ᠲᠡᠦᠬᠡ ᠰᠣᠶᠣᠯ ᠤᠨ ᠵᠡᠭᠡᠯᠢ ᠲᠣᠭᠤᠷᠢᠭ ᠢ ᠬᠠᠮᠠᠭᠠᠯᠠᠵᠤ ᠠᠰᠢᠭᠯᠠᠬᠤ ᠠᠵᠢᠯ ᠤᠨ ᠰᠢᠨ᠎ᠡ ᠦᠷ᠎ᠡ ᠪᠦᠲᠦᠮᠵᠢ ᠣᠯᠬᠤ ᠶᠢ ᠯᠠᠪᠳᠠᠭᠤᠨ ᠪᠠᠲᠤᠲᠠᠢ ᠠᠬᠢᠭᠤᠯᠪᠠ
ᠨᠡᠶᠢᠲᠡᠯᠡᠭᠰᠡᠨ ᠴᠠᠭ᠄
2024/9/5
      ᠲᠡᠦᠬᠡ ᠰᠣᠶᠣᠯ ᠤᠨ ᠥᠪ ᠬᠥᠷᠥᠩᠭᠡ ᠳᠤᠮᠳᠠᠳᠤ ᠶᠢᠨ ᠦᠨᠳᠦᠰᠦᠲᠡᠨ ᠤ ᠭᠧᠨ ᠪᠠ ᠰᠤᠳᠠᠰᠤ ᠶᠢ ᠠᠴᠢᠶᠠᠯᠠᠵᠤ᠂ ᠳᠤᠮᠳᠠᠳᠤ ᠤᠯᠤᠰ ᠤᠨ ᠠᠷᠠᠳ ᠲᠦᠮᠡᠨ ᠤ ᠣᠶᠤᠨ ᠤᠬᠠᠭᠠᠨ ᠪᠠ ᠲᠤᠷᠠᠰᠤᠮᠵᠢ ᠶᠢ ᠠᠬᠤᠭᠤᠯᠵᠤ᠂ ᠳᠤᠮᠳᠠᠳᠤ ᠶᠢᠨ ᠪᠣᠯᠪᠠᠰᠤᠨ ᠢ ᠤᠯᠠᠮᠵᠢᠯᠠᠨ ᠵᠠᠯᠭᠠᠮᠵᠢᠯᠠᠬᠤ ᠪᠠ ᠰᠢᠨ᠎ᠡ ᠶᠢ ᠡᠭᠦᠳᠬᠦ ᠶᠢ ᠭᠡᠷᠡᠴᠢᠯᠡᠵᠦ ᠪᠠᠶᠢᠨ᠎ᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ︽ᠲᠡᠦᠬᠡ ᠶᠢᠨ ᠳᠤᠷᠠᠰᠬᠠᠯᠲᠤ ᠵᠦᠢᠯ ᠪᠠ ᠰᠣᠶᠣᠯ ᠤᠨ ᠥᠪ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤᠮᠳᠠᠬᠢ ᠲᠡᠦᠬᠡ ᠰᠣᠶᠣᠯ ᠢ ᠬᠠᠮᠠᠭᠠᠯᠠᠨ ᠤᠯᠠᠮᠵᠢᠯᠠᠬᠤ ᠶᠢ ᠴᠢᠩᠭᠠᠳᠬᠠᠨ᠎ᠠ︾ ᠭᠡᠵᠤ ᠲᠣᠳᠣᠷᠬᠠᠢ ᠲᠤᠷᠠᠳᠤᠨ ᠭᠠᠷᠭᠠᠵᠠᠢ᠃ 2024 ᠣᠨ ᠤ 8 ᠳ᠋ᠤᠭᠠᠷ ᠰᠠᠷ᠎ᠠ ᠶᠢᠨ 16 ᠤ ᠡᠳᠦᠷ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ︽ᠲᠡᠤᠬᠡ ᠰᠣᠶᠣᠯ ᠤᠨ ᠵᠡᠭᠡᠯᠢ ᠲᠣᠭᠤᠷᠢᠭ ᠢ ᠬᠠᠮᠠᠭᠠᠯᠠᠵᠦ ᠠᠰᠢᠭᠯᠠᠭᠰᠠᠨ ᠬᠠᠭᠤᠯᠪᠦᠷᠢᠯᠠᠵᠦ ᠪᠤᠯᠬᠤ ᠲᠤᠷᠰᠢᠯᠭ᠎ᠠ ᠬᠢᠳᠡᠯ ᠤᠨ ᠨᠠᠷᠢᠨ ᠬᠠᠭᠤᠳᠠᠰᠤ ︵ᠨᠢᠭᠡᠳᠦᠭᠡᠷ ᠪᠦᠯᠦᠭ︶ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠲᠡᠤᠬᠡ ᠰᠣᠶᠣᠯ ᠤᠨ ᠵᠡᠭᠡᠯᠢ ᠲᠣᠭᠤᠷᠢᠭ ᠢ ᠬᠠᠮᠠᠭᠠᠯᠠᠵᠦ ᠠᠰᠢᠭᠯᠠᠬᠤ ᠳᠤᠮᠳᠠᠬᠢ ᠨᠡᠶᠢᠲᠡᠯᠢᠭ ᠲᠤᠷᠰᠢᠯᠭ᠎ᠠ ᠠᠷᠭ᠎ᠠ ᠬᠢᠳᠡᠯ ᠢ ᠨᠠᠷᠢᠨ ᠬᠢᠨᠠᠮᠠᠭᠠᠶ ᠳ᠋ᠦᠩᠨᠡᠵᠦ᠂ ᠡᠯ᠎ᠡ ᠭᠠᠵᠠᠷ ᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠯᠠᠪᠯᠠᠯᠲᠠ ᠪᠤᠯᠭᠠᠨ᠎ᠠ᠃      ᠦᠨᠳᠦᠰᠦᠨ ᠵᠠᠷᠴᠢᠮ ᠢ ᠪᠠᠷᠢᠮᠲᠠᠯᠠᠨ᠂ ᠬᠠᠮᠠᠭᠠᠯᠠᠵᠤ ᠰᠡᠯᠪᠢᠨ ᠵᠠᠰᠠᠬᠤ ᠠᠵᠢᠯ ᠢ ᠦᠨᠡᠨᠬᠦ ᠴᠢᠩᠭᠠᠳᠬᠠᠨ᠎ᠠ᠃ ᠨᠢᠭᠡ ᠳᠤ᠂ ᠵᠡᠭᠡᠯᠢ ᠲᠣᠭᠤᠷᠢᠭ ᠤᠨ ᠲᠡᠦᠬᠡ ᠶᠢᠨ ᠳᠦᠷᠰᠦ ᠪᠠᠶᠢᠳᠠᠯ ᠢ ᠦᠷᠭᠦᠯᠵᠢᠯᠡᠭᠦᠯᠦᠨ᠎ᠡ᠃ ᠱᠠᠨ ᠱᠢ ᠮᠣᠵᠢ ᠶᠢᠨ ᠫᠢᠩ ᠶᠣᠣ ᠰᠢᠶᠠᠨ ︽ᠬᠠᠮᠤᠭ ᠪᠠᠭ᠎ᠠ ᠪᠠᠷ ᠨᠦᠯᠦᠭᠡᠯᠡᠬᠦ︾ ᠵᠠᠷᠴᠢᠮ ᠢ ᠪᠠᠷᠢᠮᠲᠠᠯᠠᠵᠤ ᠬᠠᠮᠠᠭᠠᠯᠠᠯᠳᠠ ᠬᠢᠪᠡ ᠃ ᠱᠠᠨᠳᠦ᠋ᠩ ᠮᠣᠵᠢ ᠶᠢᠨ ᠴᠢᠩᠵᠸᠦ ᠬᠤᠲᠠ ᠳᠤ ᠲᠤᠰᠬᠠᠢ ᠮᠡᠷᠭᠡᠵᠢᠯ ᠤᠨ ᠪᠦᠯᠬᠦᠮ ᠪᠠᠶᠢᠭᠤᠯᠵᠤ᠂ ᠲᠤᠬᠠᠢ ᠶᠢᠨ ᠭᠠᠵᠠᠷ ᠲᠤᠨᠢ ᠲᠣᠬᠢᠷᠠᠭᠤᠯᠤᠨ ᠲᠥᠰᠦᠯ ᠲᠣᠭᠲᠠᠭᠠᠪᠠ᠃ ᠫᠦ᠋ ᠲᠢᠶᠠᠨ ᠬᠤᠲᠠ ᠨᠢ ᠲᠡᠦᠬᠡ ᠶᠢᠨ ᠪᠠᠷᠢᠯᠭ᠎ᠠ᠂ ᠤᠯᠠᠮᠵᠢᠯᠠᠯᠲᠤ ᠠᠷᠠᠳ ᠤᠨ ᠣᠷᠣᠨ ᠰᠠᠭᠤᠴᠠ ᠶᠢ ᠬᠠᠮᠠᠭᠠᠯᠠᠬᠤ ᠴᠢᠨᠠᠷᠲᠠᠢ ᠰᠡᠯᠪᠢᠨ ᠵᠠᠰᠠᠬᠤ ᠪᠠ ᠳᠦᠷᠢ ᠲᠥᠷᠬᠦ ᠶᠢ ᠴᠡᠭᠴᠡᠯᠡᠨ ᠵᠠᠰᠠᠬᠤ ᠢᠨᠵᠧᠨᠧᠷᠢᠩ ᠢ ᠬᠡᠷᠡᠭᠵᠢᠭᠦᠯᠬᠦ ᠶᠠᠪᠤᠴᠠ ᠳᠤ᠂ ᠤᠤᠯ ᠤᠨ ᠬᠡᠯᠪᠡᠷᠢ ᠳᠦᠷᠰᠦ᠂ ᠮᠠᠲ᠋ᠧᠷᠢᠶᠠᠯ᠂ ᠭᠠᠷ ᠤᠷᠠᠯᠠᠯ ᠢ ᠠᠯᠢ ᠴᠢᠳᠠᠬᠤ ᠪᠠᠷ ᠪᠠᠳᠤᠯᠠᠪᠠ᠃ ᠬᠤᠶᠠᠷ ᠲᠤ᠂ ᠵᠡᠭᠡᠯᠢ ᠭᠤᠳᠤᠮᠵᠢ ᠶᠢᠨ ᠤᠯᠠᠮᠵᠢᠯᠠᠯᠲᠤ ᠪᠠᠶᠢᠷᠢᠰᠢᠯ ᠢ ᠬᠠᠮᠠᠭᠠᠯᠠᠪᠠ᠃ ᠵᠢᠶᠠᠩᠰᠢ ᠮᠤᠵᠢ ᠶᠢᠨ ᠶᠦᠩ ᠰᠢᠨ ᠰᠢᠶᠠᠨ ︽ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠬᠤ︾ ᠵᠠᠷᠴᠢᠮ ᠢ ᠪᠠᠷᠢᠮᠲᠠᠯᠠᠵᠤ᠂ ᠪᠢᠴᠢᠯ ᠰᠢᠨᠡᠴᠢᠯᠡᠯᠲᠡ ᠶᠢᠨ ᠠᠷᠭ᠎ᠠ ᠬᠡᠯᠪᠡᠷᠢ ᠶᠢ ᠠᠪᠴᠤ᠂ ᠪᠣᠰᠤᠭ᠎ᠠ ᠲᠠᠯ᠎ᠠ ᠶᠢ ᠰᠠᠶᠢᠵᠢᠷᠠᠭᠤᠯᠵᠤ᠂ ᠪᠦᠲᠦᠴᠡ ᠶᠢ ᠪᠠᠬᠢᠵᠢᠭᠦᠯᠵᠦ᠂ ᠤᠯᠠᠮᠵᠢᠯᠠᠯᠲᠤ ᠪᠠᠶᠢᠷᠢᠰᠢᠯ ᠢ ᠦᠷᠭᠦᠯᠵᠢᠯᠡᠭᠦᠯᠵᠦ᠂ ᠤᠯᠠᠨ ᠡᠰᠢᠲᠦ ᠣᠨᠴᠠᠯᠢᠭ ᠢ ᠴᠢᠩᠭᠠᠳᠬᠠᠪᠠ᠃ ᠭᠤᠷᠪᠠ ᠳᠤ᠂ ᠰᠡᠯᠪᠢᠨ ᠵᠠᠰᠠᠭᠰᠠᠨ ᠲᠡᠦᠬᠡ ᠶᠢᠨ ᠪᠠᠷᠢᠯᠭ᠎ᠠ ᠶᠢ ᠬᠠᠮᠠᠭᠠᠯᠠᠪᠠ᠃ ᠲᠢᠶᠠᠨᠵᠢᠨ ᠬᠤᠲᠠ ᠬᠠᠮᠠᠭᠠᠯᠠᠬᠤ ᠰᠡᠯᠪᠢᠨ ᠵᠠᠰᠠᠬᠤ ᠪᠠ ᠠᠮᠢᠳᠤᠯᠢᠭ ᠠᠰᠢᠭᠯᠠᠬᠤ ᠶᠢ ᠬᠠᠷᠢᠯᠴᠠᠨ ᠤᠶᠠᠯᠳᠤᠭᠤᠯᠬᠤ ᠵᠠᠷᠴᠢᠮ ᠢ ᠪᠠᠷᠢᠮᠲᠠᠯᠠᠵᠤ᠂ ᠮᠡᠷᠭᠡᠵᠢᠯ ᠤᠨ ᠠᠷᠭ᠎ᠠ ᠳᠤ ᠰᠢᠨ᠎ᠡ ᠶᠢ ᠡᠭᠦᠳᠴᠦ᠂ ᠲᠡᠷᠢᠭᠦᠨ ᠤ ᠮᠠᠲ᠋ᠧᠷᠢᠶᠠᠯ ᠢ ᠬᠡᠷᠡᠭᠯᠡᠵᠦ᠂ ᠰᠣᠶᠣᠯ ᠤᠨ ᠡᠯᠧᠮᠧᠨ᠋ᠲ ᠢ ᠦᠯᠡᠳᠡᠭᠡᠪᠡ︔ ᠮᠧᠢ ᠱᠠᠨ ᠬᠤᠲᠠ ᠪᠠᠷᠢᠯᠭ᠎ᠠ ᠶᠢᠨ ᠬᠤᠬᠢᠷᠠᠭᠰᠠᠨ ᠬᠡᠰᠡᠭ ᠢ ᠭᠤᠣᠯᠳᠠᠯᠭ᠎ᠠ ᠲᠠᠢ ᠵᠠᠰᠠᠨ ᠪᠠᠬᠢᠵᠢᠭᠦᠯᠵᠦ᠂ ᠠᠮᠤᠷ ᠲᠦᠪᠰᠢᠨ ᠤ ᠲᠡᠰ ᠢ ᠲᠡᠭᠡᠭᠰᠢᠯᠡᠭᠦᠯᠪᠡ᠃    ᠱᠧ ᠰᠢᠶᠠᠨ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠰᠢᠷᠭᠤᠯᠵᠢ ᠶᠢ ᠰᠡᠷᠭᠡᠶᠢᠯᠡᠬᠦ ᠴᠢᠳᠠᠪᠦᠷᠢ ᠶᠢ ᠴᠢᠩᠭᠠᠳᠬᠠᠵᠦ᠂ ᠭᠠᠯ ᠰᠡᠷᠭᠡᠶᠢᠯᠡᠬᠦ ᠤᠨᠳᠠᠷᠠᠭᠠᠬᠤ ᠪᠠ ᠡᠨᠧᠷᠭᠢ ᠠᠷᠪᠢᠯᠠᠬᠤ ᠬᠢᠷᠢ ᠲᠦᠪᠰᠢᠨ ᠢ ᠲᠡᠭᠡᠭᠰᠢᠯᠡᠭᠦᠯᠪᠡ᠃      ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠬᠦᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠪᠦᠲᠦᠮᠵᠢᠲᠡᠶ ᠰᠠᠶᠢᠵᠢᠷᠠᠭᠤᠯᠪᠠ᠃ ᠨᠢᠭᠡ ᠳᠤ᠂ ᠵᠡᠭᠡᠯᠢ ᠭᠤᠳᠤᠮᠵᠢ ᠶᠢᠨ ᠠᠮᠤᠷ ᠲᠦᠪᠰᠢᠨ ᠤ ᠤᠶᠠᠨ ᠬᠠᠳᠠᠨ ᠴᠢᠨᠠᠷ ᠢ ᠳᠡᠭᠡᠭᠰᠢᠯᠡᠭᠦᠯᠪᠡ᠃ ᠰᠢᠶᠠᠮᠧᠨ ᠬᠤᠲᠠ᠂ ᠴᠦᠩᠴᠢᠩ ᠬᠤᠲᠠ ᠶᠢᠨ ᠱᠠ ᠫᠢᠩ ᠲᠤᠭᠤᠷᠢᠭ ᠪᠠ ᠬᠤᠸᠠᠩ ᠱᠠᠨ ᠬᠤᠲᠠ ᠨᠢ ᠬᠥᠮᠦᠨ ᠢᠶᠠᠷ ᠰᠡᠷᠭᠡᠶᠢᠯᠡᠬᠦ ᠪᠠ ᠮᠡᠷᠭᠡᠵᠢᠯ ᠢᠶᠠᠷ ᠰᠡᠷᠭᠡᠶᠢᠯᠡᠬᠦ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠬᠤ ᠪᠠ ᠮᠡᠷᠭᠡᠵᠢᠯ ᠤᠨ ᠬᠡᠷᠡᠭᠯᠡᠯᠳᠡ ᠪᠠᠷ ᠳᠠᠮᠵᠢᠨ ᠭᠠᠯ ᠰᠡᠷᠭᠡᠶᠢᠯᠡᠬᠦ᠂ ᠦᠶᠡᠷ ᠢ ᠰᠡᠷᠭᠡᠶᠢᠯᠡᠬᠦ᠂ ᠭᠠᠵᠠᠷ ᠬᠥᠳᠡᠯᠦᠯᠲᠡ ᠶᠢ ᠰᠡᠷᠭᠡᠶᠢᠯᠡᠬᠦ ᠠᠵᠢᠯ ᠢ ᠴᠢᠩᠭᠠᠳᠭᠠᠪᠠ᠃ ᠬᠤᠶᠠᠷ ᠲᠤ᠂ ᠰᠠᠭᠤᠷᠢ ᠪᠡᠯᠡᠳᠬᠡᠮᠵᠢ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢ ᠲᠡᠭᠦᠯᠳᠡᠷᠵᠢᠭᠦᠯᠪᠠ᠃ ᠠᠨ ᠶᠠᠩ ᠬᠤᠲᠠ ᠣᠷᠣᠨ ᠵᠠᠢ ᠶᠢᠨ ᠡᠬᠢ ᠪᠠᠶᠠᠯᠢᠭ ᠢ ᠭᠦᠢᠴᠡᠳ ᠠᠭᠤᠳᠠᠯᠤᠨ ᠠᠰᠢᠭᠯᠠᠵᠤ᠂ ᠤᠰᠤ ᠬᠠᠩᠭᠠᠬᠤ᠂ ᠴᠠᠬᠢᠯᠭᠠᠨ ᠬᠠᠩᠭᠠᠬᠤ᠂ ᠢᠯᠴᠢ ᠬᠠᠩᠭᠠᠬᠤ᠂ ᠬᠡᠢ ᠬᠠᠩᠭᠠᠬᠤ᠂ ᠤᠰᠤ ᠭᠠᠳᠠᠭᠰᠢᠯᠠᠭᠤᠯᠬᠤ ᠵᠡᠷᠭᠡ ᠪᠡᠯᠡᠳᠬᠡᠮᠵᠢ ᠲᠥᠬᠦᠭᠡᠷᠦᠮᠵᠢ ᠶᠢ ᠰᠢᠨᠡᠳᠬᠡᠨ ᠦᠭᠡᠷᠡᠴᠢᠯᠡᠪᠡ︔ ᠪᠡᠭᠡᠵᠢᠩ ᠬᠤᠳᠠ ᠶᠢᠨ ᠳ᠋ᠦᠩ ᠴᠧᠩ ᠲᠣᠭᠤᠷᠢᠭ᠂ ᠶᠠᠩ ᠵᠧᠦ ᠬᠤᠳᠠ ᠲᠡᠷᠭᠡᠨ ᠵᠣᠭᠰᠣᠭᠠᠯ᠂ ᠬᠤᠭᠤᠯᠠᠨ ᠭᠡᠷ᠂ ᠨᠡᠶᠢᠲᠡ ᠶᠢᠨ ᠵᠣᠷᠯᠣᠩ ᠵᠡᠷᠭᠡ ᠶᠢ ᠨᠡᠮᠡᠵᠦ ᠪᠠᠶᠢᠭᠤᠯᠬᠤ ᠶᠢ ᠰᠦᠪᠡᠭᠴᠢᠯᠡᠨ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠦᠨᠡᠨᠬᠦ ᠨᠡᠮᠡᠭᠳᠡᠭᠦᠯᠪᠡ᠃ ᠭᠤᠷᠪᠠ ᠳᠤ᠂ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠨᠥᠬᠦᠴᠡᠯ ᠢ ᠰᠠᠶᠢᠵᠢᠷᠠᠭᠤᠯᠪᠠ᠃ ᠺᠠᠱ ᠬᠤᠲᠠ ᠠᠷᠠᠳ ᠤᠨ ᠣᠷᠣᠨ ᠰᠠᠭᠤᠴᠠ ᠶᠢᠨ ᠳᠤᠯᠠᠭᠠᠨ ᠢ ᠪᠠᠲᠤᠯᠠᠬᠤ ᠴᠢᠳᠠᠪᠬᠢ ᠶᠢ ᠴᠢᠩᠭᠠᠳᠬᠠᠬᠤ ᠶᠢ ᠴᠢᠬᠤᠯᠠᠴᠢᠯᠠᠪᠠ︔ ᠶᠦᠨᠨᠠᠨ ᠮᠤᠵᠢ ᠶᠢᠨ ᠬᠤᠩ ᠾᠧ ᠵᠧᠦ᠂ ᠬᠤᠵᠸᠦ ᠬᠤᠲᠠ ᠨᠢ ᠤᠤᠯ ᠤᠨ ᠪᠠᠷᠢᠯᠭ᠎ᠠ ᠳᠤ ᠲᠣᠭᠤᠭᠠᠨ ᠭᠡᠷ᠂ ᠵᠣᠷᠯᠣᠩ᠂ ᠰᠦᠷᠴᠢᠮᠡᠯ ᠤᠬᠢᠶᠠᠯᠭ᠎ᠠ ᠶᠢᠨ ᠭᠡᠷ ᠵᠡᠷᠭᠡ ᠣᠳᠣᠬᠢᠴᠢᠯᠠᠭᠰᠠᠨ ᠲᠥᠬᠦᠭᠡᠷᠦᠮᠵᠢ ᠶᠢ ᠨᠡᠮᠡᠵᠦ ᠪᠠᠶᠢᠭᠤᠯᠬᠤ ᠶᠢ ᠰᠥᠪᠡᠭᠴᠢᠯᠡᠵᠦ᠂ ᠨᠣᠭᠤᠭᠠᠷᠠᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠲᠤᠬᠠᠶ ᠥᠪᠡᠷᠮᠢᠴᠡ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠠᠶ᠃      ᠴᠠᠭ ᠦᠶ᠎ᠡ ᠶᠢᠨ ᠱᠠᠭᠠᠷᠳᠠᠯᠭ᠎ᠠ ᠶᠢ ᠡᠵᠡᠮᠳᠡᠵᠦ᠂ ᠥᠪ ᠬᠥᠷᠥᠩᠭᠡ ᠶᠢᠨ ᠥᠷᠲᠡᠭ ᠢ ᠭᠦᠢᠴᠡᠳ ᠪᠠᠳᠠᠷᠠᠭᠤᠯᠪᠠ᠃ ᠨᠢᠭᠡ ᠳᠤ᠂ ᠵᠡᠭᠡᠯᠢ ᠲᠣᠭᠤᠷᠢᠭ ᠤᠨ ᠦᠷᠳᠡᠭᠳᠦ ᠣᠨᠴᠠᠯᠢᠭᠲᠤ ᠦᠵᠡᠭᠦᠯᠦᠯᠭᠡ ᠶᠢᠨ ᠠᠷᠭ᠎ᠠ ᠪᠠᠷᠢᠯ ᠳᠤ ᠰᠢᠨ᠎ᠡ ᠶᠢ ᠡᠭᠦᠳᠦᠪᠡ᠃ ᠰᠦᠵᠸᠦ ᠬᠤᠲᠠ ᠵᠡᠷᠭᠡ ᠭᠠᠵᠠᠷ ᠣᠷᠣᠨ ᠨᠢ ᠲᠤᠭ᠎ᠠ᠂ ᠮᠡᠳᠡᠭᠡ ᠵᠠᠩᠭᠢ ᠶᠢᠨ ᠮᠡᠷᠭᠡᠵᠢᠯ ᠢ ᠬᠡᠷᠡᠭᠯᠡᠨ ᠵᠡᠭᠡᠯᠢ ᠲᠣᠭᠤᠷᠢᠭ ᠤᠨ ᠪᠣᠳᠠᠲᠤ ᠦᠵᠡᠮᠵᠢ ᠶᠢ ᠢᠯᠡᠷᠡᠭᠦᠯᠬᠦ ᠶᠢ ᠰᠦᠪᠡᠭᠴᠢᠯᠡᠨ᠂ ᠨᠡᠩ ᠣᠯᠠᠨ ᠠᠷᠠᠳ ᠣᠯᠠᠨ ᠮᠡᠳᠡᠭᠡ ᠵᠠᠩᠭᠢ ᠶᠢᠨ ᠰᠦᠯᠵᠢᠶᠡᠨ ᠤ ᠲᠠᠪᠴᠠᠩ ᠢᠶᠠᠷ ᠳᠠᠮᠵᠢᠭᠤᠯᠤᠨ ᠲᠡᠦᠬᠡ ᠶᠢᠨ ᠵᠡᠭᠡᠯᠢ ᠲᠣᠭᠤᠷᠢᠭ ᠢ ᠤᠶᠢᠯᠠᠭᠠᠬᠤ᠂ ᠪᠤᠳᠠᠳᠤ ᠦᠵᠡᠮᠵᠢ ᠪᠣᠳᠠᠲᠤ ᠴᠣᠭᠴᠠ ᠶᠢᠨ ᠣᠷᠣᠨ ᠵᠠᠢ ᠪᠠ ᠲᠣᠭᠠᠴᠢᠯᠠᠭᠰᠠᠨ ᠣᠷᠣᠨ ᠵᠠᠢ ᠶᠢᠨ ᠪᠦᠲᠦᠮᠵᠢᠲᠡᠢ ᠠᠭᠤᠰᠤᠯᠴᠠᠯ ᠢ ᠪᠡᠶᠡᠯᠡᠭᠦᠯᠵᠡᠢ᠃ ᠬᠤᠶᠠᠷ ᠲᠤ᠂ ᠵᠡᠭᠡᠯᠢ ᠭᠤᠳᠤᠮᠵᠢ ᠶᠢᠨ ᠰᠣᠶᠣᠯ ᠰᠤᠷᠭᠠᠨ ᠬᠥᠮᠦᠵᠢᠯ ᠤᠨ ᠤᠬᠠᠭᠤᠯᠭ᠎ᠠ ᠶᠢᠨ ᠴᠢᠳᠠᠮᠵᠢ ᠶᠢ ᠪᠠᠳᠠᠷᠠᠭᠤᠯᠵᠠᠢ᠃ ᠬᠠᠩᠵᠧᠦ ᠬᠤᠲᠠ᠂ ᠹᠦᠸᠧ ᠱᠠᠨ ᠬᠤᠲᠠ᠂ ᠦᠬᠠᠨ ᠬᠤᠲᠠ ᠪᠣᠯᠤᠨ ᠵᠢᠩᠵᠸᠦ ᠬᠤᠲᠠ ᠵᠡᠷᠭᠡ ᠭᠠᠵᠠᠷ ᠣᠷᠣᠨ ᠪᠥᠬᠦ ᠲᠠᠯ᠎ᠠ ᠪᠠᠷ ᠠᠭᠤᠳᠠᠯᠵᠤ᠂ ᠣᠯᠠᠨ ᠡᠰᠢᠵᠢᠭᠦᠯᠦᠨ ᠳᠡᠯᠭᠡᠨ ᠦᠵᠡᠭᠦᠯᠵᠦ᠂ ᠥᠷᠭᠡᠨ ᠬᠡᠪᠴᠢᠶ᠎ᠡ ᠪᠠᠷ ᠤᠬᠠᠭᠤᠯᠵᠤ᠂ ᠬᠠᠭᠤᠴᠢᠨ ᠪᠠᠷᠢᠯᠭ᠎ᠠ ᠶᠢ ᠠᠮᠢᠳᠤᠯᠢᠭ ᠪᠣᠯᠭᠠᠵᠤ᠂ ᠬᠠᠭᠤᠴᠢᠨ ᠦᠯᠢᠭᠡᠷ ᠢ ᠠᠮᠢᠯᠠᠭᠤᠯᠵᠦ᠂ ᠲᠡᠦᠬᠡᠨ ᠵᠡᠭᠡᠯᠢ ᠳᠤ ᠠᠭᠤᠯᠤᠭᠳᠠᠵᠤ ᠪᠠᠶᠢᠭ᠎ᠠ ᠲᠡᠦᠬᠡ ᠰᠣᠶᠣᠯ ᠤᠨ ᠦᠨ᠎ᠡ ᠥᠷᠲᠡᠭ ᠢ ᠳᠡᠯᠭᠡᠨ ᠦᠵᠡᠭᠦᠯᠪᠡ᠃ ᠭᠤᠷᠪᠠ ᠳᠤ᠂ ᠰᠢᠯᠢᠳᠡᠭ ᠤᠯᠠᠮᠵᠢᠯᠠᠯᠲᠤ ᠰᠣᠶᠣᠯ ᠪᠠ ᠠᠵᠤ ᠦᠢᠯᠡᠰ ᠢ ᠤᠯᠠᠮᠵᠢᠯᠠᠪᠠ᠃ ᠵᠠᠩᠵᠸᠦ ᠬᠤᠲᠠ᠂ ᠵᠢᠩ ᠳ᠋ᠧ ᠵᠧᠨ ᠬᠤᠲᠠ᠂ ᠱᠠᠨᠲ᠋ᠧᠦ ᠬᠤᠲᠠ ᠵᠡᠷᠭᠡ ᠭᠠᠵᠠᠷ ᠤᠨ ᠤᠯᠠᠮᠵᠢᠯᠠᠯᠲᠤ ᠦᠢᠯᠡᠳᠪᠦᠷᠢᠯᠡᠯ ᠤᠨ ᠲᠠᠯᠠᠪᠤᠷ ᠪᠠ ᠦᠵᠡᠮᠵᠢ ᠶᠢ ᠬᠠᠮᠠᠭᠠᠯᠠᠬᠤ ᠪᠠ ᠠᠮᠢᠳᠤᠯᠢᠭᠵᠢᠭᠤᠯᠤᠨ ᠠᠰᠢᠭᠯᠠᠵᠤ᠂ ᠰᠢᠯᠢᠳᠡᠭ ᠤᠯᠠᠮᠵᠢᠯᠠᠯᠲᠤ ᠰᠣᠶᠣᠯ ᠤᠨ ᠠᠵᠤ ᠦᠢᠯᠡᠰ ᠤᠨ ᠤᠷᠠᠨ ᠲᠠᠷᠬᠠᠨ ᠢ ᠲᠡᠳᠡᠨ ᠠᠪᠴᠢᠷᠠᠬᠤ ᠪᠠ ᠪᠤᠶᠢᠵᠢᠭᠤᠯᠵᠤ᠂ ᠤᠯᠠᠮᠵᠢᠯᠠᠯᠲᠤ ᠰᠣᠶᠣᠯ ᠤᠨ ᠠᠵᠤ ᠦᠢᠯᠡᠰ ᠤᠨ ᠳᠡᠰ ᠳᠡᠪᠰᠢᠬᠦ ᠶᠢ ᠠᠬᠢᠭᠤᠯᠵᠤ᠂ ︽ᠦᠯᠡᠳᠡᠭᠡᠵᠦ ᠠᠪᠬᠤ︾ ᠶᠢ ᠪᠡᠶᠡᠯᠡᠭᠦᠯᠪᠡ︔ ᠢ ᠰᠢᠩ ᠬᠤᠲᠠ ᠰᠢᠨ᠎ᠡ ᠮᠡᠷᠭᠡᠵᠢᠯ᠂ ᠰᠢᠨ᠎ᠡ ᠠᠷᠭ᠎ᠠ ᠵᠠᠮ  ᠢ ᠠᠰᠢᠭᠯᠠᠨ ᠤᠬᠠᠭᠤᠯᠭ᠎ᠠ ᠪᠣᠷᠣᠯᠠᠭᠤᠯᠭ᠎ᠠ ᠶᠢ ᠴᠢᠩᠭᠠᠳᠬᠠᠵᠤ᠂ ︽ᠭᠠᠳᠠᠭᠰᠢ ᠭᠠᠷᠬᠤ︾ ᠶᠢ ᠪᠡᠶᠡᠯᠡᠭᠦᠯᠪᠡ᠃ ᠳᠥᠷᠪᠡ ᠳᠤ᠂ ᠰᠢᠨ᠎ᠡ ᠴᠢᠳᠠᠮᠵᠢ ᠰᠢᠨ᠎ᠡ ᠡᠵᠡᠩᠨᠡᠯᠲᠡ ᠶᠢᠨ ᠬᠡᠯᠪᠡᠷᠢ ᠶᠢ ᠣᠷᠣᠭᠤᠯᠤᠨ ᠠᠪᠴᠢᠷᠠᠪᠠ᠃ ᠪᠡᠭᠡᠵᠢᠩ ᠬᠤᠲᠠ ᠶᠢᠨ ᠱᠢ ᠵᠢᠩ ᠱᠠᠨ ᠲᠣᠭᠤᠷᠢᠭ ᠨᠢ ᠲᠤᠰᠬᠠᠢ ᠬᠠᠮᠢᠶᠠᠷᠤᠯᠲᠠ ᠶᠢᠨ ᠪᠦᠯᠬᠦᠮ ᠲᠠᠢ ᠬᠠᠮᠲᠤᠷᠠᠨ᠂ ᠵᠡᠭᠡᠯᠢ ᠲᠣᠭᠤᠷᠢᠭ ᠤᠨ ᠲᠥᠯᠥᠪᠵᠢᠭᠦᠯᠭᠡ ᠵᠢᠷᠤᠭ ᠲᠥᠯᠥᠪᠯᠡᠭᠡ᠂ ᠢᠨᠵᠧᠨᠧᠷᠢᠩ ᠤᠨ ᠪᠦᠲᠦᠭᠡᠨ ᠪᠠᠶᠢᠭᠤᠯᠤᠯᠳᠠ᠂ ᠬᠤᠳᠠᠯᠳᠤᠭᠠᠴᠢᠨ ᠤᠷᠢᠵᠤ ᠡᠵᠡᠩᠨᠡᠬᠦ᠂ ᠵᠡᠭᠡᠯᠢ ᠲᠣᠭᠤᠷᠢᠭ ᠤᠨ ᠬᠠᠮᠢᠶᠠᠷᠤᠯᠲᠠ ᠶᠢ ᠰᠢᠯᠢᠳᠡᠭᠵᠢᠭᠦᠯᠪᠡ︔ ᠹᠦᠵᠸᠦ ᠬᠤᠲᠠ᠂ ᠭᠦᠢᠵᠧᠦ ᠮᠣᠵᠢ ᠶᠢᠨ ᠯᠢ ᠫᠢᠩ ᠰᠢᠶᠠᠨ ᠣᠨᠴᠠᠯᠢᠭᠲᠤ ᠰᠣᠶᠣᠯ ᠤᠨ ᠠᠵᠢᠯᠯᠠᠭ᠎ᠠ ᠥᠷᠨᠢᠭᠦᠯᠵᠦ᠂ ᠭᠠᠵᠠᠷ ᠣᠷᠣᠨ ᠤ ᠨᠡᠷᠡᠲᠦ ᠲᠡᠮᠳᠡᠭᠳᠦ ᠰᠣᠶᠣᠯ ᠢ ᠡᠭᠦᠳᠴᠦ᠂ ᠭᠠᠳᠠᠭᠠᠳᠤ ᠰᠣᠯᠢᠯᠴᠠᠭ᠎ᠠ ᠶᠢ ᠴᠢᠩᠭᠠᠳᠬᠠᠪᠠ᠃      ᠰᠠᠭᠤᠷᠢ ᠪᠠᠲᠤᠯᠠᠭ᠎ᠠ ᠶᠢ ᠪᠠᠬᠢᠵᠢᠭᠦᠯᠵᠦ᠂ ᠦᠷᠭᠦᠯᠵᠢᠯᠡᠨ ᠪᠠᠶᠢᠭᠤᠯᠤᠮᠵᠢ ᠲᠣᠭᠲᠠᠴᠠ ᠳᠤ ᠰᠢᠨ᠎ᠡ ᠶᠢ ᠡᠭᠦᠳᠦᠪᠡ᠃ ᠨᠢᠭᠡ ᠳᠤ᠂ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠪᠠ ᠬᠠᠮᠢᠶᠠᠷᠤᠯᠲᠠ ᠶᠢᠨ ᠲᠣᠭᠲᠠᠭᠠᠯ ᠢ ᠲᠤᠭᠳᠠᠭᠠᠪᠠ᠃ ᠡᠯ᠎ᠡ ᠭᠠᠵᠠᠷ ᠤᠨ ᠬᠢᠨ ᠨᠢ ᠲᠤᠰ ᠪᠡᠶ᠎ᠡ ᠶᠢᠨ ᠣᠨᠴᠠᠯᠢᠭ ᠪᠣᠯᠤᠨ ᠬᠡᠷᠡᠭᠴᠡᠭᠡ ᠱᠠᠭᠠᠷᠳᠠᠯᠭ᠎ᠠ ᠲᠠᠢ ᠪᠠᠨ ᠤᠶᠠᠯᠳᠤᠭᠤᠯᠤᠨ᠂ ᠣᠳᠣ ᠶᠢᠨ ᠪᠠᠶᠢᠭ᠎ᠠ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠬᠢᠷᠢ ᠲᠦᠪᠰᠢᠨ ᠢ ᠪᠠᠭᠤᠷᠠᠭᠤᠯᠬᠤ ᠦᠭᠡᠶ ᠰᠠᠭᠤᠷᠢᠨ ᠳᠡᠭᠡᠷ᠎ᠡ᠂ ᠬᠠᠮᠢᠶ᠎ᠠ ᠪᠦᠬᠦᠢ ᠭᠠᠯ ᠰᠡᠷᠭᠡᠶᠢᠯᠡᠨ ᠤᠨᠲᠠᠷᠠᠭᠠᠬᠤ ᠬᠠᠮᠢᠶᠠᠷᠤᠯᠲᠠ ᠶᠢᠨ ᠲᠣᠭᠲᠠᠭᠠᠯ ᠪᠣᠯᠤᠨ ᠮᠡᠷᠭᠡᠵᠢᠯ ᠤᠨ ᠵᠢᠯᠣᠭᠤᠳᠤᠯᠭ᠎ᠠ ᠶᠢ ᠨᠡᠶᠢᠳᠡᠯᠡᠵᠡᠢ᠂ ᠪᠠᠷᠢᠯᠭ᠎ᠠ ᠶᠢᠨ ᠰᠡᠯᠪᠢᠨ ᠵᠠᠰᠠᠬᠤ ᠮᠡᠷᠭᠡᠵᠢᠯ ᠤᠨ ᠵᠢᠯᠣᠭᠤᠳᠤᠯᠭ᠎ᠠ ᠬᠢᠭᠡᠳ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠂ ᠰᠠᠭᠤᠭᠠᠯᠢ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠤᠯᠠᠮᠵᠢᠯᠠᠯᠲᠤ ᠳᠦᠷᠰᠦ ᠪᠠᠶᠢᠳᠠᠯ‌ᠢ ᠦᠷᠭᠦᠯᠵᠢᠯᠡᠭᠦᠯᠬᠦ ᠤᠷᠢᠲᠠᠯ ᠳᠣᠤᠷ᠎ᠠ ᠪᠡᠶ᠎ᠡ ᠪᠠᠨ ᠳᠠᠭᠠᠭᠠᠵᠤ ᠰᠡᠯᠪᠢᠨ ᠵᠠᠰᠠᠬᠤ ᠶᠢ ᠥᠷᠨᠢᠭᠦᠯᠬᠦ ᠶᠢ ᠰᠦᠪᠡᠭᠴᠢᠯᠡᠪᠡ᠃ ᠬᠤᠶᠠᠷ ᠲᠤ᠂ ᠬᠠᠮᠠᠭᠠᠯᠠᠵᠦ ᠠᠰᠢᠭᠯᠠᠬᠤ ᠬᠠᠮᠢᠶ᠎ᠠ ᠪᠥᠬᠦᠶ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠨᠡᠶᠢᠲᠡᠯᠡᠪᠡ᠃ ᠵᠢᠶᠠᠩᠰᠦ ᠮᠤᠵᠢ᠂ ᠹᠦᠵᠢᠶᠠᠨ ᠮᠤᠵᠢ ᠠᠴᠠ ᠱᠠᠩᠨᠠᠯ ᠨᠥᠬᠦᠪᠥᠷᠢ ᠶᠢᠨ ᠪᠡᠯᠡ ᠮᠥᠩᠭᠦ ᠶᠢ ᠴᠢᠷᠮᠠᠶᠢᠨ ᠣᠯᠵᠤ᠂ ᠢᠨᠵᠧᠨᠧᠷᠢᠩ ᠤᠨ ᠦᠨ᠎ᠡ ᠪᠣᠳᠣᠬᠤ᠂ ᠪᠠᠩᠬᠢ ᠶᠢᠨ ᠵᠢᠭᠡᠯᠡᠯᠭᠡ᠂ ᠰᠢᠨ᠎ᠡ ᠶᠢ ᠡᠭᠦᠳᠬᠦ ᠴᠢᠨᠠᠷᠲᠠᠶ ᠮᠥᠩᠭᠦᠨ ᠭᠦᠢᠯᠭᠡᠭᠡᠨ ᠤ ᠦᠢᠯᠡᠳᠬᠦᠨ ᠵᠡᠷᠭᠡ ᠲᠠᠯ᠎ᠠ ᠪᠠᠷ ᠨᠡᠩ ᠶᠡᠭᠡ ᠳᠡᠮᠵᠢᠯᠭᠡ ᠦᠵᠡᠭᠦᠯᠵᠡᠶ᠃ ᠭᠤᠷᠪᠠ ᠳᠤ᠂ ᠠᠵᠢᠯ ᠤᠨ ᠵᠣᠬᠢᠶᠠᠨ ᠪᠠᠶᠢᠭᠤᠯᠤᠯᠲᠠ ᠪᠠ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠪᠠ᠃ ᠭᠤᠸᠠᠩᠵᠧᠤ ᠬᠤᠲᠠ ︽ᠵᠠᠰᠠᠭ ᠤᠨ ᠣᠷᠳᠣᠨ ᠢᠶᠠᠷ ᠭᠤᠤᠯᠯᠠᠭᠤᠯᠬᠤ᠂ ᠠᠵᠤ ᠠᠬᠤᠶᠢᠯᠠᠯ ᠢᠶᠠᠷ ᠠᠵᠢᠯᠯᠠᠭᠤᠯᠬᠤ᠂ ᠣᠯᠠᠨ ᠲᠠᠯ᠎ᠠ ᠪᠠᠷ ᠣᠷᠣᠯᠴᠠᠬᠤ᠂ ᠠᠰᠢᠭ ᠲᠤᠰᠠ ᠶᠢ ᠬᠠᠮᠲᠤ ᠪᠠᠷ ᠡᠳ᠋ᠯᠡᠬᠦ︾ ᠲᠣᠭᠲᠠᠴᠠ ᠶᠢ ᠪᠠᠶᠢᠭᠤᠯᠪᠠ︔ ᠵᠢᠱᠢᠶᠡᠯᠡᠪᠡᠯ ᠭᠤᠤ ᠬᠤᠲᠠ ᠲᠡᠦᠬᠡ ᠰᠣᠶᠣᠯ ᠤᠨ ᠨᠠᠷᠠᠲᠤ ᠬᠤᠲᠠ ᠶᠢᠨ ᠨᠡᠶᠢᠲᠡ ᠶᠢᠨ ᠠᠰᠠᠷᠠᠮᠵᠢ ᠶᠢᠨ ᠬᠠᠮᠠᠭᠠᠯᠠᠬᠤ ᠪᠠᠶᠢᠴᠠᠭᠠᠬᠤ ᠠᠵᠢᠯ ᠤᠨ ᠥᠷᠲᠡᠭᠡ ᠶᠢ ᠪᠠᠶᠢᠭᠤᠯᠵᠤ᠂ ᠲᠡᠤᠬᠡ ᠶᠢᠨ ᠪᠠᠷᠢᠯᠭ᠎ᠠ ᠶᠢᠨ ᠠᠯᠪᠠᠨ ᠤ ᠪᠠ ᠬᠤᠪᠢ ᠶᠢᠨ ᠡᠷᠬᠡ ᠶᠢᠨ ᠬᠠᠷᠢᠶ᠎ᠠ ᠶᠢᠨ ᠵᠢᠭᠤᠷᠠᠯᠳᠤᠭᠠᠨ ᠢ ᠰᠢᠢᠳᠪᠦᠷᠢᠯᠡᠬᠦ᠂ ᠵᠡᠭᠡᠯᠢ ᠭᠤᠳᠤᠮᠵᠢ ᠶᠢᠨ ᠳᠦᠷᠰᠦ ᠪᠠᠶᠢᠳᠠᠯ ᠢ ᠬᠠᠮᠠᠭᠠᠯᠠᠬᠤ ᠵᠡᠷᠭᠡ 6 ᠵᠦᠢᠯ ᠤᠨ ᠬᠦᠴᠢᠷ ᠠᠰᠠᠭᠤᠳᠠᠯ ᠢ ᠲᠣᠬᠢᠲᠠᠶ ᠰᠢᠢᠳᠪᠦᠷᠢᠯᠡᠪᠡ︔ ᠶᠦᠨᠨᠠᠨ ᠮᠤᠵᠢ ᠶᠢᠨ ᠸᠧᠶ ᠱᠠᠨ ᠰᠢᠶᠠᠨ ᠬᠡᠷ ᠪᠠᠶᠢᠰᠢᠩ ᠵᠠᠰᠠᠵᠤ ᠴᠢᠮᠡᠭᠯᠡᠬᠦ ᠳᠤ ᠡᠬᠢ ᠡᠭᠦᠰᠦᠯ ᠠᠴᠠ ᠨᠢ ᠬᠠᠮᠲᠤᠷᠠᠨ ᠬᠠᠮᠢᠶᠠᠷᠤᠨ ᠡᠵᠡᠮᠳᠡᠬᠦ ᠲᠣᠭᠲᠠᠴᠠ ᠶᠢ ᠪᠠᠶᠢᠭᠤᠯᠵᠤ᠂ ᠬᠠᠮᠢᠶ᠎ᠠ ᠪᠥᠬᠦᠶ ᠬᠡᠷᠡᠭᠵᠢᠭᠦᠯᠬᠦ ᠵᠢᠯᠣᠭᠤᠳᠬᠤ ᠲᠦᠷᠢᠮ ᠢ ᠨᠡᠶᠢᠳᠡᠯᠡᠵᠦ᠂ ᠭᠠᠯ ᠰᠡᠷᠭᠡᠶᠢᠯᠡᠨ ᠤᠨᠲᠠᠷᠠᠭᠠᠬᠤ ᠮᠡᠷᠭᠡᠵᠢᠯ ᠤᠨ ᠵᠢᠯᠣᠭᠤᠳᠣᠯᠭ᠎ᠠ ᠬᠠᠩᠭᠠᠵᠤ᠂ ᠵᠣᠬᠢᠬᠤ ᠰᠠᠨᠠᠯ ᠰᠠᠨᠠᠭᠤᠯᠭ᠎ᠠ ᠳᠤᠷᠠᠳᠪᠠ᠃ ᠳᠥᠷᠪᠡ ᠳᠤ᠂ ᠨᠡᠶᠢᠭᠡᠮ ᠤᠨ ᠬᠦᠴᠦᠨ ᠪᠠ ᠰᠠᠭᠤᠭᠠᠯᠢ ᠠᠷᠠᠳ ᠤᠨ ᠣᠷᠣᠯᠴᠠᠬᠤ ᠶᠢ ᠵᠣᠷᠢᠭᠵᠢᠭᠤᠯᠤᠨ ᠬᠥᠲᠥᠯᠥᠨ ᠵᠢᠯᠤᠭᠤᠳᠪᠠ᠃ ᠭᠤᠸᠠᠩᠵᠧᠦ ᠬᠤᠲᠠ ᠨᠠᠮ ᠤᠨ ᠪᠠᠶᠢᠭᠤᠯᠤᠯᠲᠠ ᠪᠠᠷ ᠬᠥᠲᠥᠯᠦᠨ ᠳᠠᠭᠠᠭᠤᠯᠬᠤ ᠪᠠᠷ ᠳᠠᠮᠵᠢᠭᠤᠯᠤᠨ᠂ ᠠᠵᠤ ᠠᠬᠤᠶᠢᠯᠠᠯ᠂ ᠲᠤᠰᠬᠠᠶ ᠮᠡᠷᠭᠡᠵᠢᠯᠲᠡᠨ᠂ ᠰᠠᠭᠤᠭᠠᠯᠢ ᠠᠷᠠᠳ᠂ ᠵᠠᠭᠤᠴᠢᠯᠠᠭᠤᠷ ᠢ ᠪᠠᠭᠲᠠᠭᠠᠭᠰᠠᠨ ᠣᠯᠠᠨ ᠲᠠᠯ᠎ᠠ ᠶᠢᠨ ᠭᠤᠤᠯ ᠴᠣᠭᠴᠠ ᠶᠢ ᠬᠠᠮᠲᠤ ᠪᠠᠷ ᠣᠷᠣᠯᠴᠠᠭᠤᠯᠵᠤ᠂ ᠲᠡᠤᠬᠡ ᠰᠣᠶᠣᠯ ᠤᠨ ᠵᠡᠭᠡᠯᠢ ᠲᠣᠭᠤᠷᠢᠭ ᠢ ᠬᠠᠮᠠᠭᠠᠯᠠᠵᠦ ᠠᠰᠢᠭᠯᠠᠬᠤ ᠠᠵᠢᠯ ᠤᠨ ᠬᠠᠮᠲᠤ ᠪᠠᠷ ᠵᠥᠪᠳᠡᠯᠴᠡᠬᠦ ᠬᠠᠮᠲᠤ ᠪᠠᠷ ᠪᠠᠶᠢᠭᠤᠯᠬᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ ᠶᠢ ᠪᠡᠶᠡᠯᠡᠭᠦᠯᠪᠡ︔ ᠱᠠᠩᠬᠠᠢ ᠬᠤᠲᠠ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠬᠠᠮᠢᠶᠠᠷᠤᠯᠲᠠ ᠶᠢᠨ ᠳᠦᠷᠢᠮ ᠢ ᠪᠠᠶᠢᠭᠤᠯᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠢᠯᠡᠷᠡᠭᠦᠯᠬᠦ ᠪᠠ ᠬᠤᠷᠢᠭᠯᠠᠪᠠ︔ ᠵᠧᠨ ᠶᠤᠸᠠᠨ ᠰᠢᠶᠠᠨ ᠳᠤ ︽ᠡᠷᠲᠡᠨ ᠤ ᠭᠤᠳᠤᠮᠵᠢ ᠶᠢᠨ ᠬᠠᠮᠢᠶᠠᠷᠤᠭᠴᠢ︾ ᠶᠢᠨ ᠦᠨᠳᠦᠰᠦᠨ ᠱᠠᠲᠤᠨ ᠤ ᠵᠠᠰᠠᠯᠲᠠ ᠶᠢᠨ ᠵᠠᠭᠪᠤᠷ ᠢ ᠡᠭᠦᠳᠴᠦ᠂ ︽ᠨᠠᠮ ᠤᠨ ᠡᠭᠦᠷ  +ᠨᠡᠶᠢᠭᠡᠮ ᠲᠣᠭᠤᠷᠢᠭ ᠤᠨ ᠵᠠᠰᠠᠯᠲᠠ︾ ᠲᠠᠢ ᠤᠶᠠᠯᠳᠤᠭᠤᠯᠤᠨ᠂ ᠨᠠᠮ ᠤᠨ ᠭᠡᠰᠢᠭᠦᠨ ᠺᠠᠳ᠋ᠷ ᠢ ᠰᠣᠩᠭᠤᠨ ᠲᠣᠮᠢᠯᠠᠵᠤ ᠳᠣᠷᠣᠭᠰᠢ ᠪᠠᠭᠤᠯᠭᠠᠬᠤ ᠶᠢᠨ ᠬᠠᠮᠲᠤ ᠨᠡᠶᠢᠭᠡᠮ ᠤᠨ ᠰᠠᠶᠢᠨ ᠳᠤᠷ᠎ᠠ ᠶᠢᠨ ᠦᠢᠯᠡᠴᠢᠯᠡᠭᠴᠢ ᠲᠠᠢ ᠬᠠᠮᠲᠤ ᠪᠠᠷ ᠬᠠᠮᠢᠶᠠᠷᠤᠭᠴᠢ ᠶᠢᠨ ᠡᠩᠨᠡᠭᠡ ᠶᠢ ᠵᠣᠬᠢᠶᠠᠨ ᠪᠠᠶᠢᠭᠤᠯᠪᠠ᠃      ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ᠂ ᠲᠡᠦᠬᠡ ᠰᠣᠶᠣᠯ ᠤᠨ ᠵᠡᠭᠡᠯᠢ ᠲᠣᠭᠤᠷᠢᠭ ᠢ ᠬᠠᠮᠠᠭᠠᠯᠠᠵᠦ ᠤᠯᠠᠮᠵᠢᠯᠠᠬᠤ ᠠᠵᠢᠯ ᠳᠤ ᠰᠢᠨ᠎ᠡ ᠡᠭᠦᠷᠭᠡ ᠰᠢᠨ᠎ᠡ ᠬᠠᠷᠢᠭᠤᠴᠠᠯᠭ᠎ᠠ ᠲᠤᠯᠭᠠᠷᠠᠵᠦ ᠪᠠᠶᠢᠨ᠎ᠠ᠂  ᠬᠠᠮᠠᠭᠠᠯᠠᠯᠳᠠ ᠪᠠ ᠬᠦᠭᠵᠢᠭᠦᠯᠦᠯᠳᠡ᠂ ᠬᠠᠮᠠᠭᠠᠯᠠᠯᠳᠠ ᠪᠠ ᠠᠰᠢᠭᠯᠠᠯᠳᠠ᠂ ᠲᠠᠩ ᠴᠣᠭᠴᠠ ᠶᠢ ᠬᠠᠮᠠᠭᠠᠯᠠᠯᠳᠠ ᠪᠠ‌‍ᠪᠦ᠋ᠬᠦᠯᠢ ᠴᠣᠭᠴᠠ ᠪᠠᠷ ᠨᠢ ᠬᠠᠮᠠᠭᠠᠯᠠᠯᠳᠠ ᠶᠢ ᠤᠯᠠᠮ ᠨᠢᠭᠡ ᠠᠯᠬᠤᠮ ᠢᠳᠡᠪᠬᠢᠲᠡᠢ ᠨᠢᠭᠡᠳᠦᠯᠲᠡᠢ ᠲᠥᠯᠥᠪᠵᠢᠭᠦᠯᠵᠦ᠂ ᠬᠠᠮᠠᠭᠠᠯᠠᠵᠤ ᠠᠰᠢᠭᠯᠠᠬᠤ ᠠᠵᠢᠯ ᠤᠨ ᠲᠣᠭᠲᠠᠴᠠ ᠶᠢ ᠪᠦᠷᠢᠨᠰᠢᠬᠦᠯᠵᠦ᠂ ᠤᠳᠤ ᠶᠢᠨ ᠪᠠᠶᠢᠭ᠎ᠠ ᠰᠠᠭᠤᠷᠢ ᠶᠢ ᠠᠮᠢᠳᠤᠯᠢᠭ ᠠᠰᠢᠭᠯᠠᠬᠤ ᠶᠢ ᠠᠬᠢᠭᠤᠯᠵᠤ᠂ ᠬᠢᠨᠠᠯᠲᠠ ᠲᠠᠯᠪᠢᠵᠤ ᠪᠠᠶᠢᠴᠠᠭᠠᠬᠤ ᠪᠠ ᠦᠨᠡᠯᠡᠯᠳᠡ ᠬᠢᠬᠦ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠵᠤ᠂ ᠬᠠᠮᠠᠭᠠᠯᠠᠵᠦ ᠤᠯᠠᠮᠵᠢᠯᠠᠬᠤ ᠴᠢᠳᠠᠪᠤᠷᠢᠲᠠᠨ᠂ ᠬᠠᠤᠯᠢᠵᠢᠯ ᠤᠨ ᠪᠠᠳᠤᠯᠠᠭ᠎ᠠ ᠶᠢᠨ ᠰᠠᠭᠤᠷᠢ ᠶᠢ ᠪᠠᠬᠢᠵᠢᠭᠦᠯᠵᠦ᠂ ᠲᠡᠦᠬᠡ ᠰᠣᠶᠣᠯ ᠤᠨ ᠵᠡᠭᠡᠯᠢ ᠲᠣᠭᠤᠷᠢᠭ ᠢ ᠬᠠᠮᠠᠭᠠᠯᠠᠵᠦ ᠠᠰᠢᠭᠯᠠᠬᠤ ᠠᠵᠢᠯ ᠳᠤ ᠲᠠᠰᠤᠷᠠᠯᠳᠠ ᠦᠭᠡᠢ ᠰᠢᠨ᠎ᠡ ᠦᠷ᠎ᠡ ᠪᠦᠲᠦᠮᠵᠢ ᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃    ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1