9 ᠳ᠋ᠤᠭᠡᠷ ᠰᠠᠷ᠎ᠠ ᠶᠢᠨ 27 ᠤ ᠡᠳᠦᠷ᠂ ᠳᠤᠮᠳᠠᠳᠤ ᠤᠯᠤᠰ ᠤᠨ ᠠᠷᠠᠳ ᠤᠨ ᠪᠠᠩᠬᠢ᠄ 2024 ᠣᠨ ᠤ | 9 ᠳ᠋ᠤᠭᠡᠷ ᠰᠠᠷ᠎ᠠ ᠶᠢᠨ 27 ᠤ ᠡᠳᠦᠷ ᠠᠴᠠ ᠡᠬᠢᠯᠡᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ | ᠬᠠᠳᠠᠭᠠᠯᠠᠮᠵᠢ ᠶᠢᠨ ᠪᠡᠯᠡᠳᠬᠡᠯ ᠮᠥᠩᠭᠦᠨ ᠤ ᠨᠣᠷᠮ᠎ᠠ ᠶᠢ 0.5% ᠢᠶᠠᠷ ᠪᠠᠭᠤᠷᠠᠭᠤᠯᠤᠨ᠎ᠠ ︵ᠬᠠᠳᠠᠭᠠᠯᠠᠮᠵᠢ ᠶᠢᠨ | ᠪᠡᠯᠡᠳᠬᠡᠯ ᠮᠥᠩᠭᠦᠨ ᠤ ᠨᠣᠷᠮ᠎ᠠ ᠶᠢ ᠨᠢᠭᠡᠨᠲᠡ 5% ᠢᠶᠠᠷ ᠪᠠᠭᠤᠷᠠᠭᠤᠯᠬᠤ ᠶᠢ ᠬᠡᠷᠡᠭᠵᠢᠭᠦᠯᠦᠭᠰᠡᠨ ᠮᠥᠩᠭᠦᠨ | ᠭᠦᠢᠯᠭᠡᠭᠡᠨ ᠤ ᠪᠠᠶᠢᠭᠤᠯᠤᠮᠵᠢ ᠪᠠᠭᠲᠠᠬᠤ ᠦᠭᠡᠢ︶ ᠭᠡᠵᠤ ᠲᠤᠭᠳᠠᠵᠠᠢ᠃ ᠲᠣᠰ ᠤᠳᠠᠭ᠎ᠠ ᠪᠠᠭᠤᠷᠠᠭᠤᠯᠤᠭᠰᠠᠨ ᠤ | ᠳᠠᠷᠠᠭ᠎ᠠ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠳᠤᠮᠳᠠᠴᠢ ᠬᠠᠳᠠᠭᠠᠯᠠᠮᠵᠢ ᠶᠢᠨ ᠪᠡᠯᠡᠳᠬᠡᠯ ᠮᠥᠩᠭᠦᠨ ᠤ | ᠨᠣᠷᠮ᠎ᠠ ᠨᠢ ᠪᠠᠷᠤᠭ 6.6% ᠪᠣᠯᠣᠨ᠎ᠠ᠃ | ᠮᠥᠨ ᠡᠳᠦᠷ ᠲᠤ᠂ ᠳᠤᠮᠳᠠᠳᠤ ᠤᠯᠤᠰ ᠤᠨ ᠠᠷᠠᠳ ᠤᠨ ᠪᠠᠩᠬᠢ ᠠᠴᠠ᠂ ᠵᠣᠭᠤᠰᠤᠨ ᠤ ᠲᠥᠷᠥ ᠶᠢᠨ | ᠪᠣᠳᠣᠯᠭ᠎ᠠ ᠶᠢᠨ ᠦᠶᠡᠯᠡᠯ ᠤᠨ ᠬᠤᠭᠤᠴᠠᠭᠠᠨ ᠤ ᠡᠰᠡᠷᠭᠦ ᠲᠣᠬᠢᠷᠠᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ | ᠠᠵᠤ ᠠᠬᠤᠢ ᠶᠢᠨ ᠲᠣᠭᠲᠠᠭᠤᠨ ᠨᠡᠮᠡᠭᠳᠡᠯ ᠢ ᠳᠡᠮᠵᠢᠬᠦ ᠶᠢᠨ ᠲᠥᠯᠥᠭᠡ᠂ 9 ᠳ᠋ᠤᠭᠡᠷ ᠰᠠᠷ᠎ᠠ ᠶᠢᠨ 27 ᠤ | ᠡᠳᠦᠷ ᠠᠴᠠ ᠡᠬᠢᠯᠡᠨ ᠢᠯᠡ ᠵᠠᠬ᠎ᠠ ᠳᠡᠯᠭᠡᠭᠦᠷ ᠤᠨ 7 ᠡᠳᠦᠷ ᠤᠨ ᠬᠤᠭᠤᠴᠠᠭ᠎ᠠ ᠲᠠᠢ ᠰᠥᠷᠭᠡᠦ ᠬᠤᠳᠠᠯᠳᠤᠨ ᠠᠪᠬᠤ | ᠠᠵᠢᠯᠯᠠᠭᠠᠨ ᠤ ᠬᠦᠦ ᠮᠥᠩᠭᠦ ᠶᠢᠨ ᠨᠣᠷᠮ᠎ᠠ ᠶᠢ 1.70% ᠠᠴᠠ 1.50% ᠪᠤᠯᠭᠠᠨ ᠲᠣᠬᠢᠷᠠᠭᠤᠯᠤᠨ᠎ᠠ᠃ ᠢᠯᠡ | ᠵᠠᠬ᠎ᠠ ᠳᠡᠯᠭᠡᠭᠦᠷ ᠤᠨ 14 ᠡᠳᠦᠷ ᠤᠨ ᠬᠤᠭᠤᠴᠠᠭ᠎ᠠ ᠲᠠᠢ ᠰᠥᠷᠭᠡᠦ ᠪᠤᠴᠠᠭᠠᠨ ᠬᠤᠳᠠᠯᠳᠤᠨ ᠠᠪᠬᠤ ᠪᠠ ᠲᠦᠷ | ᠴᠠᠭ ᠤᠨ ᠡᠶᠡᠷᠭᠦ᠂ ᠰᠥᠷᠭᠡᠦ ᠪᠤᠴᠠᠭᠠᠨ ᠬᠤᠳᠠᠯᠳᠤᠨ ᠠᠪᠬᠤ ᠠᠵᠢᠯᠯᠠᠭᠠᠨ ᠤ ᠬᠦᠦ ᠮᠥᠩᠭᠦ ᠶᠢᠨ ᠨᠣᠷᠮ᠎ᠠ ᠶᠢ ᠢᠯᠡ | ᠵᠠᠬ᠎ᠠ ᠳᠡᠯᠭᠡᠭᠦᠷ ᠤᠨ 7 ᠡᠳᠦᠷ ᠤᠨ ᠬᠤᠭᠤᠴᠠᠭ᠎ᠠ ᠲᠠᠢ ᠰᠥᠷᠭᠡᠦ ᠪᠤᠴᠠᠭᠠᠨ ᠬᠤᠳᠠᠯᠳᠤᠨ ᠠᠪᠬᠤ ᠶᠢᠨ | ᠠᠵᠢᠯᠯᠠᠭᠠᠨ ᠤ ᠬᠦᠦ ᠮᠥᠩᠭᠦ ᠶᠢᠨ ᠨᠣᠷᠮ᠎ᠠ ᠶᠢᠨ ᠳᠡᠭᠡᠷ᠎ᠡ ᠦᠷᠭᠦᠯᠵᠢᠯᠡᠨ ᠨᠡᠮᠡᠬᠦ ᠬᠠᠰᠤᠬᠤ ᠴᠡᠭ ᠢᠶᠠᠷ ᠲᠣᠭᠲᠠᠭᠠᠵᠤ᠂ | ᠨᠡᠮᠡᠬᠦ ᠬᠠᠰᠤᠬᠤ ᠴᠡᠭ ᠤᠨ ᠬᠡᠮᠵᠢᠶ᠎ᠡ ᠶᠢ ᠬᠤᠪᠢᠷᠠᠭᠤᠯᠬᠤ ᠦᠭᠡᠢ ᠭᠡᠵᠤ ᠨᠡᠶᠢᠳᠡᠯᠡᠪᠡ᠃ | ᠲᠥᠪ ᠪᠠᠩᠬᠢ᠄ ᠳᠡᠮᠵᠢᠯᠭᠡ ᠶᠢᠨ ᠴᠢᠨᠠᠷᠲᠠᠢ ᠵᠣᠭᠤᠰᠤᠨ ᠤ ᠲᠥᠷᠥ ᠶᠢᠨ ᠪᠣᠳᠣᠯᠭ᠎ᠠ ᠶᠢᠨ ᠵᠣᠭᠰᠣᠯᠲᠠ ᠶᠢ | ᠪᠠᠷᠢᠮᠲᠠᠯᠠᠨ᠎ᠠ | ᠳᠤᠮᠳᠠᠳᠤ ᠤᠯᠤᠰ ᠤᠨ ᠠᠷᠠᠳ ᠤᠨ ᠪᠠᠩᠬᠢ ᠢᠯᠡᠷᠬᠡᠶᠢᠯᠡᠬᠦ ᠳᠡᠭᠡᠨ᠂ ᠳᠡᠮᠵᠢᠯᠭᠡ ᠶᠢᠨ ᠴᠢᠨᠠᠷᠲᠠᠢ ᠵᠣᠭᠤᠰᠤᠨ ᠤ | ᠲᠥᠷᠥ ᠶᠢᠨ ᠪᠣᠳᠣᠯᠭ᠎ᠠ ᠶᠢᠨ ᠵᠣᠭᠰᠣᠯᠲᠠ ᠶᠢ ᠪᠠᠷᠢᠮᠲᠠᠯᠠᠵᠤ᠂ ᠵᠣᠭᠤᠰᠤᠨ ᠤ ᠲᠥᠷᠥ ᠶᠢᠨ ᠪᠣᠳᠣᠯᠭ᠎ᠠ ᠶᠢᠨ | ᠲᠣᠬᠢᠷᠠᠭᠤᠯᠤᠯ ᠡᠵᠡᠮᠳᠡᠯ ᠤᠨ ᠡᠷᠴᠢᠮ ᠢ ᠴᠢᠩᠭᠠᠷᠠᠭᠤᠯᠤᠨ᠂ ᠵᠣᠭᠤᠰᠤᠨ ᠤ ᠲᠥᠷᠥ ᠶᠢᠨ ᠪᠣᠳᠣᠯᠭ᠎ᠠ ᠶᠢᠨ | ᠲᠣᠬᠢᠷᠠᠭᠤᠯᠤᠯ ᠡᠵᠡᠮᠳᠡᠯ ᠤᠨ ᠨᠠᠷᠢᠯᠢᠭ ᠣᠨᠣᠪᠴᠢᠲᠤ ᠴᠢᠨᠠᠷ ᠢ ᠳᠡᠭᠡᠭᠰᠢᠯᠡᠭᠦᠯᠵᠦ᠂ ᠳᠤᠮᠳᠠᠳᠤ ᠤᠯᠤᠰ ᠤᠨ ᠠᠵᠤ | ᠠᠬᠤᠢ ᠶᠢᠨ ᠲᠣᠭᠲᠠᠭᠤᠨ ᠢᠶᠠᠷ ᠨᠡᠮᠡᠭᠳᠡᠬᠦ ᠪᠠ ᠴᠢᠨᠠᠷ ᠰᠠᠶᠢᠲᠠᠢ ᠬᠦᠭᠵᠢᠯᠳᠡ ᠳᠤ ᠵᠣᠭᠤᠰ ᠮᠥᠩᠭᠦᠨ ᠭᠦᠢᠯᠭᠡᠭᠡᠨ ᠤ | ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠵᠤ ᠥᠭᠭᠦᠨ᠎ᠡ ᠭᠡᠵᠤ ᠢᠯᠡᠷᠬᠡᠶᠢᠯᠡᠪᠡ᠃ | ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠵᠣᠭᠤᠰᠤᠨ ᠤ ᠲᠥᠷᠥ ᠶᠢᠨ ᠪᠣᠳᠣᠯᠭ᠎ᠠ ᠶᠢᠨ ᠵᠤᠷᠭᠠᠨ ᠤ | ᠳᠠᠷᠤᠭ᠎ᠠ ᠵᠸᠤ ᠯᠠᠨ᠂ ᠲᠥᠪ ᠪᠠᠩᠬᠢ ᠠᠴᠠ 7 ᠡᠳᠦᠷ ᠤᠨ ᠬᠤᠭᠤᠴᠠᠭ᠎ᠠ ᠲᠠᠢ ᠪᠤᠴᠠᠭᠠᠵᠤ ᠬᠤᠳᠠᠯᠳᠤᠨ ᠠᠪᠬᠤ | ᠠᠵᠢᠯᠯᠠᠭᠠᠨ ᠤ ᠬᠦᠦ ᠮᠥᠩᠭᠦ ᠶᠢᠨ ᠨᠣᠷᠮ᠎ᠠ ᠶᠢ ᠲᠤᠳᠤᠷᠬᠠᠶᠢᠯᠠᠭᠰᠠᠨ ᠨᠢ ᠭᠤᠣᠯ ᠪᠣᠯᠬᠤ ᠲᠥᠷᠥ ᠶᠢᠨ | ᠪᠣᠳᠣᠯᠭ᠎ᠠ ᠶᠢᠨ ᠬᠦᠦ ᠮᠥᠩᠭᠦ ᠶᠢᠨ ᠨᠣᠷᠮ᠎ᠠ᠂ 7 ᠡᠳᠦᠷ ᠤᠨ ᠬᠤᠭᠤᠴᠠᠭ᠎ᠠ ᠲᠠᠢ ᠪᠤᠴᠠᠭᠠᠵᠤ ᠬᠤᠳᠠᠯᠳᠤᠨ ᠠᠪᠬᠤ | ᠤᠤᠯ ᠤᠨ ᠬᠦᠦ ᠮᠥᠩᠭᠦ ᠶᠢᠨ ᠨᠣᠷᠮ᠎ᠠ ᠶᠢ ᠳᠠᠭᠠᠭᠠᠴᠢᠯᠠᠯᠲᠠ ᠵᠠᠷᠯᠠᠬᠤ ᠠᠴᠠ ᠲᠣᠭᠲᠠᠮᠠᠯ ᠬᠦᠦ ᠮᠥᠩᠭᠦ ᠶᠢᠨ ᠨᠣᠷᠮ᠎ᠠ | ᠂ ᠲᠤᠭ᠎ᠠ ᠬᠡᠮᠵᠢᠶ᠎ᠡ ᠪᠠᠷ ᠳᠠᠭᠠᠭᠠᠴᠢᠯᠠᠯᠲᠠ ᠵᠠᠷᠯᠠᠬᠤ ᠪᠣᠯᠭᠠᠨ ᠥᠭᠡᠷᠡᠴᠢᠯᠡᠵᠦ᠂ ᠨᠢᠭᠡᠳᠦᠭᠡᠷ ᠳᠡᠰ ᠤᠨ ᠠᠷᠠᠯᠵᠢᠶᠠᠨ ᠤ | ᠬᠤᠳᠠᠯᠳᠤᠭᠠᠴᠢᠨ ᠤ ᠳᠠᠭᠠᠭᠠᠴᠢᠯᠠᠯᠲᠠ ᠳᠤ ᠣᠷᠣᠯᠴᠠᠬᠤ ᠬᠡᠷᠡᠭᠴᠡᠭᠡ ᠶᠢ ᠭᠦᠢᠴᠡᠳ ᠬᠠᠩᠭᠠᠵᠤ᠂ ᠬᠦᠦ ᠮᠥᠩᠭᠦ ᠶᠢᠨ | ᠨᠣᠷᠮ᠎ᠠ ᠨᠢ ᠳᠠᠭᠠᠭᠠᠴᠢᠯᠠᠯᠲᠠ ᠤᠯᠬᠤ ᠦᠷ᠎ᠡ ᠳ᠋ᠦᠩ ᠪᠢᠰᠢ᠂ ᠬᠠᠷᠢᠨ ᠲᠥᠪ ᠪᠠᠩᠬᠢ ᠠᠴᠠ ᠵᠣᠭᠤᠰᠤᠨ ᠤ ᠲᠥᠷᠥ | ᠶᠢᠨ ᠪᠣᠳᠣᠯᠭ᠎ᠠ ᠶᠢ ᠬᠡᠷᠡᠭᠵᠢᠭᠦᠯᠬᠦ ᠵᠡᠷᠭᠡ ᠬᠡᠷᠡᠭᠴᠡᠭᠡ ᠪᠠᠨ ᠦᠨᠳᠦᠰᠦᠯᠡᠨ ᠲᠤᠭᠳᠠᠭᠠᠬᠤ ᠪᠤᠯᠤᠨ᠎ᠠ᠂ ᠲᠤᠭ᠎ᠠ | ᠬᠡᠮᠵᠢᠶ᠎ᠡ ᠨᠢ ᠲᠥᠪ ᠪᠠᠩᠬᠢ ᠶᠢᠨ ᠭᠦᠢᠯᠭᠡᠭᠡᠨ ᠤ ᠴᠢᠨᠠᠷ ᠢ ᠲᠣᠬᠢᠷᠠᠭᠤᠯᠬᠤ ᠠᠷᠭ᠎ᠠ ᠪᠠᠷᠢᠯ ᠪᠢᠰᠢ᠂ ᠬᠠᠷᠢᠨ | ᠨᠢᠭᠡᠳᠦᠭᠡᠷ ᠳᠡᠰ ᠤᠨ ᠠᠷᠠᠯᠵᠢᠶᠠᠨ ᠤ ᠬᠤᠳᠠᠯᠳᠤᠭᠠᠴᠢᠨ ᠲᠥᠷᠥ ᠶᠢᠨ ᠪᠣᠳᠣᠯᠭ᠎ᠠ ᠶᠢᠨ ᠬᠦᠦ ᠮᠥᠩᠭᠦ ᠶᠢᠨ ᠨᠣᠷᠮ᠎ᠠ | ᠪᠣᠯᠣᠨ ᠵᠠᠬ᠎ᠠ ᠳᠡᠯᠭᠡᠭᠦᠷ ᠤᠨ ᠮᠠᠭᠠᠳᠯᠠᠯᠲᠠ ᠪᠠᠨ ᠦᠨᠳᠦᠰᠦᠯᠡᠨ ᠬᠠᠮᠲᠤ ᠪᠠᠷ ᠲᠤᠭᠳᠠᠭᠠᠬᠤ ᠪᠤᠯᠵᠠᠢ᠂ ᠡᠨᠡ ᠨᠢ | ᠪᠠᠶᠢᠭᠤᠯᠤᠮᠵᠢ ᠶᠢᠨ ᠭᠦᠢᠯᠭᠡᠭᠡᠨ ᠤ ᠴᠢᠨᠠᠷᠲᠠᠢ ᠬᠠᠮᠢᠶᠠᠷᠤᠯᠲᠠ ᠶᠢᠨ ᠰᠠᠨᠠᠭᠠᠴᠢᠯᠠᠭᠠᠲᠤ ᠴᠢᠨᠠᠷ ᠢ ᠳᠡᠭᠡᠭᠰᠢᠯᠡᠭᠦᠯᠬᠦ ᠳᠤ | ᠠᠰᠢᠭᠲᠠᠢ ᠶᠤᠮ᠃ | ᠲᠤᠰᠬᠠᠢ ᠮᠡᠷᠭᠡᠵᠢᠯᠲᠡᠨ᠄ ᠵᠠᠬ᠎ᠠ ᠳᠡᠯᠭᠡᠭᠦᠷ ᠤᠨ ᠡᠷᠡᠭᠦᠯ ᠢᠶᠠᠷ ᠥᠭᠡᠳᠡᠯᠡᠨ ᠬᠥᠭᠵᠢᠬᠦ ᠳᠤ ᠭᠦᠢᠴᠡᠳ | ᠬᠥᠳᠡᠯᠭᠡᠬᠦ ᠬᠦᠴᠦᠨ ᠬᠠᠩᠭᠠᠨ᠎ᠠ | ︽ᠲᠤᠰ ᠤᠳᠠᠭᠠᠨ ᠤ ᠲᠥᠷᠥ ᠶᠢᠨ ᠪᠣᠳᠣᠯᠭ᠎ᠠ ᠶᠢᠨ ᠬᠦᠦ ᠮᠥᠩᠭᠦ ᠶᠢᠨ ᠨᠣᠷᠮ᠎ᠠ ᠶᠢ ᠪᠠᠭᠤᠷᠠᠭᠤᠯᠤᠭᠰᠠᠨ | ᠬᠡᠮᠵᠢᠶ᠎ᠡ ᠨᠢ ᠣᠶᠢᠷ᠎ᠠ ᠶᠢᠨ ᠳᠥᠷᠪᠡᠨ ᠵᠢᠯ ᠳᠤ ᠬᠠᠮᠤᠭ ᠤᠨ ᠶᠡᠭᠡ ᠬᠡᠮᠵᠢᠶᠡᠨ ᠳᠤ ᠬᠦᠷᠴᠡᠢ᠂ ᠡᠨᠡ ᠪᠣᠯ ᠳᠡᠮᠵᠢᠯᠭᠡ | ᠶᠢᠨ ᠴᠢᠨᠠᠷᠲᠠᠢ ᠵᠣᠭᠤᠰᠤᠨ ᠤ ᠲᠥᠷᠥ ᠶᠢᠨ ᠪᠣᠳᠣᠯᠭ᠎ᠠ ᠶᠢᠨ ᠴᠢᠬᠤᠯᠠ ᠢᠯᠡᠷᠡᠯ ᠮᠥᠨ᠂ ᠡᠭᠦᠨ ᠢᠶᠠᠷ ᠳᠠᠮᠵᠢᠭᠤᠯᠤᠨ | ᠨᠡᠶᠢᠭᠡᠮ ᠤᠨ ᠶᠡᠷᠦᠩᠬᠡᠶᠢᠯᠡᠭᠰᠡᠨ ᠪᠡᠯᠡ ᠲᠤᠬᠢᠷᠠᠭᠤᠯᠭ᠎ᠠ ᠶᠢᠨ ᠦᠪᠡᠷ ᠤᠨ ᠦᠷᠳᠡᠭ ᠢ ᠪᠠᠭᠤᠷᠠᠭᠤᠯᠤᠨ᠎ᠠ᠃ ᠵᠤᠤ | ᠯᠢᠶᠠᠨ ᠬᠡᠷᠡᠭᠯᠡᠭᠡᠨ ᠮᠥᠩᠭᠦᠨ ᠭᠦᠢᠯᠭᠡᠭᠡᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠲᠡᠷᠢᠭᠦᠨ | ᠰᠤᠳᠤᠯᠤᠭᠴᠢ ᠳ᠋ᠦᠩ ᠰᠢ ᠮᠢᠶᠣᠣ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠲᠥᠷᠥ ᠶᠢᠨ ᠪᠣᠳᠣᠯᠭ᠎ᠠ ᠶᠢᠨ ᠬᠦᠦ | ᠮᠥᠩᠭᠦ ᠶᠢᠨ ᠨᠣᠷᠮ᠎ᠠ ᠶᠢ 20 ᠰᠠᠭᠤᠷᠢ ᠴᠡᠭ ᠪᠠᠭᠤᠷᠠᠭᠤᠯᠤᠭᠰᠠᠨ ᠨᠢ ︽ᠡᠷᠴᠢᠮ ᠲᠠᠢ︾ ᠪᠠᠶᠢᠬᠤ ᠱᠠᠭᠠᠷᠳᠠᠯᠭ᠎ᠠ ᠶᠢ | ᠬᠠᠷᠠᠭᠤᠯᠵᠤ ᠪᠠᠶᠢᠨ᠎ᠠ᠂ ᠵᠠᠬ᠎ᠠ ᠳᠡᠯᠭᠡᠭᠦᠷᠴᠢᠯᠡᠭᠰᠡᠨ ᠬᠦᠦ ᠮᠥᠩᠭᠦ ᠶᠢᠨ ᠨᠣᠷᠮ᠎ᠠ ᠶᠢᠨ ᠲᠣᠬᠢᠷᠠᠭᠤᠯᠤᠯ ᠡᠵᠡᠮᠳᠡᠯ ᠤᠨ | ᠲᠣᠭᠲᠠᠴᠠ ᠳᠣᠣᠷ᠎ᠠ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠬᠦᠦ ᠮᠥᠩᠭᠦ ᠶᠢᠨ ᠰᠠᠭᠤᠷᠢ ᠨᠣᠷᠮ᠎ᠠ ᠶᠢᠨ | ᠪᠠᠭᠤᠷᠠᠯᠲᠠ ᠶᠢ ᠳᠠᠶᠢᠴᠢᠯᠠᠬᠤ ᠪᠣᠯᠣᠨ᠎ᠠ ᠭᠡᠵᠡᠢ᠃ ᠡᠭᠦᠨ ᠠᠴᠠ ᠡᠮᠦᠨ᠎ᠡ ᠳᠤᠮᠳᠠᠳᠤ ᠤᠯᠤᠰ ᠤᠨ ᠠᠷᠠᠳ ᠤᠨ | ᠪᠠᠩᠬᠢ ᠶᠢᠨ ᠳᠠᠷᠤᠭ᠎ᠠ ᠫᠠᠨ ᠬᠥᠩ ᠱᠧᠩ 9 ᠳ᠋ᠤᠭᠡᠷ ᠰᠠᠷ᠎ᠠ ᠶᠢᠨ 24 ᠤ ᠡᠳᠦᠷ ᠤᠨ ᠰᠣᠨᠢᠨ ᠮᠡᠳᠡᠭᠡ ᠨᠡᠶᠢᠲᠡᠯᠡᠬᠦ | ᠬᠤᠷᠠᠯ ᠳᠡᠭᠡᠷ᠎ᠡ᠂ ᠣᠶᠢᠷ᠎ᠠ ᠶᠢᠨ ᠬᠤᠭᠤᠴᠠᠭᠠᠨ ᠳᠤ ᠬᠦᠦ ᠮᠥᠩᠭᠦ ᠶᠢᠨ ᠨᠣᠷᠮ᠎ᠠ ᠶᠢ ᠪᠠᠭᠤᠷᠠᠭᠤᠯᠤᠨ᠎ᠠ ᠭᠡᠵᠦ | ᠨᠡᠶᠢᠲᠡᠯᠡᠵᠦ᠂ 