2024 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ | ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠮᠥᠨ᠂ ᠪᠠᠰᠠ ᠴᠤ ᠲᠣᠭᠲᠠᠬᠤ ᠰᠢᠶᠠᠨ ᠤ ᠲᠤᠶᠢᠯ ᠤᠨ ᠶᠡᠭᠡ | ᠰᠢᠯᠭᠠᠯᠲᠠ᠂ ᠲᠤᠶᠢᠯ ᠤᠨ ᠶᠡᠷᠦ ᠪᠤᠰᠤ ᠶᠢᠨ ᠨᠢᠭᠡ ᠵᠢᠯ ᠮᠥᠨ᠃ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠬᠤᠷᠸ᠎ᠠ | ᠪᠠᠶᠢᠳᠠᠯ ᠪᠣᠯᠣᠨ ᠵᠢᠱᠢᠯᠲᠡ ᠠᠴᠠ ᠳᠠᠪᠠᠭᠰᠠᠨ ᠣᠯᠠᠨ ᠳᠠᠪᠬᠤᠷ ᠬᠦᠴᠦᠨ ᠵᠦᠢᠯ ᠤᠨ ᠳᠠᠭᠠᠷᠢᠯᠲᠠ ᠶᠢᠨ ᠡᠮᠦᠨ᠎ᠡ᠂ | ᠲᠣᠭᠲᠠᠬᠤ ᠰᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ | ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ ᠵᠢᠱᠢᠶᠡᠴᠢ ᠥᠪᠡᠷᠲᠡᠭᠡᠨ ᠵᠠᠰᠠᠬᠤ | ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ | ᠨᠠᠮ ᠤᠨ ᠬᠤᠷᠢᠳᠤᠭᠠᠷ ᠬᠤᠭᠤᠴᠠᠭᠠᠨ ᠤ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠬᠤᠶᠠᠳᠤᠭᠠᠷ᠂ | ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ | ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ | ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ᠂ ᠬᠤᠳᠠ ᠶᠢᠨ ᠨᠠᠮ ᠤᠨ ᠬᠤᠷᠢᠶ᠎ᠠ ᠶᠢᠨ ︽ᠬᠠᠮᠤᠭ ᠤᠨ ᠰᠠᠶᠢᠨ | ᠣᠷᠣᠨ︾ ᠢ ᠪᠠᠶᠢᠭᠤᠯᠬᠤ ᠠᠵᠢᠯ ᠤᠨ ᠱᠠᠭᠠᠷᠳᠠᠯᠭ᠎ᠠ ᠪᠣᠯᠣᠨ ᠰᠢᠶᠠᠨ ᠤ ᠨᠠᠮ ᠤᠨ ᠬᠤᠷᠢᠶ᠎ᠠ ᠶᠢᠨ ︽ᠠᠵᠤ | ᠠᠬᠤᠢ ᠶᠢᠨ ᠶᠡᠷᠦᠩᠬᠡᠢ ᠬᠡᠮᠵᠢᠶ᠎ᠡ ᠶᠢ ᠪᠦᠬᠦ ᠬᠤᠳᠠ ᠶᠢᠨ ᠡᠮᠦᠨ᠎ᠡ 5᠂ ᠪᠦᠬᠦ ᠣᠷᠣᠨ ᠤ ᠡᠮᠦᠨ᠎ᠡ 20︾ ᠳᠤ | ᠣᠷᠣᠭᠤᠯᠬᠤ ᠬᠥᠭᠵᠢᠯᠲᠡ ᠶᠢᠨ ᠰᠡᠳᠬᠢᠴᠡ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠰᠢᠶᠠᠨ ᠤ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠯᠠᠪᠳᠠᠭᠤᠨ ᠪᠠᠲᠤᠲᠠᠢ ᠠᠯᠬᠤᠮ ᠢ ᠠᠯᠬᠤᠪᠠ᠃ | | | | | | | | | — ᠲᠦᠷᠦᠯ ᠵᠦᠢᠯ ᠢ ᠠᠳᠬᠤᠵᠤ᠂ ᠲᠣᠭᠲᠠᠭᠤᠨ ᠢᠶᠠᠷ ᠠᠵᠢᠯᠯᠠᠭᠤᠯᠬᠤ ᠶᠢ ᠪᠠᠷᠢᠮᠲᠠᠯᠠᠵᠤ᠂ | ᠶᠡᠷᠦᠩᠬᠡᠶᠢᠯᠡᠭᠰᠡᠨ ᠪᠣᠳᠠᠲᠤ ᠬᠦᠴᠦᠨ ᠢ ᠲᠠᠰᠤᠷᠠᠯᠳᠡ ᠦᠭᠡᠢ ᠴᠢᠩᠭᠠᠳᠬᠠᠪᠠ᠃ | ᠠᠵᠤ ᠠᠬᠤᠢ ᠶᠢᠨ ᠠᠵᠢᠯᠯᠠᠭᠠᠨ ᠲᠣᠭᠲᠠᠭᠤᠨ ᠪᠠᠶᠢᠬᠤ ᠶᠢᠨ ᠵᠡᠷᠭᠡ ᠳᠤ ᠰᠠᠶᠢᠵᠢᠷᠠᠪᠠ᠃ ᠵᠢᠱᠢᠯᠲᠡ ᠪᠠᠷ ᠪᠥᠬᠦ | ᠰᠢᠶᠠᠨ ᠤ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ 246.6 ᠳ᠋ᠦᠩᠰᠢᠭᠤᠷ ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 8% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ | ᠬᠤᠲᠠ ᠳᠤ 2 ᠳ᠋ᠤᠭᠠᠷ ᠲᠤ ᠵᠢᠭᠰᠠᠭᠠᠭᠳᠠᠵᠤ᠂ ᠪᠥᠬᠦ ᠬᠤᠲᠠ ᠪᠥᠬᠦ ᠣᠷᠣᠨ ᠪᠥᠬᠦ ᠤᠯᠤᠰ ᠤᠨ ᠳᠤᠮᠳᠠᠴᠢ | ᠨᠡᠮᠡᠭᠳᠡᠯ ᠤᠨ ᠬᠤᠷᠳᠤᠴᠠ ᠠᠴᠠ ᠥᠨᠳᠥᠷ ᠪᠣᠯᠪᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 16% ᠠᠴᠠ ᠳᠡᠭᠡᠭᠰᠢ ᠨᠡᠮᠡᠭᠳᠡᠵᠦ᠂ ᠨᠡᠮᠡᠭᠳᠡᠯ ᠤᠨ | ᠬᠤᠷᠳᠤᠴᠠ ᠨᠢ ᠪᠦᠬᠦ ᠬᠤᠳᠠ ᠳᠤ ᠬᠤᠶᠠᠳᠤᠭᠠᠷ ᠲᠤ ᠵᠢᠭᠰᠠᠭᠠᠭᠳᠠᠪᠠ᠃ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ 60 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11% | ᠣᠷᠴᠢᠮ ᠨᠡᠮᠡᠭᠳᠡᠪᠡ᠃ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 9.89 ᠳ᠋ᠦᠩᠰᠢᠭᠤᠷ | ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 10% ᠪᠠᠷ ᠨᠡᠮᠡᠭᠳᠡᠪᠡ᠃ ᠨᠡᠶᠢᠭᠡᠮ ᠤᠨ | ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 34.2 ᠳ᠋ᠦᠩᠰᠢᠭᠤᠷ ᠲᠥᠭᠦᠷᠢᠭ ᠲᠤ ᠬᠦᠷᠴᠦ | ᠂ ᠠᠳᠠᠯᠢ ᠬᠤᠭᠤᠴᠠᠭᠠᠨ ᠤ ᠬᠢ ᠠᠴᠠ 4% ᠨᠡᠮᠡᠭᠳᠡᠪᠡ᠃ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ | ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 48008 ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 4% ᠨᠡᠮᠡᠭᠳᠡᠪᠡ᠃ ᠬᠥᠳᠡᠭᠡ ᠲᠣᠰᠬᠤᠨ ᠤ ᠪᠠᠶᠢᠩᠭᠤ ᠰᠠᠭᠤᠭ᠎ᠠ ᠰᠠᠭᠤᠭᠠᠯᠢ | ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 26089 ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 6% ᠨᠡᠮᠡᠭᠳᠡᠪᠡ᠃ ᠪᠦᠬᠦ ᠰᠢᠶᠠᠨ ᠤ ᠠᠵᠤ ᠠᠬᠤᠢ ᠶᠢᠨ ᠠᠵᠢᠯᠯᠠᠭᠠᠨ ᠳᠡᠭᠡᠳᠦ | ᠬᠡᠮᠵᠢᠶᠡᠨ ᠤ ᠨᠡᠮᠡᠭᠳᠡᠯ ᠤᠨ ᠪᠠᠶᠢᠳᠠᠯ ᠢᠶᠠᠨ ᠪᠠᠲᠤᠯᠠᠪᠠ᠃ | ᠬᠥᠭᠵᠢᠯᠲᠡ ᠶᠢᠨ ᠬᠥᠳᠡᠯᠭᠡᠬᠦ ᠬᠦᠴᠦᠨ ᠪᠦᠬᠦ ᠲᠠᠯ᠎ᠠ ᠪᠠᠷ ᠬᠥᠭᠵᠢᠪᠡ᠃ ᠪᠥᠬᠦ ᠵᠢᠯ ᠳᠤ 95 | ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠵᠦ᠂ 84.26 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠤᠯᠲᠠ ᠶᠢ ᠪᠡᠶᠡᠯᠡᠭᠦᠯᠪᠡ᠃ ᠪᠦᠬᠦ ᠤᠯᠤᠰ ᠤᠨ ᠠᠮᠢᠳᠤ ᠪᠣᠳᠠᠰ ᠤᠨ ᠢᠰᠬᠡᠯᠲᠡ ᠵᠢᠴᠢ ᠨᠡᠶᠢᠯᠡᠯᠭᠡ ᠠᠮᠢᠳᠤ | ᠪᠣᠳᠠᠰ ᠤᠨ ᠠᠵᠤ ᠦᠢᠯᠡᠰ ᠤᠨ ᠲᠦᠷᠦᠭᠦᠴᠦᠳ ᠤᠨ ᠶᠠᠷᠢᠶᠠᠨ ᠤ ᠲᠠᠪᠴᠠᠩ ᠢ ᠠᠩᠬ᠎ᠠ ᠤᠳᠠᠭ᠎ᠠ ᠡᠷᠬᠢᠯᠡᠵᠦ᠂ | ᠨᠡᠶᠢᠲᠡ ᠣᠷᠣᠨ ᠤ ᠳᠣᠲᠣᠷ᠎ᠠ ᠭᠠᠳᠠᠨᠠᠬᠢ 70 ᠠᠵᠤ ᠠᠬᠤᠶᠢᠯᠠᠯ ᠲᠠᠢ ᠵᠣᠯᠭᠠᠭᠤᠯᠵᠤ᠂ 27 ᠲᠥᠷᠥᠯ ᠵᠦᠢᠯ ᠢ | ᠨᠠᠶᠢᠳᠠᠪᠤᠷᠢᠵᠢᠭᠤᠯᠤᠨ᠂ 7 ᠲᠥᠷᠥᠯ ᠵᠦᠢᠯ ᠢ ᠪᠣᠳᠠᠲᠠᠢ ᠪᠠᠷ ᠠᠵᠢᠯ ᠡᠬᠢᠯᠡᠭᠦᠯᠵᠦ᠂ ᠪᠡᠯᠡ ᠣᠷᠣᠭᠤᠯᠤᠯᠲᠠ ᠶᠢᠨ | ᠲᠤᠭ᠎ᠠ ᠨᠢ 9.07 ᠳ᠋ᠦᠩᠰᠢᠭᠤᠷ ᠲᠥᠭᠦᠷᠢᠭ ᠲᠤ ᠬᠥᠷᠪᠡ᠃ ᠥᠪᠡᠷᠲᠡᠭᠡᠨ ᠵᠠᠰᠠᠬᠤ ᠣᠷᠣᠨ ᠤ ︽ᠰᠢᠨ᠎ᠡ ᠶᠢ | ᠡᠭᠦᠳᠬᠦ ᠬᠡᠯᠪᠡᠷᠢ︾ ᠶᠢᠨ ︽ᠲᠤᠰᠬᠠᠢ ᠨᠠᠷᠢᠯᠢᠭ ᠣᠨᠴᠠ ᠰᠢᠨ᠎ᠡ︾ ᠳᠤᠮᠳᠠ ᠵᠢᠵᠢᠭ ᠠᠵᠤ ᠠᠬᠤᠶᠢᠯᠠᠯ ᠢ 10 | ᠭᠤᠶᠤᠴᠢᠯᠠᠨ ᠮᠡᠳᠡᠭᠦᠯᠵᠦ᠂ ︽ᠳᠥᠷᠪᠡ ᠶᠢ ᠬᠥᠭᠵᠢᠭᠦᠯᠬᠦ ᠠᠵᠤ ᠠᠬᠤᠶᠢᠯᠠᠯ︾ ᠢ 17 ᠪᠣᠶᠢᠵᠢᠭᠤᠯᠪᠠ᠃ | ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ 8 ᠳᠤᠮᠳᠠ ᠵᠢᠵᠢᠭ ᠠᠵᠤ ᠠᠬᠤᠶᠢᠯᠠᠯ ᠢ | ᠠᠮᠵᠢᠯᠲᠠ ᠲᠠᠢ ᠭᠤᠶᠤᠴᠢᠯᠠᠨ ᠮᠡᠳᠡᠭᠦᠯᠵᠦ᠂ ᠪᠥᠬᠦ ᠬᠤᠲᠠ ᠶᠢᠨ ᠲᠦᠷᠦᠭᠦᠸ ᠪᠦᠯᠦᠭ ᠤᠨ ᠨᠡᠶᠢᠯᠡᠮᠡᠯ ᠠᠮᠢᠳᠤ | ᠪᠣᠳᠠᠰ ᠤᠨ ᠳᠤᠮᠳᠠ ᠵᠡᠷᠭᠡ ᠶᠢᠨ ᠲᠤᠷᠰᠢᠯᠲᠠ ᠶᠢᠨ ᠲᠠᠪᠴᠠᠩ ᠤᠨ ᠬᠤᠸᠠ ᠷᠦᠨ ᠱᠤᠸᠠᠩ ᠾᠧ ᠵᠢᠩᠬᠢᠨᠢ ᠪᠠᠷ | ᠫᠠᠶᠢᠰᠠ ᠰᠡᠬᠦᠭᠰᠡᠨ ᠪᠥᠭᠡᠳ ᠲᠤᠷᠰᠢᠯᠲᠠ ᠬᠢᠪᠡ᠃ | — ᠠᠵᠤ ᠦᠢᠯᠡᠰ ᠢ ᠠᠳᠬᠤᠵᠤ᠂ ᠬᠡᠯᠪᠡᠷᠢ ᠬᠤᠪᠢᠷᠠᠭᠤᠯᠬᠤ ᠶᠢ ᠠᠬᠢᠭᠤᠯᠬᠤ ᠶᠢ ᠪᠠᠷᠢᠮᠲᠠᠯᠠᠵᠤ᠂ | ᠬᠥᠭᠵᠢᠯᠲᠡ ᠶᠢᠨ ᠶᠠᠰᠤ ᠴᠢᠨᠠᠷ ᠢ ᠲᠣᠭᠲᠠᠭᠤᠨ ᠢᠶᠠᠷ ᠳᠡᠭᠡᠭᠰᠢᠯᠡᠭᠦᠯᠪᠡ | ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠦᠨ᠂ ᠪᠥᠬᠦ ᠵᠢᠯ ᠳᠤ | ᠲᠠᠷᠢᠮᠠᠯ ᠤᠨ ᠲᠠᠯᠠᠪᠠᠶ ᠶᠢ 112.47 ᠲᠦᠮᠡᠨ ᠮᠦ ᠳᠤ ᠳᠠᠷᠢᠵᠤ᠂ ᠡᠭᠦᠨ ᠳᠤ ᠠᠮᠤ ᠪᠤᠳᠠᠭᠠᠨ ᠤ ᠲᠠᠷᠢᠮᠠᠯ ᠢ 97. | 18 ᠲᠦᠮᠡᠨ ᠮᠦ ᠳᠤ ᠳᠠᠷᠢᠵᠤ᠂ ᠵᠢᠱᠢᠯᠲᠡ ᠪᠠᠷ ᠠᠮᠤ ᠪᠤᠳᠠᠭᠠᠨ ᠤ ᠤᠨᠠᠯᠲᠠ ᠶᠢ 39 ᠲᠦᠮᠡᠨ ᠲᠣᠨ ᠣᠷᠴᠢᠮ | ᠪᠣᠯᠭᠠᠨ᠎ᠠ᠃ ᠢᠯᠢ ᠶᠢᠨ 18 ᠲᠦᠮᠡᠨ ᠲᠣᠯᠣᠭᠠᠢ ᠪᠣᠬᠢᠷᠲᠤᠯ ᠦᠭᠡᠢ ᠣᠶᠤᠨᠲᠤ ᠰᠠᠭᠠᠯᠢ ᠶᠢᠨ ᠦᠨᠢᠶ᠎ᠡ ᠲᠡᠵᠢᠭᠡᠨ | ᠦᠷᠡᠵᠢᠭᠦᠯᠬᠦ ᠵᠢᠱᠢᠶ᠎ᠡ ᠦᠵᠡᠭᠦᠯᠬᠦ ᠬᠦᠷᠢᠶᠡᠯᠡᠩ ᠢ ᠲᠣᠭᠲᠠᠭᠤᠨ ᠢᠶᠠᠷ ᠠᠬᠢᠭᠤᠯᠵᠤ᠂ ᠶᠢᠦ ᠷᠠᠨ᠂ ᠾᠧᠩ ᠹᠦ᠋ | ᠮᠠᠯᠵᠢᠯ ᠤᠨ ᠲᠠᠯᠠᠪᠠᠶ ᠳᠤ ᠨᠡᠶᠢᠲᠡ 1.56 ᠲᠦᠮᠡᠨ ᠦᠬᠡᠷ ᠣᠷᠣᠭᠤᠯᠵᠤ᠂ ᠾᠧᠩ ᠹᠦ᠋ ᠯᠢ ᠷᠦᠩ᠂ ᠵᠢᠶᠠ ᠯᠢ | ᠾᠧ ᠮᠠᠯᠵᠢᠯ ᠤᠨ ᠲᠠᠯᠠᠪᠠᠶ ᠶᠢ ᠲᠦᠷᠭᠡᠳᠬᠡᠨ ᠪᠠᠶᠢᠭᠤᠯᠵᠤ᠂ ᠪᠥᠬᠦ ᠰᠢᠶᠠᠨ ᠤ ᠬᠡᠪᠴᠢᠶᠡᠵᠢᠭᠦᠯᠦᠭᠰᠡᠨ ᠰᠠᠭᠠᠯᠢ ᠶᠢᠨ | ᠦᠨᠢᠶ᠎ᠡ ᠶᠢᠨ ᠮᠠᠯᠵᠢᠯ ᠤᠨ ᠲᠠᠯᠠᠪᠠᠶ ᠶᠢ 