ᠲᠦᠷᠢᠶᠡᠰᠦᠨ ᠣᠷᠣᠨ ᠰᠠᠭᠤᠴᠠ ᠶᠢᠨ ᠮᠧᠲ᠋ᠢᠯ ᠠᠯᠳᠧᠭᠢᠳ᠋ ᠪᠠᠷᠢᠮᠵᠢᠶ᠎ᠠ ᠠᠴᠠ ᠬᠡᠲᠦᠷᠡᠭᠰᠡᠨ ᠪᠤᠯ ᠲᠦᠷᠢᠶᠡᠰᠦᠨ ᠮᠥᠩᠭᠦ ᠪᠠᠨ ᠪᠤᠴᠠᠭᠠᠵᠦ ᠠᠪᠬᠤ ᠪᠠᠷ ᠱᠠᠭᠠᠷᠳᠠᠵᠤ ᠪᠤᠯᠤᠨ᠎ᠠ ᠤᠤ︖
ᠨᠡᠶᠢᠲᠡᠯᠡᠭᠰᠡᠨ ᠴᠠᠭ᠄
2024/9/4
      ᠣᠶᠢᠷ᠎ᠠ ᠳᠤ᠂ ᠪᠡᠭᠡᠵᠢᠩ ᠬᠤᠲᠠ ᠶᠢᠨ ᠬᠠᠢ ᠳ᠋ᠢᠶᠠᠨ ᠲᠤᠭᠤᠷᠢᠭ ᠤᠨ ᠠᠷᠠᠳ ᠤᠨ ᠰᠢᠭᠦᠬᠦ ᠬᠤᠷᠢᠶ᠎ᠠ ᠲᠦᠷᠢᠶᠡᠰᠦᠨ ᠭᠡᠷ ᠪᠠᠶᠢᠰᠢᠩ ᠤᠨ ᠮᠧᠲ᠋ᠢᠯ ᠠᠯᠳᠧᠭᠢᠳ᠋  ᠪᠠᠷᠢᠮᠵᠢᠶ᠎ᠠ ᠠᠴᠠ ᠬᠡᠲᠦᠷᠡᠭᠰᠡᠨ ᠭᠡᠷ᠎ᠡ ᠶᠢᠨ ᠵᠢᠭᠤᠷᠠᠯᠳᠤᠭᠠᠨ ᠢ ᠰᠢᠢᠳᠪᠦᠷᠢᠯᠡᠭᠰᠡᠨ ᠪᠠᠶᠢᠨ᠎ᠠ᠃      ᠶᠡᠭᠡ ᠰᠤᠷᠭᠠᠭᠤᠯᠢ ᠠᠴᠠ ᠰᠠᠶ᠋ᠢᠬᠠᠨ ᠲᠡᠭᠦᠰᠦᠭᠰᠡᠨ ᠲᠠᠩ ᠤᠪᠤᠭᠳᠤ ᠪᠡᠭᠡᠵᠢᠩ ᠳᠤ ᠤᠷᠤᠭᠰᠢᠲᠠᠢ ᠪᠠᠷ ᠠᠵᠢᠯ ᠣᠯᠵᠠᠢ᠃ ᠤᠷᠤᠨ ᠰᠠᠭᠤᠴᠠ ᠶᠢᠨ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠲᠠᠩ ᠤᠪᠤᠭᠳᠤ ᠨᠢᠭᠡᠨ ᠨᠠᠷᠠᠲᠤ ᠬᠡᠷ ᠪᠠᠶᠢᠰᠢᠩ ᠤᠨ ᠲᠦᠷᠢᠶᠡᠰᠦᠯᠡᠯ ᠤᠨ ᠺᠣᠮᠫᠠᠨᠢ ᠲᠠᠢ 7 ᠰᠠᠷ᠎ᠠ ᠶᠢᠨ ᠬᠤᠭᠤᠴᠠᠭ᠎ᠠ ᠲᠠᠢ ᠨᠢᠭᠡ ᠲᠠᠰᠤᠯᠭ᠎ᠠ ᠬᠡᠷ ᠪᠠᠶᠢᠰᠢᠩ ᠲᠦᠷᠢᠶᠡᠰᠦᠯᠡᠬᠦ ᠪᠠᠷ ᠪᠣᠯᠵᠣᠵᠤ᠂ ᠲᠦᠷᠢᠶᠡᠰᠦᠨ ᠮᠥᠩᠭᠦ᠂ ᠦᠢᠯᠡᠴᠢᠯᠡᠭᠡᠨ ᠤ ᠰᠦᠢᠳᠭᠡᠯ᠂ ᠪᠠᠷᠢᠴᠠᠭᠠᠨ ᠤ ᠮᠥᠩᠭᠦ᠂ ᠵᠣᠭᠤᠰ ᠲᠤᠰᠢᠶᠠᠬᠤ ᠠᠷᠭ᠎ᠠ ᠮᠠᠶ᠋ᠢᠭ ᠶᠢ ᠪᠤᠯᠵᠤᠨ ᠲᠤᠭᠳᠠᠵᠤ᠂ ᠣᠷᠣᠨ ᠰᠠᠭᠤᠴᠠ ᠶᠢᠨ ᠲᠦᠷᠢᠶᠡᠰᠦᠨ ᠺᠣᠮᠫᠠᠨᠢ ᠳᠤ ᠭᠡᠷ᠎ᠡ ᠶᠤᠰᠤᠭᠠᠷ ᠪᠠᠷᠢᠴᠠᠭᠠᠨ ᠤ ᠮᠥᠩᠭᠦ᠂ ᠭᠤᠷᠪᠠᠨ ᠰᠠᠷ᠎ᠠ ᠶᠢᠨ ᠲᠦᠷᠢᠶᠡᠰᠦᠨ ᠮᠥᠩᠭᠦ ᠵᠢᠴᠢ ᠦᠢᠯᠡᠴᠢᠯᠡᠭᠡᠨ ᠤ ᠵᠠᠷᠤᠳᠠᠯ ᠢ 2.38 ᠲᠦᠮᠡᠨ ᠲᠥᠭᠦᠷᠢᠭ ᠲᠤᠰᠢᠶᠠᠵᠤ᠂ ᠲᠠᠩ ᠤᠪᠤᠭᠳᠤ ᠭᠡᠷ ᠲᠡᠭᠡᠨ ᠨᠡᠭᠦᠵᠦ ᠣᠷᠣᠪᠠ᠃      ᠣᠷᠣᠵᠤ ᠰᠠᠭᠤᠭᠰᠠᠨ ᠤ ᠳᠠᠷᠠᠭ᠎ᠠ ᠳᠡᠮᠡᠶ ᠤᠳᠠᠭᠰᠠᠨ ᠦᠭᠡᠢ᠂ ᠲᠠᠩ ᠤᠪᠤᠭᠳᠤ ᠢᠳᠡᠭ ᠢᠳᠡᠭ ᠢᠶᠠᠷ ᠠᠮᠢᠰᠬᠤᠯ ᠤᠨ ᠵᠠᠮ ᠡᠪ ᠦᠭᠡᠢ ᠵᠡᠷᠭᠡ ᠡᠪᠡᠳᠴᠢᠨ ᠤ ᠢᠯᠡᠷᠡᠯ  ᠭᠠᠷᠴᠠᠢ᠃ ᠲᠠᠩ ᠤᠪᠤᠭᠳᠤ ᠭᠡᠷ ᠪᠠᠶᠢᠰᠢᠩ ᠤᠨ ᠮᠧᠲ᠋ᠢᠯ ᠠᠯᠳᠧᠭᠢᠳ᠋ ᠪᠠᠷᠢᠮᠵᠢᠶ᠎ᠠ ᠠᠴᠠ ᠬᠡᠲᠦᠷᠡᠭᠰᠡᠨ ᠡᠰᠡᠬᠦ ᠶᠢ ᠰᠡᠵᠢᠭᠯᠡᠵᠦ ᠡᠬᠢᠯᠡᠪᠡ᠃ 20 ᠭᠠᠷᠤᠶ ᠡᠳᠦᠷ ᠤᠨ ᠳᠠᠷᠠᠭ᠎ᠠ᠂ ᠲᠠᠩ ᠤᠪᠤᠭᠳᠤ ᠰᠦᠯᠵᠢᠶᠡᠨ ᠳᠡᠭᠡᠷ᠎ᠡ 174 ᠲᠥᠭᠦᠷᠢᠭ ᠵᠠᠷᠤᠴᠠᠭᠤᠯᠤᠨ ᠮᠧᠲ᠋ᠢᠯ ᠠᠯᠳᠧᠭᠢᠳ᠋ ᠢ ᠪᠠᠶᠢᠴᠠᠭᠠᠨ ᠰᠢᠯᠭᠠᠬᠤ ᠦᠢᠯᠡᠴᠢᠯᠡᠭᠡ ᠬᠤᠳᠠᠯᠳᠤᠨ ᠠᠪᠴᠤ᠂ ᠪᠠᠶᠢᠴᠠᠭᠠᠨ ᠰᠢᠯᠭᠠᠭᠰᠠᠨ ᠦᠷ᠎ᠡ ᠳ᠋ᠦᠩ ᠳᠤ ᠬᠡᠷ ᠪᠠᠶᠢᠰᠢᠩ ᠤᠨ ᠮᠧᠲ᠋ᠢᠯ ᠠᠯᠳᠧᠭᠢᠳ᠋ ᠤᠨ ᠥᠳᠬᠡᠴᠡ ᠶᠢᠨ ᠬᠡᠮᠵᠢᠶ᠎ᠡ 0.16mg/ ᠺᠦᠪ ᠮᠧᠲᠷ ᠲᠤ ᠬᠦᠷᠴᠡᠢ᠃      ᠲᠠᠩ ᠤᠪᠤᠭᠳᠤ ᠲᠡᠷᠡ ᠳᠠᠷᠤᠶ ᠳᠤᠨᠢ ᠬᠡᠷ ᠪᠠᠶᠢᠰᠢᠩ ᠲᠦᠷᠢᠶᠡᠰᠦᠯᠡᠬᠦ ᠺᠣᠮᠫᠠᠨᠢ ᠲᠠᠢ ᠬᠠᠷᠢᠯᠴᠠᠭᠰᠠᠨ ᠪᠣᠯᠪᠠᠴᠤ᠂ ᠮᠧᠲ᠋ᠢᠯ ᠠᠯᠳᠧᠭᠢᠳ᠋ ᠶᠢᠨ ᠪᠠᠷᠢᠮᠵᠢᠶ᠎ᠠ ᠠᠴᠠ ᠬᠡᠲᠦᠷᠡᠭᠰᠡᠨ ᠢ ᠭᠡᠷᠡᠴᠢᠯᠡᠬᠦ ᠭᠡᠪᠡᠯ᠂ ᠬᠡᠷ ᠪᠠᠶᠢᠰᠢᠩ ᠲᠦᠷᠢᠶᠡᠰᠦᠯᠡᠬᠦ ᠭᠡᠷ᠎ᠡ ᠳᠤ ᠪᠣᠯᠵᠣᠨ ᠲᠣᠭᠲᠠᠭᠰᠠᠨ ᠶᠣᠰᠣᠭᠠᠷ CMA ᠠᠭᠠᠷ ᠤᠨ ᠶᠠᠰᠤ ᠴᠢᠨᠠᠷ ᠢ ᠪᠠᠶᠢᠴᠠᠭᠠᠨ ᠰᠢᠯᠭᠠᠬᠤ ᠬᠢᠷᠢ ᠬᠡᠮ ᠲᠠᠢ ᠪᠠᠶᠢᠭᠤᠯᠤᠮᠵᠢ ᠶᠢᠨ ᠭᠠᠷᠭᠠᠭᠰᠠᠨ ᠠᠭᠠᠷ ᠤᠨ ᠪᠠᠶᠢᠴᠠᠭᠠᠯᠲᠠ ᠶᠢᠨ ᠮᠡᠳᠡᠭᠦᠯᠦᠯᠲᠡ ᠪᠠᠶᠢᠬᠤ ᠴᠢᠬᠤᠯᠠᠳᠠᠢ ᠪᠤᠯᠵᠠᠢ᠃ ᠳᠠᠩ ᠤᠪᠤᠭᠳᠤ ᠠᠷᠭ᠎ᠠ ᠪᠤᠰᠤ 334 ᠲᠥᠭᠦᠷᠢᠭ ᠵᠠᠷᠤᠴᠠᠭᠤᠯᠵᠤ ᠲᠤᠰᠬᠠᠢ ᠮᠡᠷᠭᠡᠵᠢᠯ ᠤᠨ ᠺᠣᠮᠫᠠᠨᠢ ᠳᠤ ᠨᠠᠶᠢᠳᠠᠵᠦ ᠲᠦᠷᠢᠶᠡᠰᠦᠨ ᠭᠡᠷ ᠤᠨ ᠳᠣᠲᠣᠷᠠᠬᠢ ᠠᠭᠠᠷ ᠤᠨ ᠶᠠᠰᠤ ᠴᠢᠨᠠᠷ ᠲᠤ CMA ᠪᠠᠶᠢᠴᠠᠭᠠᠯᠳᠠ ᠬᠢᠯᠭᠡᠪᠡ᠃ ᠰᠢᠯᠭᠠᠨ ᠪᠠᠶᠢᠴᠠᠭᠠᠭᠰᠠᠨ ᠮᠡᠳᠡᠭᠦᠯᠦᠯᠲᠡ ᠠᠴᠠ ᠦᠵᠡᠪᠡᠯ᠂ ᠬᠡᠷ ᠪᠠᠶᠢᠰᠢᠩ ᠤᠨ ᠤᠨᠲᠠᠬᠤ ᠥᠷᠥᠭᠡ ᠶᠢᠨ ᠠᠭᠠᠷ ᠤᠨ ᠮᠧᠲ᠋ᠢᠯ ᠠᠯᠳᠧᠭᠢᠳ᠋ ᠤᠨ ᠥᠳᠬᠡᠴᠡ ᠶᠢᠨ ᠬᠡᠮᠵᠢᠭᠳᠡᠯ ᠨᠢ 0.13mg/ ᠺᠦᠪ ᠮᠧᠲᠷ᠂ ᠤᠯᠤᠰ ᠤᠨ ᠪᠠᠷᠢᠮᠵᠢᠶ᠎ᠠ GB/T18883-2002 ︽ᠬᠡᠷ ᠳᠣᠲᠣᠷᠠᠬᠢ ᠠᠭᠠᠷ ᠤᠨ ᠶᠠᠰᠤ ᠴᠢᠨᠠᠷ ᠤᠨ ᠪᠠᠷᠢᠮᠵᠢᠶ᠎ᠠ︾ ᠶᠢᠨ ᠲᠣᠭᠲᠠᠭᠠᠯ ᠤᠨ ᠬᠢᠵᠠᠭᠠᠷ ᠬᠡᠮᠵᠢᠭᠳᠡᠯ ︵0. 10mg/ᠺᠦᠪ ᠮᠧᠲᠷ ᠠᠴᠠ ᠪᠠᠭ᠎ᠠ ᠪᠠᠶᠢᠬᠤ︶ ᠠᠴᠠ ᠬᠡᠳᠦᠷᠡᠵᠡᠢ᠃        ᠡᠶᠢᠮᠦ ᠠᠴᠠ᠂ ᠲᠠᠩ ᠤᠪᠤᠭᠳᠤ ᠬᠡᠷ ᠪᠠᠶᠢᠰᠢᠩ ᠤᠨ ᠲᠦᠷᠢᠶᠡᠰᠦᠯᠡᠯ ᠤᠨ ᠺᠣᠮᠫᠠᠨᠢ ᠠᠴᠠ ᠬᠡᠷ ᠪᠠᠶᠢᠰᠢᠩ ᠤᠨ ᠲᠦᠷᠢᠶᠡᠰᠦᠯᠡᠯ᠂ ᠦᠢᠯᠡᠴᠢᠯᠡᠭᠡᠨ ᠤ ᠵᠠᠷᠤᠳᠠᠯ᠂ ᠪᠠᠷᠢᠴᠠᠭᠠᠨ ᠤ ᠮᠥᠩᠭᠦ ᠪᠠ ᠬᠤᠶᠠᠷ ᠤᠳᠠᠭᠠᠨ ᠤ ᠪᠠᠶᠢᠴᠠᠭᠠᠨ ᠬᠡᠮᠵᠢᠯᠲᠡ ᠶᠢᠨ ᠵᠠᠷᠤᠳᠠᠯ ᠢ ᠪᠤᠴᠠᠭᠠᠬᠤ ᠶᠢ ᠱᠠᠭᠠᠷᠳᠠᠪᠠ᠃ ᠲᠤᠰ ᠺᠣᠮᠫᠠᠨᠢ᠂ ᠲᠠᠩ ᠤᠪᠤᠭᠳᠤ ᠭᠡᠷ ᠪᠠᠶᠢᠰᠢᠩ ᠲᠦᠷᠢᠶᠡᠰᠦᠯᠡᠬᠦ ᠭᠡᠷ᠎ᠡ ᠲᠣᠭᠲᠠᠭᠰᠠᠨ ᠡᠳᠦᠷ ᠠᠴᠠ ᠡᠬᠢᠯᠡᠨ 3 ᠡᠳᠦᠷ ᠤᠨ ᠳᠣᠲᠣᠷ᠎ᠠ ᠠᠭᠠᠷ ᠤᠨ ᠶᠠᠰᠤ ᠴᠢᠨᠠᠷ ᠲᠤ ᠣᠨᠳᠣᠤ ᠰᠠᠨᠠᠯ ᠲᠤᠷᠠᠳᠤᠪᠠᠯ ᠵᠤᠬᠢᠨ᠎ᠠ᠂ ᠬᠤᠭᠤᠴᠠᠭ᠎ᠠ ᠠᠴᠠ ᠬᠡᠲᠦᠷᠡᠭᠰᠡᠨ ᠲᠤᠯᠠ ᠭᠡᠷ᠎ᠡ ᠲᠣᠭᠲᠠᠭᠰᠠᠨ ᠡᠳᠦᠷ ᠠᠴᠠ ᠡᠬᠢᠯᠡᠨ 10 ᠡᠳᠦᠷ ᠤᠨ ᠲᠦᠷᠢᠶᠡᠰᠦᠨ ᠮᠥᠩᠭᠦ ᠶᠢ ᠪᠤᠴᠠᠭᠠᠨ᠎ᠠ ᠭᠡᠬᠦ ᠰᠢᠯᠳᠠᠭᠠᠨ ᠢᠶᠠᠷ ᠲᠠᠩ ᠤᠪᠤᠭᠳᠤ ᠲᠤ ᠵᠦᠪᠬᠡᠨ 1.7 ᠲᠦᠮᠡᠨ ᠲᠦᠭᠦᠷᠢᠭ ᠤᠨ ᠲᠦᠷᠢᠶᠡᠰᠦᠨ ᠮᠥᠩᠭᠦ ᠪᠠ 166 ᠲᠦᠭᠦᠷᠢᠭ ᠤᠰᠤ ᠴᠠᠬᠢᠯᠭᠠᠨ ᠤ ᠲᠥᠯᠥᠪᠦᠷᠢ ᠶᠢ ᠪᠤᠴᠠᠭᠠᠪᠠ᠃      ᠲᠠᠩ ᠤᠪᠤᠭᠳᠤ ᠠᠷᠭ᠎ᠠ ᠪᠤᠰᠤ᠂ ᠣᠷᠣᠨ ᠰᠠᠭᠤᠴᠠ ᠶᠢᠨ ᠲᠦᠷᠢᠶᠡᠰᠦᠨ ᠺᠣᠮᠫᠠᠨᠢ ᠳᠤ ᠨᠢᠭᠡᠨᠲᠡ ᠲᠤᠰᠢᠶᠠᠭᠰᠠᠨ ᠪᠦᠬᠦ ᠲᠦᠷᠢᠶᠡᠰᠦᠨ ᠮᠥᠩᠭᠦ᠂ ᠪᠠᠷᠢᠴᠠᠭᠠᠨ ᠤ ᠮᠥᠩᠭᠦ᠂ ᠦᠢᠯᠡᠴᠢᠯᠡᠭᠡᠨ ᠤ ᠰᠦᠢᠳᠬᠡᠯ ᠵᠢᠴᠢ ᠬᠤᠶᠠᠷ ᠤᠳᠠᠭᠠᠨ ᠤ ᠪᠠᠶᠢᠴᠠᠭᠠᠨ ᠬᠡᠮᠵᠢᠬᠦ ᠵᠠᠷᠤᠳᠠᠯ ᠢ ᠪᠤᠴᠠᠭᠠᠬᠤ ᠪᠠᠷ ᠰᠢᠭᠦᠬᠦ ᠬᠤᠷᠢᠶᠠᠨ ᠳᠤ ᠵᠠᠭᠠᠯᠳᠤᠵᠠᠢ᠃      ᠰᠢᠭᠦᠬᠦ ᠬᠤᠷᠢᠶ᠎ᠠ ᠠᠴᠠ᠂ ᠭᠡᠷ ᠪᠠᠶᠢᠰᠢᠩ ᠤᠨ ᠲᠦᠷᠢᠶᠡᠰᠦᠯᠡᠯ ᠤᠨ ᠺᠣᠮᠫᠠᠨᠢ ᠨᠢ  ᠲᠦᠷᠢᠶᠡᠰᠦᠯᠡᠭᠴᠢ ᠪᠣᠯᠤᠭᠰᠠᠨ ᠤ ᠬᠤᠪᠢ ᠳᠤ᠂ ᠲᠦᠷᠢᠶᠡᠰᠦᠯᠡᠭᠰᠡᠨ ᠭᠡᠷ ᠪᠠᠶᠢᠰᠢᠩ ᠤᠨ ᠠᠮᠤᠷ ᠲᠦᠪᠰᠢᠨ ᠪᠠ ᠣᠷᠣᠰᠢᠨ ᠰᠠᠭᠤᠬᠤ ᠳᠤ ᠲᠤᠬᠢᠷᠠᠮᠵᠢᠳᠠᠢ ᠪᠠᠶᠢᠬᠤ ᠶᠢ ᠪᠠᠳᠤᠯᠠᠬᠤ ᠡᠭᠦᠷᠭᠡ ᠲᠠᠢ᠃ ᠬᠡᠷᠡᠭ ᠲᠤ ᠬᠤᠯᠪᠤᠭᠳᠠᠭᠰᠠᠨ ᠭᠡᠷ ᠪᠠᠶᠢᠰᠢᠩ ᠨᠢ ᠠᠮᠤᠷ ᠲᠦᠪᠰᠢᠨ ᠣᠷᠣᠰᠢᠨ ᠰᠠᠭᠤᠬᠤ ᠨᠥᠬᠦᠴᠡᠯ ᠢ ᠪᠦᠷᠢᠯᠳᠦᠭᠦᠯᠦᠭᠰᠡᠨ ᠦᠭᠡᠢ ᠭᠡᠳᠡᠭ ᠨᠢ ᠨᠢᠭᠡᠨᠲᠡ ᠪᠣᠳᠠᠲᠤ ᠬᠡᠷᠡᠭ ᠪᠤᠯᠬᠤ ᠶᠢ ᠪᠠᠶᠢᠴᠠᠭᠠᠨ ᠳᠣᠲᠣᠯᠠᠭᠰᠠᠨ ᠪᠤᠯᠬᠤᠷ᠂ ᠭᠡᠷ᠎ᠡ ᠶᠢ ᠪᠡᠶᠡᠯᠡᠭᠦᠯᠬᠦ ᠶᠢᠨ ᠠᠷᠭ᠎ᠠ ᠦᠭᠡᠢ᠂ ᠣᠷᠣᠨ ᠰᠠᠭᠤᠴᠠ ᠶᠢᠨ ᠲᠦᠷᠢᠶᠡᠰᠦᠯᠡᠯ ᠤᠨ ᠺᠣᠮᠫᠠᠨᠢ ᠦᠨᠳᠦᠰᠦᠨ ᠳᠡᠭᠡᠨ ᠭᠡᠷ᠎ᠡ ᠶᠢ ᠵᠦᠷᠢᠴᠡᠵᠦ᠂ ᠲᠠᠩ ᠤᠪᠤᠭᠳᠤ ᠭᠡᠷ᠎ᠡ ᠶᠢ ᠬᠦᠴᠦᠨ ᠦᠭᠡᠢ ᠪᠣᠯᠭᠠᠬᠤ ᠡᠷᠬᠡ ᠲᠠᠢ᠃      ᠡᠴᠦᠰ ᠲᠤ᠂ ᠰᠢᠭᠦᠬᠦ ᠬᠤᠷᠢᠶ᠎ᠠ ᠠᠴᠠ ᠭᠡᠷ ᠪᠠᠶᠢᠰᠢᠩ ᠤᠨ ᠲᠦᠷᠢᠶᠡᠰᠦᠯᠡᠯ ᠤᠨ ᠺᠣᠮᠫᠠᠨᠢ ᠠᠴᠠ ᠲᠠᠩ ᠤᠪᠤᠭᠳᠤ ᠳᠤ ᠭᠡᠷ ᠪᠠᠶᠢᠰᠢᠩ ᠤᠨ ᠲᠦᠷᠢᠶᠡᠰᠦᠨ ᠮᠥᠩᠭᠦ᠂ ᠦᠢᠯᠡᠴᠢᠯᠡᠭᠡᠨ ᠤ ᠰᠦᠢᠳᠬᠡᠯ᠂ ᠭᠡᠷ ᠪᠠᠶᠢᠰᠢᠩ ᠤᠨ ᠮᠧᠲ᠋ᠢᠯ ᠠᠯᠳᠧᠭᠢᠳ᠋ ᠤᠨ ᠪᠠᠶᠢᠴᠠᠭᠠᠨ ᠬᠡᠮᠵᠢᠬᠦ ᠵᠠᠷᠤᠳᠠᠯ ᠢ ᠨᠡᠶᠢᠲᠡ 7119.67 ᠲᠥᠭᠦᠷᠢᠭ ᠪᠤᠴᠠᠭᠠᠬᠤ ᠪᠠᠷ ᠰᠢᠭᠦᠨ ᠲᠠᠰᠤᠯᠪᠠ᠃      ᠭᠡᠷ ᠪᠠᠶᠢᠰᠢᠩ ᠲᠦᠷᠢᠶᠡᠰᠦᠯᠡᠯ ᠤᠨ ᠺᠤᠮᠫᠠᠨᠢ ᠨᠢ ᠭᠡᠷ ᠪᠠᠶᠢᠰᠢᠩ ᠤᠨ ᠠᠮᠦᠷ ᠲᠦᠪᠰᠢᠨ ᠣᠷᠣᠰᠢᠨ ᠰᠠᠭᠤᠬᠤ ᠳᠤ ᠲᠤᠬᠢᠷᠠᠮᠵᠢᠳᠠᠢ ᠶᠢ ᠪᠠᠲᠤᠯᠠᠬᠤ ᠬᠡᠷᠡᠭᠲᠡᠢ       ᠰᠢᠭᠦᠭᠴᠢ ᠶᠢᠨ ᠢᠯᠡᠷᠬᠡᠶᠢᠯᠡᠭᠰᠡᠨ ᠢᠶᠠᠷ᠂ ᠲᠤᠰ ᠬᠡᠷᠡᠭ ᠢ ᠰᠢᠭᠦᠬᠦ ᠶᠠᠪᠤᠴᠠ ᠳᠤ᠂ ᠨᠢᠭᠡᠳᠦᠭᠡᠷ ᠲᠤ᠂ ᠲᠦᠷᠢᠶᠡᠰᠦᠨ ᠭᠡᠷ ᠪᠠᠶᠢᠰᠢᠩ ᠤᠨ ᠮᠧᠲ᠋ᠢᠯ ᠠᠯᠳᠧᠭᠢᠳ᠋ ᠪᠠᠷᠢᠮᠵᠢᠶ᠎ᠠ ᠠᠴᠠ ᠬᠡᠲᠦᠷᠡᠭᠰᠡᠨ ᠪᠠᠶᠢᠪᠠᠯ᠂ ᠲᠦᠷᠢᠶᠡᠰᠦᠯᠡᠭᠦᠯᠦᠭᠴᠢ ᠨᠢ ᠭᠡᠷ᠎ᠡ ᠶᠢ ᠵᠥᠷᠢᠴᠡᠭᠰᠡᠨ ᠡᠰᠡᠬᠦ︔ ᠬᠤᠶᠠᠳᠤᠭᠠᠷ ᠲᠤ᠂ ᠲᠦᠷᠢᠶᠡᠰᠦᠯᠡᠭᠦᠯᠦᠭᠴᠢ ᠨᠢ ᠭᠡᠷ ᠪᠠᠶᠢᠰᠢᠩ ᠤᠨ ᠲᠦᠷᠢᠶᠡᠰᠦᠯᠡᠯ ᠤᠨ ᠭᠡᠷ᠎ᠡ ᠳᠤ ᠲᠦᠷᠢᠶᠡᠰᠦᠯᠡᠭᠴᠢ ᠶᠢᠨ ᠠᠭᠠᠷ ᠤᠨ ᠶᠠᠰᠤ ᠴᠢᠨᠠᠷ ᠲᠤ ᠣᠨᠳᠣᠣ ᠰᠠᠨᠠᠯ ᠳᠤᠷᠠᠳᠤᠭᠰᠠᠨ ᠬᠤᠭᠤᠴᠠᠭ᠎ᠠ ᠶᠢ ᠭᠤᠷᠪᠠᠨ ᠡᠳᠦᠷ ᠢᠶᠠᠷ ᠲᠣᠭᠲᠠᠭᠠᠵᠤ᠂ ᠲᠦᠷᠢᠶᠡᠰᠦᠯᠡᠭᠴᠢ ᠬᠤᠭᠤᠴᠠᠭ᠎ᠠ ᠠᠴᠠ ᠪᠠᠨ ᠬᠡᠲᠦᠷᠡᠭᠦᠯᠦᠨ ᠣᠨᠳᠣᠣ ᠰᠠᠨᠠᠯ ᠳᠤᠷᠠᠳᠪᠠᠯ᠂ ᠬᠡᠷᠬᠢᠨ ᠮᠠᠭᠠᠳᠯᠠᠨ ᠲᠣᠭᠲᠠᠭᠠᠬᠤ ᠪᠤᠢ︖ ᠭᠡᠬᠦ ᠬᠤᠶᠠᠷ ᠮᠠᠷᠭᠤᠯᠳᠤᠭᠠᠨ ᠤ ᠲᠥᠪᠯᠡᠷᠡᠯ ᠤᠨ ᠴᠡᠭ ᠲᠠᠢ ᠭᠡᠪᠡ᠃      ᠡᠩ ᠲᠡᠷᠢᠭᠦᠨ ᠳᠤ᠂ ᠭᠡᠷ ᠪᠠᠶᠢᠰᠢᠩ ᠤᠨ ᠲᠦᠷᠢᠶᠡᠰᠦᠯᠡᠯ ᠤᠨ ᠺᠣᠮᠫᠠᠨᠢ ᠨᠢ ᠲᠦᠷᠢᠶᠡᠰᠦᠯᠡᠭᠦᠯᠦᠭᠴᠢ ᠪᠣᠯᠤᠭᠰᠠᠨ ᠤ ᠬᠤᠪᠢ ᠳᠤ᠂ ᠲᠦᠷᠢᠶᠡᠰᠦᠨ ᠭᠡᠷ ᠪᠠᠶᠢᠰᠢᠩ ᠤᠨ ᠠᠮᠤᠷ ᠲᠦᠪᠰᠢᠨ ᠢ ᠪᠠᠲᠤᠯᠠᠬᠤ ᠪᠠ ᠣᠷᠣᠰᠢᠨ ᠰᠠᠭᠤᠬᠤ ᠳᠤ ᠲᠣᠬᠢᠷᠠᠮᠵᠢᠲᠠᠶ ᠪᠠᠶᠢᠬᠤ ᠶᠢ ᠪᠠᠳᠤᠯᠠᠬᠤ ᠡᠭᠦᠷᠭᠡ ᠲᠠᠢ᠃ ᠲᠤᠰ ᠬᠡᠷᠡᠭ ᠲᠤ ᠬᠤᠯᠪᠣᠭᠳᠠᠭᠰᠠᠨ ᠭᠡᠷ ᠪᠠᠶᠢᠰᠢᠩ ᠨᠢ CMA ᠰᠢᠯᠭᠠᠨ ᠪᠠᠶᠢᠴᠠᠭᠠᠬᠤ ᠪᠠᠶᠢᠭᠤᠯᠤᠮᠵᠢ ᠶᠢᠨ ᠰᠢᠯᠭᠠᠨ ᠪᠠᠶᠢᠴᠠᠭᠠᠯᠲᠠ ᠪᠠᠷ ᠳᠠᠮᠵᠢᠭᠠᠳ᠂ ᠭᠡᠷ ᠪᠠᠶᠢᠰᠢᠩ ᠤᠨ ᠠᠭᠠᠷ ᠲᠠᠬᠢ ᠮᠧᠲ᠋ᠢᠯ ᠠᠯᠳᠧᠭᠢᠳ᠋ ᠤᠨ ᠠᠭᠤᠯᠤᠭᠳᠠᠴᠠ ᠨᠢ ᠤᠯᠤᠰ ᠤᠨ ᠪᠠᠷᠢᠮᠵᠢᠶ᠎ᠠ ᠠᠴᠠ ᠬᠡᠲᠦᠷᠡᠭᠰᠡᠨ ᠨᠢ ᠯᠠᠪᠳᠠᠶ᠎ᠠ ᠣᠷᠣᠰᠢᠨ ᠰᠠᠭᠤᠭ᠎ᠠ ᠬᠥᠮᠥᠰ ᠤᠨ ᠪᠡᠶ᠎ᠡ ᠮᠠᠬᠠᠪᠤᠳ ᠤᠨ ᠡᠷᠡᠭᠦᠯ ᠮᠡᠨᠳᠦ ᠳᠤ ᠢᠯᠡ ᠬᠤᠬᠢᠷᠠᠯ ᠤᠴᠠᠷᠠᠭᠤᠯᠬᠤ ᠪᠤᠶᠤ ᠳᠠᠯᠳᠠ ᠭᠡᠮ ᠭᠠᠷᠬᠤ ᠪᠣᠯᠣᠨ᠎ᠠ᠃ ᠬᠤᠪᠢ ᠬᠥᠮᠦᠨ ᠠᠴᠠ ᠭᠡᠷ ᠪᠠᠶᠢᠰᠢᠩ ᠲᠦᠷᠢᠶᠡᠰᠦᠯᠡᠬᠦ ᠲᠠᠢ ᠠᠳᠠᠯᠢ ᠦᠭᠡᠢ᠂ ᠭᠡᠷ ᠪᠠᠶᠢᠰᠢᠩ ᠤᠨ ᠲᠦᠷᠢᠶᠡᠰᠦᠯᠡᠯ ᠤᠨ ᠺᠣᠮᠫᠠᠨᠢ ᠨᠢ ᠲᠤᠰᠬᠠᠶ ᠠᠵᠢᠯ ᠬᠢᠵᠦ ᠪᠠᠶᠢᠭ᠎ᠠ ᠭᠡᠷ ᠪᠠᠶᠢᠰᠢᠩ ᠤᠨ ᠲᠦᠷᠢᠶᠡᠰᠦᠯᠡᠯ ᠤᠨ ᠡᠵᠡᠩᠨᠡᠯᠲᠡ ᠶᠢᠨ ᠭᠤᠤᠯ ᠴᠣᠭᠴᠠ ᠪᠤᠯᠬᠤᠷ᠂ ᠭᠡᠷ ᠪᠠᠶᠢᠰᠢᠩ ᠨᠢ ᠲᠦᠷᠢᠶᠡᠰᠦᠯᠡᠬᠦ ᠳᠤ ᠳᠣᠭᠢᠷᠠᠬᠤ ᠡᠰᠡᠬᠦ ᠶᠢ ᠲᠣᠳᠣᠷᠬᠠᠶ ᠤᠶᠢᠯᠠᠭᠠᠬᠤ ᠬᠡᠷᠡᠭᠲᠡᠶ᠂ ᠬᠠᠮᠢᠶ᠎ᠠ ᠪᠦᠬᠦᠢ ᠲᠣᠭᠲᠠᠭᠠᠯ ᠳᠤ ᠭᠡᠷ ᠪᠠᠶᠢᠰᠢᠩ ᠤᠨ ᠠᠭᠠᠷ ᠤᠨ ᠶᠠᠰᠤ ᠴᠢᠨᠠᠷ ᠲᠤ ᠬᠤᠯᠪᠣᠭᠳᠠᠬᠤ ᠱᠠᠭᠠᠷᠳᠠᠯᠭ᠎ᠠ ᠶᠢ ᠭᠡᠷ ᠪᠠᠶᠢᠰᠢᠩ ᠤᠨ ᠲᠦᠷᠢᠶᠡᠰᠦᠯᠡᠯ ᠤᠨ ᠺᠣᠮᠫᠠᠨᠢ ᠲᠣᠳᠣᠷᠬᠠᠶ ᠣᠶᠢᠯᠠᠭᠠᠬᠤ ᠶᠢᠨ ᠬᠠᠮᠲᠤ ᠴᠢᠩᠭ᠎ᠠ ᠵᠢᠷᠤᠮᠯᠠᠬᠤ ᠬᠡᠷᠡᠭᠲᠡᠶ᠃ ᠡᠳᠦᠭᠡ ᠬᠡᠷᠡᠭ ᠲᠤ ᠬᠤᠯᠪᠣᠭᠳᠠᠭᠰᠠᠨ ᠬᠡᠷ ᠪᠠᠶᠢᠰᠢᠩ ᠨᠢ ᠰᠢᠯᠭᠠᠨ ᠪᠠᠶᠢᠴᠠᠭᠠᠯᠲᠠ ᠪᠠᠷ ᠳᠡᠮᠵᠢᠨ ᠠᠭᠠᠷ ᠤᠨ ᠶᠠᠰᠤ ᠴᠢᠨᠠᠷ ᠤᠨ ᠠᠰᠠᠭᠤᠳᠠᠯ ᠣᠷᠣᠰᠢᠵᠤ᠂ ᠠᠮᠤᠷ ᠲᠦᠪᠰᠢᠨ ᠣᠷᠣᠨ ᠰᠠᠭᠤᠴᠠ ᠶᠢᠨ ᠨᠥᠬᠦᠴᠡᠯ ᠢ ᠪᠦᠷᠢᠯᠳᠦᠭᠦᠯᠦᠭᠰᠡᠨ ᠥᠬᠡᠶ᠂ ᠭᠡᠷ᠎ᠡ ᠨᠢ ᠪᠡᠶᠡᠯᠡᠭᠳᠡᠬᠦ ᠶᠢᠨ ᠠᠷᠭ᠎ᠠ ᠥᠬᠡᠶ᠂ ᠬᠡᠷ ᠪᠠᠶᠢᠰᠢᠩ ᠤᠨ ᠲᠦᠷᠢᠶᠡᠰᠦᠯᠡᠯ ᠤᠨ ᠺᠣᠮᠫᠠᠨᠢ ᠭᠡᠷ᠎ᠡ ᠶᠢ ᠵᠥᠷᠢᠴᠡᠭᠰᠡᠨ ᠪᠠᠶᠢᠨ᠎ᠠ᠃ ᠮᠠᠨ ᠤ ᠤᠯᠤᠰ ᠤᠨ ᠢᠷᠭᠡᠨ ᠤ ᠬᠠᠤᠯᠢ ᠶᠢᠨ ᠪᠢᠴᠢᠭ ᠤᠨ ᠬᠠᠮᠢᠶ᠎ᠠ ᠪᠥᠬᠦᠶ ᠲᠣᠭᠲᠠᠭᠠᠯ ᠢ ᠦᠨᠳᠦᠰᠦᠯᠡᠨ᠂ ᠬᠡᠷ ᠪᠠᠶᠢᠰᠢᠩ ᠤᠨ ᠲᠦᠷᠢᠶᠡᠰᠦᠯᠡᠯ ᠤᠨ ᠺᠣᠮᠫᠠᠨᠢ ᠮᠧᠲ᠋ᠢᠯ ᠠᠯᠳᠧᠭᠢᠳ᠋ ᠶᠢᠨ ᠪᠠᠷᠢᠮᠵᠢᠶ᠎ᠠ ᠠᠴᠠ ᠬᠡᠲᠦᠷᠡᠭᠰᠡᠨ ᠠᠴᠠ ᠪᠣᠯᠵᠣ ᠭᠡᠷ᠎ᠡ ᠶᠢ ᠵᠥᠷᠢᠴᠡᠭᠰᠡᠨ ᠦᠷ᠎ᠡ ᠳ᠋ᠦᠩ ᠤᠨ ᠬᠠᠷᠢᠭᠤᠴᠠᠯᠭ᠎ᠠ ᠶᠢ ᠡᠭᠦᠷᠭᠡᠯᠡᠨ᠎ᠡ ᠭᠡᠵᠤ ᠲᠤᠭᠳᠠᠭᠠᠵᠠᠢ᠃      ᠲᠦᠷᠢᠶᠡᠰᠦᠯᠡᠭᠴᠢ ᠶᠢᠨ ᠬᠤᠭᠤᠴᠠᠭ᠎ᠠ ᠬᠡᠳᠦᠷᠡᠭᠡᠳ ᠣᠨᠳᠣᠤ ᠰᠠᠨᠠᠯ ᠳᠤᠷᠠᠳᠬᠤ ᠲᠤᠬᠠᠶ᠂ ᠭᠡᠷ ᠪᠠᠶᠢᠰᠢᠩ ᠤᠨ ᠲᠦᠷᠢᠶᠡᠰᠦᠯᠡᠯ ᠤᠨ ᠺᠣᠮᠫᠠᠨᠢ ᠶᠢᠨ ᠭᠡᠷ ᠪᠠᠶᠢᠰᠢᠩ ᠤᠨ ᠲᠦᠷᠢᠶᠡᠰᠦᠯᠡᠯ ᠤᠨ ᠭᠡᠷ᠎ᠡ ᠨᠢ ᠭᠠᠭᠴᠠ ᠲᠠᠯ᠎ᠠ ᠶᠢᠨ ᠲᠣᠭᠲᠠᠭᠠᠭᠰᠠᠨ ᠭᠡᠷ᠎ᠡ ᠪᠠᠶᠢᠵᠤ᠂ ᠬᠡᠯᠪᠡᠷᠢᠵᠢᠭᠰᠡᠨ ᠵᠦᠢᠯ ᠵᠤᠷᠪᠤᠰ ᠮᠦᠨ᠃ ᠠᠭᠠᠷ ᠤᠨ ᠶᠠᠰᠤ ᠴᠢᠨᠠᠷ ᠪᠠᠷᠢᠮᠵᠢᠶ᠎ᠠ ᠳᠤ ᠬᠦᠷᠦᠭᠰᠡᠨ ᠡᠰᠡᠬᠦ ᠶᠢ ᠲᠦᠷᠢᠶᠡᠰᠦᠯᠡᠭᠴᠢ ᠲᠡᠷᠡ ᠳᠠᠷᠤᠶ ᠳᠤᠨᠢ ᠮᠡᠳᠡᠵᠦ ᠳᠡᠶᠢᠯᠬᠦ ᠪᠢᠰᠢ᠂ ᠬᠠᠷᠢᠨ ᠲᠤᠰᠬᠠᠶ ᠮᠡᠷᠭᠡᠵᠢᠯ ᠤᠨ ᠲᠥᠬᠦᠭᠡᠷᠦᠮᠵᠢ ᠶᠢ ᠠᠰᠢᠭᠯᠠᠨ ᠰᠢᠯᠭᠠᠨ ᠪᠠᠶᠢᠴᠠᠭᠠᠬᠤ ᠬᠡᠷᠡᠭᠲᠡᠶ᠃ ᠮᠧᠲ᠋ᠢᠯ ᠠᠯᠳᠧᠭᠢᠳ᠋ ᠤᠨ ᠠᠭᠤᠯᠤᠭᠳᠠᠴᠠ ᠨᠢ ᠪᠠᠷᠢᠮᠵᠢᠶ᠎ᠠ ᠠᠴᠠ ᠬᠡᠲᠦᠷᠡᠭᠰᠡᠨ ᠨᠡᠯᠢᠶᠡᠳ ᠳᠣᠣᠷ᠎ᠠ ᠪᠠᠶᠢᠳᠠᠯ ᠳᠤ᠂ ᠲᠦᠷᠢᠶᠡᠰᠦᠯᠡᠭᠴᠢ ᠮᠧᠲ᠋ᠢᠯ ᠠᠯᠳᠧᠭᠢᠳ᠋ ᠤᠨ ᠪᠠᠷᠢᠮᠵᠢᠶ᠎ᠠ ᠠᠴᠠ ᠬᠡᠲᠦᠷᠡᠭᠰᠡᠨ ᠪᠡᠶ᠎ᠡ ᠮᠠᠬᠠᠪᠣᠳ ᠤᠨ ᠡᠪ ᠦᠭᠡᠢ ᠪᠠᠶᠢᠳᠠᠯ᠂ ᠵᠢᠱᠢᠶᠡᠯᠡᠪᠡᠯ ᠲᠣᠯᠣᠭᠠᠢ ᠡᠪᠡᠳᠬᠦ᠂ ᠨᠤᠶᠢᠷ ᠬᠤᠯᠵᠢᠬᠤ᠂ ᠲᠠᠮᠢᠷ ᠠᠯᠳᠠᠬᠤ ᠵᠡᠷᠭᠡ ᠤᠳᠠᠭᠠᠨ ᠴᠢᠨᠠᠷᠲᠠᠢ ᠬᠤᠤᠷᠳᠠᠯ ᠤᠨ ᠪᠠᠶᠢᠳᠠᠯ ᠢ ᠣᠬᠤᠷ ᠬᠤᠭᠤᠴᠠᠭᠠᠨ ᠳᠤ ᠠᠭᠠᠷ ᠤᠨ ᠶᠠᠰᠤ ᠴᠢᠨᠠᠷ ᠲᠠᠢ ᠬᠤᠯᠪᠤᠵᠦ ᠪᠤᠳᠤᠬᠤ ᠦᠭᠡᠢ ᠶᠤᠮ᠃ ᠡᠶᠢᠮᠦ ᠠᠴᠠ᠂ ᠭᠡᠷ ᠪᠠᠶᠢᠰᠢᠩ ᠤᠨ ᠲᠦᠢᠶᠡᠰᠦᠯᠡᠯ ᠤᠨ ᠺᠣᠮᠫᠠᠨᠢ ᠨᠢ ᠲᠤᠰᠬᠠᠶ ᠭᠡᠷ ᠪᠠᠶᠢᠰᠢᠩ ᠤᠨ ᠲᠦᠷᠢᠶᠡᠰᠦᠯᠡᠯ ᠤᠨ ᠺᠣᠮᠫᠠᠨᠢ ᠪᠣᠯᠤᠭᠰᠠᠨ ᠤ ᠬᠤᠪᠢ ᠳᠤ᠂ ᠬᠠᠩᠭᠠᠭᠰᠠᠨ ᠭᠡᠷ ᠪᠠᠶᠢᠰᠢᠩ ᠤᠨ ᠲᠦᠷᠢᠶᠡᠰᠦᠯᠡᠯ ᠤᠨ ᠭᠡᠷ᠎ᠡ ᠳᠡᠭᠡᠨ ᠡᠩ ᠤᠨ ᠲᠦᠷᠢᠶᠡᠰᠦᠯᠡᠭᠴᠢ ᠶᠢᠨ ᠠᠭᠠᠷ ᠤᠨ ᠶᠠᠰᠤ ᠴᠢᠨᠠᠷ ᠲᠤ ᠣᠨᠳᠣᠤ ᠰᠠᠨᠠᠯ ᠳᠤᠷᠠᠳᠬᠤ ᠬᠤᠭᠤᠴᠠᠭ᠎ᠠ ᠶᠢ ᠭᠡᠷ᠎ᠡ ᠲᠣᠭᠲᠠᠭᠰᠠᠨ ᠡᠳᠦᠷ ᠠᠴᠠ ᠡᠬᠢᠯᠡᠨ ᠭᠤᠷᠪᠠᠨ ᠡᠳᠦᠷ ᠤᠨ ᠳᠣᠲᠣᠷ᠎ᠠ ᠭᠡᠵᠦ ᠲᠤᠭᠳᠠᠭᠠᠭᠰᠠᠨ ᠨᠢ ᠬᠠᠷᠢᠭᠤᠴᠠᠯᠭ᠎ᠠ ᠪᠠᠨ ᠬᠥᠩᠭᠡᠷᠡᠭᠦᠯᠬᠦ ᠶᠢ ᠵᠤᠷᠢᠭᠰᠠᠨ ᠪᠠᠶᠢᠨ᠎ᠠ᠃  ᠲᠦᠷᠢᠶᠡᠰᠦᠯᠡᠭᠴᠢ ᠵᠦᠢ ᠵᠣᠬᠢᠰᠲᠠᠢ ᠠᠷᠭ᠎ᠠ ᠬᠡᠯᠪᠡᠷᠢ ᠶᠢ ᠠᠪᠴᠤ ᠪᠠᠶᠢᠭᠠᠳ ᠲᠤᠰ ᠵᠦᠢᠯ ᠵᠤᠷᠪᠤᠰ ᠢ ᠠᠩᠬᠠᠷᠬᠤ ᠶᠢᠨ ᠬᠠᠮᠲᠤ ᠲᠤᠰ ᠵᠦᠢᠯ ᠵᠤᠷᠪᠤᠰ ᠢ ᠲᠣᠳᠣᠷᠬᠠᠶᠢᠯᠠᠬᠤ ᠬᠡᠷᠡᠭᠲᠡᠢ᠃      ᠰᠢᠭᠦᠭᠴᠢ ᠠᠴᠠ᠂ ᠲᠡᠭᠦᠰᠬᠦ ᠰᠤᠷᠤᠭᠴᠢᠳ ᠠᠩᠬ᠎ᠠ ᠤᠳᠠᠭ᠎ᠠ ᠭᠡᠷ ᠲᠦᠷᠢᠶᠡᠰᠦᠯᠡᠬᠦ ᠳᠤ᠂ ᠲᠤᠷᠰᠢᠯᠭ᠎ᠠ ᠬᠦᠷᠦᠯᠴᠡᠬᠦ ᠦᠭᠡᠢ ᠪᠣᠯᠬᠤᠷ ᠵᠢᠩᠬᠢᠨᠢ ᠭᠡᠷ ᠪᠠᠶᠢᠰᠢᠩ ᠤᠨ ᠲᠦᠷᠢᠶᠡᠰᠦᠯᠡᠯ ᠤᠨ ᠺᠣᠮᠫᠠᠨᠢ ᠶᠢ ᠡᠷᠢᠬᠦ ᠬᠡᠷᠡᠭᠲᠡᠢ᠃ ᠭᠡᠷ᠎ᠡ ᠲᠣᠭᠲᠠᠬᠤ ᠠᠴᠠ ᠡᠮᠦᠨ᠎ᠡ ᠡᠷᠬᠡᠪᠰᠢ ᠲᠤᠬᠠᠢ ᠶᠢᠨ ᠲᠠᠯᠠᠪᠤᠷ ᠲᠤ ᠭᠡᠷ ᠪᠠᠶᠢᠰᠢᠩ ᠢ ᠪᠠᠶᠢᠴᠠᠭᠠᠵᠤ᠂ ᠲᠦᠷᠢᠮᠵᠢᠭᠰᠡᠨ ᠪᠢᠴᠢᠭ ᠤᠨ ᠭᠡᠷ᠎ᠡ ᠲᠣᠭᠲᠠᠵᠤ᠂ ᠭᠠᠷ ᠤᠨ ᠦᠰᠦᠭ ᠵᠢᠷᠤᠬᠤ ᠠᠴᠠ ᠡᠮᠦᠨ᠎ᠡ ᠭᠡᠷ᠎ᠡ ᠶᠢᠨ ᠵᠦᠢᠯ ᠵᠤᠷᠪᠤᠰ ᠢ ᠨᠠᠷᠢᠨ ᠨᠢᠮᠪᠠᠢ ᠤᠩᠰᠢᠬᠤ ᠬᠡᠷᠡᠭᠲᠡᠢ᠃ ᠭᠡᠷ᠎ᠡ ᠲᠣᠭᠲᠠᠬᠤ ᠪᠠ ᠣᠷᠣᠵᠤ ᠰᠠᠭᠤᠭᠰᠠᠨ ᠤ ᠳᠠᠷᠠᠭ᠎ᠠ᠂ ᠬᠡᠷᠪᠡ ᠪᠡᠶ᠎ᠡ ᠮᠠᠬᠠᠪᠣᠳ ᠨᠢ ᠡᠪ ᠦᠭᠡᠢ ᠪᠠᠶᠢᠳᠠᠯ ᠢᠯᠡᠷᠡᠪᠡᠯ᠂ ᠴᠠᠭ ᠲᠤᠬᠠᠶ ᠳᠤ ᠨᠢ ᠡᠮᠨᠡᠭᠦᠯᠬᠦ ᠬᠡᠷᠡᠭᠲᠡᠶ ᠪᠥᠭᠡᠳ ᠬᠢᠷᠢ ᠬᠡᠮ ᠲᠠᠢ ᠲᠤᠰᠬᠠᠶ ᠮᠡᠷᠭᠡᠵᠢᠯ ᠤᠨ ᠪᠠᠶᠢᠴᠠᠭᠠᠨ ᠰᠢᠯᠭᠠᠬᠤ ᠪᠠᠶᠢᠭᠤᠯᠤᠮᠵᠢ ᠢᠶᠠᠷ ᠰᠢᠯᠭᠠᠨ ᠪᠠᠶᠢᠴᠠᠯᠭᠠᠵᠤ᠂ ᠪᠢᠴᠢᠭ ᠤᠨ ᠪᠤᠶᠤ ᠪᠤᠰᠤᠳ ᠦᠯᠡᠳᠡᠭᠡᠨ ᠬᠠᠳᠠᠭᠠᠯᠠᠵᠤ ᠪᠣᠯᠬᠤ ᠠᠷᠭ᠎ᠠ ᠮᠠᠶ᠋ᠢᠭ ᠢᠶᠠᠷ ᠭᠡᠷᠡᠴᠢ ᠦᠯᠡᠳᠡᠭᠡᠵᠦ ᠭᠡᠷ᠎ᠡ ᠶᠢ ᠴᠤᠴᠠᠯᠬᠤ ᠬᠡᠷᠡᠭᠲᠡᠶ᠃ ᠡᠭᠦᠨ ᠤ ᠬᠠᠮᠲᠤ᠂ ᠭᠡᠷ ᠪᠠᠶᠢᠰᠢᠩ ᠤᠨ ᠲᠦᠷᠢᠶᠡᠰᠦᠯᠡᠯ ᠤᠨ ᠺᠣᠮᠫᠠᠨᠢ ᠨᠢ  ᠲᠦᠷᠢᠶᠡᠰᠦᠨ ᠭᠡᠷ ᠪᠠᠶᠢᠰᠢᠩ ᠤᠨ ᠠᠮᠤᠷ ᠲᠦᠪᠰᠢᠨ ᠢ ᠪᠠᠲᠤᠯᠠᠬᠤ ᠮᠥᠷᠲᠡᠭᠡᠨ ᠣᠷᠣᠰᠢᠨ ᠰᠠᠭᠤᠬᠤ ᠳᠤ ᠲᠣᠬᠢᠷᠠᠮᠵᠢᠲᠠᠢ ᠪᠠᠶᠢᠬᠤ ᠶᠢ ᠪᠠᠳᠤᠯᠠᠬᠤ ᠡᠭᠦᠷᠭᠡ ᠪᠠᠨ ᠦᠨᠡᠨ ᠬᠦ ᠭᠦᠢᠴᠡᠳᠬᠡᠵᠦ᠂ ᠲᠦᠷᠢᠶᠡᠰᠦᠨ ᠭᠡᠷ ᠪᠠᠶᠢᠰᠢᠩ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠡᠭᠦᠷᠭᠡᠯᠡᠪᠡᠰᠦ ᠵᠣᠬᠢᠬᠤ ᠨᠡᠶᠢᠭᠡᠮ ᠤᠨ ᠬᠠᠷᠢᠭᠤᠴᠠᠯᠭ᠎ᠠ ᠶᠢ ᠰᠠᠶᠢᠲᠤᠷ ᠡᠭᠦᠷᠭᠡᠯᠡᠬᠦ ᠬᠡᠷᠡᠭᠲᠡᠢ ᠭᠡᠵᠦ ᠰᠠᠨᠠᠭᠤᠯᠵᠠᠢ᠃    ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ᠂ ᠬᠠᠤᠯᠢ ᠪᠠᠷ ᠵᠠᠰᠠᠬᠤ ᠡᠳᠦᠷ ᠤᠨ ᠰᠣᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1