ᠲᠣᠭᠲᠠᠬᠤ ᠰᠢᠶᠠᠨ ᠤ 5.5 ᠲᠦᠮᠡᠨ ᠮᠦ ᠨᠡᠷᠡᠨ ᠬᠤᠸᠠᠷ ᠳᠡᠯᠭᠡᠷᠡᠬᠦ ᠤᠯᠠᠷᠢᠯ  ᠳᠠᠭᠠᠨ ᠣᠷᠣᠪᠠ
ᠨᠡᠶᠢᠲᠡᠯᠡᠭᠰᠡᠨ ᠴᠠᠭ᠄
2024/9/3
      ᠨᠠᠮᠤᠷ  ᠤᠨ ᠤᠯᠠᠷᠢᠯ ᠳᠤ ᠬᠥᠬᠡᠬᠤᠲᠠ ᠶᠢᠨ ᠲᠣᠭᠲᠠᠬᠤ ᠰᠢᠶᠠᠨ ᠤ 5.5 ᠲᠦᠮᠡᠨ ᠮᠦ ᠨᠡᠷᠡᠨ ᠬᠤᠸᠠᠷ ᠪᠠᠳᠠᠷᠠᠨ ᠳᠡᠯᠭᠡᠷᠡᠬᠦ ᠤᠯᠠᠷᠢᠯ  ᠳᠠᠭᠠᠨ ᠣᠷᠣᠪᠠ᠃
     8 ᠳ᠋ᠤᠭᠠᠷ ᠰᠠᠷ᠎ᠠ ᠶᠢᠨ 29 ᠤ ᠡᠳᠦᠷ ᠲᠤ᠂ ᠰᠤᠷᠪᠤᠯᠵᠢᠯᠠᠭᠴᠢ ᠠᠴᠠ ᠲᠣᠭᠲᠠᠬᠤ  ᠰᠢᠶᠠᠨ ᠤ ᠲᠠᠪᠢᠨ ᠭᠡᠷ ᠪᠠᠯᠭᠠᠰᠤᠨ ᠤ ᠳ᠋ᠠ ᠪᠧᠢ ᠶᠣᠣ ᠲᠤᠰᠬᠤᠨ ᠤ ᠨᠡᠷᠡᠨ ᠬᠤᠸᠠᠷ ᠤᠨ ᠲᠠᠷᠢᠶᠠᠨ ᠭᠠᠵᠠᠷ ᠲᠤ  ᠬᠦᠷᠴᠦ ᠰᠤᠷᠪᠤᠯᠵᠢᠯᠠᠪᠠ᠃
     ᠡᠨᠡ ᠵᠢᠯ ᠠᠴᠠ ᠡᠬᠢᠯᠡᠨ ᠲᠣᠭᠲᠠᠬᠤ ᠰᠢᠶᠠᠨ  ᠤ ᠬᠡᠪᠴᠢᠶᠡᠵᠢᠭᠰᠡᠨ᠂ ᠪᠠᠷᠢᠮᠵᠢᠶᠠᠵᠢᠭᠰᠠᠨ ᠲᠠᠷᠢᠶᠠᠯᠠᠩ ᠢ ᠢᠳᠡᠪᠬᠢᠲᠡᠢ ᠠᠬᠢᠭᠤᠯᠪᠠ᠃ ᠲᠣᠰ ᠭᠠᠵᠠᠷ ᠤᠨ ᠬᠥᠷᠥᠰᠥ ᠰᠢᠷᠣᠶ ᠶᠢᠨ ᠣᠨᠴᠠᠯᠢᠭ ᠢ ᠭᠦᠨᠵᠡᠭᠡᠶ ᠪᠠᠶᠢᠴᠠᠭᠠᠨ ᠰᠤᠳᠤᠯᠤᠭᠰᠠᠨ ᠤ ᠳᠠᠷᠠᠭ᠎ᠠ᠂ ᠨᠡᠷᠡᠨ ᠬᠤᠸᠠᠷ ᠤᠨ ᠬᠤᠵᠢᠷ  ᠭᠠᠵᠠᠷ ᠲᠤ ᠲᠡᠰᠪᠦᠷᠢᠲᠡᠶ᠂ ᠭᠠᠩ ᠬᠠᠭᠰᠠᠷᠠᠭᠠᠨ ᠳᠤ ᠲᠡᠰᠪᠦᠷᠢᠲᠡᠶ ᠣᠨᠴᠠᠯᠢᠭ ᠢ ᠭᠦᠢᠴᠡᠳ ᠠᠰᠢᠭᠯᠠᠨ᠂ 5.5 ᠲᠦᠮᠡᠨ ᠮᠥ ᠨᠡᠷᠡᠨ ᠬᠤᠸᠠᠷ ᠤᠨ ᠲᠠᠷᠢᠮᠠᠯ ᠤᠨ ᠲᠥᠷᠥᠯ ᠵᠦᠢᠯ ᠢ ᠲᠠᠷᠢᠵᠦ ᠬᠡᠷᠡᠭᠵᠢᠭᠦᠯᠪᠡ᠃ ᠲᠠᠷᠢᠶᠠᠯᠠᠩ ᠢ ᠢᠳᠡᠪᠬᠢᠲᠡᠢ ᠬᠥᠭᠵᠢᠭᠦᠯᠬᠦ ᠶᠢᠨ ᠬᠠᠮᠲᠤ ᠥᠪᠡᠷᠮᠢᠴᠡ ᠣᠨᠴᠠᠯᠢᠭ ᠲᠠᠢ ᠲᠠᠷᠢᠶᠠᠯᠠᠩ ᠪᠠ ᠵᠢᠭᠤᠯᠴᠢᠯᠠᠯ ᠢ ᠨᠢᠭᠡ ᠴᠣᠭᠴᠠᠵᠢᠭᠤᠯᠬᠤ ᠬᠥᠭᠵᠢᠯᠲᠡ ᠶᠢᠨ ᠵᠠᠮ ᠢ ᠬᠠᠶᠢᠨ ᠰᠦᠪᠡᠭᠴᠢᠯᠡᠵᠦ ᠪᠠᠶᠢᠨ᠎ᠠ᠃ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠦᠩ ᠬᠠᠮ ᠵᠠᠭᠤᠴᠢᠯᠠᠭᠤᠷ        
 
ᠢᠷᠡᠯᠲᠡ᠄ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1