦ ᠲᠥᠬᠦᠭᠡᠷᠦᠮᠵᠢ ᠶᠢ ᠰᠢᠨᠡᠳᠬᠡᠬᠦ ᠲᠦᠷᠦᠯ ᠵᠦᠢᠯ ᠢ ᠢᠳᠡᠪᠬᠢᠲᠡᠢ ᠭᠤᠶᠤᠴᠢᠯᠠᠨ ᠮᠡᠳᠡᠭᠦᠯᠵᠡᠢ᠃ ᠴᠢᠩᠭ᠎ᠠ ᠰᠢᠯᠢᠵᠦ ᠰᠣᠩᠭᠤᠬᠤ ᠪᠠᠷ ᠲᠠᠮᠵᠢᠨ᠂ ᠡᠨᠡ ᠵᠢᠯ ᠬᠡᠳᠦ ᠤᠷᠳᠤ ᠬᠤᠭᠤᠴᠠᠭᠠᠨ ᠤ ᠣᠨᠴᠠᠭᠠᠢ ᠤᠯᠤᠰ ᠤᠨ ᠵᠢᠭᠡᠯᠡᠯᠭᠡ ᠶᠢᠨ ᠪᠡᠯᠡ ᠮᠥᠩᠭᠦ ᠶᠢᠨ ᠳᠡᠮᠵᠢᠯᠭᠡ ᠶᠢᠨ ᠡᠨᠧᠷᠭᠢ ᠬᠡᠷᠡᠭᠯᠡᠬᠦ ᠲᠥᠬᠦᠭᠡᠷᠦᠮᠵᠢ ᠶᠢᠨ ᠰᠢᠨᠡᠴᠢᠯᠡᠯᠳᠡ ᠶᠢᠨ ᠲᠦᠷᠦᠯ ᠵᠦᠢᠯ 500 ᠢᠯᠡᠭᠦᠦ ᠪᠤᠯᠵᠦ᠂ ᠲᠦᠷᠦᠯ ᠵᠦᠢᠯ‌‍ᠦᠨ ᠶᠡᠷᠦᠩᠬᠡᠢ ᠪᠡᠯᠡ ᠣᠷᠣᠭᠤᠯᠤᠯᠲᠠ 500 ᠳ᠋ᠦᠩᠰᠢᠭᠤᠷ ᠲᠥᠭᠦᠷᠢᠭ ᠢ ᠳᠠᠪᠠᠵᠠᠢ᠃ ᠠᠩᠬ᠎ᠠ ᠠᠯᠬᠤᠮ ᠤᠨ ᠵᠢᠱᠢᠯᠲᠡ ᠪᠠᠷ᠂ ᠬᠤᠯᠪᠣᠭᠳᠠᠯ ᠪᠦᠬᠦᠢ ᠲᠥᠷᠥᠯ ᠵᠦᠢᠯ ᠢ ᠬᠡᠷᠡᠭᠵᠢᠭᠦᠯᠦᠭᠰᠡᠨ ᠤ ᠳᠠᠷᠠᠭ᠎ᠠ᠂ ᠵᠢᠯ ᠪᠦᠷᠢ ᠪᠠᠷᠤᠭ 300 ᠲᠦᠮᠡᠨ ᠲᠣᠨ ᠪᠠᠷᠢᠮᠵᠢᠶᠠᠲᠤ ᠨᠡᠭᠦᠷᠡᠰᠦ ᠶᠢᠨ ᠡᠨᠧᠷᠭᠢ ᠠᠷᠪᠢᠯᠠᠨ᠎ᠠ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠪᠠᠷᠤᠭ 800 ᠲᠦᠮᠡᠨ ᠲᠣᠨ ᠪᠠᠭᠠᠰᠬᠠᠵᠤ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠪᠠᠭᠤᠷᠠᠭᠤᠯᠬᠤ ᠠᠵᠢᠯᠯᠠᠭ᠎ᠠ ᠶᠢ ᠬᠡᠷᠡᠭᠵᠢᠭᠦᠯᠬᠦ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠪᠣᠯᠣᠨ᠎ᠠ᠃ ᠢᠷᠡᠯᠲᠡ᠄ ᠠᠷᠠᠳ ᠤᠨ ᠡᠳᠦᠷ ᠤᠨ ᠰᠣᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1