ᠲᠣᠭᠠᠴᠢᠯᠠᠭᠰᠠᠨ ᠭᠡᠷ ᠪᠦᠯᠢ ᠶᠢᠨ ᠪᠠᠶᠢᠭᠤᠯᠤᠯᠲᠠ ᠶᠢᠨ ᠳᠤᠮᠳᠠ ᠬᠤᠭᠤᠴᠠᠭᠠᠨ ᠤ ᠦᠨᠡᠯᠡᠯᠲᠡ ᠶᠢᠨ ᠦᠷ᠎ᠡ ᠳ᠋ᠦᠩ ᠢ ᠤᠶᠢᠯᠠᠭᠠᠭᠠᠷᠠᠢ︕
ᠨᠡᠶᠢᠲᠡᠯᠡᠭᠰᠡᠨ ᠴᠠᠭ᠄
2024/9/3
      ︽ᠲᠣᠭᠠᠴᠢᠯᠠᠭᠰᠠᠨ ᠭᠡᠷ ᠪᠦᠯᠢ ᠶᠢᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠤᠨ ᠳᠤᠮᠳᠠ ᠬᠤᠭᠤᠴᠠᠭᠠᠨ ᠤ ᠦᠨᠡᠯᠡᠯᠳᠡ ᠶᠢ ᠥᠷᠨᠢᠭᠦᠯᠬᠦ ᠲᠤᠬᠠᠶ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠠᠴᠠ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠲᠠᠢ ᠬᠠᠮᠲᠤᠷᠠᠨ 19 ᠲᠣᠭᠠᠴᠢᠯᠠᠭᠰᠠᠨ ᠭᠡᠷ ᠪᠦᠯᠢ ᠶᠢᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠲᠤ ᠳᠤᠮᠳᠠ ᠬᠤᠭᠤᠴᠠᠭᠠᠨ ᠤ ᠦᠨᠡᠯᠡᠯᠲᠡ ᠶᠢᠨ ᠠᠵᠢᠯ ᠢ ᠥᠷᠨᠢᠭᠦᠯᠪᠡ᠃      ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠦᠭᠰᠡᠨ ᠠᠴᠠ ᠨᠠᠰᠢ᠂ ᠡᠯ᠎ᠡ ᠲᠤᠷᠰᠢᠯᠲᠠ ᠶᠢᠨ ᠴᠡᠭ ᠤᠨ ᠬᠤᠲᠠ ᠶᠢᠨ ᠬᠢᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠ ᠲᠣᠭᠠᠴᠢᠯᠠᠭᠰᠠᠨ ᠠᠵᠤ ᠠᠬᠤᠶ ᠶᠢ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠲᠣᠭᠠᠴᠢᠯᠠᠭᠰᠠᠨ ᠬᠡᠷ ᠪᠦᠯᠢ ᠶᠢᠨ ᠪᠠᠶᠢᠭᠤᠯᠤᠯᠳᠠ ᠶᠢ ᠲᠦᠷᠭᠡᠳᠬᠡᠨ ᠬᠥᠭᠵᠢᠭᠦᠯᠵᠦ᠂ ᠣᠷᠣᠰᠢᠨ ᠰᠠᠭᠤᠬᠤ ᠶᠠᠰᠤ ᠴᠢᠨᠠᠷ ᠢ ᠳᠡᠭᠡᠭᠰᠢᠯᠡᠭᠦᠯᠬᠦ᠂ ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠰᠠᠶᠢᠵᠢᠷᠠᠭᠤᠯᠬᠤ ᠪᠠᠷ ᠬᠠᠷᠠᠯᠲᠠ ᠪᠣᠯᠭᠠᠵᠤ᠂ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠡᠯ᠎ᠡ ᠵᠦᠢᠯ ᠤᠨ ᠲᠤᠷᠰᠢᠯᠲᠠ ᠶᠢᠨ ᠴᠡᠭ ᠤᠨ ᠡᠭᠦᠷᠭᠡ ᠶᠢ ᠡᠮᠬᠢ ᠵᠢᠷᠤᠮ ᠲᠠᠢ ᠪᠠᠷ ᠠᠬᠢᠭᠤᠯᠬᠤ ᠶᠢᠨ ᠬᠠᠮᠲᠤ ᠢᠳᠡᠪᠬᠢᠲᠡᠶ ᠠᠬᠢᠴᠠ ᠪᠠ ᠦᠷ᠎ᠡ ᠪᠦᠲᠦᠮᠵᠢ ᠤᠯᠪᠠ᠃      ᠬᠤᠯᠪᠣᠭᠳᠠᠯ ᠪᠦᠬᠦᠢ ᠲᠤᠰᠬᠠᠶ ᠮᠡᠷᠭᠡᠵᠢᠯᠲᠡᠨ ᠤ ᠭᠦᠢᠴᠡᠳ ᠰᠤᠳᠤᠯᠤᠨ ᠶᠠᠷᠢᠯᠴᠠᠵᠤ ᠬᠢᠨᠠᠨ ᠲᠣᠭᠲᠠᠭᠠᠬᠤ ᠂ ᠬᠡᠰᠡᠭ ᠲᠤᠷᠰᠢᠯᠲᠠ ᠶᠢᠨ ᠴᠡᠭ ᠲᠤ ᠲᠤᠬᠠᠶ ᠶᠢᠨ ᠭᠠᠵᠠᠷ ᠲᠤᠨᠢ ᠳᠠᠬᠢᠨ ᠬᠢᠨᠠᠨ ᠬᠠᠷᠭᠤᠭᠤᠯᠤᠯᠳᠠ ᠬᠢᠬᠦ ᠪᠠᠷ ᠲᠠᠮᠵᠢᠨ ᠂ ᠱᠠᠨᠳᠦ᠋ᠩ ᠮᠤᠵᠢ ᠶᠢᠨ ᠴᠢᠩᠳᠣᠤ ᠬᠤᠲᠠ ᠶᠢᠨ ᠴᠧᠩ ᠶᠠᠩ ᠲᠣᠭᠤᠷᠢᠭ᠂ ᠵᠢᠶᠠᠩᠰᠦ ᠮᠤᠵᠢ ᠶᠢᠨ ᠰᠦᠵᠸᠦ ᠬᠤᠲᠠ ᠶᠢᠨ ᠵᠠᠩ ᠵᠢᠶᠠ ᠭᠠᠩ ᠬᠤᠲᠠ᠂ ᠱᠠᠩᠬᠠᠶ ᠬᠤᠲᠠ ᠶᠢᠨ ᠳᠤᠮᠳᠠᠳᠤ ᠤᠯᠤᠰ ︵ᠱᠠᠩᠬᠠᠶ︶ ᠤᠨ ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠯᠢᠨ ᠭᠠᠩ ᠰᠢᠨ᠎ᠡ ᠲᠣᠭᠤᠷᠢᠭ᠂ ᠵᠢᠶᠠᠩᠰᠦ ᠮᠤᠵᠢ ᠶᠢᠨ ᠰᠦᠵᠸᠦ ᠬᠤᠲᠠ ᠶᠢᠨ ᠰᠢᠶᠠᠩ ᠴᠧᠩ ᠲᠣᠭᠤᠷᠢᠭ᠂ ᠭᠤᠸᠠᠩᠳᠦ᠋ᠩ ᠮᠤᠵᠢ ᠶᠢᠨ ᠭᠤᠸᠠᠩᠵᠧᠦ ᠬᠤᠲᠠ ᠶᠢᠨ ᠹᠠᠨ ᠢᠦᠶ ᠲᠣᠭᠤᠷᠢᠭ᠂ ᠰᠢᠨᠵᠢᠶᠠᠩ ᠤᠨ ᠣᠶᠢᠭᠤᠷ ᠤᠨ ᠥᠪᠡᠷᠲᠡᠭᠡᠨ ᠵᠠᠰᠠᠬᠤ ᠣᠷᠣᠨ ᠤ ᠺᠷᠠᠮᠠᠢ ᠬᠤᠲᠠ ᠶᠢᠨ ᠪᠠᠶ ᠵᠢᠶᠠᠨ ᠲᠠᠨ ᠲᠤᠭᠤᠷᠢᠭ᠂ ᠭᠤᠸᠠᠩᠳᠦ᠋ᠩ ᠮᠤᠵᠢ ᠶᠢᠨ ᠱᠧᠨᠵᠧᠨ ᠬᠤᠲᠠ ᠶᠢᠨ ᠯᠦᠩ ᠭᠠᠩ ᠲᠣᠭᠤᠷᠢᠭ ᠵᠡᠷᠭᠡ 7 ᠭᠠᠵᠠᠷ ᠣᠷᠣᠨ ᠢ ᠲᠤᠷᠰᠢᠯᠳᠡ ᠶᠢᠨ ᠠᠵᠢᠯ ᠢ ᠨᠢᠭᠡᠨᠳᠡ ᠪᠡᠶᠡᠯᠡᠭᠦᠯᠦᠭᠰᠡᠨ ᠭᠠᠵᠠᠷ ᠣᠷᠣᠨ ᠢᠶᠠᠷ ᠦᠨᠡᠯᠡᠨ ᠲᠣᠭᠲᠠᠭᠠᠪᠠ᠃ ᠵᠧᠵᠢᠶᠠᠩ ᠮᠣᠵᠢ ᠶᠢᠨ ᠬᠤᠵᠧᠤ ᠬᠤᠲᠠ ᠶᠢᠨ ᠡᠤ ᠰᠢᠩ ᠳᠣᠭᠤᠷᠢᠭ᠂ ᠪᠡᠭᠡᠵᠢᠩ ᠬᠤᠲᠠ ᠶᠢᠨ ᠴᠠᠩ ᠫᠢᠩ ᠳᠣᠭᠤᠷᠢᠭ᠂ ᠰᠧᠴᠣᠠᠨ ᠮᠣᠵᠢ ᠶᠢᠨ ᠶᠠ ᠠᠨ ᠬᠤᠲᠠ ᠶᠢᠨ ᠢᠣᠢ ᠴᠧᠩ ᠳᠣᠭᠤᠷᠢᠭ᠂ ᠵᠧᠵᠢᠶᠠᠩ ᠮᠣᠵᠢ ᠶᠢᠨ ᠶᠢᠨ ᠬᠤᠸᠠ ᠬᠤᠲᠠ ᠶᠢᠨ ᠶᠢᠨ ᠳ᠋ᠦᠩ ᠳᠣᠭᠤᠷᠢᠭ ᠵᠡᠷᠭᠡ 4 ᠭᠠᠵᠠᠷ ᠣᠷᠣᠠ ᠢ ᠲᠤᠷᠰᠢᠯᠳᠡ ᠶᠢᠨ ᠠᠵᠢᠯ ᠢ ᠣᠢᠠᠲᠣᠰᠣᠠ  ᠳᠡᠭᠡᠨ ᠪᠡᠶᠡᠯᠡᠭᠦᠯᠦᠭᠰᠡᠨ ᠭᠠᠵᠠᠷ ᠣᠷᠣᠠ ᠢᠶᠠᠷ ᠦᠨᠡᠯᠡᠨ ᠲᠤᠭᠳᠠᠭᠠᠪᠠ᠃ ᠠᠨᠾᠦ᠋ᠢ ᠮᠣᠵᠢ ᠶᠢᠨ ᠰᠢᠤᠸᠠᠨ ᠴᠧᠩ ᠬᠤᠲᠠ ᠶᠢᠨ ᠨᠢᠩ ᠭᠦᠸᠧ ᠬᠤᠲᠠ᠂ ᠹᠦᠵᠢᠶᠠᠨ ᠮᠣᠵᠢ ᠶᠢᠨ ᠰᠢᠶᠠᠮᠧᠨ ᠬᠤᠲᠠ ᠶᠢᠨ ᠬᠠᠢ ᠼᠠᠩ ᠲᠣᠭᠤᠷᠢᠭ᠂ ᠨᠢᠩᠰᠢᠶᠠ ᠶᠢᠨ ᠬᠤᠲᠣᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠢᠷᠭᠠᠢ ᠬᠤᠲᠠ ᠶᠢᠨ ᠶᠢᠨ ᠹᠧᠩ ᠲᠣᠭᠤᠷᠢᠭ᠂ ᠯᠢᠶᠣᠤᠨᠢᠩ ᠮᠣᠵᠢ ᠶᠢᠨ ᠱᠧᠨ ᠹᠦ᠋ ᠥᠭᠡᠷᠡᠴᠢᠯᠡᠯᠲᠡ ᠶᠢᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠲᠣᠭᠤᠷᠢᠭ᠂ ᠵᠧᠵᠢᠶᠠᠩ ᠮᠣᠵᠢ ᠶᠢᠨ ᠬᠤᠵᠧᠤ ᠬᠤᠲᠠ ᠶᠢᠨ ᠴᠠᠩ ᠰᠢᠩ ᠰᠢᠶᠠᠨ᠂ ᠭᠠᠨᠰᠦ ᠮᠣᠵᠢ ᠶᠢᠨ ᠵᠠᠩ ᠶᠧ ᠬᠤᠲᠠ ᠶᠢᠨ ᠭᠠᠨ ᠵᠧᠦ ᠲᠣᠭᠤᠷᠢᠭ᠂ ᠹᠦᠵᠢᠶᠠᠨ ᠮᠣᠵᠢ ᠶᠢᠨ ᠹᠦᠵᠸᠤ ᠬᠤᠲᠠ ᠶᠢᠨ ᠭᠦ᠋ ᠯᠧᠦ ᠲᠣᠭᠤᠷᠢᠭ ᠵᠡᠷᠭᠡ 7 ᠭᠠᠵᠠᠷ ᠣᠷᠣᠨ ᠢ ᠲᠤᠷᠰᠢᠯᠳᠡ ᠶᠢᠨ ᠠᠵᠢᠯ ᠤᠨ ᠬᠡᠰᠡᠭ ᠡᠭᠦᠷᠭᠡ ᠪᠠᠨ ᠪᠡᠶᠡᠯᠡᠭᠦᠯᠦᠭᠰᠡᠨ ᠭᠠᠵᠠᠷ ᠣᠷᠣᠨ ᠢᠶᠠᠷ ᠦᠨᠡᠯᠡᠨ ᠲᠤᠭᠳᠠᠭᠠᠪᠠ᠃      ᠲᠠᠷᠠᠭᠠᠴᠢ ᠶᠢᠨ ᠠᠯᠬᠤᠮ ᠳᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ︽ᠦᠢᠯᠡᠴᠢᠯᠡᠭᠡ ᠬᠡᠷᠡᠭᠯᠡᠭᠡ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠳᠠᠬᠢ ︽ᠲᠣᠭᠠᠴᠢᠯᠠᠭᠰᠠᠨ ᠬᠡᠷ ᠪᠦᠯᠢ ᠶᠢᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠢ ᠥᠷᠨᠢᠭᠦᠯᠵᠦ᠂ ᠰᠠᠭᠤᠭᠠᠯᠢ ᠠᠷᠠᠳ ᠤᠨ ᠤᠷᠤᠨ ᠰᠠᠭᠤᠴᠠ ᠶᠢᠨ ᠤᠶᠤᠨᠴᠢᠯᠠᠭᠰᠠᠨ ᠦᠢᠯᠡᠴᠢᠯᠡᠭᠡ ᠪᠠ ᠰᠦᠯᠵᠢᠶᠡᠨ ᠳᠡᠭᠡᠷᠡᠬᠢ ᠨᠡᠶᠢᠭᠡᠮᠴᠢᠯᠡᠭᠰᠡᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠬᠠᠩᠭᠠᠨ᠎ᠠ︾ ᠭᠡᠬᠦ ᠬᠤᠯᠪᠣᠭᠳᠠᠯ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠲᠣᠭᠠᠴᠢᠯᠠᠭᠰᠠᠨ ᠬᠡᠷ ᠪᠦᠯᠢ ᠶᠢᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠢ ᠲᠦᠷᠭᠡᠳᠬᠡᠨ ᠠᠬᠢᠭᠤᠯᠤᠨ᠎ᠠ᠃ ︽ᠰᠠᠶᠢᠨ ᠭᠡᠷ︾ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ᠂ ᠲᠡᠰ ᠲᠠᠪᠬᠤᠷᠭ᠎ᠠ ᠬᠤᠪᠢᠶᠠᠨ ᠲᠣᠭᠠᠴᠢᠯᠠᠭᠰᠠᠨ ᠬᠡᠷ ᠪᠦᠯᠢ ᠶᠢᠨ ᠪᠠᠶᠢᠭᠤᠯᠤᠯᠳᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠢ ᠠᠬᠢᠭᠤᠯᠵᠤ᠂ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢ ᠦᠷᠭᠦᠯᠵᠢᠯᠡᠨ ᠴᠢᠩᠭᠠᠷᠠᠭᠤᠯᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠨ᠂ ᠲᠣᠭᠠᠴᠢᠯᠠᠭᠰᠠᠨ ᠬᠡᠷ ᠪᠦᠯᠢ ᠶᠢᠨ ᠬᠡᠷᠡᠭᠯᠡᠭᠡᠨ ᠤ ᠠᠬᠤᠶ ᠪᠠᠶᠢᠳᠠᠯ ᠢ ᠣᠯᠠᠨ ᠡᠰᠢᠵᠢᠭᠦᠯᠬᠦ ᠶᠢ ᠢᠳᠡᠪᠬᠢᠲᠡᠶ ᠠᠬᠢᠭᠤᠯᠵᠤ᠂ ᠠᠷᠠᠳ ᠣᠯᠠᠨ ᠤ ᠣᠷᠣᠰᠢᠨ ᠰᠠᠭᠤᠬᠤ ᠴᠢᠨᠠᠷ ᠴᠢᠨᠰᠠᠭ᠎ᠠ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1