ᠲᠣᠭᠲᠠᠬᠤ ᠰᠢᠶᠠᠨ ᠤ 26 ᠲᠦᠮᠡᠨ ᠮᠦ ᠨᠣᠭᠤᠭᠠᠨ ᠳᠠᠷᠤᠰᠢ ᠶᠢᠨ ᠡᠷᠳᠡᠨᠢ ᠰᠢᠰᠢ ᠶᠢ ᠬᠤᠷᠢᠶᠠᠵᠤ ᠡᠬᠢᠯᠡᠪᠡ
ᠨᠡᠶᠢᠲᠡᠯᠡᠭᠰᠡᠨ ᠴᠠᠭ᠄
2024/9/27
     
    ᠲᠣᠮᠣ ᠬᠡᠯᠪᠡᠷᠢ ᠶᠢᠨ ᠬᠠᠳᠤᠵᠤ ᠬᠤᠷᠢᠶᠠᠬᠤ ᠮᠠᠰᠢᠨ ᠪᠣᠯᠣᠨ ᠵᠥᠭᠡᠭᠡᠪᠦᠷᠢ ᠶᠢᠨ ᠮᠠᠰᠢᠨ  ᠲᠣᠭᠲᠠᠬᠤ ᠰᠢᠶᠠᠨ ᠤ ᠴᠠᠩ ᠵᠢᠶᠠ ᠶᠢᠩ ᠲᠣᠰᠬᠤᠨ ᠳᠤ ᠨᠣᠭᠤᠭᠠᠨ ᠳᠠᠷᠤᠰᠢ ᠶᠢᠨ ᠡᠷᠳᠡᠨᠢ ᠰᠢᠰᠢ ᠶᠢ ᠬᠠᠳᠤᠵᠤ  ᠬᠤᠷᠢᠶᠠᠬᠤ ᠠᠵᠢᠯ ᠬᠢᠵᠦ ᠪᠠᠶᠢᠭ᠎ᠠ ᠨᠢ      ᠨᠠᠮᠤᠷ ᠤᠨ ᠬᠤᠭᠤᠰ ᠥᠩᠭᠡᠷᠡᠮᠡᠭᠴᠡ ᠲᠠᠷᠢᠶᠠᠯᠠᠩ ᠤᠨ ᠠᠵᠢᠯ ᠤᠯᠠᠮ ᠢᠶᠠᠷ ᠶᠠᠭᠠᠷᠠᠤ ᠪᠣᠯᠳᠠᠭ  ᠃  ᠣᠳᠣᠬᠠᠨ ᠳᠤ ᠶᠠᠭ ᠰᠠᠶ᠋ᠢᠬᠠᠨ ᠨᠣᠭᠤᠭᠠᠨ ᠳᠠᠷᠤᠰᠢ ᠶᠢᠨ ᠡᠷᠳᠡᠨᠢ ᠰᠢᠰᠢ ᠶᠢᠨ ᠬᠤᠷᠢᠶᠠᠯᠲᠠ ᠶᠢᠨ ᠤᠯᠠᠷᠢᠯ ᠪᠣᠯᠬᠤ ᠪᠥᠭᠡᠳ ᠡᠪᠡᠰᠦ ᠪᠣᠷᠳᠤᠭ᠎ᠠ ᠶᠢᠨ ᠨᠥᠭᠡᠴᠡᠯᠡᠯᠲᠡ ᠶᠢᠨ ᠰᠢᠵᠢᠷ ᠠᠯᠲᠠᠨ ᠬᠤᠭᠤᠴᠠᠭ᠎ᠠ ᠪᠣᠯᠣᠨ᠎ᠠ  ᠃      9 ᠳ᠋ᠤᠭᠡᠷ ᠰᠠᠷ᠎ᠠ ᠶᠢᠨ 24 ᠤ ᠡᠳᠦᠷ᠂ ᠬᠥᠬᠡᠬᠤᠲᠠ ᠶᠢᠨ ᠲᠣᠭᠲᠠᠬᠤ ᠰᠢᠶᠠᠨ ᠤ ᠰᠢᠨ᠎ᠡ ᠶᠢᠩᠽᠢ ᠪᠠᠯᠭᠠᠰᠤᠨ ᠤ ᠴᠠᠩ ᠵᠢᠶᠠ ᠶᠢᠩ ᠲᠣᠰᠬᠤᠨ ᠳᠤ ᠲᠣᠮᠣ ᠬᠡᠯᠪᠡᠷᠢ ᠶᠢᠨ ᠬᠠᠳᠤᠵᠤ ᠬᠤᠷᠢᠶᠠᠬᠤ ᠮᠠᠰᠢᠨ ᠨᠠᠰᠢ ᠴᠠᠰᠢ ᠰᠦᠯᠵᠢᠯᠳᠦᠨ ᠶᠠᠭᠠᠷᠠᠦ ᠠᠵᠢᠯᠯᠠᠵᠤ᠂ ᠮᠥᠷ ᠮᠥᠷ ᠡᠷᠳᠡᠨᠢ ᠰᠢᠰᠢ ᠶᠢ ᠮᠠᠰᠢ ᠲᠦᠷᠭᠡᠨ ᠢᠶᠠᠷ ᠲᠡᠷᠢ  ᠲᠡᠭᠰᠢ ᠬᠡᠷᠴᠢᠵᠦ᠂ ᠬᠡᠮᠬᠡᠯᠵᠦ᠂ ᠳᠠᠮᠵᠢᠭᠤᠯᠵᠤ᠂ ᠲᠡᠷᠭᠡᠨ ᠳᠤ ᠲᠡᠭᠡᠭᠡᠵᠦ ᠪᠠᠶᠢᠭ᠎ᠠ ᠣᠳᠣᠬᠢᠴᠢᠯᠠᠭᠰᠠᠨ ᠲᠠᠷᠢᠶᠠᠯᠠᠩ ᠤᠨ ᠦᠵᠡᠮᠵᠢ ᠶᠢ ᠢᠯᠡᠷᠡᠭᠦᠯᠵᠡᠢ᠃
     ᠣᠭᠲᠣᠯᠵᠤ᠂ ᠬᠡᠮᠬᠡᠴᠢᠬᠦ᠂ ᠳᠠᠮᠵᠢᠭᠤᠯᠵᠤ ᠠᠴᠢᠶᠠᠯᠠᠵᠦ ᠪᠠᠶᠢᠭ᠎ᠠ ᠨᠢ      ᠲᠣᠭᠲᠠᠬᠤ ᠰᠢᠶᠠᠨ ᠤ ᠴᠠᠩ ᠵᠢᠶᠠ ᠶᠢᠩ ᠲᠣᠰᠬᠤᠨ ᠤ ᠨᠠᠮ ᠤᠨ ᠡᠭᠦᠷ ︽ᠵᠠᠬᠢᠶᠠᠯᠠᠭ᠎ᠠ ᠶᠢᠨ ᠲᠠᠷᠢᠶᠠᠯᠠᠩ ᠤᠨ ᠠᠵᠤ ᠠᠬᠤᠶᠢᠯᠠᠯ + ᠲᠠᠷᠢᠶᠠᠴᠢᠨ ᠡᠷᠦᠭᠡ + ᠬᠤᠷᠰᠢᠶ᠎ᠠ︾ ᠶᠢᠨ ᠵᠠᠭᠪᠤᠷ ᠢᠶᠠᠷ ᠳᠠᠮᠵᠢᠭᠤᠯᠵᠤ  ᠂ ᠳᠠᠷᠢᠵᠤ ᠲᠡᠵᠢᠭᠡᠬᠦ ᠶᠢ ᠤᠶᠠᠯᠳᠤᠭᠤᠯᠤᠭᠰᠠᠨ᠂ ᠠᠮᠤ ᠪᠤᠳᠠᠭ᠎ᠠ ᠡᠪᠡᠰᠦ ᠪᠡᠯᠴᠢᠭᠡᠷ ᠢ ᠬᠠᠮᠲᠤ ᠳᠤᠨᠢ ᠬᠠᠷᠠᠭᠠᠯᠵᠠᠭᠰᠠᠨ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠪᠦᠲᠦᠴᠡ ᠶᠢ ᠪᠠᠶᠢᠭᠤᠯᠪᠠ᠃
      ᠬᠤᠷᠢᠶᠠᠯᠳᠠ ᠶᠢᠨ ᠴᠠᠭ ᠢ ᠠᠮᠵᠢᠨ ᠨᠤᠭᠤᠭᠠᠨ ᠲᠠᠷᠤᠰᠢ ᠶᠢᠨ ᠡᠷᠳᠡᠨᠢ ᠰᠢᠰᠢ ᠶᠢ ᠬᠠᠳᠤᠵᠤ ᠪᠠᠶᠢᠭ᠎ᠠ ᠨᠢ᠃      ︽ᠡᠨᠡ ᠵᠢᠯ ᠲᠣᠰᠬᠤᠨ ᠳᠤ 6000 ᠮᠦ ᠨᠤᠭᠤᠭᠠᠨ ᠳᠠᠷᠤᠰᠢ ᠶᠢᠨ ᠡᠷᠳᠡᠨᠢ ᠰᠢᠰᠢ ᠲᠠᠷᠢᠵᠦ᠂ ᠮᠦ ᠪᠦᠷᠢ ᠶᠢᠨ ᠤᠨᠠᠯᠲᠠ ᠨᠢ ᠳᠤᠮᠳᠠᠴᠢ ᠪᠠᠷ 2 ᠲᠣᠨ ᠭᠠᠷᠤᠢ ᠳᠤ ᠬᠦᠷᠴᠦ᠂ ᠲᠣᠨ ᠪᠦᠷᠢ ᠶᠢ 600 ᠲᠥᠭᠦᠷᠢᠭ ᠢᠶᠠᠷ ᠬᠤᠳᠠᠯᠳᠤᠵᠤ᠂ ᠪᠦᠬᠦ ᠶᠠᠪᠤᠴᠠ ᠳᠤ ᠮᠠᠰᠢᠨᠴᠢᠯᠠᠯᠲᠠ ᠪᠠᠷ ᠬᠤᠷᠢᠶᠠᠵᠤ᠂ ᠣᠶᠢᠷ᠎ᠠ ᠬᠠᠪᠢ ᠶᠢᠨ ᠮᠠᠯᠵᠢᠯ ᠤᠨ ᠲᠠᠯᠠᠪᠠᠢ   ᠨᠢ ᠪᠦᠬᠦᠨ ᠢ ᠬᠤᠳᠠᠯᠳᠤᠨ ᠠᠪᠠᠴᠢᠭᠰᠠᠨ ᠪᠠᠶᠢᠨ᠎ᠠ︾ ᠭᠡᠵᠦ ᠴᠠᠩ ᠵᠢᠶᠠ ᠶᠢᠩ ᠲᠣᠰᠬᠤᠨ ᠤ ᠨᠠᠮ ᠤᠨ ᠡᠭᠦᠷ ᠤᠨ ᠱᠦᠵᠢ ᠶᠠᠩ ᠽᠥ᠋ᠩ ᠰᠢᠶᠠᠩ ᠰᠤᠷᠪᠤᠯᠵᠢᠯᠠᠭᠴᠢ ᠳᠤ ᠬᠡᠯᠡᠪᠡ᠃
     ᠲᠡᠷᠭᠡᠨ ᠳᠤ ᠲᠡᠭᠡᠭᠡᠪᠦᠷᠢᠯᠡᠵᠦ ᠪᠠᠶᠢᠭ᠎ᠠ ᠨᠢ     ᠣᠳᠣᠬᠠᠨ ᠳᠤ᠂ ᠲᠣᠭᠲᠠᠬᠤ ᠰᠢᠶᠠᠨ ᠤ ᠰᠢᠨ᠎ᠡ ᠶᠢᠩᠽᠢ ᠪᠠᠯᠭᠠᠰᠤᠨ ᠤ ᠯᠢ ᠰᠢᠩ ᠮᠠᠯᠵᠢᠯ ᠤᠨ ᠲᠠᠯᠠᠪᠠᠶ ᠳᠤ ᠨᠢᠭᠡᠨᠲᠡ 3 ᠲᠦᠮᠡᠨ ᠲᠣᠨ ᠳᠠᠷᠤᠰᠢᠭᠤᠯᠤᠭᠰᠠᠨ ᠲᠡᠵᠢᠭᠡᠯ ᠪᠣᠷᠳᠤᠭ᠎ᠠ ᠬᠠᠳᠠᠭᠠᠯᠠᠵᠤ᠂ ᠵᠢᠱᠢᠯᠲᠡ ᠪᠠᠷ ᠪᠦᠬᠦ᠋ᠢᠯᠡ ᠳᠠᠷᠤᠰᠢᠭᠤᠯᠤᠭᠰᠠᠨ ᠤᠯᠠᠷᠢᠯ ᠳᠤ 6 ᠲᠦᠮᠡᠨ ᠲᠣᠨ ᠬᠠᠳᠠᠭᠠᠯᠠᠵᠤ ᠪᠣᠯᠣᠨ᠎ᠠ᠃
     ᠣᠶᠢᠷ᠎ᠠ ᠶᠢᠨ ᠵᠢᠯ ᠠᠴᠠ ᠨᠠᠰᠢ᠂ ᠲᠣᠭᠲᠠᠬᠤ ᠰᠢᠶᠠᠨ ᠤᠯᠤᠰ ᠤᠨ ᠰᠦ ᠶᠢᠨ ᠦᠢᠯᠡᠰ ᠢ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠢᠳᠡᠪᠬᠢᠲᠡᠢ ᠪᠠᠷ ᠴᠤᠤᠷᠢᠶᠠᠲᠤᠨ ᠳᠠᠭᠠᠵᠤ᠂ ᠠᠯᠢ ᠣᠯᠠᠨ ᠲᠡᠳᠬᠦᠨ ᠳᠡᠮᠵᠢᠬᠦ ᠲᠥᠷᠥ  ᠶᠢᠨ ᠪᠣᠳᠣᠯᠭ᠎ᠠ ᠶᠢ ᠲᠣᠭᠲᠠᠭᠠᠨ᠂ ᠰᠦ ᠶᠢᠨ ᠦᠢᠯᠡᠰ ᠤᠨ ᠬᠥᠭᠵᠢᠯᠲᠡ ᠳᠤ ᠰᠠᠶᠢᠨ ᠰᠠᠶᠢᠬᠠᠨ  ᠲᠥᠷᠥ ᠶᠢᠨ ᠪᠣᠳᠣᠯᠭ᠎ᠠ ᠶᠢᠨ ᠣᠷᠴᠢᠨ ᠨᠥᠬᠦᠴᠡᠯ ᠢ ᠪᠤᠶ ᠪᠣᠯᠭᠠᠵᠤ᠂ ᠠᠵᠤ ᠠᠬᠤᠶᠢᠯᠠᠯ ᠢ ᠲᠠᠳᠠᠨ ᠤᠷᠢᠵᠤ ᠪᠡᠯᠡ ᠣᠷᠣᠭᠤᠯᠤᠨ ᠦᠢᠯᠡᠳᠪᠦᠷᠢ ᠪᠠᠶᠢᠭᠤᠯᠵᠤ᠂ ᠰᠦ ᠶᠢᠨ ᠦᠢᠯᠡᠰ ᠤᠨ ᠪᠥᠭᠡᠮᠨᠡᠷᠡᠨ ᠬᠥᠭᠵᠢᠬᠦ ᠶᠢ ᠬᠦᠴᠦᠲᠡᠢ ᠠᠬᠢᠭᠤᠯᠤᠭᠰᠠᠨ ᠪᠠᠶᠢᠨ᠎ᠠ᠃ ᠡᠭᠦᠨ ᠤ ᠬᠠᠮᠲᠤ᠂ ᠰᠦ ᠶᠢᠨ ᠦᠢᠯᠡᠰ ᠤᠨ ᠠᠵᠤ ᠠᠬᠤᠶᠢᠯᠠᠯ ᠤᠨ  ᠲᠠᠷᠢᠮᠠᠯ ᠤᠨ ᠡᠷᠦᠬᠡ ᠲᠠᠢ ᠬᠤᠳᠠᠯᠳᠤᠨ ᠠᠪᠬᠤ ᠭᠡᠷ᠎ᠡ  ᠲᠤᠭᠳᠠᠭᠠᠬᠤ ᠶᠢ ᠲᠦᠯᠬᠢᠨ ᠠᠬᠢᠭᠤᠯᠵᠤ᠂ ᠡᠷᠳᠡᠨᠢ ᠰᠢᠰᠢ ᠳᠠᠷᠢᠬᠤ ᠪᠠ ᠮᠠᠯ ᠠᠵᠤ ᠠᠬᠤᠢ ᠶᠢᠨ ᠲᠡᠵᠢᠭᠡᠨ ᠦᠷᠡᠵᠢᠭᠦᠯᠬᠦ ᠶᠢᠨ ᠨᠢᠭᠲᠠ ᠬᠠᠷᠢᠯᠴᠠᠭ᠎ᠠ ᠶᠢ ᠪᠠᠶᠢᠭᠤᠯᠵᠤ᠂  ᠨᠤᠭᠤᠭᠠᠨ ᠳᠠᠷᠤᠰᠢ ᠶᠢᠨ ᠡᠷᠳᠡᠨᠢ ᠰᠢᠰᠢ ᠶᠢᠨ ᠪᠣᠷᠤᠯᠠᠭᠤᠯᠭ᠎ᠠ ᠶᠢᠨ ᠵᠠᠮ ᠮᠥᠷ ᠤᠨ ᠰᠠᠭᠠᠳ ᠦᠭᠡᠢ ᠨᠡᠪᠲᠡᠷᠡᠬᠦ ᠶᠢ ᠦᠨᠡᠨ ᠬᠦ ᠪᠠᠲᠤᠯᠠᠵᠤ᠂ ᠲᠠᠷᠢᠶᠠᠴᠢᠳ ᠤᠨ ᠣᠷᠣᠯᠭ᠎ᠠ ᠶᠢ ᠲᠣᠭᠲᠠᠪᠤᠷᠢᠵᠢᠭᠤᠯᠤᠭᠰᠠᠨ ᠮᠥᠷᠲᠡᠭᠡᠨ ᠠᠵᠤ ᠠᠬᠤᠶᠢᠯᠠᠯ ᠤᠨ ᠲᠦᠭᠦᠬᠡᠢ ᠮᠠᠲ᠋ᠧᠷᠢᠶᠠᠯ ᠤᠨ ᠬᠠᠩᠭᠠᠯᠭ᠎ᠠ ᠶᠢ ᠴᠤ ᠪᠠᠲᠤᠯᠠᠭᠰᠠᠨ  ᠪᠠᠶᠢᠨ᠎ᠠ᠃      ᠡᠨᠡ ᠵᠢᠯ᠂ ᠲᠣᠭᠲᠠᠬᠤ ᠰᠢᠶᠠᠨ ᠤ ᠡᠷᠳᠡᠨᠢ ᠰᠢᠰᠢ ᠳᠠᠷᠢᠬᠤ ᠲᠠᠯᠠᠪᠠᠶ   ᠨᠢ 89 ᠲᠦᠮᠡᠨ ᠮᠦ ᠳᠤ ᠬᠦᠷᠴᠦ᠂ ᠡᠭᠦᠨ ᠳᠤ ᠨᠤᠭᠤᠭᠠᠨ ᠳᠠᠷᠤᠰᠢ ᠶᠢᠨ ᠡᠷᠳᠡᠨᠢ ᠰᠢᠰᠢ 26 ᠲᠦᠮᠡᠨ ᠮᠦ ᠶᠢ ᠬᠠᠳᠤᠵᠤ ᠬᠤᠷᠢᠶᠠᠬᠤ ᠪᠠᠷ ᠵᠢᠱᠢᠵᠦ ᠪᠣᠶ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1