ᠲᠣᠭᠲᠠᠬᠤ ᠰᠢᠶᠠᠨ ᠤ ᠮᠢᠩ ᠵᠦ ᠨᠡᠶᠢᠭᠡᠮ ᠲᠣᠭᠤᠷᠢᠭ᠄ ᠨᠠᠮ ᠤᠨ ᠪᠠᠶᠢᠭᠤᠯᠤᠯᠲᠠ ᠶᠢᠨ ︽ᠲᠠᠪᠤᠨ ᠭᠤᠤᠯ︾ ᠦᠢᠯᠡᠴᠢᠯᠡᠭᠡ ᠨᠢ ᠠᠷᠠᠳ ᠤᠨ ᠠᠮᠢᠳᠤᠷᠠᠯ ᠳᠤ ᠵᠣᠯ ᠵᠢᠷᠭᠠᠯ ᠢ  ᠨᠡᠮᠡᠭᠳᠡᠭᠦᠯᠪᠡ
ᠨᠡᠶᠢᠲᠡᠯᠡᠭᠰᠡᠨ ᠴᠠᠭ᠄
2024/9/3
      ᠲᠤᠭᠲᠠᠬᠤ ᠰᠢᠶᠠᠨ ᠤ ᠰᠢᠨ᠎ᠡ ᠶᠢᠩᠽᠢ ᠪᠠᠯᠭᠠᠰᠤᠨ ᠤ ᠮᠢᠩ ᠵᠦ ᠨᠡᠶᠢᠭᠡᠮ  ᠲᠤᠭᠤᠷᠢᠭ ᠤᠨ ᠰᠠᠭᠤᠭᠠᠯᠢ ᠠᠷᠠᠳ ᠲᠢᠶᠠᠨ ᠰᠢᠤᠸᠠᠢ ᠬᠡᠯᠡᠭᠰᠡᠨ ᠨᠢ᠃ ᠮᠢᠩ ᠵᠦ ᠨᠡᠶᠢᠭᠡᠮ ᠲᠣᠭᠤᠷᠢᠭ ᠲᠤ᠂ ᠨᠠᠮ ᠤᠨ ᠪᠠᠶᠢᠭᠤᠯᠤᠯᠲᠠ ᠶᠢᠨ ᠠᠵᠢᠯ ᠨᠢ ᠶᠡᠷᠦ ᠠᠴᠠ ᠬᠡᠶᠢᠰᠪᠦᠷᠢ ᠤᠬᠠᠭᠳᠠᠬᠤᠨ ᠪᠢᠰᠢ᠂ ᠬᠠᠷᠢᠨ ᠰᠠᠭᠤᠭᠠᠯᠢ ᠠᠷᠠᠳ ᠤᠨ ᠡᠳᠦᠷ ᠲᠤᠲᠤᠮ ᠤᠨ ᠠᠮᠢᠳᠤᠷᠠᠯ ᠤᠨ ᠳᠤᠮᠳᠠᠬᠢ ᠬᠦᠴᠦᠲᠡᠶ ᠬᠠᠪᠰᠤᠷᠤᠭᠴᠢ ᠪᠣᠯᠤᠭᠰᠠᠭᠠᠷ ᠢᠷᠡᠵᠡᠶ᠃ ︽ᠲᠠᠪᠤᠨ ᠭᠤᠤᠯ ᠤᠶᠢᠯᠡᠴᠢᠯᠡᠭᠡ  ᠨᠢ ᠬᠠᠶᠢᠷ᠎ᠠ ᠬᠠᠯᠠᠮᠵᠢ ᠶᠢᠨ ᠭᠡᠷᠡᠯᠲᠦ ᠰᠤᠪᠤᠳ︾ ᠤᠨ ᠤᠶᠢᠯᠡᠴᠢᠯᠡᠭᠡᠨ ᠤ ᠨᠠᠷᠠᠲᠤ ᠲᠡᠮᠳᠡᠭ ᠢᠶᠠᠷ ᠳᠠᠮᠵᠢᠭᠤᠯᠤᠨ᠂ ᠮᠢᠩ ᠵᠦ ᠨᠡᠶᠢᠭᠡᠮ ᠲᠣᠭᠤᠷᠢᠭ ᠤᠨ ᠬᠢᠨ ᠨᠠᠮ ᠤᠨ ᠪᠠᠶᠢᠭᠤᠯᠤᠯᠲᠠ ᠶᠢᠨ ᠠᠵᠢᠯ ᠢ ᠨᠡᠶᠢᠭᠡᠮ ᠲᠣᠭᠤᠷᠢᠭ ᠤᠨ ᠵᠠᠰᠠᠯᠲᠠ ᠲᠠᠢ ᠨᠢᠭᠡ ᠴᠣᠭᠴᠠ ᠪᠣᠯᠭᠠᠵᠤ᠂ ᠰᠠᠭᠤᠭᠠᠯᠢ ᠠᠷᠠᠳ ᠲᠤ ᠦᠨᠡᠨ ᠪᠣᠳᠠᠲᠠᠶ ︽ᠲᠠᠪᠤᠨ ᠲᠥᠷᠥᠭᠳᠡᠯ︾ ᠤᠨ ᠤᠶᠢᠯᠡᠴᠢᠯᠡᠭᠡ  ᠬᠠᠩᠭᠠᠪᠠ᠃      ᠨᠠᠮ ᠤᠨ ᠪᠠᠶᠢᠭᠤᠯᠤᠯᠲᠠ ᠶᠢᠨ ᠰᠡᠳᠬᠢᠯ ᠢ ᠨᠢᠭᠲᠠᠷᠠᠭᠤᠯᠬᠤ᠄ ᠰᠠᠭᠤᠭᠠᠯᠢ ᠠᠷᠠᠳ ᠤᠨ ᠬᠠᠷᠢᠶᠠᠯᠠᠭᠳᠠᠬᠤ ᠰᠡᠳᠬᠢᠯᠭᠡ ᠶᠢ ᠨᠡᠮᠡᠭᠳᠡᠭᠦᠯᠪᠡ      ᠮᠢᠩ ᠵᠦ ᠨᠡᠶᠢᠭᠡᠮ ᠲᠣᠭᠤᠷᠢᠭ ᠤᠨ ᠨᠠᠮ ᠤᠨ ᠡᠭᠦᠷ ᠠᠴᠠ ᠨᠠᠮ ᠤᠨ ᠪᠠᠶᠢᠭᠤᠯᠤᠯᠲᠠ  ᠪᠠᠷ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ︽ᠣᠷᠣᠨ ᠪᠦᠰᠡ ᠶᠢ ᠨᠢᠭᠡᠳᠦᠯᠲᠡᠢ ᠲᠥᠯᠥᠪᠵᠢᠭᠦᠯᠬᠦ᠂ ᠰᠢᠰᠲ᠋ᠧᠮ ᠬᠡᠰᠡᠭ ᠢ ᠬᠠᠮᠵᠢᠯᠴᠠᠭᠤᠯᠬᠤ᠂ ᠳᠡᠭᠡᠳᠦ ᠲᠤᠤᠷᠠᠳᠤ ᠱᠠᠳᠤ ᠬᠤᠯᠪᠣᠭᠠᠯᠠᠨ ᠬᠥᠳᠡᠯᠦᠯᠴᠡᠬᠦ᠂ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ︾ ᠨᠠᠮ ᠤᠨ ᠪᠠᠶᠢᠭᠤᠯᠤᠯᠲᠠ ᠶᠢᠨ ᠪᠠᠶᠢᠷᠢᠰᠢᠯ ᠢ ᠪᠠᠶᠢᠭᠤᠯᠬᠤ ᠪᠠᠷ ᠳᠠᠮᠵᠢᠭᠤᠯᠵᠤ᠂ ᠨᠠᠮ‌‍ᠤᠨ ᠪᠠᠶᠢᠭᠤᠯᠤᠯᠲᠠ ᠶᠢᠨ ᠡᠬᠢ ᠪᠠᠶᠠᠯᠢᠭ ᠢ ᠪᠦᠲᠦᠮᠵᠢᠲᠡᠢ   ᠨᠢᠭᠡᠳᠭᠡᠵᠦ᠂ ᠰᠠᠭᠤᠭᠠᠯᠢ ᠠᠷᠠᠳ ᠤᠨ ᠬᠠᠷᠢᠶᠠᠯᠠᠭᠳᠠᠬᠤ ᠰᠡᠳᠬᠢᠯᠭᠡ ᠶᠢ ᠨᠡᠮᠡᠭᠳᠡᠭᠦᠯᠵᠡᠢ᠃ ᠨᠡᠶᠢᠭᠡᠮ ᠲᠣᠭᠤᠷᠢᠭ ᠲᠤ ︽ ᠨᠠᠮ ᠤᠨ ᠶᠡᠭᠡ ᠬᠤᠷᠢᠶ᠎ᠠ︾ ᠶᠢᠨ ᠠᠵᠢᠯ ᠤᠨ ᠲᠣᠭᠲᠠᠴᠠ ᠶᠢ ᠬᠡᠷᠡᠭᠵᠢᠭᠦᠯᠵᠦ᠂ ᠬᠡᠷᠡᠭᠴᠡᠭᠡ᠂ ᠡᠬᠢ ᠪᠠᠶᠠᠯᠢᠭ᠂ ᠲᠥᠷᠥᠯ ᠵᠦᠢᠯ ᠤᠨ ︽ᠭᠤᠷᠪᠠᠨ ᠨᠠᠷᠢᠨ ᠲᠠᠩᠰᠠ︾ ᠶᠢ ᠪᠠᠶᠢᠭᠤᠯᠵᠤ᠂ ᠦᠢᠯᠡᠴᠢᠯᠡᠭᠡᠨ ᠤ ᠬᠡᠯᠪᠡᠷᠢ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠪᠥᠬᠦ ᠲᠠᠯ᠎ᠠ ᠶᠢᠨ ᠨᠡᠪᠴᠢᠯᠲᠡ ᠶᠢ ᠪᠡᠶᠡᠯᠡᠭᠦᠯᠵᠦ᠂ ᠰᠠᠭᠤᠭᠠᠯᠢ ᠠᠷᠠᠳ  ᠲᠤ ᠨᠡᠶᠢᠭᠡᠮ ᠲᠣᠭᠤᠷᠢᠭ ᠤᠨ ᠠᠮᠢᠳᠤᠷᠠᠯ ᠤᠨ ᠳᠤᠮᠳᠠ ᠬᠠᠯᠠᠭᠤᠨ ᠳᠤᠯᠠᠭᠠᠨ ᠪᠠ ᠳᠥᠭᠦᠮ ᠳᠥᠲᠡ ᠦᠢᠯᠡᠴᠢᠯᠡᠭᠡᠨ ᠬᠦᠷᠳᠡᠭᠰᠡᠨ ᠪᠠᠶᠢᠳᠠᠯ ᠢ ᠮᠡᠳᠡᠷᠡᠭᠦᠯᠪᠡ᠃ ︽ᠵᠢᠷᠭᠤᠭᠠᠨ ᠬᠡᠷᠡᠭ ᠢ ᠬᠠᠮᠲᠤ ᠪᠠᠷ ᠵᠥᠪᠯᠡᠬᠦ︾ ᠲᠣᠭᠲᠠᠴᠠ ᠪᠠᠷ ᠳᠠᠮᠵᠢᠭᠤᠯᠤᠨ᠂ ᠡᠨᠡ ᠵᠢᠯ ᠤᠨ ᠳᠡᠭᠡᠷ᠎ᠡ ᠬᠠᠭᠠᠰ ᠵᠢᠯ ᠳᠤ ᠨᠡᠶᠢᠭᠡᠮ ᠲᠣᠭᠤᠷᠢᠭ ᠠᠴᠠ ᠨᠢᠭᠡᠨᠲᠡ ᠨᠡᠶᠢᠲᠡ 120 ᠭᠠᠷᠤᠶ ᠰᠠᠭᠤᠭᠠᠯᠢ ᠠᠷᠠᠳ ᠤᠨ ᠠᠩᠬᠠᠷᠴᠤ ᠪᠠᠶᠢᠭ᠎ᠠ ᠠᠰᠠᠭᠤᠳᠠᠯ ᠢ ᠰᠢᠢᠳᠪᠦᠷᠢᠯᠡᠵᠦ᠂ ᠰᠠᠭᠤᠭᠠᠯᠢ ᠠᠷᠠᠳ ᠤᠨ ᠬᠠᠨᠤᠮᠵᠢ ᠶᠢᠨ ᠬᠡᠮᠵᠢᠶ᠎ᠡ ᠶᠢ ᠶᠡᠭᠡ ᠪᠠᠷ ᠳᠡᠭᠡᠭᠰᠢᠯᠡᠭᠦᠯᠪᠡ᠃      ᠵᠠᠰᠠᠯᠲᠠ ᠳᠤ ᠰᠡᠳᠬᠢᠯ ᠲᠠᠯᠪᠢᠵᠤ ᠰᠠᠭᠤᠭᠠᠯᠢ ᠠᠷᠠᠳ ᠤᠨ ᠠᠮᠤᠷ ᠲᠦᠪᠰᠢᠨ ᠤ ᠲᠥᠷᠥᠭᠳᠡᠯ ᠢ ᠨᠡᠮᠡᠭᠳᠡᠭᠦᠯᠪᠡ      ᠰᠠᠭᠤᠭᠠᠯᠢ ᠠᠷᠠᠳ ᠤᠨ ᠠᠮᠤᠷ ᠲᠦᠪᠰᠢᠨ ᠤ ᠲᠥᠷᠥᠭᠳᠡᠯ ᠢ ᠳᠡᠭᠡᠭᠰᠢᠯᠡᠭᠦᠯᠬᠦ  ᠶᠢᠨ ᠲᠥᠯᠥᠭᠡ᠂ ᠮᠢᠩ ᠵᠦ ᠨᠡᠶᠢᠭᠡᠮ ᠲᠣᠭᠤᠷᠢᠭ ᠠᠴᠠ ︽ᠲᠠᠪᠤᠨ ᠵᠠᠪᠠᠯ ᠰᠤᠷᠪᠤᠯᠵᠢᠯᠠᠬᠤ︾ ᠶᠢ ᠪᠠᠷᠢᠮᠲᠠᠯᠠᠵᠤ᠂ ᠰᠦᠯᠵᠢᠶᠡᠨ ᠤ ᠠᠵᠢᠯᠲᠠᠨ ᠲᠣᠭᠲᠠᠮᠠᠯ ᠬᠤᠭᠤᠴᠠᠭ᠎ᠠ ᠲᠠᠢ ᠪᠠᠷ ᠡᠷᠦᠬᠡ ᠳᠤ ᠬᠦᠷᠴᠦ ᠰᠤᠷᠪᠤᠯᠵᠢᠯᠠᠬᠤ ᠪᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ ᠠᠵᠢᠯ ᠤᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠪᠡᠶᠡᠯᠡᠭᠦᠯᠪᠡ᠃ ᠬᠥᠮᠦᠨ ᠠᠮᠠ᠂ ᠭᠡᠷ ᠪᠠᠶᠢᠰᠢᠩ᠂ ᠪᠠᠶᠢᠭᠤᠯᠭ᠎ᠠ ᠨᠢᠭᠡᠴᠡ ᠵᠡᠷᠭᠡ ᠮᠡᠳᠡᠭᠡ ᠵᠠᠩᠭᠢ ᠶᠢ ᠪᠠᠭᠲᠠᠭᠠᠭᠰᠠᠨ ︽ᠭᠤᠷᠪᠠ‌‍ᠶᠢ ᠨᠢᠭᠡᠳᠬᠡᠬᠦ︾ ᠲᠤᠭ᠎ᠠ ᠪᠠᠷᠢᠮᠲᠠ ᠶᠢᠨ ᠬᠥᠮᠥᠷᠭᠡ ᠶᠢ ᠪᠠᠶᠢᠭᠤᠯᠬᠤ ᠪᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ ᠠᠵᠢᠯ ᠤᠨ ᠬᠦᠯᠢᠶᠡᠨ ᠠᠪᠬᠤ ᠨᠣᠷᠮ᠎ᠠ᠂ ᠬᠠᠮᠢᠶᠠᠷᠬᠤ ᠨᠣᠷᠮ᠎ᠠ᠂ ᠬᠡᠷᠡᠭ ᠡᠷᠬᠢᠯᠡᠬᠦ ᠨᠣᠷᠮ᠎ᠠ ᠶᠢ ᠪᠦᠲᠦᠮᠵᠢᠲᠡᠶ ᠳᠡᠭᠡᠭᠰᠢᠯᠡᠭᠦᠯᠵᠦ᠂ ᠰᠠᠭᠤᠭᠠᠯᠢ ᠠᠷᠠᠳ ᠲᠤ ︽ᠨᠢᠳᠦᠨ ᠳᠤ ᠦᠵᠡᠭᠳᠡᠬᠦ︾ ᠠᠮᠤᠷ ᠲᠦᠪᠰᠢᠨ ᠤ ᠲᠥᠷᠥᠭᠳᠡᠯ ᠢ ᠠᠪᠴᠢᠷᠠᠭᠰᠠᠨ ᠪᠠᠶᠢᠨ᠎ᠠ᠃ ᠪᠦᠷᠢᠳᠬᠡᠯ ᠢ ᠦᠨᠳᠦᠰᠦᠯᠡᠪᠡᠯ᠂ ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ ᠰᠠᠷ᠎ᠠ ᠪᠦᠷᠢ ᠳᠤᠮᠳᠠᠴᠢ ᠪᠠᠷ 1000 ᠡᠷᠦᠬᠡ ᠶᠢ ᠰᠤᠷᠪᠤᠯᠵᠢᠯᠠᠵᠤ᠂ ᠠᠮᠤᠷ ᠲᠦᠪᠰᠢᠨ ᠤ ᠳᠠᠯᠳᠠ ᠬᠡᠮ ᠢ 80 ᠭᠠᠷᠤᠶ ᠵᠢᠭᠰᠠᠭᠠᠨ ᠪᠠᠶᠢᠴᠠᠭᠠᠪᠠ᠃       ᠲᠤᠳᠤᠨᠤᠰᠤᠭ ᠦᠢᠯᠡᠴᠢᠯᠡᠭᠡ ᠪᠠᠷ ᠰᠠᠭᠤᠭᠠᠯᠢ ᠠᠷᠠᠳ ᠤᠨ ᠤᠷᠤᠰᠢᠬᠤᠢ ᠶᠢᠨ ᠲᠥᠷᠥᠭᠳᠡᠯ ᠢ ᠨᠡᠮᠡᠭᠳᠡᠭᠦᠯᠪᠡ       ᠮᠢᠩ ᠵᠦ ᠨᠡᠶᠢᠭᠡᠮ ᠲᠣᠭᠤᠷᠢᠭ ᠰᠠᠭᠤᠭᠠᠯᠢ ᠠᠷᠠᠳ ᠤᠨ ᠥᠪᠡᠷᠲᠡᠭᠡᠨ ᠵᠠᠰᠠᠬᠤ ᠶᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ︽ᠨᠡᠶᠢᠭᠡᠮ ᠲᠣᠭᠤᠷᠢᠭ ᠤᠨ ᠨᠠᠮ ᠤᠨ ᠡᠭᠦᠷ + ᠰᠦᠯᠵᠢᠶᠡᠨ ᠤ ᠨᠠᠮ ᠤᠨ ᠳᠤᠭᠤᠶᠢᠯᠠᠩ +  ᠦᠮᠴᠢᠳᠡᠨ ᠤ ᠵᠦᠪᠯᠡᠯ + ᠠᠳᠠᠯ ᠠᠬᠤᠶ︾ ᠶᠢᠨ ᠳᠥᠷᠪᠡᠨ ᠲᠠᠯ᠎ᠠ ᠶᠢᠨ ᠵᠠᠰᠠᠬᠤ ᠲᠣᠭᠲᠠᠴᠠ ᠳᠤ ᠲᠦᠰᠢᠭᠯᠡᠨ᠂ ᠰᠠᠭᠤᠭᠠᠯᠢ ᠠᠷᠠᠳ ᠢ ᠨᠡᠶᠢᠭᠡᠮ ᠲᠣᠭᠤᠷᠢᠭ ᠤᠨ ᠵᠠᠰᠠᠯᠲᠠ ᠳᠤ  ᠤᠷᠤᠯᠴᠠᠭᠤᠯᠪᠠ᠃ ᠡᠭᠦᠨ ᠠᠴᠠ ᠭᠠᠳᠠᠨ᠎ᠠ᠂ ᠨᠡᠶᠢᠭᠡᠮ ᠲᠣᠭᠤᠷᠢᠭ ᠪᠠᠰᠠ ︽ᠠᠷᠠᠳ ᠤᠨ ᠰᠠᠨᠠᠭ᠎ᠠ  ᠶᠢ ᠰᠢᠭᠤᠳ ᠨᠡᠪᠲᠡᠷᠡᠭᠦᠯᠬᠦ︾ ᠶᠢᠨ ᠲᠥᠷᠥᠯ ᠵᠦᠢᠯ ᠢ ᠰᠢᠨ᠎ᠡ ᠶᠢ ᠡᠭᠦᠳᠬᠦ ᠴᠢᠨᠠᠷᠲᠠᠶ ᠪᠠᠷ ᠨᠡᠶᠢᠲᠡᠯᠡᠵᠦ᠂ ᠥᠮᠴᠢᠲᠡᠨ᠂ ᠰᠠᠭᠤᠭᠠᠯᠢ ᠠᠷᠠᠳ ᠤᠨ ᠲᠥᠯᠥᠭᠡᠯᠡᠭᠴᠢ᠂ ᠠᠳᠠᠯ ᠠᠬᠤᠶ ᠶᠢᠨ ᠺᠣᠮᠫᠠᠨᠢ ᠶᠢᠨ ᠨᠡᠶᠢᠭᠡᠮ ᠲᠣᠭᠤᠷᠢᠭ ᠤᠨ ᠴᠢᠬᠤᠯᠠ ᠶᠡᠭᠡ ᠵᠦᠢᠯᠡᠰ ᠤᠨ ᠰᠢᠢᠳᠪᠦᠷᠢᠲᠦ ᠪᠤᠳᠤᠯᠭ᠎ᠠ ᠪᠠ ᠬᠡᠷᠡᠭ ᠰᠢᠢᠳᠪᠦᠷᠢᠯᠡᠬᠦ ᠳᠤ  ᠢᠳᠡᠪᠬᠢᠳᠡᠢ ᠣᠷᠣᠯᠴᠠᠬᠤ ᠶᠢ ᠵᠣᠷᠢᠭᠵᠢᠭᠤᠯᠵᠤ᠂ ᠠᠷᠠᠳ ᠲᠦᠮᠡᠨ ᠳᠤ ᠦᠢᠯᠡᠴᠢᠯᠡᠬᠦ ᠠᠷᠠᠳ ᠢᠷᠭᠡᠳ ᠤᠨ ︽ᠤᠶᠤᠨ ᠤ ᠤᠭᠤᠲᠠ︾ ᠶᠢ ᠵᠣᠬᠢᠶᠠᠨ ᠪᠠᠶᠢᠭᠤᠯᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠨᠢ ᠨᠡᠶᠢᠭᠡᠮ ᠲᠣᠭᠤᠷᠢᠭ ᠤᠨ ᠪᠦᠳᠦᠭᠡᠨ ᠪᠠᠶᠢᠭᠤᠯᠤᠯᠲᠠ᠂ ᠵᠠᠰᠠᠯᠲᠠ ᠶᠢᠨ ᠭᠤᠤᠯ ᠴᠣᠭᠴᠠ ᠪᠣᠯᠬᠤ ᠶᠢ ᠪᠡᠶᠡᠯᠡᠭᠦᠯᠵᠦ᠂ ᠡᠭᠦᠨ ᠤ ᠤᠯᠠᠮ ᠠᠴᠠ ᠰᠠᠭᠤᠭᠠᠯᠢ ᠠᠷᠠᠳ ᠤᠨ ᠣᠷᠣᠰᠢᠵᠤ ᠪᠠᠶᠢᠭ᠎ᠠ ᠲᠥᠷᠥᠭᠳᠡᠯ ᠢ ᠳᠡᠭᠡᠭᠰᠢᠯᠡᠭᠦᠯᠪᠡ ᠃ ᠣᠳᠣᠬᠠᠨ ᠪᠣᠯᠲᠠᠯ᠎ᠠ᠂ ︽ᠠᠷᠠᠳ ᠤᠨ ᠰᠠᠨᠠᠭ᠎ᠠ ᠶᠢ ᠰᠢᠭᠤᠳ ᠨᠡᠪᠲᠡᠷᠡᠭᠦᠯᠬᠦ︾ ᠪᠠᠷ ᠳᠠᠮᠵᠢᠭᠤᠯᠤᠨ ᠰᠠᠭᠤᠭᠠᠯᠢ ᠠᠷᠠᠳ ᠤᠨ ᠰᠠᠨᠠᠯ ᠢ 300 ᠭᠠᠷᠤᠶ ᠵᠤᠷᠪᠤᠰ ᠴᠤᠭᠯᠠᠭᠤᠯᠤᠨ ᠰᠢᠢᠳᠪᠦᠷᠢᠯᠡᠵᠦ᠂ ᠰᠠᠭᠤᠭᠠᠯᠢ ᠠᠷᠠᠳ ‍ᠤᠨ‌ᠨᠡᠶᠢᠭᠡᠮ ᠲᠣᠭᠤᠷᠢᠭ ᠤᠨ ᠠᠵᠢᠯ ᠳᠤ ᠣᠷᠣᠯᠴᠠᠬᠤ ᠰᠡᠳᠬᠢᠯᠭᠡ ᠪᠠ ᠮᠡᠳᠡᠷᠡᠬᠦ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠪᠡ᠃       ᠰᠠᠭᠤᠭᠠᠯᠢ ᠠᠷᠠᠳ ᠤᠨ ᠬᠦᠷᠲᠡᠮᠵᠢ ᠶᠢᠨ ᠲᠥᠷᠥᠭᠳᠡᠯ ᠢ ᠨᠡᠮᠡᠭᠳᠡᠭᠦᠯᠪᠡ       ᠮᠢᠩ ᠵᠦ ᠨᠡᠶᠢᠭᠡᠮ ᠲᠣᠭᠤᠷᠢᠭ ᠤᠨ ᠬᠢᠨ ᠠᠷᠠᠳ ᠲᠤ ᠲᠥᠬᠦᠮ ᠦᠵᠡᠭᠦᠯᠬᠦ  ᠦᠢᠯᠡᠴᠢᠯᠡᠭᠡ᠂ ᠰᠣᠶᠣᠯ ᠴᠡᠩᠭᠡᠯ᠂ ᠪᠡᠶ᠎ᠡ ᠰᠡᠳᠬᠢᠯ ᠤᠨ ᠡᠷᠡᠭᠦᠯ ᠮᠡᠨᠳᠦ᠂ ᠨᠡᠶᠢᠭᠡᠮ ᠤᠨ ᠠᠵᠢᠯᠯᠠᠭ᠎ᠠ ᠵᠡᠷᠭᠡ ᠲᠠᠯ᠎ᠠ ᠪᠠᠷ ᠲᠠᠰᠤᠷᠠᠯᠲᠠ ᠥᠬᠡᠶ ᠬᠠᠶᠢᠨ ᠰᠦᠪᠡᠭᠴᠢᠯᠡᠵᠦ᠂ ︽ᠲᠠᠪᠤᠨ ᠬᠤᠷᠰᠢᠶ᠎ᠠ ᠬᠤᠯᠪᠣᠭᠠᠯᠠᠨ ᠬᠥᠳᠡᠯᠦᠯᠴᠡᠬᠦ︾  ᠦᠢᠯᠡᠴᠢᠯᠡᠭᠡᠨ ᠤ ᠵᠠᠭᠪᠤᠷ ᠢ ᠬᠡᠷᠡᠭᠯᠡᠨ᠂ ᠣᠯᠠᠨ ᠨᠡᠶᠢᠲᠡ ᠶᠢᠨ ᠦᠢᠯᠡᠴᠢᠯᠡᠭᠡᠨ ᠤ ᠡᠬᠢ ᠪᠠᠶᠠᠯᠢᠭ ᠤᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠨᠡᠶᠢᠭᠡᠮ ᠲᠣᠭᠤᠷᠢᠭ ᠪᠠᠰᠠ ᠰᠠᠭᠤᠭᠠᠯᠢ ᠠᠷᠠᠳ ᠤᠨ ᠣᠨᠴᠠᠯᠢᠭ ᠢ ᠦᠨᠳᠦᠰᠦᠯᠡᠨ ︽ᠣᠶᠤᠨᠴᠢ ᠡᠷᠡᠭᠦᠯᠵᠢᠯ ᠤᠨ ᠥᠷᠲᠡᠭᠡ︾᠂ ︽ᠠᠵᠢᠯ ᠣᠯᠭᠤᠯᠲᠠ ᠶᠢᠨ ᠬᠡᠪ ᠴᠢᠨᠠᠷ ᠢ ᠳᠡᠭᠡᠭᠰᠢᠯᠡᠭᠦᠯᠬᠦ︾ ᠵᠡᠷᠭᠡ ᠥᠪᠡᠷᠮᠢᠴᠡ ᠣᠨᠴᠠᠯᠢᠭᠲᠤ ᠦᠢᠯᠡᠴᠢᠯᠡᠭᠡ ᠬᠠᠩᠭᠠᠵᠤ᠂ ᠳᠣᠲᠣᠨᠣ ᠦᠢᠯᠡᠴᠢᠯᠡᠭᠡ ᠪᠠᠷ ᠰᠠᠭᠤᠭᠠᠯᠢ ᠠᠷᠠᠳ ᠤᠨ ᠬᠦᠷᠲᠡᠮᠵᠢ ᠶᠢᠨ ᠲᠥᠷᠥᠭᠳᠡᠯ ᠢ ᠨᠡᠮᠡᠭᠳᠡᠭᠦᠯᠪᠡ᠃ ᠡᠭᠦᠨ ᠳᠤ᠂ ᠨᠡᠶᠢᠭᠡᠮ ᠲᠣᠭᠤᠷᠢᠭ ᠤᠨ ᠡᠷᠭᠢᠯᠡᠭᠰᠡᠨ ︽ᠠᠵᠢᠯ ᠣᠯᠭᠤᠯᠲᠠ ᠶᠢᠨ ᠬᠡᠪ ᠴᠢᠨᠠᠷ ᠢ ᠳᠡᠭᠡᠭᠰᠢᠯᠡᠭᠦᠯᠬᠦ︾ ᠪᠣᠯᠪᠠᠰᠤᠷᠠᠯ ᠤᠨ ᠠᠩᠭᠢ ᠨᠢ ᠨᠢᠭᠡᠨᠲᠡ 50 ᠭᠠᠷᠤᠶ ᠰᠠᠭᠤᠭᠠᠯᠢ ᠠᠷᠠᠳ ᠢ ᠬᠠᠪᠰᠤᠷᠤᠨ ᠠᠮᠵᠢᠯᠲᠠ ᠲᠠᠢ ᠪᠠᠷ ᠠᠵᠢᠯ ᠣᠯᠭᠤᠵᠤ᠂ ᠰᠠᠭᠤᠭᠠᠯᠢ ᠠᠷᠠᠳ ᠤᠨ ᠠᠮᠢᠳᠤᠷᠠᠯ ᠤᠨ ᠶᠠᠰᠤ ᠴᠢᠨᠠᠷ ᠢ ᠢᠯᠡᠳᠲᠡ ᠳᠡᠭᠡᠭᠰᠢᠯᠡᠭᠦᠯᠪᠡ᠃       ᠰᠣᠶᠣᠯ ᠢᠶᠠᠷ ᠰᠡᠳᠬᠢᠯ ᠵᠢᠷᠦᠬᠡ ᠶᠢ ᠤᠮᠳᠠᠯᠠᠬᠤ᠄ ᠰᠠᠭᠤᠭᠠᠯᠢ ᠠᠷᠠᠳ ᠤᠨ ᠵᠣᠯ ᠵᠢᠷᠭᠠᠯᠲᠤ ᠲᠥᠷᠥᠭᠳᠡᠯ ᠢ ᠨᠡᠮᠡᠭᠳᠡᠭᠦᠯᠪᠡ       ᠨᠡᠶᠢᠭᠡᠮ ᠲᠣᠭᠤᠷᠢᠭ ᠤᠨ ᠨᠠᠮ ᠤᠨ ᠪᠠᠶᠢᠭᠤᠯᠤᠯᠲᠠ ᠪᠠᠷ ᠨᠡᠶᠢᠭᠡᠮ ᠲᠣᠭᠤᠷᠢᠭ ᠤᠨ ᠵᠠᠰᠠᠯᠲᠠ ᠶᠢ ᠬᠥᠲᠥᠯᠥᠨ ᠳᠠᠭᠠᠭᠤᠯᠬᠤ ᠪᠠᠷ ᠭᠠᠷᠳᠠᠴᠠ ᠪᠣᠯᠭᠠᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠠᠪᠴᠠᠩ ᠳᠤ ᠲᠦᠰᠢᠭᠯᠡᠨ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡᠨ ᠤ ᠴᠢᠳᠠᠪᠤᠷᠢ ᠶᠢ ᠲᠠᠰᠤᠷᠠᠯᠲᠠ ᠥᠬᠡᠶ ᠴᠢᠩᠭᠠᠳᠬᠠᠵᠤ᠂ ᠤᠷᠢᠳ ᠬᠤᠵᠢᠳ ︽ᠡᠵᠢ ᠤᠳᠬ᠎ᠠ ᠤᠷᠠᠯᠢᠭ ᠤᠨ ᠪᠦᠯᠬᠦᠮ︾᠂ ︽ᠰᠡᠳᠬᠢᠯ ᠬᠤᠯᠪᠣᠬᠤ ᠬᠥᠭᠦᠷᠭᠡ ᠦᠢᠯᠡᠴᠢᠯᠡᠭᠡᠨ ᠤ ᠪᠦᠯᠬᠦᠮ︾ ᠵᠡᠷᠭᠡ 10 ᠭᠠᠷᠤᠶ ᠰᠠᠶᠢᠨ ᠳᠤᠷ᠎ᠠ ᠶᠢᠨ ᠦᠢᠯᠡᠴᠢᠯᠡᠭᠡᠨ ᠤ ᠪᠦᠯᠬᠦᠮ ᠢ ᠵᠣᠬᠢᠶᠠᠨ ᠪᠠᠶᠢᠭᠤᠯᠵᠤ᠂ ᠡᠯ᠎ᠡ ᠲᠦᠷᠦᠯ ᠤᠨ ᠣᠯᠠᠨ ᠲᠦᠮᠡᠨ‌‍ᠳᠤ ᠠᠰᠢᠭ ᠬᠦᠷᠲᠡᠭᠡᠬᠦ ᠦᠢᠯᠡᠴᠢᠯᠡᠭᠡᠨ ᠤ ᠲᠥᠷᠥᠯ ᠵᠦᠢᠯ ᠢ ᠦᠷᠭᠦᠯᠵᠢᠯᠡᠨ ᠥᠷᠨᠢᠭᠦᠯᠵᠦ᠂ ᠰᠣᠶᠣᠯ ᠢᠶᠠᠷ ᠡᠬᠢ ᠪᠠᠶᠠᠯᠢᠭ ᠢ ᠬᠤᠷᠠᠮᠳᠤᠭᠤᠯᠤᠨ᠂ ᠡᠬᠢ ᠪᠠᠶᠠᠯᠢᠭ ᠢᠶᠠᠷ ᠦᠢᠯᠡᠴᠢᠯᠡᠭᠡ ᠶᠢ ᠳᠠᠶᠢᠴᠢᠯᠠᠵᠤ᠂ ᠦᠢᠯᠡᠴᠢᠯᠡᠭᠡ ᠪᠠᠷ ᠵᠠᠰᠠᠯᠲᠠ ᠳᠤ ᠬᠦᠴᠦᠨ ᠨᠡᠮᠡᠷᠢᠯᠡᠵᠦ᠂ ᠨᠡᠶᠢᠭᠡᠮ ᠲᠣᠭᠤᠷᠢᠭ ᠤᠨ ᠰᠣᠶᠣᠯ ᠤᠨ ᠪᠠᠶᠢᠭᠤᠯᠤᠯᠲᠠ ᠶᠢᠨ ︽ᠵᠥᠭᠡᠯᠡᠨ ᠪᠣᠳᠠᠲᠤ ᠬᠦᠴᠦᠨ︾ ᠢ ᠪᠦᠲᠦᠮᠵᠢᠲᠡᠶ ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠵᠣᠯ ᠵᠢᠷᠭᠠᠯᠲᠤ ᠲᠥᠷᠥᠭᠳᠡᠯ ᠢ ᠦᠨᠡᠨᠬᠦ ᠨᠡᠮᠡᠭᠳᠡᠭᠦᠯᠪᠡ᠃ ᠳᠡᠭᠡᠷ᠎ᠡ ᠬᠠᠭᠠᠰ ᠵᠢᠯ ᠳᠤ᠂ ᠨᠡᠶᠢᠭᠡᠮ ᠲᠣᠭᠤᠷᠢᠭ ᠠᠴᠠ ᠰᠣᠶᠣᠯ ᠤᠨ ᠠᠵᠢᠯᠯᠠᠭ᠎ᠠ ᠶᠢ ᠨᠡᠶᠢᠲᠡ 50 ᠭᠠᠷᠤᠶ ᠤᠳᠠᠭ᠎ᠠ ᠵᠣᠬᠢᠶᠠᠨ ᠪᠠᠶᠢᠭᠤᠯᠵᠤ᠂ ᠣᠷᠣᠯᠴᠠᠭᠰᠠᠨ ᠬᠥᠮᠦᠨ‌‍ᠤ ᠲᠤᠭ᠎ᠠ 1000 ᠬᠥᠮᠦᠨ ᠤᠳᠠᠭ᠎ᠠ ᠶᠢ ᠳᠠᠪᠠᠵᠤ᠂ ᠰᠠᠭᠤᠭᠠᠯᠢ ᠠᠷᠠᠳ ᠤᠨ ᠣᠶᠤᠨ ᠤ ᠰᠣᠶᠣᠯ ᠤᠨ ᠠᠮᠢᠳᠤᠷᠠᠯ ᠢ ᠲᠦᠢᠯ ᠤᠨ ᠶᠡᠭᠡ ᠪᠠᠷ ᠪᠠᠶᠠᠯᠢᠭᠵᠢᠭᠤᠯᠪᠠ᠃ ︽ᠬᠤᠪᠢᠰᠬᠠᠯ ᠢᠶᠠᠷ ᠡᠨᠧᠷᠭᠢ ᠣᠯᠭᠤᠬᠤ ᠪᠠᠷ ᠬᠥᠳᠡᠯᠭᠡᠬᠦ ᠬᠦᠴᠦᠨ ᠪᠣᠯᠭᠠᠵᠤ᠂ ︿ᠲᠠᠪᠤᠨ ᠭᠤᠤᠯ﹀ ᠦᠢᠯᠡᠴᠢᠯᠡᠭᠡ ᠶᠢ ᠭᠦᠨᠵᠡᠭᠡᠶᠢᠷᠡᠭᠦᠯᠵᠦ᠂ ᠦᠨᠡᠨ ᠰᠡᠳᠬᠢᠯ‌ᠡᠴᠠ ᠪᠠᠨ ᠰᠠᠭᠤᠭᠠᠯᠢ ᠠᠷᠠᠳ ᠲᠤ  ᠦᠢᠯᠡᠴᠢᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠨᠡᠶᠢᠭᠡᠮ ᠲᠣᠭᠤᠷᠢᠭ ᠤᠨ ᠨᠢᠭᠲᠠᠷᠠᠯ ᠤᠨ ᠬᠦᠴᠦᠨ ᠢ ᠴᠢᠩᠭᠠᠳᠬᠠᠬᠤ ᠪᠣᠯ ᠮᠠᠨ ᠤ ᠨᠡᠶᠢᠭᠡᠮ ᠲᠣᠭᠤᠷᠢᠭ ᠤᠨ ᠠᠵᠢᠯᠲᠠᠨ ᠨᠢᠭᠡᠪᠦᠷᠢ ᠶᠢᠨ ᠬᠠᠷᠢᠭᠤᠴᠠᠯᠭ᠎ᠠ ᠮᠥᠨ᠂ ᠲᠠᠷᠠᠭᠠᠴᠢ ᠶᠢᠨ ᠠᠯᠬᠤᠮ ᠳᠤ᠂ ᠪᠢᠳᠡ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠬᠢᠷᠢ ᠲᠦᠪᠰᠢᠨ  ᠢᠶᠠᠨ ᠦᠷᠭᠦᠯᠵᠢᠯᠡᠨ ᠳᠡᠭᠡᠭᠰᠢᠯᠡᠭᠦᠯᠵᠦ᠂ ᠰᠠᠭᠤᠭᠠᠯᠢ ᠠᠷᠠᠳ ᠲᠤ ᠨᠠᠩ ᠬᠠᠯᠠᠭᠤᠨ ᠳᠤᠯᠠᠭᠠᠨ᠂ ᠡᠶ᠎ᠡ ᠵᠣᠬᠢᠴᠠᠩᠭᠤᠶ ᠣᠷᠣᠨ ᠰᠠᠭᠤᠴᠠ ᠶᠢᠨ ᠣᠷᠴᠢᠨ ᠨᠥᠬᠦᠴᠡᠯ ᠢ ᠪᠣᠶ ᠪᠣᠯᠭᠠᠵᠤ ᠥᠭᠭᠦᠨ᠎ᠡ ︾ ᠭᠡᠵᠦ ᠮᠢᠩ ᠵᠦ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ ᠳᠦᠩ ᠵᠢᠶᠠᠩ ᠬᠤᠸᠠ ᠬᠡᠯᠡᠪᠡ᠃ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠦᠩ ᠬᠠᠮ ᠵᠠᠭᠤᠴᠢᠯᠠᠭᠤᠷ        
 
ᠢᠷᠡᠯᠲᠡ᠄ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1