ᠲᠣᠭᠲᠠᠬᠤ ᠰᠢᠶᠠᠨ ᠤ ᠰᠦᠯᠵᠢᠶᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠲᠥᠪ᠄ ᠲᠣᠭᠲᠠᠭᠠᠯ ᠠᠴᠠ ᠵᠥᠷᠢᠴᠡᠭᠰᠡᠨ ᠰᠦᠯᠵᠢᠶᠡᠨ ᠤ ᠨᠡᠪᠲᠡᠷᠡᠭᠦᠯᠦᠭᠴᠢ ᠲᠠᠢ ᠬᠠᠤᠯᠢ ᠶᠣᠰᠣᠭᠠᠷ ᠪᠣᠯᠵᠣᠨ ᠶᠠᠷᠢᠯᠴᠠᠨ᠎ᠠ
ᠨᠡᠶᠢᠲᠡᠯᠡᠭᠰᠡᠨ ᠴᠠᠭ᠄
2024/9/26
      2024 ᠣᠨ ᠤ 9 ᠳ᠋ᠤᠭᠡᠷ ᠰᠠᠷ᠎ᠠ ᠶᠢᠨ 25 ᠤ ᠡᠳᠦᠷ᠂ ᠲᠣᠭᠲᠠᠬᠤ ᠰᠢᠶᠠᠨ ᠤ ᠰᠦᠯᠵᠢᠶᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠠᠭᠠᠴᠠᠭᠠᠵᠤ ᠵᠢᠯᠤᠭᠤᠳᠬᠤ ᠲᠥᠪ ᠨᠢ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠴᠠᠭᠳᠠᠭᠠᠨ ᠤ ᠰᠠᠯᠪᠤᠷᠢ ᠠᠩᠭᠢ ᠲᠠᠢ ᠬᠠᠮᠲᠤᠷᠠᠨ ᠲᠣᠭᠲᠠᠭᠠᠯ ᠢ ᠵᠥᠷᠢᠴᠡᠭᠰᠡᠨ ᠦᠶᠯᠡ ᠠᠵᠢᠯᠯᠠᠭ᠎ᠠ ᠲᠠᠢ ᠰᠦᠯᠵᠢᠶᠡᠨ ᠤ ᠨᠡᠪᠲᠡᠷᠡᠭᠦᠯᠦᠭᠴᠢ ᠵᠠᠩ ᠣᠪᠣᠭᠲᠤ ᠲᠠᠢ ᠬᠠᠤᠯᠢ ᠬᠡᠷᠡᠭᠵᠢᠭᠦᠯᠬᠦ ᠲᠤᠬᠠᠢ ᠪᠣᠯᠵᠣᠨ ᠶᠠᠷᠢᠯᠴᠠᠪᠠ᠃      ᠪᠠᠶᠢᠴᠠᠭᠠᠭᠰᠠᠨ ᠢᠶᠠᠷ᠂ ᠵᠠᠩ ᠣᠪᠣᠭᠲᠤ ᠦᠵᠡᠭᠴᠢᠳ ᠤᠨ ᠠᠩᠬᠠᠷᠤᠯ ᠢ ᠲᠠᠲᠠᠵᠤ᠂ ᠤᠷᠤᠰᠬᠠᠯ ᠤᠯᠬᠤ ᠶᠢᠨ ᠲᠦᠯᠦᠭᠡ᠂ ᠲᠦᠷᠭᠡᠨ ᠭᠠᠷ ᠲᠠᠪᠴᠠᠩ ᠳᠤ ᠳᠦᠷᠰᠦ ᠰᠢᠩᠭᠡᠭᠡᠯᠲᠡ ᠨᠡᠶᠢᠲᠡᠯᠡᠵᠦ᠂ ︽ ᠾᠦᠸᠧ ᠤᠪᠤᠭᠳᠤ ᠤᠳᠠᠯ ᠦᠭᠡᠢ ᠰᠢᠭᠦᠯᠲᠡ ᠡᠬᠢᠯᠡᠬᠦ ᠭᠡᠵᠦ ᠪᠠᠶᠢᠨ᠎ᠠ᠂ ᠬᠥᠩᠭᠡᠨ ᠲᠠᠰᠤᠯᠬᠤ ᠶᠢ ᠬᠦᠰᠡᠪᠡᠯ ᠾᠦᠸᠧ ᠤᠪᠤᠭᠳᠤ ᠳᠤ ᠡᠷᠬᠢᠮ ᠨᠠᠨᠳᠢᠨ ᠪᠢᠯᠧᠲ ᠥᠭᠬᠦ ᠶᠢ ᠬᠦᠰᠡᠶ᠎ᠡ︾ ᠭᠡᠰᠡᠨ ᠪᠢᠴᠢᠭᠡᠰᠦ ᠶᠢ ᠬᠠᠪᠰᠤᠷᠭᠠᠵᠤ ᠪᠢᠴᠢᠭᠰᠡᠨ ᠪᠠᠶᠢᠨ᠎ᠠ᠃ ᠣᠶᠢᠯᠠᠭᠠᠭᠰᠠᠨ ᠢᠶᠠᠷ᠂ ᠵᠠᠩ ᠣᠪᠣᠭᠲᠤ ᠬᠠᠯᠠᠭᠤᠨ ᠴᠡᠭ ᠤᠨ ᠬᠡᠷᠡᠭ ᠢ ᠬᠥᠭᠡᠷᠭᠡᠳᠡᠭᠰᠡᠨ᠂ ᠰᠦᠯᠵᠢᠶᠡᠴᠢᠳ ᠤᠨ ᠦᠵᠡᠯᠲᠡ ᠶᠢ ᠪᠤᠷᠤᠭᠤ ᠪᠠᠷ ᠬᠥᠲᠥᠯᠥᠭᠰᠡᠨ ᠬᠤᠯᠪᠣᠭᠳᠠᠯ ᠪᠦᠬᠦᠢ ᠲᠣᠭᠲᠠᠭᠠᠯ ᠠᠴᠠ ᠵᠥᠷᠢᠴᠡᠭᠰᠡᠨ ᠸᠢᠳᠢᠤ᠋ ᠶᠢ 90 ᠭᠠᠷᠤᠢ ᠬᠡᠰᠡᠭ ᠨᠡᠶᠢᠲᠡᠯᠡᠵᠦ᠂ ︽ᠰᠦᠯᠵᠢᠶᠡᠨ ᠤ ᠮᠡᠳᠡᠭᠡ ᠵᠠᠩᠭᠢ   ᠶᠢᠨ ᠠᠭᠤᠯᠭ᠎ᠠ ᠶᠢᠨ ᠠᠮᠢ ᠠᠬᠤᠢ ᠶᠢᠨ ᠵᠠᠰᠠᠯᠲᠠ  ᠶᠢᠨ ᠲᠣᠭᠲᠠᠭᠠᠯ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠵᠥᠷᠢᠴᠡᠵᠦ᠂ ᠰᠦᠯᠵᠢᠶᠡᠨ ᠤ ᠠᠮᠢ ᠠᠬᠤᠢ ᠳᠤ ᠮᠠᠭᠤ ᠨᠥᠯᠥᠭᠡ ᠭᠠᠷᠭᠠᠭᠰᠠᠨ ᠪᠠᠶᠢᠨ᠎ᠠ᠃      ᠪᠣᠯᠵᠣᠨ ᠶᠠᠷᠢᠯᠴᠠᠬᠤ ᠪᠠᠷ ᠳᠡᠮᠵᠢᠨ᠂ ᠵᠠᠩ ᠣᠪᠣᠭᠲᠤ ᠥᠪᠡᠷ ᠤᠨ ᠪᠤᠷᠤᠭᠤ ᠦᠶᠯᠡ ᠠᠵᠢᠯᠯᠠᠭ᠎ᠠ ᠪᠠᠨ ᠨᠢᠭᠡᠨᠲᠡ ᠭᠦᠨᠵᠡᠭᠡᠢ ᠲᠠᠨᠢᠵᠤ᠂ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠰᠠᠯᠠᠭ᠎ᠠ ᠮᠥᠴᠢᠷ ᠤᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠬᠤᠯᠪᠣᠭᠳᠠᠯ ᠪᠦᠬᠦᠢ ᠠᠰᠠᠭᠤᠳᠠᠯ ᠢ ᠪᠥᠬᠦ ᠲᠠᠯ᠎ᠠ ᠪᠠᠷ ᠥᠪᠡᠰᠦᠪᠡᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ ᠢᠨᠲ᠋ᠧᠷ ᠰᠦᠯᠵᠢᠶᠡᠨ ᠤ ᠬᠠᠤᠯᠢ ᠴᠠᠭᠠᠵᠠ ᠬᠠᠤᠯᠢ ᠲᠣᠭᠲᠠᠭᠠᠯ ᠤᠨ ᠰᠤᠷᠤᠯᠴᠠᠯᠭ᠎ᠠ ᠶᠢ ᠴᠢᠩᠭᠠᠳᠬᠠᠵᠤ᠂ ᠡᠶᠢᠮᠦᠷᠬᠦ ᠪᠠᠶᠢᠳᠠᠯ ᠳᠠᠬᠢᠨ ᠡᠭᠦᠰᠬᠦ ᠦᠭᠡᠢ ᠭᠡᠵᠦ ᠢᠯᠡᠷᠬᠡᠶᠢᠯᠡᠪᠡ᠃      ᠲᠠᠷᠠᠭᠠᠴᠢ ᠶᠢᠨ ᠠᠯᠬᠤᠮ ᠳᠤ᠂ ᠲᠣᠭᠲᠠᠬᠤ ᠰᠢᠶᠠᠨ ᠤ ᠰᠦᠯᠵᠢᠶᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ  ᠠᠷᠠᠭᠠᠴᠠᠭᠠᠵᠤ ᠵᠢᠯᠤᠭᠤᠳᠬᠤ ᠲᠥᠪ ᠠᠴᠠ ᠰᠦᠯᠵᠢᠶᠡᠨ ᠲᠡᠭᠡᠷᠡᠬᠢ ᠪᠠᠶᠢᠴᠠᠭᠠᠯᠳᠠ ᠶᠢᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠰᠦᠯᠵᠢᠶᠡᠨ ᠤ ᠶᠡᠷᠦᠩᠬᠡᠶᠢᠯᠡᠭᠰᠡᠨ ᠵᠠᠰᠠᠯᠲᠠ ᠶᠢ ᠦᠷᠭᠦᠯᠵᠢᠯᠡᠨ ᠥᠷᠨᠢᠭᠦᠯᠵᠦ᠂ ᠡᠯ᠎ᠡ ᠲᠥᠷᠥᠯ ᠤᠨ ᠬᠤᠪᠢ ᠶᠢᠨ ᠵᠠᠭᠤᠴᠢᠯᠠᠭᠤᠷ ᠤᠨ ᠰᠠᠮᠠᠭᠤᠨ ᠦᠵᠡᠭᠳᠡᠯ ᠢ ᠴᠢᠩᠭ᠎ᠠ ᠴᠡᠭᠴᠡᠯᠡᠨ ᠵᠠᠰᠠᠵᠤ᠂ ᠰᠦᠯᠵᠢᠶᠡᠨ ᠳᠡᠭᠡᠷᠡᠬᠢ ᠮᠡᠳᠡᠭᠡ ᠵᠠᠩᠭᠢ ᠶᠢᠨ ᠠᠭᠤᠯᠭ᠎ᠠ ᠶᠢᠨ ᠳᠠᠮᠵᠢᠭᠤᠯᠭ᠎ᠠ ᠶᠢᠨ ᠰᠠᠶᠢᠨ ᠰᠠᠶᠢᠬᠠᠨ ᠡᠮᠬᠢ ᠳᠢᠭᠯᠢᠮ ᠢ ᠦᠨᠡᠨ ᠬᠦ ᠬᠠᠮᠠᠭᠠᠯᠠᠵᠤ᠂ ᠰᠦᠯᠵᠢᠶᠡᠨ ᠤ ᠴᠡᠪᠡᠷ ᠲᠤᠩᠭᠠᠯᠠᠭ ᠣᠷᠴᠢᠨ ᠲᠣᠭᠤᠷᠢᠨ ᠢ ᠪᠣᠶ ᠪᠣᠯᠭᠠᠨ᠎ᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1