ᠢᠷᠡᠭᠡᠳᠦᠢ ᠳᠤ᠂ ᠣᠨᠳᠣᠣ ᠭᠠᠵᠠᠷ ᠤᠨᠳᠤᠤ ᠲᠡᠯᠭᠡᠭᠦᠷ ᠲᠤ ᠪᠠᠷᠠᠭ᠎ᠠ ᠪᠤᠴᠠᠭᠠᠵᠤ ᠪᠠᠷᠠᠭ᠎ᠠ ᠰᠣᠯᠢᠬᠤ᠂ | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠣᠨᠳᠣᠣ ᠭᠠᠵᠠᠷ ᠲᠤ ᠠᠪᠴᠤ ᠬᠡᠷᠡᠭᠯᠡᠬᠦ᠂ ᠡᠮᠴᠢᠯᠡᠭᠡᠨ ᠤ | ᠪᠠᠶᠢᠴᠠᠭᠠᠯᠲᠠ ᠶᠢᠨ ᠦᠷ᠎ᠡ ᠳ᠋ᠦᠩ ᠢ ᠬᠠᠷᠢᠯᠴᠠᠨ ᠮᠡᠳᠡᠷᠡᠬᠦ ᠵᠡᠷᠭᠡ ᠨᠢ ᠴᠥᠮ ᠪᠤᠳᠠᠳᠠᠢ ᠳᠤ ᠪᠡᠶᠡᠯᠡᠭᠳᠡᠬᠦ ᠪᠣᠯᠣᠨ᠎ᠠ᠃ | ᠣᠶᠢᠷ᠎ᠠ ᠳᠤ᠂ ︽ᠪᠥᠬᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ | ᠪᠠᠶᠢᠭᠤᠯᠤᠯᠲᠠ ᠶᠢᠨ ᠵᠢᠯᠣᠭᠤᠳᠤᠮᠵᠢ ︵ᠲᠤᠷᠰᠢᠨ ᠬᠡᠷᠡᠭᠵᠢᠭᠦᠯᠬᠦ︶︾ ᠶᠢ ᠨᠡᠶᠢᠲᠡᠯᠡᠵᠦ᠂ ᠠᠷᠠᠳ ᠣᠯᠠᠨ ᠤ ᠨᠢᠭᠲᠠ | ᠠᠩᠬᠠᠷᠴᠤ ᠪᠠᠶᠢᠭ᠎ᠠ ᠲᠣᠪᠣᠶᠢᠮ᠎ᠠ ᠠᠰᠠᠭᠤᠳᠠᠯ ᠤᠨ ᠲᠣᠭᠤᠷᠢᠨ ᠳᠤ ᠣᠯᠠᠨ ᠵᠦᠢᠯ ᠤᠨ ᠥᠭᠡᠷᠡᠴᠢᠯᠡᠯᠲᠡ ᠶᠢᠨ ᠠᠷᠭ᠎ᠠ | ᠬᠡᠮᠵᠢᠶ᠎ᠡ ᠶᠢ ᠳᠤᠷᠠᠳᠤᠨ ᠭᠠᠷᠭᠠᠵᠠᠢ᠃ | ᠠᠵᠢᠯ ᠣᠯᠭᠤᠯᠲᠠ ᠶᠢᠨ ᠲᠠᠯ᠎ᠠ ᠪᠠᠷ᠂ ᠠᠵᠢᠯᠯᠠᠵᠦ ᠪᠠᠶᠢᠭ᠎ᠠ ᠭᠠᠵᠠᠷ ᠳᠠᠭᠠᠨ ᠳᠠᠭᠠᠳᠬᠠᠯ ᠳᠤ ᠣᠷᠣᠬᠤ | ᠡᠷᠦᠬᠡ ᠠᠮᠠ ᠶᠢᠨ ᠲᠠᠩᠰᠠ ᠶᠢᠨ ᠬᠢᠵᠠᠭᠠᠷᠯᠠᠯ ᠢ ᠪᠥᠬᠦ ᠲᠠᠯ᠎ᠠ ᠪᠠᠷ ᠬᠦᠴᠦᠨ ᠦᠭᠡᠢ ᠪᠣᠯᠭᠠᠵᠤ᠂ ᠨᠡᠶᠢᠭᠡᠮ ᠤᠨ | ᠳᠠᠭᠠᠳᠬᠠᠯ ᠤᠨ ᠬᠠᠷᠢᠴᠠᠭ᠎ᠠ ᠶᠢ ᠰᠢᠯᠵᠢᠭᠦᠯᠦᠨ ᠦᠷᠭᠦᠯᠵᠢᠯᠡᠭᠦᠯᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ | ᠡᠯ᠎ᠡ ᠭᠠᠵᠠᠷ ᠣᠷᠣᠨ ᠨᠤᠭᠤᠳ ᠡᠷᠦᠬᠡ ᠠᠮᠠ ᠶᠢᠨ ᠲᠠᠩᠰᠠ᠂ ᠭᠠᠵᠠᠷ ᠣᠷᠣᠨ᠂ ᠪᠡᠶ᠎ᠡ ᠬᠡᠮ᠂ ᠲᠠᠩᠰᠠ ᠡᠪᠬᠡᠮᠡᠯ᠂ | ᠠᠵᠢᠯᠲᠠᠨ ᠤ ᠶᠠᠪᠤᠳᠠᠯ ᠤᠨ ᠬᠠᠷᠢᠴᠠᠭ᠎ᠠ ᠵᠡᠷᠭᠡ ᠲᠠᠯ᠎ᠠ ᠪᠠᠷ ᠴᠢᠳᠠᠪᠤᠷᠢᠲᠠᠨ ᠤ ᠰᠢᠯᠵᠢᠯᠲᠡ ᠶᠢ ᠨᠥᠯᠥᠭᠡᠯᠡᠬᠦ | ᠲᠥᠷᠥ ᠶᠢᠨ ᠪᠣᠳᠣᠯᠭ᠎ᠠ ᠶᠢᠨ ᠴᠢᠨᠠᠷᠲᠠᠢ ᠬᠠᠷᠰᠢ ᠰᠠᠭᠠᠳ ᠭᠠᠷᠭᠠᠵᠤ ᠪᠣᠯᠬᠤ ᠦᠭᠡᠢ᠃ | ᠡᠮᠴᠢᠯᠡᠭᠡᠨ ᠤ ᠬᠦᠷᠢᠶᠡᠨ ᠳᠤ᠂ ᠨᠢᠭᠡᠳᠦᠯᠲᠡᠢ ᠡᠮᠴᠢᠯᠡᠭᠡᠨ ᠤ ᠦᠢᠯᠡᠴᠢᠯᠡᠭᠡᠨ ᠤ ᠵᠠᠬ᠎ᠠ ᠳᠡᠯᠭᠡᠭᠦᠷ ᠢ | ᠪᠠᠶᠢᠭᠤᠯᠵᠤ᠂ ᠮᠤᠵᠢ ᠠᠯᠤᠰᠯᠠᠨ ᠣᠨᠳᠣᠣ ᠭᠠᠵᠠᠷ ᠲᠤ ᠡᠮᠨᠡᠭᠦᠯᠬᠦ ᠡᠮᠴᠢᠯᠡᠭᠡᠨ ᠤ ᠳᠠᠭᠠᠳᠬᠠᠯ ᠤᠨ ᠰᠢᠭᠤᠳ | ᠲᠡᠰᠦᠯᠦᠨ ᠪᠤᠳᠤᠬᠤ ᠶᠢ ᠪᠡᠶᠡᠯᠡᠭᠦᠯᠵᠦ᠂ ᠡᠮᠴᠢᠯᠡᠭᠡᠨ ᠤ ᠪᠠᠶᠢᠭᠤᠯᠤᠮᠵᠢ ᠶᠢᠨ ᠰᠢᠯᠭᠠᠨ ᠪᠠᠶᠢᠴᠠᠭᠠᠭᠰᠠᠨ ᠦᠷ᠎ᠡ | ᠳ᠋ᠦᠩ ᠢ ᠣᠷᠣᠨ ᠪᠦᠰᠡ ᠠᠯᠤᠰᠯᠠᠨ᠂ ᠡᠮᠴᠢᠯᠡᠭᠡᠨ ᠤ ᠪᠠᠶᠢᠭᠤᠯᠤᠮᠵᠢ ᠠᠯᠤᠰᠯᠠᠨ ᠬᠠᠮᠲᠤ ᠪᠠᠷ ᠡᠳ᠋ᠯᠡᠵᠦ ᠬᠠᠷᠢᠯᠴᠠᠨ | ᠮᠡᠳᠡᠷᠡᠬᠦ ᠵᠡᠷᠭᠡ ᠶᠢ ᠦᠷᠭᠦᠯᠵᠢᠯᠡᠨ ᠲᠦᠯᠬᠢᠨ ᠠᠬᠢᠭᠤᠯᠤᠨ᠎ᠠ᠂ ᠡᠨᠡ ᠨᠢ ᠣᠨᠣᠰᠢᠯᠠᠬᠤ ᠴᠠᠭ ᠢ ᠪᠣᠭᠤᠨᠢᠰᠬᠠᠬᠤ ᠪᠠᠷ | ᠪᠠᠷᠠᠬᠤ ᠦᠭᠡᠢ ᠡᠪᠡᠳᠴᠢᠲᠡᠨ ᠤ ᠳᠠᠷᠤᠭᠠᠰᠤ ᠶᠢ ᠬᠥᠩᠭᠡᠷᠡᠭᠦᠯᠬᠦ ᠪᠣᠯᠣᠨ᠎ᠠ᠃ | ᠬᠡᠷᠡᠭᠯᠡᠭᠡᠨ ᠤ ᠲᠠᠯ᠎ᠠ ᠪᠠᠷ᠂ ᠥᠩᠭᠡᠷᠡᠭᠰᠡᠨ ᠳᠤ ᠰᠦᠯᠵᠢᠶᠡᠨ ᠳᠡᠭᠡᠷ᠎ᠡ ᠠᠴᠠ ᠶᠠᠭᠤᠮ᠎ᠠ ᠬᠤᠳᠠᠯᠳᠤᠨ | ᠠᠪᠬᠤ ᠳᠤ ᠵᠥᠪᠬᠡᠨ ᠣᠨᠴᠠ ᠲᠣᠭᠲᠠᠭᠰᠠᠨ ᠲᠠᠪᠴᠠᠩ ᠢ ᠰᠣᠩᠭᠤᠵᠤ ᠲᠣᠭᠠᠴᠠᠭ᠎ᠠ ᠬᠢᠳᠡᠭ ᠪᠠᠶᠢᠭᠰᠠᠨ ᠪᠣᠯ᠂ | ᠣᠲᠣ ᠲᠠᠪᠴᠠᠩ ᠤᠨ ᠬᠤᠭᠤᠷᠣᠨᠳᠣᠬᠢ ᠪᠠᠬᠢᠯᠡᠯᠲᠡ ᠬᠤᠷᠢᠭ᠎ᠠ ᠶᠢ ᠢᠳᠡᠭ ᠢᠳᠡᠭ ᠢᠶᠠᠷ ᠠᠷᠢᠯᠭᠠᠵᠤ ᠪᠠᠶᠢᠨ᠎ᠠ᠃ | ᠲᠡᠷᠡ ᠮᠥᠷᠲᠡᠭᠡᠨ ᠢᠷᠡᠭᠡᠳᠦᠢ ᠳᠤ ᠣᠨᠳᠣᠣ ᠭᠠᠵᠠᠷ ᠣᠨᠳᠣᠣ ᠳᠡᠯᠭᠡᠭᠦᠷ ᠲᠤ ᠪᠠᠷᠠᠭ᠎ᠠ ᠪᠤᠴᠠᠭᠠᠵᠤ ᠪᠠᠷᠠᠭ᠎ᠠ ᠰᠣᠯᠢᠬᠤ | ᠨᠢ ᠴᠦ ᠶᠠᠷᠰᠢᠭ ᠲᠠᠢ ᠶᠠᠪᠤᠳᠠᠯ ᠪᠢᠰᠢ ᠪᠣᠯᠣᠨ᠎ᠠ᠂ ᠪᠥᠬᠦ ᠤᠯᠤᠰ ᠲᠤ ᠪᠠᠶᠢᠷᠢᠰᠢᠭᠤᠯᠤᠭᠰᠠᠨ ᠨᠠᠷᠠᠲᠤ ᠲᠡᠮᠳᠡᠭ ᠤᠨ | ᠬᠤᠯᠪᠣᠯᠳᠤᠭᠰᠠᠨ ᠪᠣᠳᠠᠲᠤ ᠴᠣᠭᠴᠠ ᠶᠢᠨ ᠳᠡᠯᠭᠡᠭᠦᠷ᠂ ᠲᠣᠮᠣ ᠬᠡᠯᠪᠡᠷᠢ ᠶᠢᠨ ᠬᠡᠲᠦ ᠳᠡᠯᠭᠡᠭᠦᠷ ᠵᠡᠷᠭᠡ ᠶᠢ ᠲᠥᠷᠥ ᠶᠢᠨ | ᠪᠣᠳᠣᠯᠭ᠎ᠠ ᠪᠠᠷ ᠬᠥᠲᠥᠯᠥᠨ ᠵᠢᠯᠤᠭᠤᠳᠴᠤ ᠮᠤᠵᠢ ᠶᠢᠨ ᠬᠡᠪᠴᠢᠶᠡᠨ ᠳᠠᠬᠢ ᠣᠨᠳᠣᠣ ᠭᠠᠵᠠᠷ ᠣᠨᠳᠣᠣ ᠳᠡᠯᠭᠡᠭᠦᠷ ᠲᠤ | ᠪᠠᠷᠠᠭ᠎ᠠ ᠪᠤᠴᠠᠭᠠᠵᠤ ᠪᠠᠷᠠᠭ᠎ᠠ ᠰᠣᠯᠢᠬᠤ ᠠᠷᠭ᠎ᠠ ᠶᠢ ᠰᠦᠪᠡᠭᠴᠢᠯᠡᠨ ᠬᠡᠷᠡᠭᠵᠢᠭᠦᠯᠬᠦ ᠪᠣᠯᠣᠨ᠎ᠠ᠃ | ᠭᠡᠷ ᠤᠨ ᠶᠠᠪᠤᠳᠠᠯ ᠤᠨ ᠬᠦᠷᠢᠶᠡᠨ ᠳᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠨᠠᠩ ᠣᠯᠠᠨ | ᠭᠡᠷ ᠤᠨ ᠶᠠᠪᠤᠳᠠᠯ ᠤᠨ ᠦᠢᠯᠡᠴᠢᠯᠡᠭᠴᠢ ᠶᠢᠨ ︽ᠭᠡᠷ ᠤᠨ ᠶᠠᠪᠤᠳᠠᠯ ᠤᠨ ᠢᠲᠡᠭᠡᠮᠵᠢ ᠶᠢᠨ ᠪᠠᠶᠢᠴᠠᠭᠠᠯᠲᠠ︾ ᠶᠢᠨ | ᠲᠠᠪᠴᠠᠩ ᠳᠡᠭᠡᠷ᠎ᠡ ᠦᠨᠡᠨ ᠨᠡᠷ᠎ᠡ ᠪᠠᠷ ᠢᠶᠠᠨ ᠭᠡᠷᠡᠴᠢᠯᠡᠯ ᠬᠢᠬᠦ ᠶᠢ ᠲᠦᠯᠬᠢᠨ ᠠᠬᠢᠭᠤᠯᠵᠤ᠂ ᠠᠷᠠᠳ ᠲᠦᠮᠡᠨ ᠳᠤ ᠨᠠᠩ | ᠰᠠᠨᠠᠭ᠎ᠠ ᠠᠮᠤᠷ ᠦᠢᠯᠡᠴᠢᠯᠡᠭᠡ ᠬᠠᠩᠭᠠᠨ᠎ᠠ᠃ | ᠡᠭᠦᠨ ᠠᠴᠠ ᠭᠠᠳᠠᠨ᠎ᠠ᠂ ᠡᠨᠡ ᠤᠳᠠᠭ᠎ᠠ ᠶᠢᠨ ᠲᠦᠷᠦ ᠶᠢᠨ ᠪᠣᠳᠣᠯᠭ᠎ᠠ ᠳᠤ ᠣᠷᠣᠨ ᠨᠤᠲᠤᠭ ᠤᠨ ᠬᠠᠮᠠᠭᠠᠯᠠᠯᠲᠠ ᠪᠠ | ᠵᠠᠬ᠎ᠠ ᠳᠡᠯᠭᠡᠭᠦᠷ ᠤᠨ ᠬᠡᠰᠡᠭᠯᠡᠯ ᠢ ᠡᠪᠳᠡᠬᠦ ᠶᠢ ᠳᠤᠷᠠᠳᠤᠭᠰᠠᠨ ᠪᠠᠶᠢᠨ᠎ᠠ᠃ ᠨᠢᠳᠤᠨᠤᠨ ᠠᠴᠠ ᠨᠠᠰᠢ᠂ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠳ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠡᠮᠬᠢ ᠵᠢᠷᠤᠮ ᠢ | ᠢᠯᠭᠠᠷᠠᠭᠤᠯᠤᠨ ᠴᠡᠭᠴᠡᠯᠡᠬᠦ᠂ ᠡᠷᠬᠡ ᠳᠤ ᠬᠠᠯᠳᠠᠭᠰᠠᠨ ᠬᠠᠭᠤᠷᠮᠠᠭ ᠮᠠᠭᠤ ᠲᠠᠸᠠᠷ ᠢ ᠪᠥᠬᠦ ᠤᠯᠤᠰ ᠲᠤ ᠨᠢᠭᠡᠳᠦᠯᠲᠡᠢ | ᠤᠰᠠᠳᠬᠠᠬᠤ ᠵᠡᠷᠭᠡ ᠲᠤᠰᠬᠠᠢ ᠠᠵᠢᠯᠯᠠᠭ᠎ᠠ ᠶᠢ ᠥᠷᠨᠢᠭᠦᠯᠦᠭᠰᠡᠨ ᠪᠠᠶᠢᠨ᠎ᠠ᠃ ᠡᠳᠡᠭᠡᠷ ᠰᠡᠳᠬᠢᠭᠦᠰᠢᠲᠡᠢ | ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠨᠢ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠵᠦ | ᠴᠢᠳᠠᠬᠤ ᠪᠠᠷ ᠪᠠᠷᠠᠬᠤ ᠦᠭᠡᠢ ᠪᠦᠬᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ | ᠪᠠᠶᠢᠭᠤᠯᠤᠯᠲᠠ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠪᠣᠯᠣᠨ᠎ᠠ᠃ | ᠢᠷᠡᠯᠲᠡ᠄ ᠲᠥᠪ ᠲᠧᠯᠸᠢᠰ ᠤᠨ ᠰᠣᠨᠢᠨ ᠮᠡᠳᠡᠭᠡ |