ᠬᠠᠷᠢᠶᠠᠲᠤ ᠣᠷᠣᠨ ᠤ ᠳᠠᠷᠤᠯᠲᠠᠲᠤ ᠬᠤᠭᠤᠯᠠᠢ ᠶᠢᠨ ᠠᠮᠤᠷ ᠲᠦᠪᠰᠢᠨ ᠢᠶᠠᠷ ᠠᠵᠢᠯᠯᠠᠬᠤ ᠶᠢ ᠪᠠᠲᠤᠯᠠᠵᠤ᠂ | ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ | ᠬᠠᠮᠠᠭᠠᠯᠠᠨ᠂ ᠳᠠᠷᠤᠯᠲᠠᠲᠤ ᠬᠤᠭᠤᠯᠠᠢ ᠶᠢᠨ ︽ᠡᠪᠡᠳᠴᠢᠨ ᠲᠠᠢ ᠪᠠᠷ ᠠᠵᠢᠯᠯᠠᠬᠤ︾ ᠶᠢ ᠬᠤᠷᠢᠭᠯᠠᠬᠤ ᠶᠢᠨ ᠲᠥᠯᠥᠭᠡ᠂ | ᠣᠶᠢᠷ᠎ᠠ ᠳᠤ᠂ ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠠᠷᠤᠯᠲᠠᠲᠤ | ᠬᠤᠭᠤᠯᠠᠢ ᠶᠢᠨ ᠲᠤᠰᠬᠠᠢ ᠪᠠᠶᠢᠴᠠᠭᠠᠯᠲᠠ ᠶᠢ ᠦᠷᠨᠢᠭᠦᠯᠵᠡᠢ᠂ ᠣᠲᠣ ᠪᠣᠯᠲᠠᠯ᠎ᠠ᠂ ᠳᠠᠷᠤᠯᠲᠠᠲᠤ ᠬᠤᠭᠤᠯᠠᠢ ᠶᠢᠨ | ᠬᠡᠷᠡᠭᠯᠡᠯᠲᠡ ᠶᠢᠨ 3 ᠨᠢᠭᠡᠴᠡ ᠶᠢ ᠪᠠᠶᠢᠴᠠᠭᠠᠵᠤ ᠪᠠᠶᠢᠨ᠎ᠠ᠃ | | | | | ᠲᠤᠰᠬᠠᠢ ᠵᠦᠢᠯ ᠤᠨ ᠪᠠᠶᠢᠴᠠᠭᠠᠯᠲᠠ ᠳᠤ᠂ ᠬᠠᠤᠯᠢ ᠬᠡᠷᠡᠭᠵᠢᠭᠦᠯᠬᠦ ᠠᠵᠢᠯᠲᠠᠨ ᠰᠢᠯᠭᠠᠨ ᠪᠠᠶᠢᠴᠠᠭᠠᠯᠭᠠᠭᠰᠠᠨ | ᠦᠭᠡᠢ᠂ ᠬᠡᠷᠡᠭᠯᠡᠬᠦ ᠳᠠᠩᠰᠠᠯᠠᠯᠲᠠ ᠬᠢᠯᠭᠡᠭᠰᠡᠨ ᠦᠭᠡᠢ ᠳᠠᠷᠤᠯᠲᠠᠲᠤ ᠬᠤᠭᠤᠯᠠᠢ ᠶᠢ ᠭᠤᠣᠯᠳᠠᠯᠭ᠎ᠠ ᠲᠠᠢ ᠪᠠᠶᠢᠴᠠᠭᠠᠵᠤ᠂ | ᠳᠠᠷᠤᠯᠲᠠᠲᠤ ᠬᠤᠭᠤᠯᠠᠢ ᠶᠢ ᠬᠡᠷᠡᠭᠯᠡᠬᠦ ᠨᠢᠭᠡᠴᠡ ᠶᠢ ᠱᠠᠭᠠᠷᠳᠠᠵᠤ ᠪᠠᠶᠢᠭᠠᠳ ᠳᠠᠷᠤᠯᠲᠠᠲᠤ ᠬᠤᠭᠤᠯᠠᠢ ᠶᠢ ᠬᠡᠷᠡᠭᠯᠡᠬᠦ | ᠳᠠᠩᠰᠠᠯᠠᠯᠲᠠ ᠪᠠ ᠰᠢᠯᠭᠠᠨ ᠪᠠᠶᠢᠴᠠᠭᠠᠯᠲᠠ ᠶᠢᠨ ᠪᠠᠶᠢᠳᠠᠯ ᠢ ᠰᠢᠰᠲ᠋ᠧᠮ ᠲᠠᠢ ᠡᠮᠬᠢᠯᠡᠨ ᠳᠢᠭᠯᠡᠵᠦ᠂ ᠲᠣᠰ | ᠨᠢᠭᠡᠴᠡ ᠶᠢᠨ ᠢᠶᠠᠨ ᠳᠠᠷᠤᠯᠲᠠᠲᠤ ᠬᠤᠭᠤᠯᠠᠢ ᠶᠢᠨ ᠮᠠᠲ᠋ᠧᠷᠢᠶᠠᠯ ᠤᠨ ᠲᠠᠩᠰᠠ ᠡᠪᠬᠡᠮᠡᠯ ᠢ ᠪᠥᠬᠦ ᠲᠠᠯ᠎ᠠ ᠪᠠᠷ | ᠡᠮᠬᠢᠯᠡᠬᠦ ᠶᠢᠨ ᠬᠠᠮᠲᠤ ᠲᠡᠭᠦᠯᠳᠡᠷᠵᠢᠭᠦᠯᠵᠦ᠂ ᠥᠪᠡᠰᠦᠪᠡᠨ ᠪᠠᠶᠢᠴᠠᠭᠠᠭᠰᠠᠨ ᠪᠠᠶᠢᠳᠠᠯ ᠳᠤ ᠴᠢᠭᠯᠡᠭᠦᠯᠦᠨ | ᠠᠰᠠᠭᠤᠳᠠᠯ ᠤᠨ ᠳᠠᠯᠳᠠ ᠬᠡᠮ ᠤᠨ ᠡᠬᠡ ᠲᠠᠩᠰᠠ ᠪᠠᠶᠢᠭᠤᠯᠬᠤ ᠶᠢᠨ ᠬᠠᠮᠲᠤ ᠴᠠᠭ ᠲᠤᠬᠠᠢ ᠳᠤᠨᠢ ᠴᠡᠭᠴᠡᠯᠡᠨ | ᠰᠠᠶᠢᠵᠢᠷᠠᠭᠤᠯᠵᠤ ᠪᠣᠳᠠᠲᠠᠶᠢᠵᠢᠭᠤᠯᠤᠨ᠎ᠠ᠃ ᠡᠭᠦᠨ ᠤ ᠬᠠᠮᠲᠤ ᠳᠠᠷᠤᠯᠲᠠᠲᠤ ᠳᠠᠮᠵᠢᠭᠤᠯᠬᠤ ᠬᠤᠭᠤᠯᠠᠢ ᠶᠢ ᠬᠡᠷᠡᠭᠯᠡᠬᠦ | ᠨᠢᠭᠡᠴᠡ ᠶᠢ ᠠᠶᠤᠯᠭᠦᠢ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠠᠵᠢᠯᠯᠠᠵᠤ ᠪᠠᠶᠢᠭ᠎ᠠ ᠬᠥᠮᠥᠰ ᠤᠨ ᠠᠶᠤᠯᠭᠦᠢ ᠶᠢᠨ | ᠤᠬᠠᠮᠰᠠᠷ ᠪᠠ ᠠᠵᠢᠯᠯᠠᠬᠤ ᠤᠷ᠎ᠠ ᠴᠢᠳᠠᠪᠤᠷᠢ ᠶᠢ ᠳᠡᠭᠡᠭᠰᠢᠯᠡᠭᠦᠯᠵᠦ᠂ ᠳᠠᠮᠵᠢᠭᠤᠯᠬᠤ ᠬᠤᠭᠤᠯᠠᠢ ᠶᠢᠨ ᠠᠶᠤᠯᠭᠦᠢ | ᠪᠥᠭᠡᠳ ᠲᠣᠭᠲᠠᠭᠤᠨ ᠢᠶᠠᠷ ᠠᠵᠢᠯᠯᠠᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠵᠠᠢ᠃ | | | | | | | | ᠲᠠᠷᠠᠭᠠᠴᠢ ᠶᠢᠨ ᠠᠯᠬᠤᠮ ᠳᠤ᠂ ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠠᠴᠠ ᠳᠠᠷᠤᠯᠲᠠᠲᠤ ᠬᠤᠭᠤᠯᠠᠢ ᠵᠡᠷᠭᠡ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠠᠵᠤ ᠠᠬᠤᠶᠢᠯᠠᠯ ᠢ ᠬᠠᠪᠰᠤᠷᠤᠨ | ᠵᠢᠯᠤᠭᠤᠳᠴᠤ ᠪᠠᠶᠢᠭᠠᠳ ᠳᠠᠯᠳᠠ ᠬᠡᠮ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ᠂ ᠳᠠᠷᠤᠯᠲᠠᠲᠤ | ᠬᠤᠭᠤᠯᠠᠢ ᠶᠢᠨ ᠡᠪᠡᠳᠴᠢᠨ ᠲᠠᠢ ᠪᠠᠷ ᠠᠵᠢᠯᠯᠠᠬᠤ ᠶᠢ ᠡᠷᠡᠰ ᠰᠡᠷᠭᠡᠶᠢᠯᠡᠨ ᠬᠤᠷᠢᠭᠯᠠᠵᠤ᠂ ᠣᠨᠴᠠ ᠲᠥᠷᠥᠯ ᠤᠨ | ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠴᠢᠩᠭ᠎ᠠ ᠰᠠᠬᠢᠨ᠎ᠠ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ ᠤᠨ ᠶᠦᠨ ᠵᠦᠩ ᠵᠠᠭᠤᠴᠢᠯᠠᠭᠤᠷ |