9 ᠳ᠋ᠤᠭᠡᠷ ᠰᠠᠷ᠎ᠠ ᠶᠢᠨ 25 ᠤ ᠡᠳᠦᠷ ᠥᠷᠨᠢᠭᠦᠯᠦᠭᠰᠡᠨ MLF ᠶᠢᠨ ᠠᠵᠢᠯᠯᠠᠭᠠᠨ ᠤ | ᠳᠠᠭᠠᠭᠠᠴᠢᠯᠠᠯᠲᠠ ᠣᠯᠣᠭᠰᠠᠨ ᠬᠦᠦ ᠮᠥᠩᠭᠦ ᠶᠢᠨ ᠨᠣᠷᠮ᠎ᠠ ᠶᠢ 30 ᠰᠠᠭᠤᠷᠢ ᠴᠡᠭ ᠪᠠᠭᠤᠷᠠᠭᠤᠯᠤᠨ᠎ᠠ ᠭᠡᠵᠡᠢ᠃ | ᠵᠢᠱᠢᠯᠲᠡ ᠪᠠᠷ ᠲᠣᠰ ᠤᠳᠠᠭᠠᠨ ᠤ ᠲᠥᠷᠥ ᠶᠢᠨ ᠪᠣᠳᠣᠯᠭ᠎ᠠ ᠶᠢᠨ ᠬᠦᠦ ᠮᠥᠩᠭᠦ ᠶᠢᠨ ᠨᠣᠷᠮ᠎ᠠ ᠶᠢ ᠪᠠᠭᠤᠷᠠᠭᠤᠯᠬᠤ ᠳᠤ | ᠪᠠᠰᠠ ᠬᠠᠳᠠᠭᠠᠯᠠᠮᠵᠢ ᠶᠢᠨ ᠬᠦᠦ ᠮᠥᠩᠭᠦ ᠶᠢᠨ ᠨᠣᠷᠮ᠎ᠠ ᠪᠠ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠦᠨ᠎ᠡ ᠮᠡᠳᠡᠭᠦᠯᠬᠦ | ᠬᠦᠦ ᠮᠥᠩᠭᠦ ᠶᠢᠨ ᠨᠣᠷᠮ᠎ᠠ ︵LPR︶ ᠶᠢ ᠵᠡᠷᠭᠡᠪᠡᠷ ᠪᠠᠭᠤᠷᠠᠭᠤᠯᠬᠤ ᠶᠢ ᠬᠥᠲᠥᠯᠥᠨ ᠵᠢᠯᠤᠭᠤᠳᠴᠤ᠂ | ᠬᠤᠳᠠᠯᠳᠤᠭᠠᠨ ᠤ ᠪᠠᠩᠬᠢ ᠶᠢᠨ ᠴᠡᠪᠡᠷ ᠬᠦᠦ ᠮᠦᠩᠭᠦ ᠶᠢᠨ ᠵᠦᠷᠢᠶ᠎ᠡ ᠶᠢ ᠲᠤᠭᠳᠠᠪᠦᠷᠢᠵᠢᠭᠤᠯᠤᠨᠠ᠃ ᠡᠭᠦᠨ ᠤ | ᠵᠡᠷᠭᠡᠴᠡᠭᠡᠪᠡᠷ ᠬᠦᠦ ᠮᠥᠩᠭᠦ ᠶᠢᠨ ᠨᠣᠷᠮ᠎ᠠ ᠶᠢ ᠪᠠᠭᠤᠷᠠᠭᠤᠯᠬᠤ ᠨᠢ ᠪᠣᠳᠠᠲᠤ ᠴᠣᠭᠴᠠ ᠶᠢᠨ ᠠᠵᠤ ᠠᠬᠤᠢ ᠶᠢᠨ | ᠶᠡᠷᠦᠩᠬᠡᠶᠢᠯᠡᠭᠰᠡᠨ ᠪᠡᠯᠡ ᠲᠣᠬᠢᠷᠠᠭᠤᠯᠬᠤ ᠥᠪᠡᠷ ᠤᠨ ᠥᠷᠲᠡᠭ ᠢ ᠪᠠᠭᠤᠷᠠᠭᠤᠯᠬᠤ ᠶᠢ ᠠᠬᠢᠭᠤᠯᠤᠨ᠎ᠠ᠃ | ᠳ᠋ᠦᠩ ᠰᠢ ᠮᠢᠶᠣᠣ᠂ ᠲᠥᠪ ᠪᠠᠩᠬᠢ ᠡᠨᠡ ᠤᠳᠠᠭ᠎ᠠ ᠬᠦᠦ ᠮᠥᠩᠭᠦ ᠶᠢᠨ ᠨᠣᠷᠮ᠎ᠠ ᠶᠢ ᠶᠡᠭᠡ ᠪᠠᠷ | ᠪᠠᠭᠤᠷᠠᠭᠤᠯᠤᠭᠰᠠᠨ ᠨᠢ ᠵᠠᠬ᠎ᠠ ᠳᠡᠯᠭᠡᠭᠦᠷ ᠤᠨ ᠢᠲᠡᠭᠡᠯ ᠢ ᠦᠷᠭᠦᠯᠵᠢᠯᠡᠨ ᠨᠡᠮᠡᠭᠳᠡᠭᠦᠯᠬᠦ ᠪᠣᠯᠣᠨ᠎ᠠ᠃ ᠣᠶᠢᠷ᠎ᠠ ᠶᠢᠨ | ᠬᠤᠭᠤᠴᠠᠭᠠᠨ ᠤ ᠠᠯᠢ ᠣᠯᠠᠨ ᠨᠡᠮᠡᠭᠳᠡᠯ ᠲᠥᠷᠥ ᠶᠢᠨ ᠪᠣᠳᠣᠯᠭ᠎ᠠ ᠶᠢᠨ ᠳᠡᠮᠵᠢᠯᠭᠡ ᠳᠣᠣᠷ᠎ᠠ᠂ ᠵᠠᠬ᠎ᠠ ᠳᠡᠯᠭᠡᠭᠦᠷ ᠤᠨ | ᠵᠢᠱᠢᠯᠲᠡ ᠢᠯᠡᠳᠲᠡ ᠰᠠᠶᠢᠵᠢᠷᠠᠵᠠᠢ᠂ ᠠᠷᠠᠳ ᠤᠨ ᠪᠠᠩᠬᠢ ᠥᠨᠥᠳᠥᠷ ᠤᠨ ᠥᠷᠯᠥᠭᠡ ᠶᠢᠨ 8 ᠴᠠᠭ ᠲᠤ᠂ ᠬᠦᠦ | ᠮᠥᠩᠭᠦ ᠶᠢᠨ ᠨᠣᠷᠮ᠎ᠠ ᠶᠢ ᠪᠠᠭᠤᠷᠠᠭᠤᠯᠤᠨ᠎ᠠ ᠭᠡᠵᠦ ᠠᠯᠪᠠᠨ ᠵᠠᠷ ᠨᠡᠶᠢᠲᠡᠯᠡᠭᠰᠡᠨ ᠨᠢ᠂ ᠲᠥᠷᠥ ᠶᠢᠨ ᠪᠣᠳᠣᠯᠭ᠎ᠠ ᠶᠢᠨ | ᠡᠷᠴᠢᠮ ᠤᠨ ᠦᠷᠭᠦᠯᠵᠢᠯᠡᠬᠦ ᠴᠢᠨᠠᠷ ᠢ ᠪᠠᠲᠤᠯᠠᠵᠤ᠂ ᠴᠢᠨᠠᠷ ᠰᠠᠶᠢᠲᠠᠢ ᠬᠥᠭᠵᠢᠯᠲᠡ ᠶᠢᠨ ᠬᠠᠮᠲᠤ ᠶᠢᠨ ᠲᠠᠨᠢᠯᠲᠠ ᠶᠢ | ᠤᠯᠠᠮ ᠨᠢᠭᠡ ᠠᠯᠬᠤᠮ ᠨᠢᠭᠲᠠᠷᠠᠭᠤᠯᠤᠨ᠂ ᠬᠥᠷᠥᠩᠭᠡ ᠶᠢᠨ ᠵᠠᠬ᠎ᠠ ᠳᠡᠯᠭᠡᠭᠦᠷ ᠤᠨ ᠦᠷᠭᠦᠯᠵᠢᠯᠡᠨ ᠲᠣᠭᠲᠠᠭᠤᠨ ᠤ | ᠳᠤᠮᠳᠠ ᠰᠠᠶᠢᠵᠢᠷᠠᠬᠤ ᠰᠠᠭᠤᠷᠢ ᠶᠢ ᠪᠠᠬᠢᠵᠢᠭᠦᠯᠵᠦ᠂ ᠵᠠᠬ᠎ᠠ ᠳᠡᠯᠭᠡᠭᠦᠷ ᠤᠨ ᠡᠷᠡᠭᠦᠯ ᠢᠶᠠᠷ ᠥᠭᠡᠳᠡᠯᠡᠨ ᠬᠥᠭᠵᠢᠬᠦ ᠳᠤ | ᠭᠦᠢᠴᠡᠳ ᠬᠥᠳᠡᠯᠭᠡᠬᠦ ᠬᠦᠴᠦᠨ ᠬᠠᠩᠭᠠᠬᠤ ᠳᠤ ᠠᠰᠢᠭᠲᠠᠢ ᠭᠡᠵᠡᠢ᠃ | ᠢᠷᠡᠯᠲᠡ᠄ ᠠᠷᠠᠳ ᠤᠨ ᠡᠳᠦᠷ ᠤᠨ ᠰᠣᠨᠢᠨ |