ᠪᠢᠳᠡ ᠰᠤᠷᠭᠠᠭᠤᠯᠢ ᠡᠬᠢᠯᠡᠯ᠎ᠡ︕
ᠨᠡᠶᠢᠲᠡᠯᠡᠭᠰᠡᠨ ᠴᠠᠭ᠄
2024/9/3
     9 ᠳ᠋ᠤᠭᠡᠷ ᠰᠠᠷ᠎ᠠ ᠶᠢᠨ 2 ᠤᠨ ᠡᠳᠦᠷ ᠪᠤᠯ ᠰᠤᠷᠭᠠᠭᠤᠯᠢ ᠡᠬᠢᠯᠡᠭᠰᠡᠨ ᠠᠩᠬᠠᠨ ᠤ ᠡᠳᠦᠷ ᠶᠤᠮ᠂ ᠲᠣᠭᠲᠠᠬᠤ ᠰᠢᠶᠠᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠬᠦᠷ ᠬᠥᠭᠵᠢᠶᠡᠨ ᠲᠠᠢ ᠪᠠᠷ ᠰᠤᠷᠭᠠᠭᠤᠯᠢ ᠡᠬᠢᠯᠡᠬᠦ ᠤᠯᠠᠷᠢᠯ ᠢ ᠤᠭᠲᠤᠨ᠂ ᠰᠤᠷᠭᠠᠭᠤᠯᠢ ᠶᠢᠨ ᠬᠦᠷᠢᠶᠡᠨ ᠳᠤ ᠣᠨᠴᠠᠭᠠᠢ ᠠᠮᠢᠵᠢᠷᠠᠯ ᠤᠨ ᠬᠦᠴᠦᠨ ᠢᠶᠠᠷ ᠪᠢᠯᠬᠠᠯ᠎ᠠ᠃
     ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠪᠣᠯᠤᠨ ᠬᠡᠦᠬᠡᠳ ᠤᠨ ᠴᠡᠴᠡᠷᠯᠢᠭ ᠤᠨ ᠪᠢᠴᠢᠬᠠᠨ ᠨᠠᠶᠢᠵᠠ ᠨᠠᠷ ᠰᠢᠨ᠎ᠡ ᠰᠤᠷᠤᠯᠭ᠎ᠠ ᠶᠢᠨ ᠬᠤᠭᠤᠴᠠᠭᠠᠨ  ᠳᠠᠭᠠᠨ ᠬᠢᠵᠠᠭᠠᠯᠠᠰᠢ ᠦᠭᠡᠢ ᠬᠦᠰᠡᠯ ᠡᠷᠡᠮᠡᠯᠵᠡᠯ ᠢᠶᠠᠨ ᠡᠪᠦᠷᠯᠡᠨ᠂ ᠪᠠᠶᠠᠷ ᠪᠠᠶᠠᠰᠬᠤᠯᠠᠩ ᠲᠠᠢ  ᠪᠠᠷ ᠰᠤᠷᠭᠠᠭᠤᠯᠢ ᠳᠠᠭᠠᠨ ᠬᠦᠷᠴᠦ ᠤᠴᠢᠪᠠ  ᠃ ᠡᠯ᠎ᠡ ᠰᠤᠷᠭᠠᠭᠤᠯᠢ ᠶᠢᠨ ᠬᠦᠷᠢᠶᠡᠨ ᠳᠤ ᠬᠠᠯᠠᠭᠤᠨ ᠳᠤᠯᠠᠭᠠᠨ  ᠂ ᠡᠶ᠎ᠡ ᠵᠣᠬᠢᠴᠠᠩᠭᠤᠢ᠂ ᠪᠠᠶᠠᠷ ᠬᠦᠷ ᠲᠠᠢ ᠠᠭᠤᠷ ᠠᠮᠢᠰᠬᠤᠯ ᠢᠶᠠᠷ ᠪᠢᠯᠬᠠᠪᠠ᠃
      ᠤᠯᠤᠰ ᠤᠨ ᠲᠤᠭ ᠢ  ᠦᠨᠳᠦᠷ ᠮᠠᠨᠳᠤᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ᠂ ᠪᠣᠯᠪᠠᠰᠤᠨ ᠶᠣᠰᠣᠯᠠᠯ ᠤᠨ ᠬᠥᠮᠦᠵᠢᠯ᠂ ᠠᠮᠤᠷ ᠲᠦᠪᠰᠢᠨ ᠤ ᠬᠥᠮᠦᠵᠢᠯ ᠵᠡᠷᠭᠡ ᠤᠯᠠᠨ ᠬᠡᠯᠪᠡᠷᠢ ᠶᠢᠨ ᠰᠤᠷᠤᠯᠭ᠎ᠠ ᠡᠬᠢᠯᠡᠬᠦ ᠠᠩᠬᠠᠨ ᠤ ᠬᠢᠴᠢᠶᠡᠯ ᠢ ᠡᠬᠢᠯᠡᠭᠦᠯᠵᠦ᠂ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠠᠮᠢᠳᠤᠷᠠᠯ ᠪᠠ ᠰᠤᠷᠤᠯᠴᠠᠯᠭ᠎ᠠ  ᠢᠶᠠᠨ ᠡᠬᠢᠯᠡᠭᠦᠯᠪᠡ᠃ ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠦᠩ ᠬᠠᠮ ᠵᠠᠭᠤᠴᠢᠯᠠᠭᠤᠷ    
 
ᠢᠷᠡᠯᠲᠡ᠄ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1