ᠬᠥᠬᠡᠬᠤᠲᠠ ᠶᠢᠨ ᠲᠣᠭᠲᠠᠬᠤ ᠰᠢᠶᠠᠨ ᠢᠮᠠᠭᠲᠠ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ | ᠵᠠᠰᠠᠯᠲᠠ ᠶᠢ ᠬᠥᠲᠥᠯᠥᠨ ᠳᠠᠭᠠᠭᠤᠯᠬᠤ ᠬᠠᠷᠠᠯᠲᠠ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ ᠂ ᠨᠠᠮ ᠤᠨ | ᠤᠳᠤᠷᠢᠳᠤᠯᠭ᠎ᠠ ᠶᠢ ᠦᠨᠳᠦᠰᠦᠨ ᠱᠠᠲᠤᠨ ᠤ ᠵᠠᠰᠠᠯᠲᠠ ᠶᠢᠨ ᠪᠦᠬᠦ ᠶᠠᠪᠤᠴᠠ ᠶᠢᠨ ᠡᠯ᠎ᠡ ᠲᠠᠯ᠎ᠠ ᠳᠤ | ᠲᠤᠤᠱᠯᠠᠭᠤᠯᠬᠤ ᠶᠢ ᠪᠠᠷᠢᠮᠲᠠᠯᠠᠵᠤ᠂ ᠵᠣᠬᠢᠶᠠᠨ ᠪᠠᠶᠢᠭᠤᠯᠤᠯᠲᠠ ᠶᠢ ᠬᠦᠴᠦᠷᠬᠡᠭᠵᠢᠭᠦᠯᠬᠦ᠂ ᠬᠦᠴᠢᠷ ᠠᠰᠠᠭᠤᠳᠠᠯ ᠢ | ᠰᠢᠢᠳᠪᠦᠷᠢᠯᠡᠬᠦ᠂ ᠤᠯᠠᠨ ᠲᠦᠮᠡᠨ ᠳᠤ ᠦᠢᠯᠡᠴᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠡᠩᠨᠡᠭᠡ ᠶᠢᠨ | ᠪᠠᠶᠢᠭᠤᠯᠤᠯᠲᠠ᠂ ᠳᠠᠷᠤᠭᠠᠰᠤ ᠶᠢ ᠬᠥᠩᠭᠡᠯᠡᠵᠦ ᠴᠢᠳᠠᠪᠤᠷᠢ ᠶᠢ ᠳᠡᠭᠡᠭᠰᠢᠯᠡᠭᠦᠯᠬᠦ᠂ ᠰᠠᠬᠢᠯᠭ᠎ᠠ ᠪᠠᠲᠤ ᠣᠪᠣᠷ ᠰᠤᠷᠲᠠᠯ | ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ | ᠬᠥᠲᠥᠯᠥᠨ ᠳᠠᠭᠠᠭᠤᠯᠬᠤ ᠦᠷ᠎ᠡ ᠪᠦᠲᠦᠮᠵᠢ ᠶᠢ ᠳᠠᠰᠤᠷᠠᠯᠳᠠ ᠦᠭᠡᠢ ᠳᠡᠭᠡᠭᠰᠢᠯᠡᠭᠦᠯᠪᠡ᠃ | ᠡᠩᠨᠡᠭᠡᠨ ᠤ ᠪᠠᠶᠢᠭᠤᠯᠤᠯᠲᠠ ᠶᠢ ᠬᠦᠴᠦᠯᠡᠨ ᠰᠠᠶᠢᠲᠤᠷ ᠠᠳᠬᠤᠵᠤ᠂ ᠨᠠᠮ ᠤᠨ ᠪᠠᠶᠢᠭᠤᠯᠤᠯᠲᠠ ᠪᠠᠷ | ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠬᠠᠮᠲᠤᠷᠠᠯ ᠤᠨ ᠬᠦᠴᠦᠨ ᠢ ᠨᠡᠮᠡᠭᠳᠡᠭᠦᠯᠦᠨ᠎ᠡ᠃ | ᠨᠠᠮ ᠤᠨ ᠪᠠᠶᠢᠭᠤᠯᠤᠯᠲᠠ ᠶᠢ ᠰᠠᠶᠢᠲᠤᠷ ᠠᠳᠬᠤᠵᠤ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ | ᠳᠠᠭᠠᠭᠤᠯᠬᠤ ᠳᠤ ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠨᠠᠮ ᠤᠨ ᠭᠡᠰᠢᠭᠦᠨ | ᠺᠠᠳ᠋ᠷ ᠤᠨ ᠡᠩᠨᠡᠭᠡ ᠪᠤᠯ ᠵᠠᠩᠭᠢᠯᠠᠭ᠎ᠠ ᠮᠦᠨ᠃ ᠲᠣᠭᠲᠠᠬᠤ ᠰᠢᠶᠠᠨ ᠤ ᠬᠢᠨ ᠲᠤᠷᠤᠢ ᠪᠠᠭᠤᠷᠠᠢ ᠰᠤᠯᠠ ᠵᠠᠳᠠᠭᠠᠢ | ᠨᠠᠮ ᠤᠨ ᠵᠣᠬᠢᠶᠠᠨ ᠪᠠᠶᠢᠭᠤᠯᠤᠯᠲᠠ ᠶᠢ ᠳᠠᠷᠠᠭᠠᠯᠠᠨ ᠪᠠᠶᠢᠴᠠᠭᠠᠵᠤ ᠴᠡᠭᠴᠡᠯᠡᠨ ᠳᠡᠭᠡᠭᠰᠢᠯᠡᠭᠦᠯᠬᠦ ᠠᠵᠢᠯ ᠢ | ᠪᠠᠶᠢᠩᠭᠤᠵᠢᠭᠤᠯᠤᠨ ᠥᠷᠨᠢᠭᠦᠯᠬᠦ ᠶᠢ ᠪᠠᠷᠢᠮᠲᠠᠯᠠᠵᠤ᠂ ᠵᠢᠯ ᠪᠦᠷᠢ ᠨᠢᠭᠡᠳᠤᠭᠡᠷ ᠤᠯᠠᠷᠢᠯ ᠳᠤ ᠲᠤᠰᠬᠤᠨ | ᠲᠠᠷᠠᠭᠠᠯᠠᠨ ᠪᠠᠶᠢᠴᠠᠭᠠᠯᠳᠠ ᠶᠢᠨ ᠠᠵᠢᠯ ᠢ ᠥᠷᠨᠢᠭᠦᠯᠵᠦ᠂ ︽ᠪᠠᠶᠢᠴᠠᠭᠠᠬᠤ ᠶᠣᠰᠣᠲᠠᠢ ᠶᠢ ᠨᠢ ᠪᠦᠬᠦᠨ ᠢ ᠪᠠᠶᠢᠴᠠᠭᠠᠵᠤ | ᠂ ᠴᠡᠭᠴᠡᠯᠡᠬᠦ ᠶᠣᠰᠣᠲᠠᠢ ᠶᠢ ᠨᠢ ᠪᠦᠬᠦᠨ ᠢ ᠴᠡᠭᠴᠡᠯᠡᠬᠦ︾ ᠶᠢ ᠦᠨᠡᠨᠬᠦ ᠪᠠᠲᠤᠯᠠᠵᠤ᠂ ︽ᠳᠥᠷᠪᠡᠨ ᠨᠢᠭᠡ︾ ᠶᠢᠨ | ᠬᠤᠯᠪᠤᠭᠠᠯᠠᠨ ᠲᠠᠭᠠᠭᠠᠴᠢᠯᠠᠬᠤ ᠲᠣᠭᠲᠠᠴᠠ ᠶᠢ ᠪᠠᠶᠢᠭᠤᠯᠵᠤ᠂ ︽ᠨᠢᠭᠡ ᠲᠣᠰᠬᠤᠨ ᠳᠤ ᠨᠢᠭᠡ ᠲᠥᠷᠥ ᠶᠢᠨ ᠪᠣᠳᠣᠯᠭ᠎ᠠ | ᠬᠡᠷᠡᠭᠵᠢᠭᠦᠯᠵᠦ︾ ᠴᠡᠭᠴᠡᠯᠡᠯᠲᠡ ᠶᠢ ᠠᠬᠢᠭᠤᠯᠵᠤ᠂ ᠪᠠᠲᠤ ᠪᠠᠬᠢ ᠪᠠᠬᠢᠯᠡᠯᠲᠡ ᠶᠢᠨ ︽ᠵᠢᠱᠢᠶᠡᠴᠢ︾ ᠨᠠᠮ ᠤᠨ ᠡᠭᠦᠷ ᠢ | ᠡᠭᠦᠳᠦᠨ ᠪᠠᠶᠢᠭᠤᠯᠬᠤ ᠠᠵᠢᠯ ᠢ ᠦᠷᠭᠦᠯᠵᠢᠯᠡᠨ ᠥᠷᠨᠢᠭᠦᠯᠵᠦ᠂ ︽ᠡᠭᠦᠷᠭᠡ ᠬᠠᠷᠢᠭᠤᠴᠠᠯᠭ᠎ᠠ ᠪᠠᠨ ᠢᠯᠡ ᠪᠣᠯᠭᠠᠬᠤ᠂ | ᠠᠵᠢᠯ ᠤᠨ ᠦᠷ᠎ᠡ ᠪᠦᠲᠦᠮᠵᠢ ᠪᠠᠨ ᠢᠯᠡ ᠪᠣᠯᠭᠠᠬᠤ᠂ ᠬᠤᠪᠢ ᠨᠡᠮᠡᠷᠢ ᠬᠠᠷᠢᠭᠤᠴᠠᠯᠭ᠎ᠠ ᠡᠭᠦᠷᠭᠡᠯᠡᠯ ᠢᠶᠠᠨ | ᠠᠳᠠᠯᠢᠳᠬᠠᠬᠤ︾ ᠪᠠᠷ ᠭᠤᠣᠯ ᠠᠭᠤᠯᠭ᠎ᠠ ᠪᠣᠯᠭᠠᠭᠰᠠᠨ ︽ᠢᠯᠡ ᠪᠣᠯᠭᠠᠬᠤ ᠠᠳᠠᠯᠢᠳᠬᠠᠬᠤ︾ ᠠᠵᠢᠯᠯᠠᠭ᠎ᠠ ᠶᠢ | ᠡᠷᠭᠢᠯᠡᠵᠦ᠂ ᠢᠯᠡᠷᠡᠯ ᠢ ᠨᠠᠮ ᠤᠨ ᠪᠠᠶᠢᠭᠤᠯᠤᠯᠲᠠ ᠶᠢᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠬᠦ᠂ ᠣᠨ ᠤ | ᠪᠣᠳᠠᠲᠤ ᠠᠮᠵᠢᠯᠲᠠ ᠶᠢ ᠬᠢᠨᠠᠨ ᠰᠢᠯᠭᠠᠬᠤ ᠲᠠᠢ ᠤᠶᠠᠯᠳᠤᠭᠤᠯᠵᠤ᠂ ᠦᠷ᠎ᠡ ᠳ᠋ᠦᠩ ᠢ ᠨᠠᠮ ᠤᠨ ᠭᠡᠰᠢᠭᠦᠨ ᠺᠠᠳ᠋ᠷ ᠤᠨ | ᠰᠢᠯᠢᠳᠡᠭ ᠢ ᠰᠢᠯᠭᠠᠷᠠᠭᠤᠯᠵᠤ ᠲᠡᠷᠢᠭᠦᠨ ᠢ ᠰᠢᠯᠭᠠᠷᠠᠭᠤᠯᠬᠤ ᠲᠠᠢ ᠬᠤᠯᠪᠣᠵᠤ᠂ ᠥᠪᠡᠷᠲᠡᠭᠡᠨ ᠵᠠᠰᠠᠬᠤ ᠣᠷᠣᠨ ᠤ | ᠱᠠᠲᠤ᠂ ᠬᠤᠳᠠ ᠶᠢᠨ ᠱᠠᠲᠤ ᠪᠠ ᠰᠢᠶᠠᠨ ᠤ ᠱᠠᠲᠤᠨ ᠤ ︽ᠬᠠᠷᠢᠭᠤᠴᠠᠯᠭ᠎ᠠ ᠡᠭᠦᠷᠭᠡᠯᠡᠬᠦ ᠰᠠᠶᠢᠨ ᠨᠠᠮ ᠤᠨ ᠡᠭᠦᠷ ᠤᠨ | ᠱᠦᠵᠢ︾᠂ ︽ᠬᠤᠶᠠᠷ ᠰᠢᠯᠢᠳᠡᠭ ᠨᠢᠭᠡ ᠲᠡᠷᠢᠭᠦᠨ︾ ᠵᠡᠷᠭᠡ ᠲᠡᠷᠢᠭᠦᠨ ᠤ ᠨᠡᠶᠢᠲᠡᠯᠢᠭ ᠵᠢᠱᠢᠶ᠎ᠡ ᠶᠢ ᠢᠳᠡᠪᠬᠢᠲᠡᠢ | ᠰᠢᠯᠭᠠᠷᠠᠭᠤᠯᠤᠨ ᠲᠠᠨᠢᠯᠴᠠᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ | ᠠᠳᠠᠯᠢᠳᠬᠠᠬᠤ ᠰᠤᠷᠤᠯᠴᠠᠬᠤ ᠭᠦᠢᠴᠡᠳᠭᠡᠬᠦ ᠳᠠᠪᠠᠭ᠋ᠤ᠂ ᠲᠡᠷᠢᠭᠦᠨ ᠳᠤ ᠣᠷᠣᠬᠤ ᠪᠠᠷ ᠴᠢᠷᠮᠠᠶᠢᠬᠤ ᠶᠢ ᠠᠬᠢᠭᠤᠯᠤᠨ᠎ᠠ ᠃ | ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠭᠡᠰᠢᠭᠦᠨ ᠺᠠᠳ᠋ᠷᠴᠤᠳ ᠤᠨ ᠲᠠᠪᠰᠢᠬᠤ | ᠪᠠᠭᠤᠷᠠᠭᠤᠯᠬᠤ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ | ᠪᠣᠯᠣᠨ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢ ᠰᠢᠯᠢᠳᠡᠭ ᠢ ᠨᠢ ᠰᠣᠩᠭᠤᠨ ᠲᠣᠮᠢᠯᠠᠵᠤ ᠰᠠᠶᠢᠲᠤᠷ | ᠬᠡᠷᠡᠭᠯᠡᠵᠦ᠂ ᠬᠡᠪ ᠴᠢᠨᠠᠷ ᠢᠶᠠᠷ ᠰᠠᠶᠢᠨ᠂ ᠤᠯᠠᠨ ᠲᠦᠮᠡᠨ ᠳᠤ ᠮᠡᠳᠡᠷᠡᠭᠳᠡᠭᠰᠡᠨ ︽ᠳᠠᠭᠠᠭᠤᠯᠤᠭᠴᠢ︾ ᠶᠢᠨ ᠡᠩᠨᠡᠭᠡ ᠶᠢ | ᠪᠦᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠤᠨ᠎ᠠ᠃ ᠦᠨᠳᠦᠰᠦᠨ ᠱᠠᠲᠤᠨ ᠤ ᠵᠠᠰᠠᠯᠲᠠ ᠶᠢᠨ ᠺᠠᠳ᠋ᠷ ᠤᠨ | ᠡᠩᠨᠡᠭᠡ ᠶᠢ ᠰᠢᠯᠢᠳᠡᠭᠵᠢᠭᠦᠯᠦᠨ ᠨᠡᠶᠢᠳᠬᠡᠵᠦ᠂ ᠤᠯᠠᠨ ᠡᠭᠡᠯᠵᠢ ᠪᠠᠷ ᠰᠣᠩᠭᠤᠨ ᠰᠢᠯᠵᠢᠭᠦᠯᠦᠭᠰᠡᠨ ᠰᠤᠷᠤᠭᠴᠢ᠂ ︽ | ᠪᠠᠯᠭᠠᠰᠤ ᠠᠴᠠ ᠡᠯᠰᠡᠵᠦ ᠲᠣᠰᠬᠤᠨ ᠳᠤ ᠬᠡᠷᠡᠭᠯᠡᠬᠦ︾ ᠬᠥᠮᠥᠰ ᠂ ︽ᠨᠢᠭᠡ ᠲᠣᠰᠬᠤᠨ ᠳᠤ ᠨᠢᠭᠡ ᠣᠶᠤᠲᠠᠨ︾᠂ | ᠲᠣᠰᠬᠤᠨ ᠳᠤ ᠰᠠᠭᠤᠭ᠎ᠠ ᠺᠠᠳ᠋ᠷ 96 ᠬᠥᠮᠥᠨ ᠢ ᠲᠣᠰᠬᠤᠨᠳᠤ ᠣᠴᠢᠭᠤᠯᠤᠨ ᠦᠢᠯᠡᠴᠢᠯᠡᠭᠦᠯᠵᠦ᠂ ᠲᠣᠰᠬᠤᠨ ᠤ | ᠱᠠᠲᠤᠨ ᠤ ᠵᠣᠬᠢᠶᠠᠨ ᠪᠠᠶᠢᠭᠤᠯᠤᠯᠲᠠ ᠶᠢ ᠬᠠᠮᠵᠢᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠨᠠᠮ ᠤᠨ | ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠬᠠᠮᠲᠤᠷᠠᠯ ᠤᠨ ᠬᠦᠴᠦᠨ ᠢ | ᠨᠢᠭᠲᠠᠷᠠᠭᠤᠯᠪᠠ᠃ 2026 ᠣᠨ ᠤ ᠬᠤᠭᠤᠴᠠᠭ᠎ᠠ ᠰᠣᠯᠢᠬᠤ ᠠᠵᠢᠯᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ | ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠪᠡᠯᠡᠳᠬᠡᠯ ᠺᠠᠳ᠋ᠷ ᠤᠨ ᠨᠥᠭᠡᠴᠡ ᠶᠢ ᠢᠳᠡᠪᠬᠢᠲᠡᠢ ᠰᠠᠶᠢᠲᠤᠷ | ᠬᠢᠵᠦ᠂ ᠦᠨᠳᠦᠰᠦᠨ ᠱᠠᠲᠤᠨ ᠤ ᠪᠡᠯᠡᠳᠬᠡᠯ ᠺᠠᠳ᠋ᠷ ᠢ ᠢᠯᠡᠷᠡᠭᠦᠯᠬᠦ᠂ ᠰᠢᠯᠢᠨ ᠳᠡᠪᠰᠢᠭᠦᠯᠬᠦ᠂ ᠪᠣᠶᠢᠵᠢᠭᠤᠯᠬᠤ᠂ | ᠬᠡᠷᠡᠭᠯᠡᠬᠦ ᠪᠢᠲᠡᠭᠦᠦ ᠴᠠᠭᠠᠷᠢᠭ ᠤᠨ ᠲᠣᠭᠲᠠᠴᠠ ᠶᠢ ᠲᠡᠭᠦᠯᠳᠡᠷᠵᠢᠭᠦᠯᠵᠦ᠂ ᠰᠣᠩᠭᠤᠨ ᠰᠢᠯᠵᠢᠭᠦᠯᠦᠭᠰᠡᠨ ᠰᠤᠷᠤᠭᠴᠢ᠂ | ᠴᠡᠷᠢᠭ ᠠᠴᠠ ᠬᠠᠯᠠᠭᠳᠠᠭᠰᠠᠳ᠂ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠭᠰᠠᠳ ᠵᠡᠷᠭᠡ ᠰᠢᠯᠢᠳᠡᠭ | ᠨᠠᠮ ᠤᠨ ᠭᠡᠰᠢᠭᠦᠨ ᠤ ᠳᠣᠲᠣᠷ᠎ᠠ ᠠᠴᠠ ᠭᠠᠴᠠᠭᠠᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠵᠠᠯᠭᠠᠮᠵᠢᠯᠠᠭᠴᠢᠶᠢ | ᠬᠥᠮᠥᠵᠢᠭᠦᠯᠬᠦ ᠶᠢ ᠴᠢᠬᠤᠯᠠᠴᠢᠯᠠᠵᠤ᠂ ︽ᠭᠠᠴᠠᠭ᠎ᠠ︾ ᠶᠢᠨ ᠬᠤᠶᠠᠷ ᠵᠥᠪᠯᠡᠯ ᠤᠨ ︽ᠪᠡᠯᠡᠳᠬᠡᠯ ᠺᠠᠳ᠋ᠷ ᠤᠨ ᠬᠥᠮᠥᠷᠭᠡ | ︾ ᠶᠢ ᠪᠠᠶᠢᠭᠤᠯᠵᠤ᠂ 1291 ᠪᠡᠯᠡᠳᠬᠡᠯ ᠺᠠᠳ᠋ᠷ ᠢ ᠨᠥᠭᠡᠴᠡᠯᠡᠭᠰᠡᠨ ᠪᠥᠭᠡᠳ ᠲᠥᠪᠯᠡᠷᠡᠭᠦᠯᠦᠨ ᠪᠣᠯᠪᠠᠰᠤᠷᠠᠭᠤᠯᠬᠤ᠂ | ᠭᠠᠴᠠᠭᠠᠨ ᠤ ︽ᠬᠤᠶᠠᠷ ᠵᠥᠪᠯᠡᠯ︾ ᠤᠨ ᠤᠯᠠᠮᠵᠢᠯᠠᠬᠤ ᠬᠠᠪᠰᠤᠷᠬᠤ ᠳᠠᠭᠠᠭᠤᠯᠬᠤ ᠵᠡᠷᠭᠡ ᠠᠷᠭ᠎ᠠ ᠮᠠᠶ᠋ᠢᠭ ᠢᠶᠠᠷ | ᠬᠥᠮᠥᠵᠢᠭᠦᠯᠦᠨ᠂ ︽ᠤᠰᠤᠨ ᠴᠥᠭᠦᠷᠥᠮ︾ ᠢ ᠴᠢᠷᠮᠠᠶᠢᠨ ᠪᠤᠵᠠᠭᠠᠶᠢᠷᠠᠭᠤᠯᠵᠤ᠂ ︽ᠤᠰᠤᠨ ᠤ ᠴᠢᠨᠠᠷ︾ ᠢ | ᠰᠢᠯᠢᠳᠡᠭᠵᠢᠭᠦᠯᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ︽ᠵᠠᠯᠭᠠᠮᠵᠢᠯᠠᠭᠴᠢ ᠲᠠᠢ | ᠪᠠᠶᠢᠬᠤ︾ ᠶᠢ ᠦᠨᠡᠨ ᠬᠦ ᠪᠠᠲᠤᠯᠠᠪᠠ᠃ | ᠳᠠᠷᠤᠭᠠᠰᠤ ᠶᠢ ᠬᠥᠩᠭᠡᠯᠡᠵᠦ ᠴᠢᠳᠠᠪᠤᠷᠢ ᠶᠢ ᠳᠡᠭᠡᠭᠰᠢᠯᠡᠭᠦᠯᠬᠦ ᠶᠢ ᠬᠦᠴᠦᠯᠡᠨ ᠰᠠᠶᠢᠲᠤᠷ ᠠᠳᠬᠤᠵᠤ᠂ ᠨᠠᠮ ᠤᠨ | ᠪᠠᠶᠢᠭᠤᠯᠤᠯᠲᠠ ᠶᠢᠨ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠴᠢᠳᠠᠪᠤᠷᠢᠶᠢ ᠨᠡᠮᠡᠭᠳᠡᠭᠦᠯᠦᠨ᠎ᠡ᠃ | ᠬᠡᠯᠪᠡᠷᠢ ᠶᠢᠨ ᠦᠵᠡᠯ ᠢ ᠦᠷᠭᠦᠯᠵᠢᠯᠡᠨ ᠭᠦᠨᠵᠡᠭᠡᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ | ᠬᠥᠩᠭᠡᠯᠡᠵᠦ᠂ ᠦᠨᠳᠦᠰᠦᠨ ᠱᠠᠲᠤᠨ ᠤ ᠵᠠᠰᠠᠯᠲᠠ ᠶᠢᠨ ︽ᠵᠢᠵᠢᠭ ᠮᠣᠷᠢᠨ ᠲᠡᠷᠭᠡ︾ ᠶᠢᠨ ᠲᠣᠪᠣᠶᠢᠮ᠎ᠠ | ᠠᠰᠠᠭᠤᠳᠠᠯ ᠢ ᠰᠢᠢᠳᠪᠦᠷᠢᠯᠡᠬᠦ 3 ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠳᠠᠷᠤᠭᠠᠰᠤ ᠶᠢ ᠬᠥᠩᠭᠡᠷᠡᠭᠦᠯᠬᠦ | ︽ᠳᠥᠷᠪᠡᠨ ᠵᠦᠢᠯ ᠤᠨ ᠨᠠᠷᠢᠨ ᠳᠠᠩᠰᠠ︾ ᠶᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠣᠷᠣᠬᠤ ᠶᠢ | ᠵᠥᠪᠰᠢᠶᠡᠷᠡᠬᠦ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠶᠢᠨ ᠵᠦᠢᠯᠡᠰ ᠢ | ᠪᠠᠭᠠᠰᠬᠠᠬᠤ᠂ ᠪᠠᠶᠢᠭᠤᠯᠤᠮᠵᠢ ᠶᠢᠨ ᠫᠠᠶᠢᠰᠠ ᠶᠢ ᠪᠠᠭᠠᠰᠬᠠᠬᠤ᠂ ᠬᠢᠨᠠᠨ ᠰᠢᠯᠭᠠᠵᠤ ᠱᠠᠯᠠᠪᠳᠠᠭᠤᠯᠤᠨ ᠪᠠᠶᠢᠴᠠᠭᠠᠬᠤ ᠶᠢ | ᠪᠠᠭᠠᠰᠬᠠᠬᠤ ᠶᠢ ᠦᠷᠭᠦᠯᠵᠢᠯᠡᠨ ᠠᠬᠢᠭᠤᠯᠵᠤ᠂ ︽ᠦᠢᠯᠡᠴᠢᠯᠡᠬᠦ ᠶᠢᠨ ᠳᠠᠭᠠᠤ ᠡᠮᠬᠢᠯᠡᠨ ᠳᠢᠭᠯᠡᠵᠦ᠂ ᠴᠡᠪᠡᠷᠯᠡᠬᠦ ᠶᠢᠨ | ᠳᠠᠭᠠᠤ ᠢᠯᠭᠠᠷᠠᠭᠤᠯᠤᠨ ᠳᠢᠭᠯᠡᠬᠦ︾ ᠵᠠᠷᠴᠢᠮ ᠢ ᠪᠠᠷᠢᠮᠲᠠᠯᠠᠵᠤ᠂ ᠤᠯᠤᠰ ᠤᠨ ᠬᠠᠤᠯᠢ ᠴᠠᠭᠠᠵᠠ ᠬᠠᠤᠯᠢ | ᠲᠣᠭᠲᠠᠭᠠᠯ ᠤᠨ ᠲᠤᠯᠭᠠᠭᠤᠷᠢᠯᠠᠯ ᠪᠠ ᠲᠥᠷᠥ ᠶᠢᠨ ᠪᠣᠳᠣᠯᠭ᠎ᠠ ᠶᠢᠨ ᠦᠨᠳᠦᠰᠦᠯᠡᠯ ᠢᠶᠠᠷ ᠳᠤᠲᠠᠮᠠᠭ ᠭᠡᠷᠡᠴᠢᠯᠡᠬᠦ | ᠵᠦᠢᠯᠡᠰ ᠢ ᠠᠯᠬᠤᠮ ᠠᠯᠬᠤᠮ ᠢᠶᠠᠷ ᠢᠯᠭᠠᠷᠠᠭᠤᠯᠤᠨ ᠳᠢᠭᠯᠡᠵᠦ᠂ ᠲᠣᠰᠬᠤᠨ᠂ ᠨᠡᠶᠢᠭᠡᠮ ᠲᠣᠭᠤᠷᠢᠭ ᠤᠨ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠬᠦ ᠠᠵᠢᠯ ᠤᠨ ᠶᠠᠪᠤᠳᠠᠯ ᠢ ᠲᠤᠰ ᠲᠤᠰ 43 ᠵᠦᠢᠯ ᠪᠠ 36 ᠵᠦᠢᠯ ᠪᠣᠯᠭᠠᠨ | ᠪᠠᠭᠠᠰᠬᠠᠵᠤ᠂ ᠰᠠᠭᠤᠭᠠᠯᠢ ᠠᠷᠠᠳᠤᠨ ᠪᠡᠶ᠎ᠡ ᠬᠡᠮ ᠤᠨ ᠮᠡᠳᠡᠭᠡ ᠵᠠᠩᠭᠢ ᠶᠢᠨ ᠭᠡᠷᠡᠴᠢᠯᠡᠯ᠂ ᠶᠠᠯ᠎ᠠ ᠬᠢᠭᠰᠡᠨ ᠲᠡᠮᠳᠡᠭᠯᠡᠯ | ᠦᠭᠡᠢ ᠭᠡᠷᠡᠴᠢᠯᠡᠯ ᠵᠡᠷᠭᠡ 20 ᠵᠦᠢᠯ ᠤᠨ ᠭᠡᠷᠡᠴᠢᠯᠡᠬᠦ ᠵᠦᠢᠯᠡᠰ ᠢ ᠨᠠᠵᠠᠭᠠᠢ ᠲᠠᠯ᠎ᠠ ᠶᠢᠨ ᠨᠠᠷᠢᠨ ᠳᠠᠩᠰᠠᠨ ᠳᠤ | ᠣᠷᠣᠭᠤᠯᠵᠤ᠂ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠪᠣᠯᠣᠨ ᠴᠢᠳᠠᠪᠬᠢ ᠶᠢᠨ ᠪᠠᠶᠢᠷᠢ ᠲᠣᠭᠲᠠᠭᠠᠯᠲᠠ ᠶᠢ | ᠦᠨᠳᠦᠰᠦᠯᠡᠨ᠂ ᠨᠡᠶᠢᠳᠬᠡᠨ ᠨᠡᠶᠢᠯᠡᠭᠦᠯᠵᠦ᠂ ᠵᠣᠬᠢᠰᠲᠠᠢ ᠪᠠᠶᠢᠷᠢᠯᠠᠭᠤᠯᠵᠤ᠂ ︽ᠫᠠᠶᠢᠰᠠ ᠡᠯᠭᠦᠬᠦ ᠰᠠᠮᠠᠭᠤᠨ ᠦᠵᠡᠭᠳᠡᠯ | ︾ ᠢ ᠪᠦᠬᠦ ᠬᠦᠴᠦᠨ ᠢᠶᠠᠷ ᠢᠶᠠᠨ ᠵᠠᠯᠠᠷᠠᠭᠤᠯᠤᠨ ᠵᠠᠰᠠᠵᠤ᠂ ᠡᠨᠡ ᠵᠢᠯ ᠠᠴᠠ ᠨᠠᠰᠢ᠂ ᠰᠢᠨᠵᠢᠯᠡᠬᠦ ᠤᠬᠠᠭᠠᠨᠴᠢ ᠪᠥᠭᠡᠳ | ᠪᠦᠲᠦᠮᠵᠢᠲᠡᠶ ᠠᠮᠵᠢᠯᠲᠠ ᠪᠦᠲᠦᠮᠵᠢ ᠶᠢ ᠬᠢᠨᠠᠨ ᠰᠢᠯᠭᠠᠵᠤ ᠦᠨᠡᠯᠡᠬᠦ ᠰᠢᠰᠲ᠋ᠧᠮ ᠢ ᠪᠦᠷᠢᠨᠰᠢᠭᠦᠯᠦᠨ | ᠲᠡᠭᠦᠯᠳᠡᠷᠵᠢᠭᠦᠯᠵᠦ᠂ ᠵᠠᠰᠠᠭ ᠤᠨ ᠠᠵᠢᠯ ᠤᠨ ᠠᠮᠵᠢᠯᠲᠠ ᠶᠢ ᠬᠢᠨᠠᠨ ᠰᠢᠯᠭᠠᠬᠤ ︽ᠳᠣᠬᠢᠭᠤᠷ︾ ︽ᠰᠠᠯᠬᠢᠨ ᠤ | ᠵᠦᠭᠯᠡᠭᠦᠷ︾ ᠤᠨ ᠦᠢᠯᠡᠳᠦᠯ ᠢ ᠪᠠᠳᠠᠷᠠᠭᠤᠯᠵᠤ᠂ ᠬᠢᠨᠠᠨ ᠰᠢᠯᠭᠠᠬᠤ ᠭᠦᠢᠴᠡᠳᠬᠡᠯ ᠲᠤᠭ᠎ᠠ ᠶᠢᠨ ᠲᠤᠭ᠎ᠠ ᠶᠢ ᠶᠡᠭᠡ | ᠬᠡᠮᠵᠢᠶ᠎ᠡ ᠪᠠᠷ ᠴᠣᠮᠬᠠᠳᠬᠠᠵᠤ᠂ ᠦᠨᠳᠦᠰᠦᠨ ᠱᠠᠲᠤᠨ ᠤ ᠬᠢᠨ ᠶᠡᠭᠡ ᠬᠡᠮᠵᠢᠶᠡᠨ ᠤ ᠤᠶᠤᠨ ᠴᠢᠳᠠᠯ ᠢᠶᠠᠨ | ᠵᠠᠷᠤᠴᠠᠭᠤᠯᠵᠤ ᠪᠠᠶᠢᠭᠠᠳ ᠡᠬᠡ ᠲᠠᠩᠰᠠ ᠪᠠᠶᠢᠭᠤᠯᠬᠤ᠂ ᠳᠡᠯᠭᠡᠨ ᠦᠵᠡᠭᠦᠯᠬᠦ ᠰᠠᠮᠪᠠᠷ᠎ᠠ ᠭᠠᠷᠭᠠᠬᠤ᠂ ᠬᠦᠰᠦᠨᠦᠭᠲᠦ | ᠲᠠᠭᠯᠠᠬᠤ᠂ ᠮᠠᠲ᠋ᠧᠷᠢᠶᠠᠯ ᠮᠡᠳᠡᠭᠦᠯᠬᠦ᠂ ᠬᠢᠨᠠᠨ ᠰᠢᠯᠭᠠᠯᠲᠠ ᠶᠢᠨ ᠬᠡᠶᠢᠰᠪᠦᠷᠢ ᠪᠠᠶᠢᠳᠠᠯ ᠠᠴᠠ ᠠᠩᠭᠢᠵᠢᠷᠠᠨ | ᠪᠣᠳᠠᠲᠠᠶᠢᠵᠢᠬᠤ ᠶᠢ ᠦᠨᠡᠨ ᠬᠦ ᠲᠦᠯᠬᠢᠨ ᠠᠬᠢᠭᠤᠯᠵᠤ᠂ 2024 ᠣᠨ ᠳᠤ ᠡᠯ᠎ᠡ ᠪᠠᠯᠭᠠᠰᠤ᠂ ᠾᠧ ᠺᠸᠦ | ᠵᠢᠭᠤᠯᠴᠢᠯᠠᠯ ᠠᠮᠠᠷᠠᠯᠲᠠ ᠶᠢᠨ ᠣᠷᠣᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠬᠢᠨᠠᠨ ᠰᠢᠯᠭᠠᠬᠤ | ᠭᠦᠢᠴᠡᠳᠬᠡᠯ ᠲᠤᠭ᠎ᠠ ᠶᠢ 2023 ᠣᠨ ᠤ ᠬᠢ ᠠᠴᠠ 45 ᠵᠤᠷᠪᠤᠰ ᠬᠠᠰᠤᠵᠤ᠂ 75% ᠶᠢᠨ ᠨᠤᠷᠮ᠎ᠠ ᠶᠢ | ᠪᠠᠭᠠᠰᠬᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠭᠡᠰᠢᠭᠦᠨ ᠺᠠᠳ᠋ᠷᠴᠤᠳ ᠤᠨ | ᠨᠡᠩ ᠢᠯᠡᠭᠦᠦ ᠤᠶᠤᠨ ᠴᠢᠳᠠᠯ ᠢ ᠵᠠᠰᠠᠯᠲᠠ ᠶᠢ ᠠᠳᠬᠤᠵᠤ ᠦᠢᠯᠡᠴᠢᠯᠡᠭᠡ ᠶᠢ ᠠᠳᠬᠤᠬᠤ ᠳᠡᠭᠡᠷ᠎ᠡ ᠦᠨᠡᠨ ᠬᠦ | ᠬᠦᠴᠦ ᠲᠠᠯᠪᠢᠭᠤᠯᠪᠠ᠃ | ᠰᠠᠬᠢᠯᠭ᠎ᠠ ᠪᠠᠲᠤ ᠬᠡᠪ ᠰᠤᠷᠲᠠᠯ ᠢ ᠬᠦᠴᠦᠯᠡᠨ ᠰᠠᠶᠢᠲᠤᠷ ᠠᠳᠬᠤᠵᠤ᠂ ᠨᠠᠮ ᠤᠨ ᠪᠠᠶᠢᠭᠤᠯᠤᠯᠲᠠ ᠪᠠᠷ | ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠳᠣᠲᠣᠭᠠᠳᠤ ᠬᠦᠴᠦᠨ ᠢ ᠴᠢᠩᠭᠠᠳᠬᠠᠪᠠ᠃ | ᠰᠤᠷᠭᠠᠨ ᠬᠥᠮᠥᠵᠢᠭᠦᠯᠵᠦ ᠬᠥᠲᠥᠯᠥᠨ ᠵᠢᠯᠤᠭᠤᠳᠬᠤ ᠪᠠ ᠢᠯᠵᠠᠷᠠᠯ ᠢ ᠵᠠᠯᠬᠠᠭᠠᠨ ᠰᠢᠢᠳᠭᠡᠬᠦ ᠬᠤᠣᠰ ᠴᠢᠭᠯᠡᠯ ᠢᠶᠠᠷ | ᠬᠦᠴᠦᠯᠡᠬᠦ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ | ᠣᠪᠣᠷ ᠰᠤᠷᠲᠠᠯ ᠤᠨ ᠪᠠᠶᠢᠭᠤᠯᠤᠯᠲᠠ ᠶᠢ ᠲᠠᠰᠤᠷᠠᠯᠳᠠ ᠦᠭᠡᠢ ᠴᠢᠩᠭᠠᠳᠬᠠᠵᠤ᠂ ᠦᠨᠳᠦᠰᠦᠨ ᠱᠠᠲᠤᠨ ᠤ | ᠵᠠᠰᠠᠯᠲᠠ ᠶᠢ ᠰᠠᠶᠢᠲᠤᠷ ᠬᠢᠬᠦ ᠳᠤ ᠰᠠᠭᠤᠷᠢ ᠲᠠᠯᠪᠢᠪᠠ᠃ ︽ᠰᠦᠯᠵᠢᠶᠡᠨ ᠳᠡᠭᠡᠷ᠎ᠡ + ᠰᠦᠯᠵᠢᠶᠡᠨ ᠠᠴᠠ ᠭᠠᠳᠠᠨ᠎ᠠ︾ | ᠪᠠ ᠱᠠᠲᠤ ᠬᠤᠪᠢᠶᠠᠨ ᠲᠥᠷᠥᠯ ᠬᠤᠪᠢᠶᠠᠬᠤ ᠰᠤᠷᠤᠯᠴᠠᠬᠤ ᠠᠷᠭ᠎ᠠ ᠪᠠᠷ ᠰᠤᠷᠭᠠᠨ ᠬᠥᠮᠥᠵᠢᠭᠦᠯᠵᠦ ᠬᠥᠲᠥᠯᠥᠨ | ᠵᠢᠯᠤᠭᠤᠳᠬᠤ ᠶᠢ ᠴᠢᠩᠭᠠᠳᠬᠠᠵᠤ᠂ ︽ᠨᠢᠭᠡᠳᠦᠭᠡᠷ ᠵᠥᠪᠯᠡᠬᠦ ᠰᠡᠳᠦᠪ︾᠂ ︽ᠭᠤᠷᠪᠠᠨ ᠬᠤᠷᠠᠯ ᠨᠢᠭᠡ ᠬᠢᠴᠢᠶᠡᠯ︾᠂ | ᠭᠤᠣᠯ ᠰᠡᠳᠦᠪᠲᠦ ᠨᠠᠮ ᠤᠨ ᠡᠳᠦᠷᠯᠢᠭ ᠵᠡᠷᠭᠡ ᠬᠡᠯᠪᠡᠷᠢ ᠪᠠᠷ ᠳᠠᠮᠵᠢᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠨ | ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ | ᠥᠭᠦᠯᠡᠯᠲᠡ ᠪᠠ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ | ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ︾ ᠢᠶᠠᠷ ᠭᠤᠣᠯ ᠠᠭᠤᠯᠭ᠎ᠠ ᠪᠣᠯᠭᠠᠵᠤ᠂ ᠨᠠᠮ ᠤᠨ ᠰᠠᠬᠢᠯᠭ᠎ᠠ | ᠪᠠᠲᠤ ᠶᠢᠨ ᠰᠤᠷᠤᠯᠴᠠᠯᠭ᠎ᠠ ᠬᠥᠮᠦᠵᠢᠯ ᠢ ᠲᠥᠪᠯᠡᠷᠡᠭᠦᠯᠦᠨ ᠥᠷᠨᠢᠭᠦᠯᠵᠦ᠂ ᠪᠦᠬᠦ ᠰᠢᠶᠠᠨ ᠤ ᠨᠠᠮ ᠤᠨ ᠡᠭᠦᠷ 2200 | ᠭᠠᠷᠤᠢ ᠤᠳᠠᠭ᠎ᠠ ᠶᠢᠨ ᠰᠤᠷᠤᠯᠴᠠᠯᠭ᠎ᠠ ᠶᠢ ᠥᠷᠨᠢᠭᠦᠯᠵᠦ᠂ ᠡᠯ᠎ᠡ ᠲᠦᠷᠦᠯ ᠤᠨ ᠰᠡᠷᠡᠮᠵᠢᠯᠡᠭᠦᠯᠬᠦ ᠬᠥᠮᠦᠵᠢᠯ ᠢ 536 | ᠤᠳᠠᠭ᠎ᠠ ᠥᠷᠨᠢᠭᠦᠯᠵᠦ᠂ ᠨᠠᠮ ᠤᠨ ᠡᠭᠦᠷ ᠤᠨ ᠱᠦᠵᠢ ᠶᠢᠨ ᠲᠤᠰᠬᠠᠢ ᠰᠡᠳᠦᠪᠲᠦ ᠨᠠᠮ ᠤᠨ ᠬᠢᠴᠢᠶᠡᠯ ᠢ 371 | ᠤᠳᠠᠭ᠎ᠠ ᠡᠷᠬᠢᠯᠡᠵᠦ᠂ ᠨᠠᠮ ᠤᠨ ᠭᠡᠰᠢᠭᠦᠨ ᠺᠠᠳ᠋ᠷᠴᠤᠳ ᠤᠨ ᠨᠠᠮ ᠤᠨ ᠳᠦᠷᠢᠮ ᠨᠠᠮ ᠤᠨ ᠲᠣᠭᠲᠠᠭᠠᠯ ᠨᠠᠮ ᠤᠨ | ᠰᠠᠬᠢᠯᠭ᠎ᠠ ᠪᠠᠲᠤ ᠶᠢᠨ ᠲᠤᠬᠠᠢ ᠣᠶᠢᠯᠠᠭᠠᠯᠲᠠ ᠪᠠ ᠡᠵᠡᠮᠳᠡᠯ ᠢ ᠲᠠᠰᠤᠷᠠᠯᠳᠡ ᠦᠭᠡᠢ ᠭᠦᠨᠵᠡᠭᠡᠶᠢᠷᠡᠭᠦᠯᠵᠦ᠂ ᠨᠠᠮ ᠤᠨ | ᠲᠣᠭᠲᠠᠭᠠᠯ ᠨᠠᠮ ᠤᠨ ᠰᠠᠬᠢᠯᠭ᠎ᠠ ᠪᠠᠲᠤ ᠪᠠᠷ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠵᠠᠯᠠᠷᠠᠭᠤᠯᠵᠤ᠂ ᠨᠠᠮ ᠤᠨ | ᠰᠠᠬᠢᠯᠭ᠎ᠠ ᠪᠠᠲᠤ ᠶᠢ ᠰᠤᠷᠤᠯᠴᠠᠬᠤ ᠶᠠᠪᠤᠴᠠ ᠶᠢ ᠦᠨᠡᠨᠬᠦ ᠰᠠᠬᠢᠯᠭ᠎ᠠ ᠪᠠᠲᠤ ᠶᠢᠨ ᠤᠬᠠᠮᠰᠠᠷ ᠢᠶᠠᠨ ᠴᠢᠩᠭᠠᠳᠬᠠᠬᠤ᠂ | ᠨᠠᠮᠴᠢ ᠴᠢᠨᠠᠷ ᠤᠨ ᠪᠣᠯᠪᠠᠰᠤᠷᠠᠯ ᠢᠶᠠᠨ ᠳᠡᠭᠡᠭᠰᠢᠯᠡᠭᠦᠯᠬᠦ ᠶᠠᠪᠤᠴᠠ ᠪᠣᠯᠭᠠᠪᠠ᠃ ᠢᠯᠵᠠᠷᠠᠯ ᠢ ᠵᠠᠯᠬᠠᠭᠠᠨ ᠰᠢᠢᠳᠬᠡᠬᠦ | ᠲᠠᠯ᠎ᠠ ᠪᠠᠷ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ | ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠲᠥᠪᠯᠡᠷᠡᠭᠦᠯᠦᠨ ᠴᠡᠭᠴᠡᠯᠡᠨ | ᠵᠠᠰᠠᠬᠤ ᠠᠵᠢᠯ ᠢ ᠥᠷᠨᠢᠭᠦᠯᠦᠭᠰᠡᠨ ᠠᠴᠠ ᠨᠠᠰᠢ᠂ ᠨᠡᠶᠢᠲᠡ 70 ᠬᠤᠪᠢ ᠠᠰᠠᠭᠤᠳᠠᠯ ᠤᠨ ᠰᠦᠪᠡᠭᠴᠢ ᠶᠢ ᠬᠦᠯᠢᠶᠡᠨ | ᠠᠪᠴᠤ ᠰᠢᠢᠳᠪᠦᠷᠢᠯᠡᠵᠡᠢ᠃ ᠡᠭᠦᠨ ᠳᠤ᠄ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠦᠷᠢᠶᠡᠨ ᠳᠤ 29 | ᠬᠤᠪᠢ᠂ ᠠᠷᠠᠳ ᠤᠨ ᠠᠮᠢᠳᠤᠷᠠᠯ ᠤᠨ ᠬᠦᠴᠢᠷ ᠲᠦᠪᠡᠭᠳᠡᠢ ᠠᠰᠠᠭᠤᠳᠠᠯ 41 ᠬᠤᠪᠢ ᠪᠠᠶᠢᠨ᠎ᠠ ᠂ 42 ᠬᠤᠪᠢ ᠶᠢ | ᠬᠡᠷᠡᠭ ᠪᠣᠯᠭᠠᠨ ᠳᠡᠩᠰᠡᠯᠡᠵᠦ᠂ 21 ᠬᠤᠪᠢ ᠶᠢ ᠰᠢᠢᠳᠪᠦᠷᠢᠯᠡᠨ ᠳᠠᠭᠤᠰᠬᠠᠵᠤ᠂ 22 ᠬᠥᠮᠥᠨ ᠳᠤ ᠨᠠᠮ ᠤᠨ | ᠰᠠᠬᠢᠯᠭ᠎ᠠ ᠵᠠᠰᠠᠭ ᠤᠨ ᠶᠠᠪᠤᠳᠠᠯ ᠤᠨ ᠰᠢᠢᠳᠭᠡᠯ ᠥᠭᠴᠦ᠂ 2 ᠬᠥᠮᠥᠨ ᠢ ᠵᠣᠬᠢᠶᠠᠨ ᠪᠠᠶᠢᠭᠤᠯᠤᠯᠲᠠ ᠠᠴᠠ | ᠰᠢᠢᠳᠪᠦᠷᠢᠯᠡᠵᠦ᠂ ᠣᠯᠠᠨ ᠲᠦᠮᠡᠨ ᠤ ᠳᠡᠷᠭᠡᠳᠡᠬᠢ ︽ᠢᠯᠵᠢᠷᠡᠯ︾ ᠢ ᠡᠷᠡᠰ ᠵᠠᠯᠬᠠᠭᠠᠨ ᠰᠢᠢᠳᠭᠡᠬᠦ ᠶᠢᠨ ᠬᠠᠮᠲᠤ | ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ᠂ ᠬᠡᠷᠡᠭ ᠢᠶᠠᠷ ᠵᠠᠰᠠᠬᠤ ᠶᠢ ᠠᠬᠢᠭᠤᠯᠬᠤ ᠶᠢ ᠵᠡᠷᠭᠡ ᠪᠠᠷ ᠠᠬᠢᠭᠤᠯᠵᠤ᠂ | ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠦᠨᠡᠨᠬᠦ ᠥᠪᠡᠷ ᠢᠶᠠᠨ ᠲᠥᠪ ᠴᠢᠬᠡᠴᠢ᠂ | ᠥᠪᠡᠷ ᠢᠶᠠᠨ ᠬᠠᠲᠠᠭᠤ ᠴᠢᠩᠭ᠎ᠠ ᠪᠠ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ | ᠪᠠᠲᠤ ᠴᠢᠩᠭ᠎ᠠ ᠳᠠᠶᠢᠴᠢᠨ ᠪᠠᠬᠢᠯᠡᠯᠲᠡ ᠪᠣᠯᠭᠠᠨ ᠴᠣᠭᠴᠠᠯᠠᠨ ᠪᠠᠶᠢᠭᠤᠯᠪᠠ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ |