ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ 9 ᠳ᠋ᠤᠭᠡᠷ ᠰᠠᠷ᠎ᠠ ᠶᠢᠨ 23 ᠤ ᠡᠳᠦᠷ | ᠨᠡᠶᠢᠲᠡᠯᠡᠭᠰᠡᠨ ᠰᠢᠨ᠎ᠡ ᠳᠤᠮᠳᠠᠳᠤ ᠤᠯᠤᠰ ᠤᠨ 75 ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠠᠮᠵᠢᠯᠲᠠ ᠪᠦᠲᠦᠮᠵᠢ ᠶᠢᠨ ᠰᠢᠷᠢᠰ ᠮᠡᠳᠡᠭᠦᠯᠦᠯᠲᠡ ᠳᠤ ᠢᠯᠡᠷᠡᠭᠦᠯᠦᠭᠰᠡᠨ ᠢᠶᠠᠷ᠂ 2023 ᠣᠨ ᠤ ᠵᠢᠯ ᠤᠨ ᠡᠴᠦᠰ | ᠪᠤᠯᠳᠠᠯ᠎ᠠ᠂ ᠮᠠᠨ ᠤ ᠤᠯᠤᠰ ᠤᠨ ᠪᠠᠶᠢᠩᠭᠤ ᠰᠠᠭᠤᠭ᠎ᠠ ᠬᠥᠮᠥᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ | 66.16% ᠳᠤ ᠬᠦᠷᠴᠦ᠂ 1949 ᠣᠨ ᠤ ᠵᠢᠯ ᠤᠨ ᠡᠴᠦᠰ ᠤᠨ ᠬᠢ ᠠᠴᠠ 55.52 % ᠢᠶᠠᠷ ᠳᠡᠭᠡᠭᠰᠢᠯᠡᠵᠦ᠂ | ᠵᠢᠯ ᠳᠤ ᠳᠤᠮᠳᠠᠴᠢ ᠪᠠᠷ 0.75 % ᠢᠶᠠᠷ ᠳᠡᠭᠡᠭᠰᠢᠯᠡᠵᠡᠢ᠃ | ᠡᠨᠡ ᠪᠣᠯ ᠮᠠᠨ ᠤ ᠤᠯᠤᠰ ᠤᠨ ᠬᠤᠲᠠ ᠪᠠᠯᠭᠠᠰᠤᠵᠢᠯᠲᠠ ᠶᠢᠨ ᠬᠢᠷᠢ ᠲᠦᠪᠰᠢᠨ ᠲᠠᠰᠤᠷᠠᠯᠲᠠ ᠦᠭᠡᠢ | ᠳᠡᠭᠡᠭᠰᠢᠯᠡᠵᠦ᠂ ᠬᠤᠲᠠ ᠶᠢᠨ ᠬᠡᠪᠴᠢᠶ᠎ᠡ ᠠᠯᠬᠤᠮ ᠠᠯᠬᠤᠮ ᠢᠶᠠᠷ ᠥᠷᠭᠡᠳᠴᠦ᠂ ᠶᠡᠷᠦᠩᠬᠡᠶᠢᠯᠡᠭᠰᠡᠨ ᠪᠣᠳᠠᠲᠤ | ᠬᠦᠴᠦᠨ ᠢᠯᠡᠳᠲᠡ ᠲᠡᠭᠡᠭᠰᠢᠯᠡᠭᠰᠡᠨ ᠤ ᠠᠮᠢᠳᠤᠯᠢᠭ ᠬᠤᠷᠢᠶᠠᠩᠭᠤᠶᠢᠯᠠᠯ ᠪᠤᠯᠤᠨ᠎ᠠ᠃ 75 ᠵᠢᠯ ᠤᠨ ᠲᠤᠷᠰᠢ᠂ | ᠮᠠᠨ ᠤ ᠤᠯᠤᠰ ᠳᠡᠯᠡᠬᠡᠢ ᠶᠢᠨ ᠲᠡᠦᠬᠡᠨ ᠳᠡᠭᠡᠷᠡᠬᠢ ᠬᠡᠪᠴᠢᠶ᠎ᠡ ᠪᠠᠷ ᠬᠠᠮᠤᠭ ᠤᠨ ᠶᠡᠭᠡ᠂ ᠬᠤᠷᠳᠤᠴᠠ ᠪᠠᠷ ᠬᠠᠮᠤᠭ ᠤᠨ | ᠲᠦᠷᠭᠡᠨ ᠬᠤᠲᠠ ᠪᠠᠯᠭᠠᠰᠤᠵᠢᠯᠲᠠ ᠶᠢᠨ ᠠᠬᠢᠴᠠ ᠶᠢ ᠥᠩᠭᠡᠷᠡᠭᠦᠯᠵᠡᠢ ᠃ 1949 ᠣᠨ ᠤ ᠵᠢᠯ ᠤᠨ | ᠡᠴᠦᠰ ᠲᠤ᠂ ᠪᠦᠬᠦ ᠤᠯᠤᠰ ᠲᠤ ᠨᠡᠶᠢᠲᠡ 129 ᠬᠤᠲᠠ ᠲᠠᠢ᠂ ᠬᠤᠲᠠ ᠶᠢᠨ ᠬᠥᠮᠥᠨ ᠠᠮᠠ ᠨᠡᠶᠢᠲᠡ 3949 | ᠲᠦᠮᠡ ᠪᠠᠶᠢᠵᠠᠢ᠃ 2023 ᠣᠨ ᠤ ᠵᠢᠯ ᠤᠨ ᠡᠴᠦᠰ ᠲᠤ᠂ ᠪᠥᠬᠦ ᠤᠯᠤᠰ ᠤᠨ ᠬᠤᠲᠠ ᠶᠢᠨ ᠲᠤᠭ᠎ᠠ 694 | ᠪᠣᠯᠵᠤ᠂ ᠮᠠᠨ ᠤ ᠤᠯᠤᠰ ᠤᠨ ᠲᠤᠰᠬᠠᠢ ᠣᠷᠣᠨ ᠤ ᠲᠠᠰ ᠠᠴᠠ ᠳᠡᠭᠡᠭᠰᠢᠬᠢ ᠬᠤᠲᠠ ᠶᠢᠨ ᠪᠠᠶᠢᠩᠭᠤ ᠰᠠᠭᠤᠭ᠎ᠠ | ᠬᠥᠮᠥᠨ ᠠᠮᠠ 67313 ᠲᠦᠮᠡ ᠳᠤ ᠬᠦᠷᠴᠡᠢ᠃ ᠡᠭᠦᠨᠦ ᠳᠣᠲᠣᠷ᠎ᠠ ᠪᠠᠶᠢᠩᠭᠤ ᠰᠠᠭᠤᠭ᠎ᠠ ᠬᠥᠮᠥᠨ ᠠᠮᠠ ᠨᠢ | 500 ᠲᠦᠮᠡ ᠶᠢ ᠳᠠᠪᠠᠭᠰᠠᠨ ᠬᠤᠲᠠ 29 ᠂ 1000 ᠲᠦᠮᠡ ᠶᠢ ᠳᠠᠪᠠᠭᠰᠠᠨ ᠬᠤᠲᠠ 11 ᠪᠠᠶᠢᠨ᠎ᠠ᠃ | ᠥᠭᠡᠷᠡᠴᠢᠯᠡᠯᠲᠡ ᠨᠡᠭᠡᠭᠡᠯᠲᠡ ᠶᠢᠨ ᠶᠡᠭᠡ ᠤᠷᠤᠰᠬᠠᠯ ᠳᠣᠣᠷ᠎ᠠ᠂ ᠨᠡᠭᠡᠭᠡᠯᠲᠡ ᠶᠢᠨ ᠲᠣᠭᠤᠷᠢᠭ᠂ ᠠᠵᠤ | ᠦᠢᠯᠡᠳᠪᠦᠷᠢ ᠶᠢᠨ ᠬᠦᠷᠢᠶᠡᠯᠡᠩ᠂ ᠰᠢᠨ᠎ᠡ ᠬᠤᠲᠠ ᠪᠠ ᠰᠢᠨ᠎ᠡ ᠲᠣᠭᠤᠷᠢᠭ ᠵᠡᠷᠭᠡ ᠲᠠᠰᠤᠷᠠᠯᠲᠠ ᠦᠭᠡᠢ ᠴᠣᠯᠭᠤᠷᠠᠨ | ᠭᠠᠷᠴᠤ᠂ ᠬᠤᠲᠠ ᠶᠢᠨ ᠪᠦᠲᠦᠭᠡᠨ ᠪᠠᠶᠢᠭᠤᠯᠤᠯᠲᠠ ᠨᠢ ᠬᠠᠭᠤᠴᠢᠨ ᠬᠤᠲᠠ ᠶᠢᠨ ᠲᠣᠭᠤᠷᠢᠭ ᠤᠨ ᠵᠠᠭᠠᠭ ᠬᠢᠵᠠᠭᠠᠷ ᠢ | ᠲᠦᠷᠭᠡᠨ ᠢᠶᠠᠷ ᠳᠠᠪᠠᠪᠠ᠃ 1981 ᠣᠨ ᠳᠤ᠂ ᠪᠦᠬᠦ ᠤᠯᠤᠰ ᠤᠨ ᠬᠤᠳᠠ ᠶᠢᠨ ᠪᠠᠶᠢᠭᠤᠯᠤᠯᠳᠤ ᠲᠣᠭᠤᠷᠢᠭ ᠤᠨ | ᠲᠠᠯᠠᠪᠠᠢ 7438 ᠲᠡᠭᠰᠢ ᠳᠥᠷᠪᠡᠯᠵᠢᠨ ᠺᠢᠯᠤᠮᠧᠲᠷ ᠪᠠᠶᠢᠵᠦ᠂ 2023 ᠣᠨ ᠪᠤᠯᠬᠤ ᠳᠤ᠂ ᠪᠦᠬᠦ ᠤᠯᠤᠰ ᠤᠨ | ᠬᠤᠳᠠ ᠶᠢᠨ ᠲᠣᠭᠤᠷᠢᠭ ᠤᠨ ᠪᠣᠳᠠᠲᠤ ᠴᠣᠭᠴᠠ ᠶᠢᠨ ᠣᠷᠣᠨ ᠪᠦᠰᠡ ᠶᠢᠨ ᠲᠠᠯᠠᠪᠠᠢ 62038 ᠲᠡᠭᠰᠢ | ᠳᠥᠷᠪᠡᠯᠵᠢᠨ ᠺᠢᠯᠤᠮᠧᠲᠷ ᠲᠤ ᠬᠦᠷᠴᠦ᠂ 54600 ᠲᠡᠭᠰᠢ ᠳᠥᠷᠪᠡᠯᠵᠢᠨ ᠺᠢᠯᠤᠮᠧᠲᠷ ᠨᠡᠮᠡᠭᠳᠡᠵᠦ᠂ 7.3 | ᠲᠠᠬᠢᠨ ᠢᠶᠠᠷ ᠨᠡᠮᠡᠭᠳᠡᠵᠡᠢ᠃ ᠣᠷᠣᠨ ᠪᠦᠰᠡ ᠶᠢᠨ ᠠᠵᠤ ᠠᠬᠤᠢ ᠶᠢᠨ ᠬᠥᠭᠵᠢᠯᠲᠡ ᠶᠢᠨ ᠲᠥᠯᠦᠪᠵᠢᠭᠦᠯᠭᠡ ᠶᠢᠨ | ᠵᠠᠯᠭᠠᠯᠳᠤᠭᠠᠪᠠᠷ ᠨᠡᠶᠢᠲᠡᠯᠡᠭᠳᠡᠬᠦ ᠶᠢ ᠳᠠᠭᠠᠯᠳᠤᠨ᠂ ᠮᠠᠨ ᠤ ᠤᠯᠤᠰ ᠤᠨ ᠬᠤᠲᠠ ᠶᠢᠨ ᠣᠷᠣᠨ ᠪᠦᠰᠡ ᠶᠢᠨ | ᠬᠥᠭᠵᠢᠯᠲᠡ ᠶᠢᠨ ᠵᠣᠬᠢᠴᠠᠩᠭᠤᠢ ᠴᠢᠨᠠᠷ ᠲᠠᠰᠤᠷᠠᠯᠲᠠ ᠦᠭᠡᠢ ᠴᠢᠩᠭᠠᠷᠠᠵᠤ᠂ 2011 ᠣᠨ ᠠᠴᠠ ᠨᠠᠰᠢ | ᠨᠡᠮᠡᠭᠳᠡᠭᠰᠡᠨ 11 ᠲᠤᠰᠬᠠᠢ ᠣᠷᠣᠨ ᠤ ᠳᠡᠰ ᠤᠨ ᠬᠤᠲᠠ ᠶᠢᠨ ᠳᠣᠲᠣᠷᠠᠬᠢ 9 ᠨᠢ ᠪᠠᠷᠠᠭᠤᠨ ᠬᠡᠰᠡᠭ ᠤᠨ ᠭᠠᠵᠠᠷ | ᠣᠷᠣᠨ ᠳᠤ ᠪᠠᠶᠢᠨ᠎ᠠ᠃ | ᠬᠤᠳᠠ ᠶᠢᠨ ᠣᠷᠣᠨ ᠪᠦᠰᠡ ᠶᠢᠨ ᠲᠡᠯᠡᠪᠡᠢ ᠲᠡᠰᠦᠷᠡᠯᠳᠠ ᠦᠭᠡᠢ ᠨᠡᠮᠡᠭᠳᠡᠵᠦ᠂ ᠣᠷᠣᠨ ᠪᠦᠰᠡ ᠶᠢᠨ | ᠲᠠᠷᠬᠠᠯᠲᠠ ᠨᠡᠩ ᠲᠡᠩᠴᠡᠭᠦᠷᠢᠲᠡᠢ ᠪᠣᠯᠬᠤ ᠶᠢᠨ ᠵᠡᠷᠭᠡᠴᠡᠭᠡᠪᠡᠷ ᠬᠤᠳᠠ ᠶᠢᠨ ᠠᠵᠤ ᠠᠬᠤᠢ ᠶᠢᠨ ᠪᠣᠳᠠᠲᠤ ᠬᠦᠴᠦᠨ | ᠴᠦ ᠡᠳᠦᠷ ᠢᠷᠡᠬᠦᠶ᠎ᠡ ᠴᠢᠩᠭᠠᠷᠠᠵᠤ ᠪᠠᠶᠢᠨ᠎ᠠ᠃ 1988 ᠣᠨ ᠳᠤ᠂ ᠪᠦᠬᠦ ᠤᠯᠤᠰ ᠤᠨ ᠬᠤᠲᠠ ᠶᠢᠨ ᠣᠷᠣᠨ | ᠪᠦᠰᠡ ᠶᠢᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠵᠥᠪᠬᠡᠨ 7025 ᠳ᠋ᠦᠩᠰᠢᠭᠤᠷ ᠲᠥᠭᠦᠷᠢᠭ ᠪᠠᠶᠢᠵᠤ᠂ | ᠪᠦᠬᠦ ᠤᠯᠤᠰ ᠤᠨ 50.7% ᠶᠢ ᠡᠵᠡᠯᠡᠨ᠎ᠡ᠃ 2023 ᠣᠨ ᠪᠤᠯᠬᠤ ᠳᠤ᠂ ᠵᠥᠪᠬᠡᠨ ᠲᠤᠰᠬᠠᠢ ᠣᠷᠣᠨ ᠤ | ᠲᠡᠰ ᠠᠴᠠ ᠳᠡᠭᠡᠭᠰᠢᠬᠢ ᠬᠤᠳᠠ ᠶᠢᠨ ᠣᠷᠣᠨ ᠪᠦᠰᠡ ᠶᠢᠨ ᠦᠢᠯᠡᠳᠪᠦᠷᠢᠯᠡᠯ ᠤᠨ ᠶᠡᠷᠦᠩᠬᠡᠢ ᠦᠷᠳᠡᠭ 77 ᠲᠦᠮᠡᠨ | ᠳ᠋ᠦᠩᠰᠢᠭᠤᠷ ᠲᠥᠭᠦᠷᠢᠭ ᠲᠤ ᠬᠦᠷᠴᠦ᠂ ᠪᠦᠬᠦ ᠤᠯᠤᠰ ᠤᠨ 61.1% ᠢ ᠡᠵᠡᠯᠡᠪᠡ᠃ | ᠣᠶᠢᠷ᠎ᠠ ᠶᠢᠨ ᠵᠢᠯ ᠠᠴᠠ ᠨᠠᠰᠢ᠂ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠭᠦᠨᠵᠡᠭᠡᠶᠢᠷᠡᠨ | ᠠᠬᠢᠬᠤ ᠶᠢ ᠳᠠᠭᠠᠯᠳᠤᠨ᠂ ᠬᠤᠲᠠ ᠶᠢᠨ ᠲᠣᠭᠤᠷᠢᠭ ᠤᠨ ᠪᠠᠶᠢᠩᠭᠤ ᠰᠠᠭᠤᠭ᠎ᠠ ᠬᠥᠮᠥᠨ ᠠᠮᠠ 300 ᠲᠦᠮᠡ ᠠᠴᠠ | ᠳᠣᠷᠣᠭᠰᠢᠬᠢ ᠬᠤᠲᠠ ᠳᠤ ᠡᠷᠦᠬᠡ ᠠᠮᠠ ᠣᠷᠣᠬᠤ ᠬᠢᠵᠠᠭᠠᠷᠯᠠᠯ ᠢ ᠦᠨᠳᠦᠰᠦᠨ ᠳᠡᠭᠡᠨ ᠬᠦᠴᠦᠨ ᠦᠭᠡᠢ ᠪᠣᠯᠭᠠᠵᠤ᠂ | ᠲᠠᠷᠢᠶᠠᠯᠠᠩ ᠤᠨ ᠬᠦᠮᠦᠨ ᠠᠮᠠ ᠶᠢ ᠬᠤᠲᠠ ᠶᠢᠨ ᠠᠷᠠᠳ ᠪᠤᠯᠭᠠᠨ ᠰᠢᠯᠵᠢᠭᠦᠯᠬᠦ ᠠᠬᠢᠴᠠ ᠶᠢ ᠲᠦᠷᠭᠡᠳᠬᠡᠵᠦ᠂ | ᠬᠤᠲᠠ ᠪᠠᠯᠭᠠᠰᠤᠨ ᠤ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠶᠢ ᠪᠠᠶᠢᠩᠭᠤ ᠰᠠᠭᠤᠭ᠎ᠠ ᠬᠥᠮᠥᠨ ᠠᠮᠠ ᠳᠤ | ᠪᠦᠷᠬᠦᠭᠦᠯᠬᠦ ᠶᠢ ᠲᠦᠷᠭᠡᠳᠭᠡᠵᠦ᠂ ᠬᠠᠩᠭᠠᠯᠭ᠎ᠠ ᠬᠡᠷᠡᠭᠴᠡᠭᠡᠨ ᠤ ᠬᠢᠷᠢ ᠲᠦᠪᠰᠢᠨ ᠢ ᠲᠠᠰᠤᠷᠠᠯᠲᠠ ᠦᠭᠡᠢ | ᠳᠡᠭᠡᠭᠰᠢᠯᠡᠭᠦᠯᠪᠡ᠃ ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠠᠵᠢᠯ ᠢᠳᠡᠪᠬᠢᠲᠡᠢ ᠦᠷ᠎ᠡ ᠪᠦᠲᠦᠮᠵᠢ | ᠣᠯᠵᠤ᠂ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ | ᠪᠣᠯᠣᠨ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠬᠤᠭᠤᠷᠣᠨᠳᠣᠬᠢ ᠵᠥᠷᠢᠶ᠎ᠡ ᠢᠯᠡᠳᠲᠡ ᠪᠠᠭᠠᠰᠴᠤ᠂ ᠪᠦᠬᠦ | ᠤᠯᠤᠰ ᠤᠨ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ 2012 ᠣᠨ ᠤ 2.88 | ᠪᠠᠶᠢᠭᠰᠠᠨ ᠠᠴᠠ ᠪᠠᠨ 2023 ᠣᠨ ᠤ 2.39 ᠪᠣᠯᠵᠤ ᠪᠠᠭᠤᠷᠠᠪᠠ᠃ | ᠢᠷᠡᠯᠲᠡ᠄ ᠰᠢᠨᠬᠤᠸᠠ ᠰᠦᠯᠵᠢᠶ᠎ᠡ |