ᠵᠡᠭᠡᠯᠢ ᠲᠣᠭᠤᠷᠢᠭ ᠪᠣᠯ ᠬᠤᠲᠠ ᠶᠢᠨ ᠡᠰ᠂ ᠬᠤᠲᠠ ᠶᠢᠨ ᠬᠡᠯᠪᠡᠷᠢ ᠪᠠᠶᠢᠳᠠᠯ ᠪᠦᠲᠦᠴᠡ ᠪᠠ ᠴᠢᠳᠠᠮᠵᠢ ᠶᠢ | ᠪᠦᠷᠢᠯᠳᠦᠭᠦᠯᠦᠭᠰᠡᠨ ᠦᠨᠳᠦᠰᠦᠨ ᠨᠢᠭᠡᠴᠢ ᠮᠥᠨ᠂ ᠡᠩ ᠤᠨ ᠪᠠᠶᠢᠳᠠᠯ ᠳᠤ᠂ ᠬᠤᠲᠠ ᠶᠢᠨ ᠭᠤᠤᠯ ᠵᠠᠮ ᠲᠠᠭᠠᠤ | ᠬᠠᠷᠢᠴᠠᠩᠭᠤᠶ ᠪᠠᠷ ᠨᠡᠭᠡᠭᠡᠯᠲᠡ ᠲᠠᠢ ᠣᠷᠣᠨ ᠪᠦᠰᠡ᠂ ᠣᠷᠣᠨ ᠰᠠᠭᠤᠴᠠ᠂ ᠬᠤᠳᠠᠯᠳᠤᠭ᠎ᠠ᠂ ᠰᠣᠶᠣᠯ᠂ ᠰᠡᠯᠡᠭᠦᠴᠡᠯ | ᠵᠡᠷᠭᠡ ᠶᠡᠷᠦᠩᠬᠡᠶᠢᠯᠡᠭᠰᠡᠨ ᠴᠢᠳᠠᠮᠵᠢ ᠶᠢ ᠠᠴᠢᠶᠠᠯᠠᠵᠤ ᠪᠠᠶᠢᠳᠠᠭ᠃ ᠬᠠᠭᠤᠴᠢᠨ ᠵᠡᠭᠡᠯᠢ ᠲᠣᠭᠤᠷᠢᠭ ᠨᠢ ᠥᠪᠡᠷᠮᠢᠴᠡ | ᠪᠠᠷᠢᠯᠭ᠎ᠠ ᠶᠢᠨ ᠳᠦᠷᠰᠦ ᠪᠠᠶᠢᠳᠠᠯ ᠪᠠ ᠰᠣᠶᠣᠯ ᠤᠨ ᠠᠭᠤᠯᠤᠭᠳᠠᠬᠤᠨ ᠲᠠᠢ᠂ ᠬᠤᠲᠠ ᠶᠢᠨ ᠳᠤᠷᠠᠰᠤᠮᠵᠢ ᠪᠠ | ᠣᠨᠴᠠᠯᠢᠭ ᠢ ᠲᠥᠯᠥᠭᠡᠯᠡᠵᠦ ᠪᠠᠶᠢᠳᠠᠭ᠂ ᠡᠨᠡ ᠪᠣᠯ ᠲᠠᠷᠤᠢ ᠬᠤᠲᠠ ᠶᠢᠨ ᠬᠥᠭᠵᠢᠯᠲᠡ ᠶᠢᠨ ᠳᠤᠮᠳᠠ ᠦᠯᠡᠳᠡᠭᠡᠭᠰᠡᠨ | ᠡᠷᠬᠢᠮ ᠨᠠᠨᠳᠢᠨ ᠥᠪ ᠬᠥᠷᠥᠩᠭᠡ ᠮᠥᠨ᠃ ᠭᠡᠪᠡᠴᠦ ᠬᠤᠲᠠ ᠪᠠᠯᠭᠠᠰᠤᠵᠢᠯᠲᠠ ᠶᠢᠨ ᠠᠬᠢᠴᠠ ᠲᠦᠷᠭᠡᠳᠬᠦ ᠶᠢ | ᠳᠠᠭᠠᠯᠳᠤᠨ᠂ ᠬᠠᠭᠤᠴᠢᠨ ᠵᠡᠭᠡᠯᠢ ᠲᠣᠭᠤᠷᠢᠭ ᠤᠨ ᠬᠥᠭᠵᠢᠯᠲᠡ ᠳᠤ ᠮᠠᠰᠢ ᠣᠯᠠᠨ ᠥᠷᠢᠰᠥᠯᠳᠦᠭᠡᠨ ᠲᠤᠯᠭᠠᠷᠠᠵᠤ᠂ | ᠬᠠᠭᠤᠴᠢᠨ ᠵᠡᠭᠡᠯᠢ ᠲᠣᠭᠤᠷᠢᠭ ᠤᠨ ᠬᠠᠮᠠᠭᠠᠯᠠᠯᠳᠠ ᠪᠠ ᠥᠭᠡᠷᠡᠴᠢᠯᠡᠨ ᠰᠠᠶᠢᠵᠢᠷᠠᠭᠤᠯᠬᠤ ᠨᠢ ᠬᠤᠲᠠ ᠶᠢᠨ | ᠰᠢᠨᠡᠴᠢᠯᠡᠯᠲᠡ ᠶᠢᠨ ᠴᠢᠬᠤᠯᠠ ᠪᠦᠷᠢᠯᠳᠦᠬᠦᠨ ᠬᠡᠰᠡᠭ ᠪᠣᠯᠵᠤ᠂ ᠬᠤᠲᠠ ᠶᠢᠨ ᠰᠠᠭᠤᠭᠠᠯᠢ ᠠᠷᠠᠳ ᠤᠨ ᠠᠮᠢᠳᠤᠷᠠᠯ ᠤᠨ | ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠣᠲᠣ ᠪᠣᠯᠲᠠᠯ᠎ᠠ᠂ ᠪᠥᠬᠦ | ᠤᠯᠤᠰ ᠲᠤ ᠨᠢᠭᠡᠨᠲᠡ 2600 ᠭᠠᠷᠤᠶ ᠬᠠᠭᠤᠴᠢᠨ ᠵᠡᠭᠡᠯᠢ ᠲᠣᠭᠤᠷᠢᠭ ᠢ ᠰᠢᠨᠡᠳᠬᠡᠨ ᠦᠭᠡᠷᠡᠴᠢᠯᠡᠵᠡᠢ᠃ | ᠬᠠᠭᠤᠴᠢᠨ ᠢ ᠤᠯᠠᠮᠵᠢᠯᠠᠵᠦ ᠰᠢᠨ᠎ᠡ ᠶᠢ ᠡᠭᠦᠳᠦᠨ᠂ ᠬᠠᠭᠤᠴᠢᠨ ᠵᠡᠭᠡᠯᠢ ᠲᠣᠭᠤᠷᠢᠭ ᠢ ᠤᠷᠤᠨ | ᠨᠤᠳᠤᠭᠴᠢᠯᠠᠨ ᠥᠭᠡᠷᠡᠴᠢᠯᠡᠬᠦ ᠶᠢ ᠪᠠᠷᠢᠮᠲᠠᠯᠠᠨ᠎ᠠ᠃ ᠶᠡᠷᠦᠩᠬᠡᠢ ᠱᠦᠵᠢ ᠰᠢ ᠶᠢᠨ ᠫᠢᠩ᠂ ᠬᠠᠭᠤᠴᠢᠨ ᠬᠤᠳᠠ ᠶᠢᠨ | ᠲᠣᠭᠤᠷᠢᠭ ᠢ ᠥᠭᠡᠷᠡᠴᠢᠯᠡᠨ ᠳᠡᠭᠡᠭᠰᠢᠯᠡᠭᠦᠯᠬᠦ ᠶᠢ ᠲᠡᠦᠬᠡ ᠶᠢᠨ ᠦᠯᠡᠳᠡᠭᠳᠡᠯ ᠢ ᠬᠠᠮᠠᠭᠠᠯᠠᠬᠤ᠂ ᠲᠡᠦᠬᠡ ᠰᠣᠶᠣᠯ ᠤᠨ | ᠰᠤᠳᠠᠰᠤ ᠶᠢ ᠬᠠᠳᠠᠭᠠᠯᠠᠬᠤ ᠲᠠᠢ ᠨᠢᠭᠡᠳᠬᠡᠵᠦ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ | ᠰᠠᠶᠢᠵᠢᠷᠠᠭᠤᠯᠬᠤ ᠪᠠᠷ ᠪᠠᠷᠠᠬᠤ ᠦᠭᠡᠢ ᠲᠡᠦᠬᠡ ᠰᠣᠶᠣᠯ ᠤᠨ ᠠᠭᠤᠯᠤᠭᠳᠠᠬᠤᠨ ᠢ ᠬᠠᠮᠠᠭᠠᠯᠠᠵᠤ᠂ ᠲᠡᠦᠬᠡ ᠰᠣᠶᠣᠯ | ᠪᠣᠯᠤᠨ ᠤᠳᠤ ᠦᠶ᠎ᠡ ᠶᠢᠨ ᠠᠮᠢᠳᠤᠷᠠᠯ ᠢ ᠨᠢᠭᠡ ᠴᠤᠬᠴᠠᠵᠢᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃ ᠬᠠᠭᠤᠴᠢᠨ | ᠵᠡᠭᠡᠯᠢ ᠲᠣᠭᠤᠷᠢᠭ ᠢ ᠰᠢᠨᠡᠳᠬᠡᠬᠦ ᠶᠠᠪᠤᠴᠠ ᠳᠤ᠂ ᠭᠠᠵᠠᠷ ᠣᠷᠣᠨ ᠤ ᠰᠣᠶᠣᠯ ᠤᠨ ᠣᠨᠴᠠᠯᠢᠭ ᠢ ᠬᠠᠮᠤᠭ ᠤᠨ | ᠶᠡᠭᠡ ᠪᠠᠷ ᠠᠭᠤᠳᠠᠯᠵᠤ᠂ ᠪᠠᠷᠢᠯᠭ᠎ᠠ ᠪᠠᠷ ᠲᠤᠬᠠᠶ ᠶᠢᠨ ᠭᠠᠵᠠᠷ ᠤᠨ ᠰᠣᠶᠣᠯ ᠢ ᠪᠠᠳᠠᠷᠠᠭᠤᠯᠵᠤ᠂ ᠲᠡᠤᠬᠡ ᠶᠢᠨ | ᠳᠤᠷᠠᠰᠤᠮᠵᠢ ᠶᠢ ᠤᠯᠠᠮᠵᠢᠯᠠᠨ ᠵᠠᠯᠭᠠᠮᠵᠢᠯᠠᠵᠤ᠂ ᠪᠣᠳᠠᠰ ᠤᠨ ᠲᠠᠯ᠎ᠠ ᠪᠠᠷ᠂ ᠳᠦᠷᠰᠦ ᠪᠠᠶᠢᠳᠠᠯ ᠤᠨ ᠲᠠᠯ᠎ᠠ ᠪᠠᠷ | ᠲᠡᠤᠬᠡ ᠶᠢᠨ ᠤᠯᠠ ᠮᠦᠷ ᠢ ᠦᠯᠡᠳᠡᠭᠡᠬᠦ ᠬᠡᠷᠡᠭᠲᠡᠶ᠃ ᠬᠤᠲᠠ ᠶᠢᠨ ᠬᠠᠭᠤᠴᠢᠨ ᠵᠡᠭᠡᠯᠢ ᠲᠣᠭᠤᠷᠢᠭ ᠲᠤ ᠰᠢᠨ᠎ᠡ ᠪᠠᠷ | ᠰᠣᠶᠣᠯ ᠤᠨ ᠠᠭᠤᠯᠤᠭᠳᠠᠬᠤᠨ ᠣᠯᠭᠤᠵᠤ᠂ ᠥᠪᠡᠷᠮᠢᠴᠡ ᠰᠣᠶᠣᠯ ᠪᠠ ᠣᠶᠢᠯᠠᠭᠠᠯᠲᠠ ᠶᠢ ᠪᠣᠶ ᠪᠣᠯᠭᠠᠵᠤ᠂ ᠵᠡᠭᠡᠯᠢ | ᠲᠣᠭᠤᠷᠢᠭ ᠤᠨ ᠭᠠᠵᠠᠷ ᠣᠷᠣᠨ ᠤ ᠰᠣᠶᠣᠯ᠂ ᠨᠡᠶᠢᠭᠡᠮ ᠤᠨ ᠪᠦᠲᠦᠴᠡ ᠪᠠ ᠠᠮᠢ ᠠᠬᠤᠶ ᠶᠢᠨ ᠣᠷᠴᠢᠨ | ᠲᠣᠭᠤᠷᠢᠨ ᠳᠤ ᠨᠡᠶᠢᠴᠡᠭᠦᠯᠬᠦ ᠬᠡᠷᠡᠭᠲᠡᠶ᠃ ᠵᠢᠱᠢᠶᠡᠯᠡᠪᠡᠯ᠂ ᠴᠦᠩᠴᠢᠩ ᠬᠤᠲᠠ ᠶᠢᠨ ᠨᠠᠨ ᠠᠨ ᠲᠣᠭᠤᠷᠢᠭ ᠤᠨ | ᠾᠧᠦ ᠪᠤᠤ ᠨᠡᠶᠢᠭᠡᠮ ᠲᠣᠭᠤᠷᠢᠭ ᠤᠨ ᠰᠢᠨᠡᠴᠢᠯᠡᠯᠳᠡ ᠳᠤ ︽ᠨᠠᠨ ᠫᠢᠩ ᠭᠤᠸᠠᠨ︾᠂ ᠾᠧᠦ ᠪᠤᠤ ᠤᠷᠲᠤ ᠬᠤᠩᠭᠢᠯ | ᠵᠡᠷᠭᠡ ᠤᠤᠯ ᠤᠨ ᠠᠴᠢᠶᠠᠯᠠᠪᠤᠷᠢ ᠶᠢ ᠦᠯᠡᠳᠡᠭᠡᠬᠦ ᠶᠢᠨ ᠬᠠᠮᠳᠦ ᠠᠳᠠᠯ ᠠᠬᠤᠢ ᠶᠢᠨ ᠬᠡᠷᠡᠭᠵᠢᠭᠦᠯᠦᠭᠰᠡᠨ ︽ | ᠬᠤᠲᠠ ᠶᠢᠨ ᠬᠡᠷᠡᠭᠯᠡᠭᠡᠨ ᠤ ᠲᠠᠪᠴᠠᠩ︾ ᠢ ᠣᠷᠣᠭᠤᠯᠤᠨ ᠠᠪᠴᠢᠷᠠᠵᠤ᠂ ᠤᠤᠯ ᠠᠮᠢᠳᠤᠷᠠᠯ ᠪᠣᠯᠤᠨ ᠰᠣᠶᠣᠯ ᠢ | ᠬᠠᠳᠠᠭᠠᠯᠠᠵᠤ᠂ ᠰᠠᠭᠤᠭᠠᠯᠢ ᠠᠷᠠᠳ ᠲᠤ ᠦᠷᠭᠦᠯᠵᠢᠯᠡᠨ ᠲᠠᠨᠢᠯ ᠳᠠᠰᠤᠯ ᠤᠷᠴᠢᠨ ᠲᠤᠭᠤᠷᠢᠨ ᠳᠠᠭᠠᠨ ᠠᠮᠢᠳᠤᠷᠠᠬᠤ | ᠮᠦᠷᠳᠡᠭᠡᠨ ᠬᠤᠳᠠᠯᠳᠤᠭᠠᠨ ᠤ ᠡᠵᠡᠩᠨᠡᠯᠲᠡ ᠪᠠᠷ ᠳᠠᠮᠵᠢᠭᠤᠯᠤᠨ᠂ ᠨᠡᠶᠢᠭᠡᠮ ᠲᠣᠭᠤᠷᠢᠭ ᠲᠤ ᠰᠢᠨ᠎ᠡ ᠠᠮᠢᠵᠢᠷᠠᠯ ᠤᠨ | ᠬᠦᠴᠦᠨ ᠣᠯᠭᠤᠵᠤ᠂ ᠴᠢᠰᠤ ᠪᠦᠲᠦᠭᠡᠬᠦ ᠴᠢᠳᠠᠮᠵᠢ ᠶᠢ ᠲᠡᠭᠡᠭᠰᠢᠯᠡᠭᠦᠯᠦᠨ᠂ ᠬᠤᠳᠠ ᠶᠢᠨ ᠳᠠᠬᠢᠨ ᠠᠮᠢᠯᠠᠭᠤᠯᠬᠤ ᠶᠢ | ᠪᠡᠶᠡᠯᠡᠭᠦᠯᠵᠡᠢ᠃ | ᠬᠠᠮᠲᠤᠪᠠᠷ ᠵᠠᠰᠠᠵᠤ ᠬᠠᠮᠲᠤᠪᠠᠷ ᠡᠳ᠋ᠯᠡᠵᠦ᠂ ᠤᠯᠠᠨ ᠡᠰᠢᠲᠦ ᠬᠠᠮᠵᠢᠯᠴᠠᠨ ᠬᠠᠮᠲᠤᠷᠠᠯᠴᠠᠵᠤ | ᠰᠢᠨᠡᠴᠢᠯᠡᠯᠳᠡ ᠶᠢ ᠪᠠᠷᠢᠮᠲᠠᠯᠠᠨ᠎ᠠ᠃ ᠮᠠᠨ ᠤ ᠤᠯᠤᠰ ᠤᠨ ᠬᠤᠲᠠ ᠶᠢᠨ ᠰᠢᠨᠡᠴᠢᠯᠡᠯᠲᠡ ᠶᠢᠨ ᠣᠨᠣᠯᠵᠢᠬᠤᠨ ᠨᠢᠭᠡᠨᠲᠡ ︽ | ᠨᠤᠷᠠᠭᠠᠬᠤ ᠨᠡᠭᠦᠯᠭᠡᠬᠦ ᠦᠯᠡᠳᠡᠭᠡᠬᠦ︾ ᠪᠠᠶᠢᠭᠰᠠᠨ ᠠᠴᠠ ᠪᠠᠨ ︽ᠦᠯᠡᠳᠡᠭᠡᠬᠦ ᠦᠭᠡᠷᠡᠴᠢᠯᠡᠬᠦ ᠨᠤᠷᠠᠭᠠᠬᠤ︾ ᠪᠣᠯᠵᠣ | ᠬᠤᠪᠢᠷᠠᠪᠠ᠂ ᠦᠮᠴᠢᠯᠡᠯ ᠤᠨ ᠡᠷᠬᠡ ᠶᠢᠨ ᠬᠤᠪᠢᠷᠠᠯᠳᠠ ᠨᠢ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠠᠭᠤᠴᠢᠨ | ᠵᠡᠭᠡᠯᠢ ᠲᠣᠭᠤᠷᠢᠭ ᠤᠨ ᠥᠭᠡᠷᠡᠴᠢᠯᠡᠯᠲᠡ ᠳᠤ ᠣᠷᠣᠯᠴᠠᠬᠤ ᠶᠢ ᠬᠠᠷᠰᠢᠯᠠᠬᠤ ᠵᠠᠩᠭᠢᠯᠠᠭ᠎ᠠ ᠶᠢᠨ ᠲᠦᠭᠵᠢᠷᠡᠯ ᠪᠣᠯᠤᠭᠰᠠᠨ | ᠪᠠᠶᠢᠨ᠎ᠠ᠃ ᠬᠠᠭᠤᠴᠢᠨ ᠵᠡᠭᠡᠯᠢ ᠲᠣᠭᠤᠷᠢᠭ ᠤᠨ ᠪᠠᠷᠢᠯᠭ᠎ᠠ ᠶᠢᠨ ᠲᠥᠷᠥᠯ ᠬᠡᠯᠪᠡᠷᠢ ᠣᠯᠠᠨ ᠶᠠᠩᠵᠤ ᠶᠢᠨ᠂ ᠡᠷᠬᠡ ᠶᠢᠨ | ᠬᠠᠷᠢᠶᠠᠳᠦ ᠴᠢᠨᠠᠷ ᠤᠨ ᠪᠤᠳᠤᠯᠢᠶᠠᠨᠲᠠᠶ᠂ ᠡᠵᠡᠩᠨᠡᠯᠲᠡ ᠶᠢᠨ ᠭᠤᠤᠯ ᠴᠣᠭᠴᠠ ᠶᠢᠨ ᠣᠯᠠᠨ ᠡᠰᠢᠲᠦ ᠵᠡᠷᠭᠡ | ᠣᠨᠴᠠᠯᠢᠭ ᠲᠤ ᠴᠢᠭᠯᠡᠭᠦᠯᠦᠨ᠂ ᠦᠮᠴᠢᠯᠡᠯ ᠤᠨ ᠡᠷᠬᠡ ᠪᠠ ᠬᠡᠷᠡᠭᠯᠡᠬᠦ ᠡᠷᠬᠡ ᠶᠢ ᠨᠡᠶᠢᠯᠡᠭᠦᠯᠬᠦ ᠪᠦᠲᠦᠮᠵᠢᠲᠡᠶ ᠠᠷᠭ᠎ᠠ | ᠵᠠᠮ ᠢ ᠲᠦᠷᠭᠡᠪᠴᠢᠯᠡᠨ ᠪᠣᠶ ᠪᠣᠯᠭᠠᠵᠤ᠂ ᠣᠯᠠᠨ ᠡᠰᠢᠲᠦ ᠬᠦᠴᠦᠨ ᠢ ᠬᠥᠭᠵᠢᠭᠡᠬᠦ ᠴᠢᠬᠤᠯᠠᠲᠠᠶ ᠪᠠᠶᠢᠨ᠎ᠠ᠃ ᠨᠠᠨᠵᠢᠩ | ᠬᠤᠲᠠ ᠶᠢᠨ ᠰᠢᠶᠤᠤ ᠰᠢ ᠬᠤ᠋ ᠨᠠᠭᠤᠷ ᠤᠨ ᠲᠣᠭᠤᠷᠢᠭ ᠨᠢ ᠥᠩᠭᠡᠷᠡᠭᠰᠡᠨ ᠤ ᠪᠦᠬᠦᠶᠢᠯᠡ ᠣᠷᠣᠨ ᠪᠦᠰᠡ ᠶᠢ ᠨᠢᠭᠡ | ᠯᠡ ᠤᠳᠠᠭ᠎ᠠ ᠳᠡᠭᠡᠷ᠎ᠡ ᠥᠭᠡᠷᠡᠴᠢᠯᠡᠨ ᠪᠠᠶᠢᠭᠤᠯᠬᠤ ᠠᠷᠭ᠎ᠠ ᠬᠢᠳᠡᠯ ᠢᠶᠠᠨ ᠬᠤᠪᠢᠷᠠᠭᠤᠯᠵᠤ᠂ ᠣᠷᠣᠨ ᠵᠠᠢ ᠶᠢᠨ | ᠪᠠᠶᠢᠷᠢᠰᠢᠯ ᠵᠢᠴᠢ ᠰᠠᠭᠤᠭᠠᠯᠢ ᠠᠷᠠᠳ ᠤᠨ ᠦᠮᠴᠢᠯᠡᠯ ᠤᠨ ᠡᠷᠬᠡ ᠶᠢᠨ ᠬᠠᠷᠢᠴᠠᠭ᠎ᠠ ᠶᠢ ᠦᠨᠳᠦᠰᠦᠯᠡᠨ᠂ ᠬᠦᠷᠢᠶ᠎ᠡ ᠪᠠ | ᠭᠠᠭᠴᠠ ᠰᠠᠭᠤᠷᠢ ᠪᠠᠷᠢᠯᠭ᠎ᠠ ᠪᠠᠷ ᠨᠢᠭᠡᠴᠢ ᠪᠣᠯᠭᠠᠵᠤ᠂ ᠪᠠᠭ᠎ᠠ ᠬᠡᠪᠴᠢᠶ᠎ᠡ ᠪᠠᠷ᠂ ᠠᠭᠠᠵᠢᠮ ᠢᠶᠠᠷ ᠤᠷᠤᠭᠰᠢᠯᠠᠬᠤ | ᠬᠡᠯᠪᠡᠷᠢ ᠪᠠ ︽ᠨᠢᠭᠡ ᠭᠡᠷ ᠨᠢᠭᠡ ᠠᠷᠭ᠎ᠠ ᠪᠣᠳᠣᠯᠭ᠎ᠠ︾ ᠵᠡᠷᠭᠡ ᠠᠷᠭ᠎ᠠ ᠬᠡᠯᠪᠡᠷᠢ ᠪᠠᠷ ᠪᠢᠴᠢᠯ ᠥᠭᠡᠷᠡᠴᠢᠯᠡᠯᠲᠡ ᠬᠢᠪᠡ᠃ | ᠰᠠᠶᠢᠨ ᠲᠤᠷ᠎ᠠ ᠠᠴᠠ ᠪᠠᠨ ᠦᠮᠴᠢᠯᠡᠯ ᠤᠨ ᠡᠷᠬᠡ ᠪᠠᠨ ᠰᠢᠯᠵᠢᠭᠦᠯᠦᠭᠴᠢᠳ ᠲᠤ ᠲᠥᠷᠥ ᠶᠢᠨ ᠪᠣᠳᠣᠯᠭ᠎ᠠ ᠶᠢᠨ | ᠶᠣᠰᠣᠭᠠᠷ ᠨᠥᠬᠦᠪᠥᠷᠢ ᠦᠭᠭᠦᠨ᠎ᠡ᠃ ᠦᠮᠴᠢᠯᠡᠯ ᠤᠨ ᠡᠷᠬᠡ ᠪᠠᠨ ᠦᠯᠡᠳᠡᠭᠡᠵᠦ ᠪᠦᠲᠦᠭᠡᠨ ᠪᠠᠶᠢᠭᠤᠯᠬᠤ ᠨᠢᠭᠡᠴᠢ ᠳᠤ | ᠲᠦᠷᠢᠶᠡᠰᠦᠯᠡᠭᠦᠯᠦᠭᠴᠢᠳ ᠲᠤ᠂ ᠣᠷᠣᠨ ᠵᠠᠶ ᠦᠯᠡᠳᠡᠭᠡᠵᠦ ᠣᠯᠠᠨ ᠨᠡᠶᠢᠲᠡ ᠶᠢᠨ ᠢᠵᠢ ᠪᠦᠷᠢᠳᠦᠭᠦᠯᠬᠦ ᠳᠤ | ᠬᠡᠷᠡᠭᠯᠡᠨ᠎ᠡ᠃ ᠦᠮᠴᠢᠯᠡᠯ ᠤᠨ ᠡᠷᠬᠡ ᠪᠠᠨ ᠦᠯᠡᠳᠡᠭᠡᠬᠦ ᠮᠥᠷᠲᠡᠭᠡᠨ ᠥᠭᠡᠷᠡᠴᠢᠯᠡᠨ ᠰᠠᠶᠢᠵᠢᠷᠠᠭᠤᠯᠬᠤ ᠰᠠᠨᠠᠭᠠᠳᠠᠢ ᠪᠣᠯ | ᠦᠮᠴᠢᠯᠡᠯ ᠤᠨ ᠡᠷᠬᠡᠲᠦ ᠬᠥᠮᠦᠨ ᠵᠠᠷᠤᠳᠠᠯ ᠭᠠᠷᠭᠠᠵᠤ᠂ ᠵᠠᠰᠠᠭ ᠤᠨ ᠣᠷᠳᠣᠨ ᠠᠴᠠ ᠨᠥᠬᠦᠪᠥᠷᠢ ᠥᠭᠬᠦ ᠠᠷᠭ᠎ᠠ ᠶᠢᠨ | ᠶᠣᠰᠣᠭᠠᠷ᠂ ᠣᠯᠠᠨ ᠲᠠᠯ᠎ᠠ ᠠᠴᠠ ᠥᠭᠡᠷᠡᠴᠢᠯᠡᠨ ᠰᠠᠶᠢᠵᠢᠷᠠᠭᠤᠯᠬᠤ ᠲᠥᠰᠦᠯ ᠢ ᠬᠠᠮᠲᠤ ᠪᠠᠷ ᠶᠠᠷᠢᠯᠴᠠᠵᠤ ᠪᠣᠯᠤᠨ᠎ᠠ᠃ | ᠬᠠᠭᠤᠴᠢᠨ ᠵᠡᠭᠡᠯᠢ ᠲᠣᠭᠤᠷᠢᠭ ᠢ ᠥᠭᠡᠷᠡᠴᠢᠯᠡᠨ ᠰᠢᠨᠡᠳᠬᠡᠬᠦ ᠪᠣᠯ ᠭᠠᠭᠴᠠ ᠬᠦᠮᠦᠨ ᠤ ᠶᠠᠪᠤᠳᠠᠯ ᠪᠢᠰᠢ᠂ ᠬᠠᠷᠢᠨ | ᠪᠦᠬᠦ ᠨᠡᠶᠢᠭᠡᠮ ᠤᠨ ᠠᠰᠠᠭᠤᠳᠠᠯ ᠮᠥᠨ᠂ ᠰᠠᠭᠤᠭᠠᠯᠢ ᠠᠷᠠᠳ ᠦᠪᠡᠷ ᠢᠶᠠᠨ ᠡᠵᠡᠨ ᠮᠡᠳᠡᠵᠦ ᠣᠷᠣᠨ ᠵᠠᠶ ᠶᠢᠨ | ᠴᠢᠳᠠᠮᠵᠢ ᠶᠢ ᠰᠣᠩᠭᠤᠵᠤ᠂ ᠣᠯᠠᠨ ᠨᠡᠶᠢᠲᠡ ᠶᠢᠨ ᠣᠷᠣᠨ ᠵᠠᠶ ᠶᠢᠨ ᠵᠢᠷᠤᠭ ᠲᠥᠯᠥᠪᠯᠡᠭᠡ ᠪᠠ ᠬᠠᠮᠲᠤᠷᠠᠨ ᠪᠦᠲᠦᠭᠡᠨ | ᠪᠠᠶᠢᠭᠤᠯᠬᠤ ᠶᠢᠨ ᠪᠦᠬᠦ ᠶᠠᠪᠤᠴᠠ ᠳᠤ ᠣᠷᠣᠯᠴᠠᠵᠤ᠂ ᠬᠠᠷᠠᠯᠲᠠ ᠶᠢ ᠬᠠᠮᠲᠤ ᠪᠠᠷ ᠵᠥᠪᠯᠡᠬᠦ᠂ ᠶᠠᠪᠤᠴᠠ ᠶᠢ ᠬᠠᠮᠲᠤ ᠪᠠᠷ | ᠪᠠᠶᠢᠭᠤᠯᠬᠤ᠂ ᠦᠷ᠎ᠡ ᠪᠦᠲᠦᠭᠡᠯ ᠢ ᠬᠠᠮᠲᠤ ᠪᠠᠷ ᠡᠳ᠋ᠯᠡᠬᠦ ᠬᠤᠲᠠ ᠶᠢᠨ ᠰᠢᠨᠡᠴᠢᠯᠡᠯᠲᠡ ᠶᠢᠨ ᠪᠠᠶᠢᠷᠢᠰᠢᠯ ᠢ ᠪᠤᠢ | ᠪᠣᠯᠭᠠᠵᠤ ᠪᠣᠯᠤᠨ᠎ᠠ᠃ | ᠡᠵᠡᠩᠨᠡᠯᠲᠡ ᠶᠢᠨ ᠰᠢᠨ᠎ᠡ ᠪᠠᠶᠢᠳᠠᠯ᠂ ᠰᠢᠨ᠎ᠡ ᠶᠢ ᠡᠭᠦᠳᠬᠦ ᠪᠡᠶᠡᠴᠢᠯᠡᠨ ᠣᠢᠯᠠᠭᠠᠬᠤ ᠲᠦᠷᠢ ᠵᠢᠷᠤᠭ ᠢ ᠪᠣᠢ | ᠪᠤᠯᠭᠠᠬᠤ ᠶᠢ ᠪᠠᠷᠢᠮᠳᠠᠯᠠᠨ᠎ᠠ᠃ ᠬᠠᠭᠤᠴᠢᠨ ᠵᠡᠭᠡᠯᠢ ᠲᠣᠭᠤᠷᠢᠭ ᠤᠨ ᠰᠢᠨᠡᠴᠢᠯᠡᠯᠳᠡ ᠳᠤ᠂ ᠰᠢᠨ᠎ᠡ ᠪᠠᠶᠢᠳᠠᠯ ᠰᠢᠨ᠎ᠡ | ᠡᠵᠡᠩᠨᠡᠯᠲᠡ ᠶᠢᠨ ᠬᠡᠯᠪᠡᠷᠢ ᠶᠢ ᠣᠷᠣᠭᠤᠯᠤᠨ ᠠᠪᠴᠢᠷᠠᠬᠤ ᠶᠢ ᠴᠢᠬᠤᠯᠠᠴᠢᠯᠠᠵᠤ᠂ ᠬᠡᠷᠡᠭᠯᠡᠭᠡᠨ ᠤ ᠰᠢᠨ᠎ᠡ ᠠᠮᠢᠵᠢᠷᠠᠯ ᠤᠨ | ᠬᠦᠴᠦᠨ ᠢ ᠬᠥᠭᠵᠢᠭᠡᠬᠦ ᠮᠦᠷᠳᠡᠭᠡᠨ ᠤᠤᠯ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠠᠳᠠᠭᠠᠯᠠᠨ ᠲᠡᠰ | ᠳᠡᠪᠰᠢᠭᠦᠯᠬᠦ ᠶᠢ ᠴᠢᠬᠤᠯᠠᠴᠢᠯᠠᠵᠤ᠂ ᠬᠠᠮᠲᠤ ᠪᠠᠷ ᠬᠦᠭᠵᠢᠵᠦ ᠬᠠᠮᠲᠤ ᠪᠠᠷ ᠣᠷᠣᠰᠢᠬᠤ ᠶᠢ ᠪᠡᠶᠡᠯᠡᠭᠦᠯᠬᠦ ᠬᠡᠷᠡᠭᠲᠡᠢ᠃ | ᠢᠯᠠᠩᠭᠤᠶ᠎ᠠ ᠤᠯᠠᠨ ᠡᠰᠢᠵᠢᠭᠰᠡᠨ ᠬᠡᠷᠡᠭᠯᠡᠭᠡᠨ ᠤ ᠬᠡᠷᠡᠭᠴᠡᠭᠡ ᠶᠢ ᠬᠠᠩᠭᠠᠵᠤ᠂ ᠬᠠᠭᠤᠴᠢᠨ ᠵᠡᠭᠡᠯᠢ ᠲᠣᠭᠤᠷᠢᠭ ᠢ ᠪᠡᠯᠭᠡ | ᠲᠡᠮᠳᠡᠭ ᠤᠨ ᠴᠢᠨᠠᠷᠲᠠᠢ ᠰᠣᠶᠣᠯ ᠪᠠ ᠬᠤᠳᠠ ᠶᠢᠨ ᠵᠣᠴᠢᠳ ᠤᠨ ᠲᠢᠩᠬᠢᠮ ᠪᠣᠯᠭᠠᠵᠤ᠂ ᠣᠷᠣᠨ ᠪᠦᠰᠡ ᠶᠢᠨ | ᠦᠷᠳᠡᠭ ᠢ ᠬᠥᠭᠵᠢᠭᠡᠬᠦ ᠬᠡᠷᠡᠭᠲᠡᠢ᠃ ᠨᠠᠨᠵᠢᠩ ᠬᠤᠲᠠ ᠶᠢᠨ ᠵᠢᠶᠠᠨ ᠶᠧ ᠲᠣᠭᠤᠷᠢᠭ ᠤᠨ ᠰᠢᠨ᠎ᠡ ᠬᠤᠳᠠ ᠶᠢᠨ | ᠰᠢᠨᠵᠢᠯᠡᠭᠡ ᠮᠡᠷᠭᠡᠵᠢᠯ ᠤᠨ ᠬᠦᠷᠢᠶᠡᠯᠡᠩ ᠳᠣᠲᠣᠷᠠᠬᠢ ᠨᠢᠭᠡᠨ ᠲᠦᠷᠦᠯ ᠵᠦᠢᠯ ᠳᠤ᠂ ᠬᠤᠶᠠᠷ ᠬᠡᠰᠡᠭ ᠬᠤᠳᠠ ᠶᠢᠨ | ᠨᠤᠭᠤᠭᠠᠷᠠᠭᠤᠯᠤᠯᠳᠠ ᠶᠢ ᠣᠨᠴᠠᠯᠢᠭᠲᠤ ᠭᠤᠣᠯ ᠰᠡᠳᠦᠪᠲᠦ ᠵᠡᠭᠡᠯᠢ ᠲᠣᠭᠤᠷᠢᠭ ᠪᠣᠯᠭᠠᠨ ᠥᠭᠡᠷᠡᠴᠢᠯᠡᠵᠦ᠂ | ᠵᠠᠯᠠᠭᠤᠴᠤᠳ ᠤᠨ ᠳᠤᠷᠠᠲᠠᠢ ᠰᠢᠨ᠎ᠡ ᠤᠷᠤᠰᠬᠠᠯ ᠨᠡᠶᠢᠭᠡᠮ ᠤᠨ ᠬᠠᠷᠢᠯᠴᠠᠭᠠᠨ ᠤ ᠲᠠᠯᠠᠪᠤᠷ ᠪᠣᠯᠤᠨ ᠠᠮᠢᠳᠤᠷᠠᠯ ᠤᠨ | ᠠᠷᠭ᠎ᠠ ᠮᠠᠶ᠋ᠢᠭ ᠢ ᠪᠣᠢ ᠪᠣᠯᠭᠠᠵᠤ᠂ ᠠᠷᠪᠠᠨ ᠬᠡᠳᠦᠨ ᠲᠦᠮᠡᠨ ᠵᠠᠯᠠᠭᠤ ᠬᠥᠮᠦᠨ ᠳᠤ ᠣᠯᠠᠨ ᠳᠡᠰ ᠳᠠᠪᠬᠤᠷᠭ᠎ᠠ᠂ | ᠣᠯᠠᠨ ᠡᠰᠢᠵᠢᠭᠰᠡᠨ ᠰᠡᠯᠡᠭᠦᠴᠡᠯ ᠵᠤᠭ᠎ᠠ ᠴᠡᠩᠭᠡᠯ ᠤᠨ ᠣᠷᠣᠨ ᠪᠦᠰᠡ ᠶᠢ ᠬᠠᠩᠭᠠᠭᠰᠠᠨ ᠪᠠᠶᠢᠨ᠎ᠠ᠃ ᠪᠡᠭᠡᠵᠢᠩ | ᠬᠤᠲᠠ ᠶᠢᠨ ᠴᠤᠤᠶᠠᠩ ᠲᠣᠭᠤᠷᠢᠭ ᠤᠨ ᠨᠢᠭᠡᠨ ᠲᠥᠷᠥᠯ ᠵᠦᠢᠯ ᠨᠢ ᠤᠷᠠᠯᠢᠭ᠂ ᠰᠢᠨᠵᠢᠯᠡᠭᠡ ᠮᠡᠷᠭᠡᠵᠢᠯ᠂ ᠵᠤᠭ᠎ᠠ | ᠴᠡᠩᠭᠡᠯ ᠰᠣᠶᠣᠯ ᠢ ᠤᠶᠠᠯᠳᠤᠭᠤᠯᠤᠭᠰᠠᠨ ᠬᠤᠳᠠᠯᠳᠤᠭᠠᠨ ᠤ ᠵᠠᠭᠪᠤᠷ ᠢ ᠬᠡᠷᠡᠭᠯᠡᠵᠦ᠂ ᠰᠣᠶᠣᠯ᠂ ᠨᠡᠶᠢᠭᠡᠮ ᠤᠨ | ᠪᠦᠯᠬᠦᠮ ᠪᠠ ᠠᠮᠢᠳᠤᠷᠠᠯ ᠤᠨ ᠠᠷᠭ᠎ᠠ ᠮᠠᠶ᠋ᠢᠭ ᠤᠨ ᠶᠡᠷᠦᠩᠬᠡᠶᠢᠯᠡᠭᠰᠡᠨ ᠴᠢᠨᠠᠷᠲᠠᠶ ᠡᠵᠡᠩᠨᠡᠯᠲᠡ ᠪᠠᠷ ᠳᠠᠮᠵᠢᠭᠤᠯᠤᠨ᠂ | ᠵᠠᠯᠠᠭᠤ ᠬᠡᠷᠡᠭᠯᠡᠭᠴᠢᠳ ᠲᠤ ᠣᠯᠠᠨ ᠡᠰᠢᠲᠦ ᠬᠠᠷᠢᠯᠴᠠᠨ ᠬᠦᠳᠡᠯᠦᠯᠴᠡᠬᠦ ᠤᠶᠢᠯᠠᠭᠠᠯᠳᠠ ᠬᠠᠩᠭᠠᠵᠤ᠂ ᠲᠣᠭᠠᠴᠢᠯᠠᠭᠰᠠᠨ | ᠰᠣᠶᠣᠯ ᠤᠨ ᠰᠢᠨ᠎ᠡ ᠶᠢ ᠡᠭᠦᠳᠬᠦ ᠶᠢ ᠪᠡᠶᠡᠴᠢᠯᠡᠨ ᠣᠶᠢᠯᠠᠭᠠᠬᠤ ᠲᠥᠪ ᠢ ᠪᠠᠶᠢᠭᠤᠯᠪᠠ᠃ | ᠬᠤᠳᠠ ᠶᠢᠨ ᠡᠰ ᠢ ᠬᠥᠭᠵᠢᠭᠡᠵᠦ᠂ ᠬᠠᠭᠤᠴᠢᠨ ᠵᠡᠭᠡᠯᠢ ᠭᠤᠳᠤᠮᠵᠢ ᠶᠢᠨ ᠳᠦᠷᠰᠦ ᠪᠠᠶᠢᠳᠠᠯ ᠢ | ᠰᠠᠶᠢᠵᠢᠷᠠᠭᠤᠯᠵᠤ᠂ ᠴᠢᠳᠠᠮᠵᠢ ᠶᠢ ᠳᠡᠭᠡᠭᠰᠢᠯᠡᠭᠦᠯᠵᠦ᠂ ᠠᠮᠢᠵᠢᠷᠠᠯ ᠤᠨ ᠬᠦᠴᠦᠨ ᠢ ᠰᠡᠷᠭᠦᠭᠡᠨ᠎ᠡ᠃ ᠪᠢᠳᠡ ᠰᠢᠨ᠎ᠡ ᠶᠢ | ᠡᠭᠦᠳᠬᠦ ᠠᠷᠭ᠎ᠠ ᠵᠠᠮ ᠢᠶᠠᠷ ᠬᠠᠭᠤᠴᠢᠨ ᠵᠡᠭᠡᠯᠢ ᠳᠤ ᠰᠢᠨ᠎ᠡ ᠠᠮᠢᠵᠢᠷᠠᠯ ᠤᠨ ᠬᠦᠴᠦᠨ ᠢ ᠨᠡᠮᠡᠷᠢᠯᠡᠵᠦ᠂ ᠠᠷᠠᠳ ᠤᠨ | ᠠᠮᠢᠳᠤᠷᠠᠯ ᠢ ᠰᠠᠶᠢᠵᠢᠷᠠᠭᠤᠯᠬᠤ ᠪᠠ ᠲᠡᠦᠬᠡ ᠶᠢᠨ ᠤᠯᠠᠮᠵᠢᠯᠠᠯ ᠢ ᠬᠠᠮᠠᠭᠠᠯᠠᠬᠤ᠂ ᠬᠤᠳᠠ ᠶᠢᠨ ᠠᠮᠢᠵᠢᠷᠠᠯ ᠤᠨ ᠬᠦᠴᠦᠨ | ᠪᠣᠯᠤᠨ ᠤᠳᠤ ᠦᠶ᠎ᠡ ᠶᠢᠨ ᠴᠠᠭ ᠤᠨ ᠥᠩᠭᠡ ᠶᠢ ᠤᠶᠠᠯᠳᠤᠭᠤᠯᠵᠤ᠂ ᠬᠤᠳᠠ ᠶᠢᠨ ᠰᠢᠨᠡᠴᠢᠯᠡᠯᠲᠡ ᠶᠢᠨ | ᠠᠵᠢᠯᠯᠠᠭ᠎ᠠ ᠶᠢ ᠴᠢᠨᠠᠷ ᠰᠠᠶᠢᠲᠠᠢ ᠠᠬᠢᠭᠤᠯᠬᠤ ᠬᠡᠷᠡᠭᠲᠡᠢ᠃ | | ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ |