ᠲᠣᠭᠲᠠᠬᠤ ᠰᠢᠶᠠᠨ ᠤ ᠤᠯᠠᠭᠠᠨᠮᠥ᠋ᠴᠢᠷ ᠲᠣᠭᠲᠠᠬᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠬᠦᠷᠴᠦ ︽ᠨᠠᠮ ᠤᠨ ᠠᠴᠢ ᠶᠢ ᠮᠡᠳᠡᠷᠡᠵᠦ ᠨᠠᠮ ᠤᠨ ᠦᠭᠡ ᠶᠢ ᠰᠣᠨᠣᠰᠴᠤ ᠨᠠᠮ ᠢᠶᠠᠨ ᠲᠠᠭᠠᠶ᠎ᠠ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/1/14
       ᠲᠠᠪᠤᠳᠠᠭᠢ ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠪᠠᠶᠠᠷ ᠢ ᠪᠡᠯᠭᠡᠯᠡᠬᠦ ᠶᠢᠨ ᠲᠥᠯᠥᠭᠡ᠂ 1 ᠳ᠋ᠤᠭᠡᠷ ᠰᠠᠷ᠎ᠠ ᠶᠢᠨ 10 ᠤ ᠡᠳᠦᠷ᠂ ᠲᠣᠭᠲᠠᠬᠤ ᠰᠢᠶᠠᠨ ᠤ ᠤᠯᠠᠭᠠᠨᠮᠥ᠋ᠴᠢᠷ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠬᠦᠷᠴᠦ ︽ᠨᠠᠮ ᠤᠨ ᠠᠴᠢ ᠶᠢ ᠮᠡᠳᠡᠷᠡᠵᠦ ᠨᠠᠮ ᠤᠨ ᠦᠭᠡ ᠶᠢ ᠰᠣᠨᠣᠰᠴᠤ ᠨᠠᠮ ᠢᠶᠠᠨ ᠲᠠᠭᠠᠶ᠎ᠠ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠪᠡ᠃ ᠥᠪᠡᠷᠮᠢᠴᠡ ᠣᠨᠴᠠᠯᠢᠭ ᠲᠠᠢ ᠲᠣᠭᠯᠠᠯᠲᠠ ᠶᠢᠨ ᠬᠡᠯᠪᠡᠷᠢ ᠪᠠᠷ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠳᠤ ᠴᠢᠩ ᠰᠡᠳᠬᠢᠯ ᠤᠨ ᠵᠥᠩᠨᠡᠯ ᠪᠠ ᠭᠤᠶᠢᠳᠠ ᠰᠠᠶᠢᠬᠠᠨ ᠰᠣᠶᠣᠯ ᠤᠨ ᠦᠪᠡᠳᠡᠭᠰᠢ ᠨᠠᠶᠢᠷ ᠢ ᠳᠡᠪᠰᠢᠭᠦᠯᠪᠡ᠃
     ᠲᠣᠭᠯᠠᠯᠲᠠ ᠨᠢ ᠮᠣᠷᠢᠨ ᠬᠤᠭᠤᠷ ᠤᠨ ᠨᠠᠶᠢᠷᠠᠯ ᠬᠥᠭᠵᠢᠮ ︽ᠲᠦᠮᠡᠨ ᠠᠭᠳᠠ ᠶᠢᠨ ᠲᠦᠪᠡᠷᠭᠡᠨ︾ ᠳᠤᠮᠳᠠ ᠬᠥᠰᠢᠭᠡ ᠪᠠᠨ ᠰᠡᠬᠦᠪᠡ᠃ ᠡᠮᠡᠭᠲᠡᠢ ᠶᠢᠨ ᠭᠤᠴᠣᠯᠠᠯ ᠲᠠᠭᠤᠤ ︽ᠳᠤᠮᠳᠠᠳᠤ ᠤᠯᠤᠰ ᠲᠤ ᠴᠡᠴᠡᠭ ᠳᠡᠯᠭᠡᠷᠡᠨ᠎ᠡ︾᠂ ᠮᠣᠩᠭᠤᠯ ᠪᠥᠵᠢᠭ ︽ᠳᠠᠶᠢᠯᠠᠯᠭ᠎ᠠ ᠶᠢᠨ ᠲᠠᠭᠤᠤ︾ ︽ᠪᠠᠶᠠᠷ ᠤᠨ ᠲᠠᠭᠤᠤ︾᠂ ︽ᠬᠠᠯᠠᠭᠤᠨ ᠰᠡᠳᠬᠢᠯᠭᠡ ᠭᠠᠯ ᠮᠡᠲᠦ︾ ᠭᠡᠬᠦ ᠭᠤᠴᠣᠯᠠᠯ ᠲᠠᠭᠤᠤ ᠶᠢᠨ ᠲᠣᠭᠯᠠᠯᠲᠠ ᠶᠢ ᠵᠠᠯᠭᠠᠭ᠎ᠠ ᠵᠠᠯᠭᠠᠭ᠎ᠠ ᠪᠠᠷ ᠲᠣᠭᠯᠠᠪᠠ᠃ ︽ᠵᠠᠯᠠᠭᠤ ᠨᠠᠰᠤᠨ ᠤ ᠠᠤᠭ᠎ᠠ ᠵᠣᠷᠢᠭ ᠢ ᠬᠡᠯᠡᠬᠦ ᠦᠭᠡᠢ︾ ᠭᠡᠬᠦ ᠳᠠᠭᠤᠤ ᠨᠢ ᠨᠡᠩ ᠴᠤ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠢ ᠤᠷᠬᠢᠯ ᠳᠤᠨᠢ ᠬᠦᠷᠭᠡᠵᠡᠢ᠃
     ᠳᠠᠷᠠᠭᠠᠴᠢ ᠶᠢᠨ ᠠᠯᠬᠤᠮ ᠳᠤ᠂ ᠲᠣᠭᠲᠠᠬᠤ ᠰᠢᠶᠠᠨ ᠤ ᠤᠯᠠᠭᠠᠨᠮᠥ᠋ᠴᠢᠷ ︽ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠤᠨ ᠦᠢᠯᠡᠳᠦᠯ ᠢ ᠦᠷᠭᠦᠯᠵᠢᠯᠡᠨ ᠭᠦᠢᠴᠡᠳ ᠪᠠᠳᠠᠷᠠᠭᠤᠯᠵᠤ᠂ ᠦᠨᠳᠦᠰᠦᠨ ᠱᠠᠲᠤᠨ ᠤ ᠴᠡᠷᠢᠭ ᠠᠩᠭᠢ ᠳᠤ ᠭᠦᠨᠵᠡᠭᠡᠶᠢᠷᠡᠵᠦ᠂ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠭ᠎ᠠ ᠠᠷᠠᠳ ᠤᠨ ᠴᠠᠭᠳᠠᠭ᠎ᠠ ᠶᠢ ᠲᠣᠬᠤᠨᠢᠭᠤᠯᠵᠤ᠂ ᠴᠠᠭᠳᠠᠭᠠᠨ ᠤ ᠰᠣᠶᠣᠯ ᠤᠨ ᠠᠮᠢᠳᠤᠷᠠᠯ ᠢ ᠳᠠᠰᠤᠷᠠᠯᠳᠠ ᠦᠭᠡᠢ ᠪᠠᠶᠠᠯᠢᠭᠵᠢᠭᠤᠯᠵᠤ᠂ ᠦᠨᠳᠦᠰᠦᠨ ᠱᠠᠲᠤᠨ ᠤ ᠠᠷᠠᠳ ᠤᠨ ᠴᠠᠭᠳᠠᠭ᠎ᠠ ᠳᠤ ᠬᠠᠶᠢᠷ᠎ᠠ ᠬᠠᠯᠠᠮᠵᠢ ᠬᠦᠷᠭᠡᠵᠦ᠂ ᠠᠷᠠᠳ ᠤᠨ ᠴᠠᠭᠳᠠᠭ᠎ᠠ ᠶᠢ ᠵᠣᠷᠢᠭᠵᠢᠭᠤᠯᠤᠨ ᠨᠡᠩ ᠣᠷᠭᠢᠯᠤᠮ᠎ᠠ ᠬᠠᠯᠠᠭᠤᠨ ᠰᠡᠳᠬᠢᠯᠭᠡ ᠪᠠ ᠡᠷᠡᠰ ᠪᠠᠲᠤ ᠢᠲᠡᠭᠡᠯ ᠵᠣᠷᠢᠭ ᠢᠶᠠᠷ ᠠᠵᠢᠯ ᠳᠠᠭᠠᠨ ᠣᠷᠣᠯᠴᠠᠭᠤᠯᠵᠤ᠂ ᠠᠷᠠᠳ ᠤᠯᠠᠨ ᠤ ᠠᠮᠤᠷ ᠠᠮᠤᠭᠤᠯᠠᠩ ᠢ ᠰᠠᠬᠢᠨ ᠬᠠᠮᠠᠭᠠᠯᠠᠨ᠎ᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ ᠤᠨ ᠶᠦᠨ ᠵᠦᠩ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1