9 ᠳ᠋ᠤᠭᠡᠷ ᠰᠠᠷ᠎ᠠ ᠪᠣᠯ ᠪᠣᠬᠢᠷᠲᠤᠯ ᠦᠭᠡᠢ ᠠᠶᠠᠯᠠᠯ ᠤᠨ ᠤᠬᠠᠭᠤᠯᠭ᠎ᠠ ᠶᠢᠨ ᠰᠠᠷ᠎ᠠ ᠮᠥᠨ᠂ ᠨᠡᠶᠢᠭᠡᠮᠦᠨ | ᠡᠯ᠎ᠡ ᠡᠲᠡᠭᠡᠳ ᠤᠨ ᠬᠢᠨ ᠪᠣᠬᠢᠷᠲᠤᠯ ᠦᠭᠡᠢ ᠠᠶᠠᠯᠠᠯ ᠳᠤ ᠢᠳᠡᠪᠬᠢᠲᠡᠢ ᠣᠷᠣᠯᠴᠠᠵᠤ᠂ ᠪᠣᠬᠢᠷᠲᠤᠯ ᠦᠭᠡᠢ ᠳᠣᠣᠷ᠎ᠠ | ᠨᠡᠭᠦᠷᠡᠰᠦᠲᠥ᠋ᠷᠥᠭᠴᠢᠲᠦ ᠠᠮᠢᠳᠤᠷᠠᠯ ᠤᠨ ᠠᠷᠭ᠎ᠠ ᠮᠠᠶ᠋ᠢᠭ ᠢ ᠪᠣᠶ ᠪᠣᠯᠭᠠᠬᠤ ᠶᠢ ᠲᠦᠯᠬᠢᠨ ᠠᠬᠢᠭᠤᠯᠤᠶ᠎ᠠ᠃ ᠡᠭᠦᠨ ᠳᠤ᠂ | ᠳᠤᠭᠤᠢ ᠤᠨᠤᠬᠤ ᠨᠢ ᠨᠢᠭᠡ ᠵᠦᠢᠯ ᠤᠨ ᠳᠣᠣᠷ᠎ᠠ ᠨᠡᠭᠦᠷᠡᠰᠦᠲᠥ᠋ᠷᠥᠭᠴᠢᠲᠦ ᠣᠷᠴᠢᠨ ᠲᠤᠭᠤᠷᠢᠨ ᠢ ᠬᠠᠮᠠᠭᠠᠯᠠᠬᠤ᠂ | ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠠᠶᠠᠯᠠᠯ ᠤᠨ ᠠᠷᠭ᠎ᠠ ᠬᠡᠯᠪᠡᠷᠢ ᠪᠣᠯᠤᠭᠰᠠᠨ ᠤ ᠬᠤᠪᠢ ᠳᠤ᠂ ᠡᠳᠦᠷ | ᠢᠷᠡᠬᠦᠶ᠎ᠡ ᠣᠯᠠᠨ ᠲᠦᠮᠡᠨ ᠤ ᠲᠠᠭᠠᠰᠢᠶᠠᠯ ᠢ ᠣᠯᠵᠤ ᠪᠠᠶᠢᠨ᠎ᠠ ᠃ ᠢᠯᠠᠩᠭᠤᠶ᠎ᠠ ᠰᠡᠯᠡᠭᠦᠴᠡᠯ ᠤᠨ ᠵᠠᠮ ᠢᠶᠠᠷ | ᠠᠶᠠᠯᠠᠬᠤ ᠳᠤ ᠲᠤᠰᠬᠠᠢ ᠳᠤᠭᠤᠢ ᠲᠡᠷᠭᠡᠨ ᠤ ᠵᠠᠮ ᠢ ᠣᠶᠢᠯᠠᠭᠠᠵᠤ ᠪᠣᠯᠬᠤ ᠮᠥᠷᠲᠡᠭᠡᠨ ᠵᠠᠮ ᠳᠠᠭᠠᠤ ᠶᠢᠨ ᠰᠠᠶᠢᠨ | ᠰᠠᠶᠢᠬᠠᠨ ᠦᠵᠡᠮᠵᠢ ᠶᠢ ᠴᠦ ᠰᠣᠨᠢᠷᠬᠠᠵᠤ ᠪᠣᠯᠣᠨ᠎ᠠ᠂ | ᠭᠡᠲᠡᠯ᠎ᠡ᠂ ᠬᠡᠰᠡᠭ ᠰᠡᠯᠡᠭᠦᠴᠡᠯ ᠤᠨ ᠵᠠᠮ ᠳᠤ ᠠᠮᠤᠷ ᠲᠦᠪᠰᠢᠨ ᠤ ᠢᠯᠡᠳᠭᠡᠮᠵᠢ ᠲᠡᠮᠳᠡᠭ ᠤᠨ | ᠪᠠᠶᠢᠷᠢᠯᠠᠭᠤᠯᠤᠯᠲᠠ ᠨᠢ ᠢᠯᠡ ᠲᠣᠳᠣ ᠪᠢᠰᠢ᠂ ᠠᠭᠤᠯᠭ᠎ᠠ ᠶᠢᠨ ᠵᠢᠷᠤᠭ ᠲᠥᠯᠥᠪᠯᠡᠭᠡ ᠨᠢ ᠬᠥᠮᠥᠡᠯᠢᠭ ᠪᠤᠰᠤ᠂ | ᠬᠠᠮᠠᠭᠠᠯᠠᠯᠲᠠ ᠬᠠᠮᠢᠶᠠᠷᠤᠯᠲᠠ ᠨᠢ ᠪᠠᠷᠢᠮᠵᠢᠶ᠎ᠠ ᠳᠤ ᠬᠦᠷᠬᠦ ᠦᠭᠡᠢ ᠵᠡᠷᠭᠡ ᠠᠰᠠᠭᠤᠳᠠᠯ ᠣᠷᠣᠰᠢᠵᠤ᠂ ᠳᠤᠭᠤᠢ | ᠤᠨᠤᠭᠴᠢᠳ ᠲᠤ ᠠᠪᠴᠤ ᠬᠡᠯᠡᠪᠡᠯ᠂ ᠵᠣᠬᠢᠬᠤ ᠬᠡᠮᠵᠢᠶᠡᠨ ᠤ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠨ᠎ᠠ | ᠃ ᠵᠣᠬᠢᠶᠠᠭᠴᠢ ᠶᠢᠨ ᠦᠵᠡᠬᠦ ᠪᠠᠷ᠂ ᠰᠡᠯᠡᠭᠦᠴᠡᠯ ᠤᠨ ᠵᠠᠮ ᠤᠨ ᠠᠮᠤᠷ ᠲᠦᠪᠰᠢᠨ ᠤ ᠢᠯᠡᠳᠬᠡᠮᠵᠢ ᠲᠡᠮᠳᠡᠭ ᠤᠨ | ᠪᠠᠶᠢᠷᠢᠯᠠᠭᠤᠯᠤᠯᠲᠠ ᠶᠢ ᠰᠢᠯᠢᠳᠡᠭᠵᠢᠭᠦᠯᠵᠦ᠂ ᠳᠤᠭᠤᠢ ᠤᠨᠤᠭᠴᠢᠳ ᠤᠨ ᠠᠮᠤᠷ ᠲᠦᠪᠰᠢᠨ ᠤ ᠪᠠᠲᠤᠯᠠᠭ᠎ᠠ ᠶᠢ ᠤᠯᠠᠮ | ᠨᠢᠭᠡ ᠠᠯᠬᠤᠮ ᠴᠢᠩᠭᠠᠳᠬᠠᠵᠤ᠂ ᠤᠨᠤᠭᠴᠢᠳ ᠳᠤ ᠪᠠᠶᠠᠷ ᠬᠥᠷ ᠲᠠᠢ ᠪᠥᠭᠡᠳ ᠰᠠᠨᠠᠭ᠎ᠠ ᠠᠮᠤᠷ ᠶᠠᠪᠤᠵᠤ ᠰᠠᠭᠤᠬᠤ | ᠤᠶᠢᠯᠠᠭᠠᠯᠳᠠ ᠤᠯᠭᠤᠪᠠᠯ ᠵᠣᠬᠢᠨ᠎ᠠ᠃ | ᠠᠶᠤᠯᠭᠦᠢ ᠶᠢᠨ ᠢᠯᠡᠳᠭᠡᠮᠵᠢ ᠲᠡᠮᠳᠡᠭ ᠤᠨ ᠦᠵᠡᠭᠳᠡᠬᠦ ᠴᠢᠨᠠᠷ ᠪᠣᠯᠣᠨ ᠢᠯᠭᠠᠨ ᠲᠠᠨᠢᠬᠤ ᠬᠡᠮᠵᠢᠶ᠎ᠡ ᠶᠢ | ᠨᠡᠮᠡᠭᠳᠡᠭᠦᠯᠦᠨ᠎ᠡ᠃ ᠥᠨᠳᠥᠷ ᠭᠡᠷᠡᠯᠲᠦᠴᠡ ᠲᠠᠢ᠂ ᠣᠶᠢᠯᠲᠠ ᠶᠢᠨ ᠮᠠᠲ᠋ᠧᠷᠢᠶᠠᠯ ᠢᠶᠠᠷ ᠠᠮᠤᠷ ᠲᠦᠪᠰᠢᠨ ᠤ ᠢᠯᠡᠳᠭᠡᠮᠵᠢ | ᠲᠡᠮᠳᠡᠭ ᠵᠣᠬᠢᠶᠠᠵᠤ᠂ ᠡᠳᠦᠷ᠂ ᠰᠥᠨᠢ ᠵᠢᠴᠢ ᠮᠠᠭᠤ ᠴᠠᠭ ᠠᠭᠤᠷ ᠤᠨ ᠨᠥᠬᠦᠴᠡᠯ ᠳᠣᠣᠷ᠎ᠠ ᠴᠥᠮ ᠲᠣᠳᠣᠷᠬᠠᠢ | ᠬᠠᠷᠠᠭᠳᠠᠬᠤ ᠶᠢ ᠪᠠᠲᠤᠯᠠᠬᠤ ᠬᠡᠷᠡᠭᠲᠡᠢ︔ ᠥᠩᠭᠡ ᠪᠤᠳᠤᠭ ᠢ ᠬᠠᠷᠢᠴᠠᠭᠤᠯᠬᠤ᠂ ᠵᠢᠷᠤᠭ ᠳᠦᠷᠰᠦ ᠵᠢᠷᠤᠵᠤ | ᠲᠥᠯᠥᠪᠯᠡᠬᠦ ᠵᠡᠷᠭᠡ ᠠᠷᠭ᠎ᠠ ᠪᠠᠷᠢᠯ ᠢᠶᠠᠷ ᠠᠮᠤᠷ ᠲᠦᠪᠰᠢᠨ ᠤ ᠢᠯᠡᠳᠬᠡᠮᠵᠢ ᠲᠡᠮᠳᠡᠭ ᠤᠨ ᠢᠯᠭᠠᠨ ᠲᠠᠨᠢᠬᠤ | ᠬᠡᠮᠵᠢᠶ᠎ᠡ ᠶᠢ ᠳᠡᠭᠡᠭᠰᠢᠯᠡᠭᠦᠯᠵᠦ᠂ ᠳᠤᠭᠤᠢ ᠤᠨᠤᠭᠴᠢᠳ ᠨᠢ ᠦᠵᠡᠮᠡᠭᠴᠡ ᠲᠡᠭᠦᠨ ᠤ ᠳᠣᠲᠣᠷᠠᠬᠢ ᠤᠳᠬ᠎ᠠ ᠶᠢ | ᠢᠯᠭᠠᠨ ᠲᠠᠨᠢᠵᠤ ᠣᠶᠢᠯᠠᠭᠠᠬᠤ ᠪᠣᠯᠭᠠᠨ᠎ᠠ᠃ | ᠬᠡᠷᠡᠭᠴᠡᠭᠡ ᠪᠠᠨ ᠦᠨᠳᠦᠰᠦᠯᠡᠨ ᠬᠥᠮᠥᠡᠯᠢᠭ ᠵᠢᠷᠤᠭ ᠲᠥᠯᠥᠪᠯᠡᠭᠡ ᠬᠢᠨ᠎ᠡ᠃ ᠠᠶᠤᠯᠭᠦᠢ ᠶᠢᠨ ᠢᠯᠡᠳᠭᠡᠮᠵᠢ | ᠲᠡᠮᠳᠡᠭ ᠢ ᠵᠢᠷᠤᠵᠤ ᠲᠥᠯᠥᠪᠯᠡᠬᠦ ᠳᠡᠭᠡᠨ ᠳᠤᠭᠤᠢ ᠤᠨᠤᠭᠴᠢᠳ ᠤᠨ ᠬᠠᠷᠠᠭ᠎ᠠ ᠪᠠ ᠬᠤᠷᠳᠤᠴᠠ ᠶᠢ ᠭᠦᠢᠴᠡᠳ | ᠪᠣᠳᠣᠯᠬᠢᠯᠠᠵᠤ᠂ ᠮᠡᠳᠡᠭᠡ ᠵᠠᠩᠭᠢ ᠳᠠᠮᠵᠢᠭᠤᠯᠬᠤ ᠶᠢᠨ ᠣᠨᠣᠪᠴᠢᠲᠤ ᠴᠢᠨᠠᠷ ᠪᠠ ᠴᠠᠭ ᠲᠤᠬᠠᠶᠢᠴᠢ ᠴᠢᠨᠠᠷ ᠢ ᠦᠨᠡᠨ ᠬᠦ | ᠪᠠᠲᠤᠯᠠᠬᠤ ᠬᠡᠷᠡᠭᠲᠡᠢ᠃ ᠵᠢᠱᠢᠶᠡᠯᠡᠪᠡᠯ᠂ ᠮᠤᠷᠤᠢ ᠵᠠᠮ᠂ ᠤᠷᠤᠭᠤ ᠪᠠᠭᠤᠬᠤ ᠵᠡᠷᠭᠡ ᠠᠶᠤᠯᠲᠠᠢ ᠵᠠᠮ ᠤᠨ ᠬᠡᠰᠡᠭ ᠲᠤ | ᠤᠷᠢᠳᠴᠢᠯᠠᠨ ᠰᠡᠷᠡᠮᠵᠢᠯᠡᠭᠦᠯᠬᠦ ᠢᠯᠡᠳᠭᠡᠮᠵᠢ ᠲᠡᠮᠳᠡᠭ ᠲᠠᠯᠪᠢᠵᠤ᠂ ᠳᠤᠭᠤᠢ ᠤᠨᠤᠭᠴᠢ ᠶᠢ ᠬᠥᠲᠥᠯᠥᠨ | ᠵᠢᠯᠤᠭᠤᠳᠴᠤ ᠬᠤᠷᠳᠤᠴᠠ ᠪᠠᠨ ᠤᠳᠠᠭᠠᠰᠢᠷᠠᠭᠤᠯᠤᠨ ᠤᠳᠠᠭᠠᠨ ᠶᠠᠪᠤᠭᠤᠯᠤᠨ᠎ᠠ︔ ᠵᠠᠮ ᠤᠨ ᠠᠭᠤᠯᠵᠠᠷ ᠲᠤ | ᠴᠢᠭᠯᠡᠯ ᠤᠨ ᠵᠢᠯᠣᠭᠤᠳᠤᠮᠵᠢ ᠪᠠ ᠵᠠᠶᠢᠯᠠᠯᠲᠠ ᠶᠢᠨ ᠰᠠᠨᠠᠭᠤᠯᠤᠮᠵᠢ ᠶᠢ ᠲᠣᠬᠢᠷᠠᠭᠤᠯᠵᠤ ᠂ ᠳᠤᠭᠤᠢ ᠤᠨᠤᠭᠴᠢ ᠶᠢ | ᠬᠠᠪᠰᠤᠷᠤᠨ ᠵᠥᠪ ᠣᠨᠣᠪᠴᠢᠲᠠᠶ ᠮᠠᠭᠠᠳᠯᠠᠯᠲᠠ ᠬᠢᠯᠭᠡᠨ᠎ᠡ᠃ | ᠠᠶᠤᠯᠭᠦᠢ ᠶᠢᠨ ᠢᠯᠡᠳᠬᠡᠮᠵᠢ ᠲᠡᠮᠳᠡᠭ ᠤᠨ ᠣᠶᠤᠨᠴᠢᠯᠠᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ | ᠲᠡᠭᠡᠭᠰᠢᠯᠡᠭᠦᠯᠦᠨ᠎ᠡ᠃ ᠪᠤᠳᠠᠰ ᠤᠨ ᠰᠦᠯᠵᠢᠶ᠎ᠡ᠂ ᠲᠣᠮᠣ ᠳ᠋ᠠᠶᠢᠲ᠋ᠠ ᠵᠡᠷᠭᠡ ᠮᠡᠷᠭᠡᠵᠢᠯ ᠢ ᠠᠰᠢᠭᠯᠠᠨ᠂ ᠣᠶᠤᠨᠴᠢᠯᠠᠭᠰᠠᠨ | ᠬᠠᠮᠢᠶᠠᠷᠤᠯᠲᠠ ᠶᠢ ᠪᠡᠶᠡᠯᠡᠭᠦᠯᠦᠨ᠎ᠡ᠃ ᠣᠶᠤᠨᠴᠢ ᠰᠡᠷᠡᠯ ᠤᠨ ᠰᠢᠰᠲ᠋ᠧᠮ ᠢᠶᠠᠷ ᠳᠠᠮᠵᠢᠭᠤᠯᠤᠨ ᠰᠡᠯᠡᠭᠦᠴᠡᠯ ᠤᠨ | ᠵᠠᠮ ᠤᠨ ᠬᠥᠮᠥᠨ ᠤ ᠤᠷᠤᠰᠬᠠᠯ ᠤᠨ ᠨᠢᠭᠲᠠᠴᠠ ᠶᠢ ᠬᠢᠨᠠᠨ ᠬᠡᠮᠵᠢᠵᠦ᠂ ᠠᠮᠤᠷ ᠲᠦᠪᠰᠢᠨᠦ ᠰᠠᠨᠠᠭᠤᠯᠤᠮᠵᠢ ᠶᠢᠨ | ᠮᠡᠳᠡᠭᠡ ᠵᠠᠩᠭᠢ ᠶᠢ ᠬᠥᠳᠡᠯᠦᠩᠭᠦᠢ ᠪᠠᠷ ᠲᠣᠬᠢᠷᠠᠭᠤᠯᠤᠨ᠎ᠠ︔ ᠳᠤᠭᠤᠢ ᠤᠨᠤᠬᠤ APP᠂ ᠰᠡᠯᠡᠭᠦᠴᠡᠯ ᠤᠨ ᠵᠠᠮ ᠤᠨ | ᠭᠠᠵᠠᠷ ᠤᠨ ᠵᠢᠷᠤᠭ ᠂ ᠠᠮᠤᠷ ᠲᠦᠪᠰᠢᠨ ᠤ ᠰᠠᠨᠠᠭᠤᠯᠤᠮᠵᠢ᠂ ᠪᠠᠴᠢᠮ ᠠᠪᠤᠷᠠᠨ ᠲᠤᠰᠠᠯᠠᠬᠤ ᠵᠡᠷᠭᠡ ᠴᠢᠳᠠᠮᠵᠢ ᠶᠢ | ᠨᠡᠭᠡᠭᠡᠨ ᠬᠥᠭᠵᠢᠭᠦᠯᠵᠦ᠂ ᠳᠤᠭᠤᠢ ᠤᠨᠤᠭᠴᠢᠳ ᠲᠤ ᠪᠥᠬᠦ ᠲᠠᠯ᠎ᠠ ᠶᠢᠨ ᠠᠮᠤᠷ ᠲᠦᠪᠰᠢᠨ ᠤ ᠪᠠᠲᠤᠯᠠᠭ᠎ᠠ ᠶᠢ | ᠬᠠᠩᠭᠠᠨ᠎ᠠ᠃ | ᠡᠭᠦᠨ ᠠᠴᠠ ᠭᠠᠳᠠᠨ᠎ᠠ᠂ ᠠᠮᠤᠷ ᠲᠦᠪᠰᠢᠨ ᠤ ᠢᠯᠡᠳᠬᠡᠮᠵᠢ ᠲᠡᠮᠳᠡᠭ ᠤᠨ ᠬᠠᠮᠠᠭᠠᠯᠠᠯᠳᠠ ᠬᠠᠮᠢᠶᠠᠷᠤᠯᠳᠠ ᠶᠢᠨ | ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠵᠤ᠂ | ᠰᠡᠯᠪᠢᠨ ᠵᠠᠰᠠᠵᠤ᠂ ᠡᠪᠳᠡᠷᠡᠭᠰᠡᠨ ᠪᠤᠶᠤ ᠬᠠᠭᠤᠴᠢᠷᠠᠭᠰᠠᠨ ᠢᠯᠡᠳᠬᠡᠮᠵᠢ ᠲᠡᠮᠳᠡᠭ ᠢ ᠴᠠᠭ ᠲᠤᠬᠠᠢ ᠳᠤᠨᠢ ᠰᠣᠯᠢᠬᠤ | ᠬᠡᠷᠡᠭᠲᠡᠢ︔ ᠣᠯᠠᠨ ᠨᠡᠶᠢᠲᠡ ᠪᠠᠷ ᠢᠶᠠᠨ ᠬᠢᠨᠠᠯᠲᠠ ᠲᠠᠯᠪᠢᠬᠤ ᠳᠤ ᠣᠷᠣᠯᠴᠠᠬᠤ ᠶᠢ ᠵᠣᠷᠢᠭᠵᠢᠭᠤᠯᠵᠤ᠂ ᠪᠥᠬᠦ | ᠨᠡᠶᠢᠭᠡᠮ ᠢᠶᠠᠷ ᠢᠶᠠᠨ ᠰᠡᠯᠡᠭᠦᠴᠡᠯ ᠤᠨ ᠵᠠᠮ ᠤᠨ ᠠᠮᠤᠷ ᠲᠦᠪᠰᠢᠨ ᠢ ᠬᠠᠮᠲᠤᠪᠠᠷ ᠠᠩᠬᠠᠷᠬᠤ ᠰᠠᠶᠢᠨ ᠰᠠᠶᠢᠬᠠᠨ ᠠᠭᠤᠷ | ᠠᠮᠢᠰᠬᠤᠯ ᠢ ᠪᠣᠶ ᠪᠣᠯᠭᠠᠨ᠎ᠠ᠃ | ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ |