ᠲᠡᠷᠭᠡᠨ ᠵᠣᠭᠰᠣᠭᠠᠯ ᠢ ︽ᠵᠥᠪᠬᠡᠨ ᠬᠤᠳᠠᠯᠳᠤᠵᠤ ᠲᠦᠷᠢᠶᠡᠰᠦᠯᠡᠬᠦ ᠦᠭᠡᠢ︾ ᠥᠮᠴᠢᠲᠡᠨ ᠳᠤ ᠲᠡᠷᠭᠡ ᠵᠣᠭᠰᠣᠭᠠᠬᠤ ᠲᠦᠷᠢᠶᠡᠰᠦᠨ ᠦᠢᠯᠡᠴᠢᠯᠡᠭᠡ ᠬᠠᠩᠭᠠᠬᠤ ᠦᠭᠡᠢ ᠨᠢ ᠵᠣᠬᠢᠰᠲᠠᠢ ᠤᠤ︖
ᠨᠡᠶᠢᠲᠡᠯᠡᠭᠰᠡᠨ ᠴᠠᠭ᠄
2024/9/9
      ᠤᠶᠢᠷ᠎ᠠ ᠳᠤ᠂ ᠱᠠᠨᠰᠢ ᠮᠣᠵᠢ ᠶᠢᠨ ᠰᠢ ᠠᠨ ᠬᠤᠲᠠ ᠶᠢᠨ ᠶᠠᠨ ᠲᠠ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠨᠢᠭᠡᠨ ᠲᠡᠷᠭᠡᠨ ᠵᠤᠭᠰᠤᠭᠠᠯ ᠤᠨ ᠵᠢᠭᠤᠷᠠᠯᠳᠤᠭᠠᠨ ᠤ ᠬᠡᠷᠡᠭ ᠢ ᠰᠢᠭᠦᠨ ᠲᠠᠰᠤᠯᠠᠵᠠᠢ᠂ ᠺᠣᠮᠫᠠᠨᠢ ᠨᠢ ᠡᠩ ᠲᠡᠷᠢᠭᠦᠨ ᠳᠤ ᠰᠠᠭᠤᠭᠠᠯᠢ ᠠᠷᠠᠳ ᠤᠨ ᠲᠣᠭᠤᠷᠢᠭ ᠤᠨ ᠥᠮᠴᠢᠲᠡᠨ ᠤ ᠬᠡᠷᠡᠭᠴᠡᠭᠡ ᠶᠢ ᠬᠠᠩᠭᠠᠬᠤ ᠵᠠᠷᠴᠢᠮ ᠶᠣᠰᠣᠭᠠᠷ ᠦᠮᠴᠢᠯᠡᠯ ᠤᠨ ᠡᠷᠬᠡ ᠪᠦᠷᠢᠯᠳᠦᠭᠡᠳᠦᠢ ᠲᠡᠷᠭᠡᠨ ᠵᠤᠭᠰᠤᠭᠠᠯ ᠢ ᠥᠮᠴᠢᠲᠡᠨ ᠮᠸᠢ ᠤᠪᠤᠭᠳᠤ ᠳᠤ ᠴᠢᠯᠥᠭᠡᠲᠡᠢ ᠨᠡᠭᠡᠭᠡᠵᠦ ᠲᠦᠷᠢᠶᠡᠰᠦᠯᠡᠭᠦᠯᠬᠦ ᠶᠢ ᠬᠠᠤᠯᠢ ᠶᠣᠰᠣᠭᠠᠷ ᠰᠢᠭᠦᠨ ᠲᠠᠰᠤᠯᠪᠠ᠃      ᠰᠢᠭᠦᠬᠦ ᠬᠤᠷᠢᠶ᠎ᠠ ᠶᠢᠨ ᠰᠢᠭᠦᠯᠳᠡ ᠪᠠᠷ ᠳᠠᠮᠵᠢᠨ᠂ 2019 ᠣᠨ ᠳᠤ᠂ ᠮᠧᠢ ᠤᠪᠤᠭᠳᠤ ᠨᠢᠭᠡᠨ ᠭᠡᠷ ᠪᠠᠶᠢᠰᠢᠩ ᠤᠨ ᠦᠢᠯᠡᠰ ᠤᠨ ᠺᠣᠮᠫᠠᠨᠢ ᠶᠢᠨ ᠶᠠᠨ ᠲᠠ ᠲᠣᠭᠤᠷᠢᠭ ᠤᠨ ᠨᠢᠭᠡᠨ ᠰᠠᠭᠤᠭᠠᠯᠢ ᠠᠷᠠᠳ ᠤᠨ ᠲᠣᠭᠤᠷᠢᠭ ᠤᠨ ᠭᠡᠷ ᠪᠠᠶᠢᠰᠢᠩ ᠢ ᠬᠤᠳᠠᠯᠳᠤᠨ ᠠᠪᠴᠤ᠂ ᠬᠤᠶᠠᠷ ᠲᠠᠯ᠎ᠠ ᠪᠠᠷ ᠢᠶᠠᠨ ᠲᠠᠸᠠᠷ ᠤᠨ ᠭᠡᠷ ᠪᠠᠶᠢᠰᠢᠩ ᠤᠨ ᠬᠤᠳᠠᠯᠳᠤᠭᠠᠨ ᠤ ᠭᠡᠷ᠎ᠡ ᠲᠤᠭᠳᠠᠵᠠᠢ᠃ 2022 ᠣᠨ ᠤ 6 ᠳ᠋ᠤᠭᠠᠷ ᠰᠠᠷ᠎ᠠ ᠶᠢᠨ ᠰᠡᠭᠦᠯᠴᠢ ᠪᠠᠷ ᠮᠧᠢ ᠤᠪᠤᠭᠳᠤ ᠠᠴᠠ ᠭᠡᠷ ᠪᠠᠶᠢᠰᠢᠩ ᠤᠨ ᠦᠯᠦ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠢ ᠤᠯᠵᠠᠢ᠃ ᠲᠣᠰ ᠰᠠᠭᠤᠭᠠᠯᠢ ᠠᠷᠠᠳ ᠤᠨ ᠲᠣᠭᠤᠷᠢᠭ ᠤᠨ ᠭᠠᠵᠠᠷ ᠳᠣᠣᠷᠠᠬᠢ ᠲᠡᠷᠭᠡᠨ ᠵᠤᠭᠰᠤᠭᠠᠯ ᠢ ᠡᠬᠢᠯᠡᠨ ᠡᠵᠡᠩᠨᠡᠭᠰᠡᠨ ᠤ ᠳᠠᠷᠠᠭ᠎ᠠ ᠂ ᠠᠳᠠᠯ ᠠᠬᠤᠢ ᠶᠢᠨ ᠺᠣᠮᠫᠠᠨᠢ 2022 ᠣᠨ ᠤ 5 ᠳ᠋ᠤᠭᠠᠷ ᠰᠠᠷ᠎ᠠ ᠳᠤ ᠰᠠᠭᠤᠭᠠᠯᠢ ᠠᠷᠠᠳ ᠤᠨ ᠲᠣᠭᠤᠷᠢᠭ ᠤᠨ ᠥᠮᠴᠢᠲᠡᠨ ᠳᠤ ᠮᠡᠳᠡᠭᠳᠡᠯ ᠭᠠᠷᠭᠠᠵᠤ᠂ ᠠᠵᠤ ᠦᠢᠯᠡᠰ ᠤᠨ ᠺᠣᠮᠫᠠᠨᠢ ᠶᠢᠨ ᠱᠠᠭᠠᠷᠳᠠᠯᠭ᠎ᠠ ᠶᠢ ᠦᠨᠳᠦᠰᠦᠯᠡᠨ᠂ 2022 ᠣᠨ ᠤ 6 ᠳ᠋ᠤᠭᠠᠷ ᠰᠠᠷ᠎ᠠ ᠠᠴᠠ ᠡᠬᠢᠯᠡᠨ᠂ ᠰᠠᠭᠤᠭᠠᠯᠢ ᠠᠷᠠᠳ ᠤᠨ ᠲᠣᠭᠤᠷᠢᠭ ᠤᠨ ᠲᠡᠷᠭᠡᠨ ᠵᠣᠭᠰᠣᠭᠠᠯ ᠬᠤᠳᠠᠯᠳᠤᠨ ᠠᠪᠤᠭᠰᠠᠨ ᠦᠭᠡᠢ ᠲᠡᠷᠭᠡ ᠬᠥᠰᠬᠡ ᠶᠢ ᠭᠠᠵᠠᠷ ᠳᠣᠣᠷᠠᠬᠢ ᠲᠡᠷᠭᠡᠨ ᠵᠤᠭᠰᠤᠭᠠᠯ ᠳᠤ ᠤᠷᠤᠭᠤᠯᠬᠤ ᠦᠭᠡᠢ ᠭᠡᠵᠦ ᠮᠡᠳᠡᠭᠳᠡᠪᠡ᠃             2022 ᠣᠨ ᠤ 8 ᠳ᠋ᠤᠭᠠᠷ ᠰᠠᠷ᠎ᠠ ᠳᠤ᠂ ᠮᠧᠢ ᠤᠪᠤᠭᠳᠤ ᠶᠢᠨ ᠮᠠᠰᠢᠨ ᠲᠡᠷᠭᠡ ᠰᠠᠭᠤᠭᠠᠯᠢ ᠠᠷᠠᠳ ᠤᠨ ᠲᠣᠭᠤᠷᠢᠭ ᠤᠨ ᠭᠠᠵᠠᠷ ᠳᠣᠣᠷᠠᠬᠢ ᠲᠡᠷᠭᠡᠨ ᠵᠤᠭᠰᠤᠭᠠᠯ ᠳᠤ ᠣᠷᠣᠬᠤ ᠦᠶ᠎ᠡ ᠳᠤ᠂ ᠠᠮᠤᠷ ᠢ ᠬᠠᠮᠠᠭᠠᠯᠠᠬᠤ ᠲᠠᠯ᠎ᠠ ᠠᠴᠠ ᠲᠤᠰ ᠮᠡᠳᠡᠭᠳᠡᠯ ᠤᠨ ᠶᠤᠰᠤᠭᠠᠷ ᠮᠠᠰᠢᠨ ᠲᠡᠷᠭᠡᠨ ᠤ ᠭᠠᠵᠠᠷ ᠲᠤᠤᠷᠠᠬᠢ ᠲᠡᠷᠭᠡᠨ ᠵᠤᠭᠰᠤᠭᠠᠯ ᠳᠤ ᠤᠷᠤᠬᠤ ᠶᠢ ᠬᠤᠷᠢᠭᠯᠠᠵᠤ᠂ ᠵᠢᠭᠤᠷᠠᠯᠳᠤᠭᠠᠨ ᠡᠭᠦᠰᠪᠡ᠃ ᠮᠧᠢ ᠤᠪᠤᠭᠳᠤ ᠡᠨᠡᠬᠦ ᠠᠵᠦ ᠦᠢᠯᠡᠰ‌‍ᠤᠨ ᠺᠣᠮᠫᠠᠨᠢ᠂ ᠠᠳᠠᠯ ᠠᠬᠤᠢ ᠶᠢᠨ ᠺᠣᠮᠫᠠᠨᠢ ᠶᠢ ᠰᠢᠭᠦᠬᠦ ᠬᠤᠷᠢᠶᠠᠨ ᠳᠤ ᠵᠠᠭᠠᠯᠳᠤᠵᠠᠢ᠃      ᠰᠢᠭᠦᠬᠦ ᠬᠤᠷᠢᠶ᠎ᠠ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠤᠨ ᠬᠤᠶᠠᠷ ᠵᠠᠭᠤ ᠳᠠᠯᠠᠨ ᠵᠢᠷᠭᠤᠳᠤᠭᠠᠷ ᠵᠦᠢᠯ ᠢ ᠦᠨᠳᠦᠰᠦᠯᠡᠨ᠂ ᠪᠠᠷᠢᠯᠭ᠎ᠠ ᠶᠢᠨ ᠣᠷᠣᠨ ᠤ ᠳᠣᠲᠣᠷᠠᠬᠢ ᠲᠡᠷᠭᠡ ᠵᠣᠭᠰᠣᠭᠠᠬᠤ ᠳᠤ ᠬᠡᠷᠡᠭᠯᠡᠬᠦ ᠪᠠᠷ ᠲᠥᠯᠥᠪᠵᠢᠭᠦᠯᠦᠭᠰᠡᠨ ᠲᠡᠷᠭᠡᠨ ᠵᠣᠭᠰᠣᠭᠠᠯ ᠨᠢ ᠡᠩ ᠲᠡᠷᠢᠭᠦᠨ ᠳᠤ ᠥᠮᠴᠢᠲᠡᠨ ᠤ ᠬᠡᠷᠡᠭᠴᠡᠭᠡ ᠶᠢ ᠬᠠᠩᠭᠠᠬᠤ ᠬᠡᠷᠡᠭᠳᠡᠢ᠂ ᠨᠡᠭᠡᠭᠡᠨ ᠬᠦᠭᠵᠢᠭᠦᠯᠵᠦ ᠪᠦᠲᠦᠭᠡᠨ ᠪᠠᠶᠢᠭᠤᠯᠬᠤ ᠨᠢᠭᠡᠴᠢ ᠨᠢ ᠪᠠᠷᠢᠯᠭ᠎ᠠ ᠶᠢᠨ ᠣᠷᠣᠨ ᠤ ᠳᠣᠲᠣᠷᠠᠬᠢ ᠲᠡᠷᠭᠡᠨ ᠵᠤᠭᠰᠤᠭᠠᠯ ᠳᠤ ᠥᠮᠴᠢᠯᠡᠯ ᠤᠨ ᠡᠷᠬᠡ ᠲᠠᠢ ᠪᠣᠯᠪᠠᠴᠤ ᠥᠮᠴᠢᠯᠡᠯ ᠤᠨ ᠡᠷᠬᠡ ᠪᠠᠨ ᠬᠡᠷᠡᠭᠵᠢᠭᠦᠯᠬᠦ ᠳᠤ᠂ ᠬᠠᠤᠯᠢ ᠶᠣᠰᠣᠭᠠᠷ ᠡᠩ ᠲᠡᠷᠢᠭᠦᠨ ᠳᠤ  ᠠᠵᠤ ᠦᠢᠯᠡᠰ ᠤᠨ ᠺᠣᠮᠫᠠᠨᠢ ᠠᠴᠠ ᠰᠠᠭᠤᠭᠠᠯᠢ ᠠᠷᠠᠳ ᠤᠨ ᠲᠣᠭᠤᠷᠢᠭ ᠤᠨ ᠥᠮᠴᠢᠲᠡᠨ ᠳᠤ ᠨᠡᠭᠡᠭᠡᠯᠲᠡ ᠬᠢᠵᠦ ᠲᠡᠷᠭᠡᠨ ᠵᠤᠭᠰᠤᠭᠠᠯ ᠤᠨ ᠲᠦᠷᠢᠶᠡᠰᠦᠨ ᠦᠢᠯᠡᠴᠢᠯᠡᠭᠡ ᠬᠠᠩᠭᠠᠬᠤ ᠬᠡᠷᠡᠭᠲᠡᠢ᠃      ᠰᠢᠭᠦᠬᠦ ᠬᠤᠷᠢᠶ᠎ᠠ ᠬᠠᠤᠯᠢ ᠶᠣᠰᠣᠭᠠᠷ ᠳᠡᠭᠡᠷ᠎ᠡ ᠳᠤᠷᠠᠳᠤᠭᠰᠠᠨ ᠰᠢᠭᠦᠨ ᠲᠠᠰᠤᠯᠤᠯᠲᠠ ᠶᠢ ᠭᠠᠷᠭᠠᠵᠤ᠂  ᠠᠵᠢᠯ ᠦᠢᠯᠡᠰ ᠤᠨ ᠺᠤᠮᠫᠠᠨᠢ  ᠠᠴᠠ ᠰᠢᠭᠦᠨ ᠲᠠᠰᠤᠯᠠᠯᠳᠠ ᠶᠢ ᠵᠥᠪᠰᠢᠶᠡᠷᠡᠬᠦ ᠦᠭᠡᠢ ᠳᠡᠭᠡᠭᠰᠢ ᠵᠠᠭᠠᠯᠳᠤᠪᠠ᠃ ᠬᠤᠶᠠᠳᠤᠭᠠᠷ ᠰᠢᠭᠦᠯᠲᠡ ᠶᠢᠨ ᠰᠢᠭᠦᠬᠦ ᠬᠤᠷᠢᠶ᠎ᠠ  ᠠᠴᠠ ᠤᠤᠯ ᠤᠨ ᠲᠠᠰᠤᠯᠤᠯᠲᠠ ᠶᠢ ᠵᠦᠪᠰᠢᠶᠡᠷᠡᠨ᠎ᠡ  ᠭᠡᠵᠤ ᠰᠢᠭᠦᠨ ᠲᠠᠰᠤᠯᠪᠠ᠃      ᠰᠢᠭᠦᠭᠴᠢ ᠶᠢᠨ ᠬᠡᠯᠡᠯᠭᠡ     ᠰᠠᠭᠤᠭᠠᠯᠢ ᠠᠷᠠᠳ ᠤᠨ ᠬᠤᠪᠢ ᠬᠥᠮᠦᠨ ᠤ ᠲᠡᠷᠭᠡ ᠬᠥᠰᠬᠡ ᠶᠢᠨ ᠲᠤᠭ᠎ᠠ  ᠬᠡᠮᠵᠢᠶ᠎ᠡ ᠲᠠᠰᠤᠷᠠᠯᠲᠠ ᠥᠬᠡᠶ ᠨᠡᠮᠡᠭᠳᠡᠬᠦ ᠶᠢ ᠳᠠᠭᠠᠯᠳᠤᠨ᠂ ᠬᠡᠰᠡᠭ ᠰᠠᠭᠤᠭᠠᠯᠢ ᠠᠷᠠᠳ ᠤᠨ ᠲᠣᠭᠤᠷᠢᠭ ᠤᠨ ᠲᠡᠷᠭᠡᠨ ᠵᠣᠭᠰᠣᠭᠠᠯ ᠤᠨ ᠲᠤᠭ᠎ᠠ ᠬᠡᠮᠵᠢᠶ᠎ᠡ ᠨᠢ ᠥᠮᠴᠢᠲᠡᠨ ᠤ ᠬᠡᠷᠡᠭᠯᠡᠬᠦ ᠬᠡᠷᠡᠭᠴᠡᠭᠡ ᠶᠢ ᠬᠠᠩᠭᠠᠵᠤ ᠳᠡᠶᠢᠯᠬᠦ ᠥᠬᠡᠶ ᠪᠠᠶᠢᠳᠠᠯ ᠢᠯᠡᠷᠡᠭᠰᠡᠨ ᠪᠣᠯᠪᠠᠴᠤ ᠲᠣᠰ ᠬᠡᠷᠡᠭ ᠲᠤ᠂ ᠰᠠᠭᠤᠭᠠᠯᠢ ᠠᠷᠠᠳ ᠤᠨ ᠲᠣᠭᠤᠷᠢᠭ ᠲᠤ ᠶᠡᠭᠡ ᠬᠡᠮᠵᠢᠶᠡᠨ ᠤ ᠦᠯᠡᠳᠡᠭᠡᠯ ᠲᠡᠷᠭᠡᠨ ᠵᠤᠭᠰᠤᠭᠠᠯ ᠪᠠᠶᠢᠭ᠎ᠠ ᠪᠠᠶᠢᠳᠠᠯ ᠳᠣᠤᠷ᠎ᠠ᠂ ᠲᠡᠷᠭᠡᠨ ᠵᠣᠭᠰᠣᠭᠠᠯ ᠢ ᠵᠥᠪᠬᠡᠨ ᠬᠤᠳᠠᠯᠳᠤᠬᠤ ᠠᠴᠠ ᠪᠢᠰᠢ ᠲᠦᠷᠢᠶᠡᠰᠦᠯᠡᠬᠦ ᠥᠬᠡᠶ ᠪᠠᠶᠢᠬᠤ ᠨᠢ ᠢᠷᠭᠡᠨ ᠤ ᠬᠠᠤᠯᠢ ᠶᠢᠨ ᠪᠢᠴᠢᠭ ᠲᠤ ᠳᠤᠷᠠᠳᠤᠭᠰᠠᠨ ︽ᠶᠠᠭᠤᠨ ᠤ ᠡᠮᠦᠨ᠎ᠡ ᠥᠮᠴᠢᠲᠡᠨ ᠤ ᠬᠡᠷᠡᠭᠴᠡᠭᠡ ᠶᠢ ᠬᠠᠩᠭᠠᠬᠤ ᠬᠡᠷᠡᠭᠳᠡᠢ︾ ᠭᠡᠬᠦ ᠵᠦᠢᠯ ᠯᠤᠭ᠎ᠠ ᠢᠯᠡᠷᠬᠡᠢ ᠵᠥᠷᠢᠴᠡᠯ ᠲᠠᠢ᠃      ᠭᠠᠵᠠᠷ ᠳᠣᠣᠷᠠᠬᠢ ᠲᠡᠷᠭᠡᠨ ᠵᠤᠭᠰᠤᠭᠠᠯ ᠤᠨ ᠪᠦᠲᠦᠭᠡᠨ ᠪᠠᠶᠢᠭᠤᠯᠤᠭᠰᠠᠨ ᠤᠭ ᠰᠠᠨᠠᠭ᠎ᠠ ᠪᠣᠯ ᠳᠠᠷᠤᠢ ᠲᠤᠰ ᠰᠠᠭᠤᠭᠠᠯᠢ ᠠᠷᠠᠳ ᠤᠨ ᠲᠣᠭᠤᠷᠢᠭ ᠤᠨ ᠥᠮᠴᠢᠲᠡᠨ ᠳᠤ ᠲᠡᠷᠭᠡᠨ ᠵᠣᠭᠰᠣᠭᠠᠯ ᠬᠠᠩᠭᠠᠵᠤ᠂ ᠲᠡᠷᠭᠡ  ᠵᠤᠭᠰᠤᠭᠠᠬᠤ ᠠᠰᠠᠭᠤᠳᠠᠯ ᠢ ᠰᠢᠢᠳᠪᠦᠷᠢᠯᠡᠬᠦ ᠶᠠᠪᠤᠳᠠᠯ ᠪᠣᠯᠤᠨ᠎ᠠ᠃ ᠡᠶᠢᠮᠦ ᠠᠴᠠ᠂ ᠨᠡᠭᠡᠭᠡᠨ ᠬᠦᠭᠵᠢᠭᠦᠯᠵᠦ ᠪᠦᠲᠦᠭᠡᠨ ᠪᠠᠶᠢᠭᠤᠯᠬᠤ ᠨᠢᠭᠡᠴᠢ ᠠᠴᠠ ᠲᠡᠷᠭᠡᠨ ᠵᠤᠭᠰᠤᠭᠠᠯ ᠪᠠᠶᠢᠭᠤᠯᠤᠭᠰᠠᠨ ᠤ ᠳᠠᠷᠠᠭ᠎ᠠ᠂ ᠤᠷᠢᠳᠠᠪᠠᠷ ᠲᠦᠷᠢᠶᠡᠰᠦᠯᠡᠵᠦ᠂ ᠲᠠᠷᠠᠭ᠎ᠠ ᠨᠢ ᠬᠤᠳᠠᠯᠳᠤᠬᠤ ᠶᠢ ᠪᠠᠷᠢᠮᠳᠠᠯᠠᠨ᠎ᠠ᠂ ᠬᠠᠷᠢᠨ ᠭᠤᠷᠪᠠᠳᠠᠬᠢ ᠡᠳᠦᠭᠡᠳ ᠲᠤ ᠨᠠᠶᠢᠳᠠᠨ ᠬᠤᠳᠠᠯᠳᠤᠵᠤ ᠪᠤᠯᠬᠤ ᠦᠭᠡᠶ᠃ ᠬᠡᠷᠪᠡ ᠥᠮᠴᠢᠲᠡᠨ ᠰᠠᠨᠠᠭᠠᠴᠢᠯᠠᠭ᠎ᠠ ᠲᠠᠢ ᠪᠠᠷ ᠬᠤᠳᠠᠯᠳᠤᠨ ᠠᠪᠤᠪᠠᠯ ᠰᠠᠶ᠋ᠢ ᠬᠤᠳᠠᠯᠳᠤᠬᠤ ᠬᠡᠷᠡᠭᠲᠡᠶ︔ ᠬᠡᠷᠪᠡ ᠥᠮᠴᠢᠲᠡᠨ ᠬᠤᠳᠠᠯᠳᠤᠨ ᠠᠪᠤᠭᠰᠠᠨ ᠲᠡᠷᠭᠡᠨ ᠵᠤᠭᠰᠤᠭᠠᠯ ᠢᠶᠠᠨ ᠪᠤᠰᠤᠳ ᠥᠮᠴᠢᠲᠡᠨ ᠳᠤ ᠲᠦᠷᠢᠶᠡᠰᠦᠯᠡᠵᠦ ᠪᠣᠯᠤᠨ᠎ᠠ᠂ ︽ᠵᠥᠪᠬᠡᠨ ᠬᠤᠳᠠᠯᠳᠤᠬᠤ ᠠᠴᠠ ᠪᠢᠰᠢ ᠲᠦᠷᠢᠶᠡᠰᠦᠯᠡᠬᠦ ᠦᠭᠡᠢ︾ ᠵᠡᠷᠭᠡ ᠨᠡᠷ᠎ᠡ ᠪᠠᠷ ᠥᠮᠴᠢᠲᠡᠨ ᠳᠤ ᠲᠡᠷᠭᠡ ᠵᠣᠭᠰᠣᠭᠠᠬᠤ ᠦᠢᠯᠡᠴᠢᠯᠡᠭᠡ ᠬᠠᠩᠭᠠᠬᠤ ᠦᠭᠡᠢ ᠪᠠᠶᠢᠬᠤ ᠶᠢ ᠶᠠᠭᠠᠬᠢᠭᠰᠠᠨ ᠴᠤ  ᠵᠦᠪᠰᠢᠶᠡᠷᠡᠬᠦ ᠦᠭᠡᠢ᠃    ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ᠂ ᠠᠷᠠᠳ ᠤᠨ ᠰᠢᠭᠦᠬᠦ ᠬᠤᠷᠢᠶᠠᠨ ᠤ ᠰᠣᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1