ᠲᠣᠭᠲᠠᠬᠤ ᠰᠢᠶᠠᠨ ᠤ 41 ᠳ᠋ᠦ᠋ᠭᠡᠷ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠶᠢᠨ ᠰᠠᠷ᠎ᠠ ︾ ᠶᠢᠨ  ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/9/4
      9 ᠳ᠋ᠤᠭᠡᠷ ᠰᠠᠷ᠎ᠠ ᠶᠢᠨ 3 ᠤ ᠡᠳᠦᠷ᠂ ᠲᠣᠭᠲᠠᠬᠤ ᠰᠢᠶᠠᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠲᠣᠭᠲᠠᠬᠤ ᠰᠢᠶᠠᠨ ᠤ ᠰᠣᠶᠣᠯ ᠵᠤᠭᠠᠴᠠᠯ ᠤᠨ ᠲᠣᠪᠴᠢᠶ᠎ᠠ  ᠵᠡᠷᠭᠡ ᠪᠠᠶᠢᠭᠤᠯᠭ᠎ᠠ ᠨᠢᠭᠡᠴᠢ ᠬᠠᠮᠲᠤᠷᠠᠨ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠯᠢᠭᠡᠷ ᠢ ᠰᠠᠶᠢᠲᠤᠷ ᠶᠠᠷᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ  ᠢᠶᠠᠨ ᠴᠣᠭᠴᠠᠯᠠᠶ᠎ᠠ︾ — ᠲᠣᠭᠲᠠᠬᠤ ᠰᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠠᠳᠤᠨ ᠭᠤᠤᠯ ᠤᠨ ᠰᠣᠶᠣᠯ ᠵᠤᠭᠠᠴᠠᠯ ᠤᠨ ᠨᠠᠶᠢᠷ ᠵᠢᠴᠢ 41 ᠳ᠋ᠦ᠋ᠭᠡᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠥᠷᠨᠢᠭᠦᠯᠪᠡ᠃
         ᠲᠣᠰ ᠤᠳᠠᠭᠠᠨ ᠤ ᠠᠵᠢᠯᠯᠠᠭ᠎ᠠ ᠨᠢ ᠤᠯᠠᠮᠵᠢᠯᠠᠯᠲᠤ ᠱᠠᠨ ᠰᠢ ᠵᠦᠴᠦᠭᠡ ᠪᠠᠷ ᠠᠴᠢᠶᠠᠯᠠᠪᠤᠷᠢ ᠪᠣᠯᠭᠠᠵᠤ᠂ ᠬᠥᠮᠦᠰ ᠤᠨ ᠪᠠᠭ᠋ᠠᠷᠬᠠᠯ ᠢ ᠲᠠᠲᠠᠭᠰᠠᠨ ᠫᠷᠤᠭ᠍ᠷᠠᠮ ᠳᠤ ᠠᠭᠤᠯᠤᠭᠳᠠᠵᠤ ᠪᠠᠶᠢᠭ᠎ᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠯᠧᠮᠧᠨ᠋ᠲ ᠢᠶᠠᠷ ᠳᠠᠮᠵᠢᠭᠤᠯᠤᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ︽ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠠᠯᠳᠠᠷ ᠢᠴᠢᠭᠦᠷᠢ ᠢᠶᠠᠨ ᠬᠠᠮᠲᠤᠳᠬᠠᠬᠤ᠂ ᠦᠬᠦᠵᠦ ᠰᠡᠭᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ︾ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠴᠢᠩᠭᠠᠳᠬᠠᠪᠠ᠃      ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠠᠵᠢᠯᠲᠠᠳ ᠪᠠ ᠣᠯᠠᠨ ᠲᠦᠮᠡᠨ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠤᠯᠢ﹀ ᠶᠢᠨ ᠬᠡᠷᠡᠭᠵᠢᠭᠦᠯᠬᠦ ᠠᠷᠭ᠎ᠠ︾᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠶᠢᠨ ᠬᠠᠭᠤᠳᠠᠰᠤ ᠵᠡᠷᠭᠡ ᠶᠢ ᠲᠠᠷᠬᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠳᠤᠳᠬᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠶᠢᠨ ᠤᠷᠢᠶ᠎ᠠ ᠯᠣᠽᠦ᠋ᠩ ᠢ ᠳᠠᠷᠤᠮᠠᠯᠯᠠᠭᠰᠠᠨ ᠬᠤᠷᠮᠦ᠋ᠢᠪᠴᠢ᠂ ᠪᠢᠴᠢᠭ ᠮᠠᠲ᠋ᠧᠷᠢᠶᠠᠯ ᠤᠨ ᠤᠭᠤᠲᠠ ᠵᠡᠷᠭᠡ ᠮᠠᠲ᠋ᠧᠷᠢᠶᠠᠯ ᠢ 1000 ᠭᠠᠷᠤᠶ ᠬᠤᠪᠢ ᠲᠠᠷᠬᠠᠭᠠᠵᠤ᠂ ᠣᠯᠠᠨ ᠲᠦᠮᠡᠨ ᠳᠤ ᠨᠠᠮ ᠤᠨ ᠦᠨᠳᠦᠰᠦᠲᠡᠨ ᠤ ᠣᠨᠣᠯ ᠪᠠ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ  ᠡᠷᠡᠬᠦᠯ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃

     

      ᠳᠠᠷᠠᠭᠠᠴᠢ ᠶᠢᠨ ᠠᠯᠬᠤᠮ ᠳᠤ᠂ ᠲᠣᠭᠲᠠᠬᠤ ᠰᠢᠶᠠᠨ ᠤ 41 ᠳ᠋ᠦ᠋ᠭᠡᠷ   ᠦᠨᠳᠦᠰᠦᠲᠡᠨ ᠤ ᠪᠦᠯᠬᠦᠮᠳᠡᠯ

ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠶᠢᠨ ᠡᠯ᠎ᠡ ᠵᠦᠢᠯ ᠤᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠢ

ᠥᠷᠨᠢᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ

ᠲᠤᠬᠠᠢ ᠴᠢᠬᠤᠯᠠ ᠦᠵᠡᠯ ᠰᠠᠨᠠᠭ᠎ᠠ ᠶᠢ ᠪᠦᠬᠦ ᠲᠠᠯ᠎ᠠ ᠪᠠᠷ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠤᠨ

ᠨᠠᠶᠢᠳᠠᠪᠤᠷᠢᠵᠢᠭᠤᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ

ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠤᠨ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ

ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠲᠣᠭᠲᠠᠬᠤ ᠶᠢᠨ ᠬᠦᠴᠦᠨ ᠴᠢᠳᠠᠯ ᠢᠶᠠᠨ  ᠬᠠᠷᠠᠮ ᠦᠭᠡᠢ ᠡᠷᠭᠦᠨ᠎ᠡ᠃

ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠦᠩ ᠬᠠᠮ ᠵᠠᠭᠤᠴᠢᠯᠠᠭᠤᠷ    

 
ᠢᠷᠡᠯᠲᠡ᠄ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1