32 ᠪᠣᠯᠭᠠᠵᠤ᠂ 6.46 ᠲᠦᠮᠡᠨ ᠰᠠᠭᠠᠯᠢ ᠶᠢᠨ ᠦᠨᠢᠶ᠎ᠡ ᠶᠢ ᠲᠡᠵᠢᠭᠡᠵᠦ | ᠪᠠᠶᠢᠨ᠎ᠠ᠃ ︽ᠨᠤᠲᠤᠭ ᠤᠨ ᠣᠨᠴᠠ ᠭᠠᠷᠤᠯᠲᠠ︾ ᠶᠢᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠯᠠᠵᠤᠤ᠂ | ᠦᠵᠦᠮ᠂ ᠮᠥᠷᠭᠦ ᠵᠢᠭᠠᠰᠤ ᠵᠡᠷᠭᠡ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠨᠡᠭᠡᠭᠡᠨ ᠬᠥᠭᠵᠢᠭᠦᠯᠦᠯᠲᠡ ᠶᠢ | ᠴᠢᠩᠭᠠᠳᠬᠠᠵᠤ᠂ ᠪᠦᠬᠦ ᠤᠯᠤᠰ ᠤᠨ ᠨᠡᠷᠡᠳᠦ ᠣᠨᠴᠠ ᠰᠢᠯᠢᠳᠡᠭ ᠲᠠᠷᠢᠶᠠᠯᠠᠩ ᠤᠨ 2 ᠪᠦᠲᠦᠭᠡᠭᠳᠡᠬᠦᠨ ᠢ ᠰᠢᠨ᠎ᠡ ᠪᠠᠷ | ᠭᠡᠷᠡᠴᠢᠯᠡᠵᠦ᠂ 1646 ᠮᠦ ᠤᠰᠤᠨ ᠭᠠᠷᠤᠯᠲᠠ ᠶᠢᠨ ᠰᠢᠨ᠎ᠡ ᠡᠭᠦᠯᠳᠡᠷ ᠢ ᠵᠢᠱᠢᠶ᠎ᠡ ᠦᠵᠡᠭᠦᠯᠦᠨ ᠳᠡᠯᠭᠡᠷᠡᠭᠦᠯᠵᠦ᠂ | ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠲᠠᠢ ᠬᠠᠮᠲᠤᠷᠠᠨ ᠰᠢᠨ᠎ᠡ ᠰᠣᠷᠭᠤᠭ ᠦᠵᠦᠮ ᠢᠳᠡᠬᠦ | ᠰᠢᠨᠵᠢᠯᠡᠬᠦ ᠤᠬᠠᠭᠠᠨᠲᠠᠨ ︵ᠲᠤᠰᠬᠠᠢ ᠮᠡᠷᠭᠡᠵᠢᠯᠲᠡᠨ︶ ᠤ ᠠᠵᠢᠯ ᠤᠨ ᠦᠷᠳᠡᠭᠡ ᠶᠢ ᠪᠠᠶᠢᠭᠤᠯᠪᠠ᠃ | | | | | | | | | ᠠᠵᠤ ᠦᠢᠯᠡᠳᠪᠦᠷᠢ ᠶᠢᠨ ᠠᠵᠤ ᠠᠬᠤᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ ᠴᠢᠳᠠᠪᠤᠷᠢ ᠶᠢ ᠦᠷᠭᠡᠳᠭᠡᠪᠡ᠃ | ᠵᠢᠯ ᠤᠨ ᠳᠣᠲᠣᠷ᠎ᠠ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ 5 ᠰᠢᠨ᠎ᠡ ᠪᠠᠷ | ᠨᠡᠮᠡᠭᠳᠡᠭᠦᠯᠵᠦ᠂ ᠵᠢᠱᠢᠯᠲᠡ ᠪᠠᠷ ᠠᠵᠤ ᠦᠢᠯᠡᠳᠪᠦᠷᠢ ᠶᠢᠨ ᠦᠢᠯᠡᠳᠬᠦᠨ ᠤ ᠪᠥᠬᠦ ᠥᠷᠲᠡᠭ ᠢ 316 ᠳ᠋ᠦᠩᠰᠢᠭᠤᠷ | ᠲᠥᠭᠦᠷᠢᠭ ᠪᠡᠶᠡᠯᠡᠭᠦᠯᠵᠦ᠂ ᠨᠡᠮᠡᠭᠳᠡᠯ ᠤᠨ ᠬᠤᠷᠳᠤᠴᠠ ᠶᠢ 16.5% ᠣᠷᠴᠢᠮ ᠪᠣᠯᠭᠠᠨ᠎ᠠ᠃ ᠪᠥᠬᠦ ᠪᠥᠮᠪᠥᠷᠴᠡᠭ ᠤᠨ | ᠲᠠᠩ ᠦᠢᠯᠡᠳᠪᠦᠷᠢᠯᠡᠯ ᠤᠨ ᠴᠢᠳᠠᠪᠤᠷᠢ ᠪᠠᠷ ᠬᠠᠮᠤᠭ ᠤᠨ ᠶᠡᠭᠡ ᠣᠨᠴᠠ ᠲᠥᠷᠥᠯ ᠤᠨ ᠬᠡᠢ ᠪᠡᠶᠡᠲᠦ ᠶᠢᠨ | ᠦᠢᠯᠡᠳᠪᠦᠷᠢᠯᠡᠯ ᠤᠨ ᠱᠤᠭᠤᠮ ᠳᠠᠬᠢ ᠣᠩᠭᠤᠴᠠᠨ ᠤ ᠣᠨᠴᠠ ᠬᠡᠢ ᠶᠢᠨ ᠨᠢᠭᠡᠳᠦᠭᠡᠷ ᠬᠤᠭᠤᠴᠠᠭᠠᠨ ᠤ ᠲᠥᠷᠥᠯ | ᠵᠦᠢᠯ᠂ ᠪᠥᠬᠦ ᠪᠥᠮᠪᠥᠷᠴᠡᠭ ᠤᠨ ᠲᠠᠩ ᠴᠣᠭᠴᠠ ᠶᠢᠨ ᠬᠡᠪᠴᠢᠶ᠎ᠡ ᠪᠠᠷ ᠬᠠᠮᠤᠭ ᠤᠨ ᠶᠡᠭᠡ ᠠᠮᠤᠺᠢᠼᠢᠯᠢᠨ ᠡᠮ ᠤᠨ | ᠦᠢᠯᠡᠳᠪᠦᠷᠢᠯᠡᠯ ᠤᠨ ᠱᠤᠭᠤᠮ ᠤᠨ ᠴᠠᠩ ᠱᠧᠩ ᠬᠡᠷᠡᠯᠳᠦ ᠴᠠᠮᠬᠠᠭ ᠤᠨ ᠦᠢᠯᠡᠳᠪᠦᠷᠢ ᠶᠢᠨ ᠲᠥᠷᠥᠯ ᠵᠦᠢᠯ᠂ ᠶᠢᠨ | ᠳ᠋ᠠ ᠸᠧᠢ ᠶᠢᠨ ᠭᠤᠷᠪᠠᠳᠤᠭᠠᠷ ᠬᠤᠭᠤᠴᠠᠭᠠᠨ ᠤ ᠵᠢᠴᠢ ᠨᠡᠶᠢᠯᠡᠮᠡᠯ ᠠᠮᠢᠳᠤ ᠪᠣᠳᠠᠰ ᠤᠨ ᠰᠤᠳᠤᠯᠤᠨ ᠨᠡᠭᠡᠭᠡᠬᠦ | ᠲᠥᠪ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠪᠡ᠃ ᠶᠢᠨ ᠾᠧ ᠠᠮᠢᠲᠠᠨ ᠤ ᠸᠠᠺᠼᠢᠨ᠂ | ᠶᠢᠨ ᠾᠧ ᠡᠮ ᠤᠨ ᠳᠠᠪᠤᠰᠤᠨ ᠬᠦᠴᠢᠯ ᠤᠨ ᠨᠣᠭᠤᠭᠠᠨ ᠪᠢᠴᠢᠯ ᠺᠠᠩ ᠣᠷᠭᠠᠨᠢᠭ ᠬᠦᠴᠢᠯ᠂ ᠬᠥᠬᠡᠬᠤᠲᠠ ᠬᠥᠩᠭᠡᠨ | ᠴᠠᠭᠠᠨ ᠴᠠᠬᠢᠯᠭᠠᠨ ᠤ ᠳᠠᠬᠢᠯᠲᠠ ᠡᠨᠧᠷᠭᠢ ᠶᠢᠨ ᠣᠷᠤᠯᠠᠭᠤᠯᠤᠯᠲᠠ᠂ ᠯᠠᠩ ᠺᠦᠨ ᠲᠡᠮᠦᠷᠯᠢᠭ ᠨᠠᠲᠷᠢ᠂ ᠯᠦᠩ ᠲᠠᠢ | ᠠᠰᠢᠳᠠ ᠶᠢᠨ ᠣᠳᠣᠨ ᠡᠲ᠋ᠠ ᠬᠦᠴᠢᠯ ᠤᠨ ᠨᠠᠲᠷᠢ᠂ ᠵᠢᠦ ᠢᠦᠢ ᠬᠠᠲᠠᠭᠤ ᠪᠡᠶᠡᠲᠦ ᠬᠠᠶᠠᠭᠳᠠᠮᠠᠯ ᠪᠣᠳᠠᠰ ᠢ | ᠡᠷᠭᠢᠯᠳᠦᠭᠦᠯᠦᠨ ᠠᠰᠢᠭᠯᠠᠬᠤ ᠵᠡᠷᠭᠡ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠭᠤᠷᠪᠠᠨ | ᠶᠡᠭᠡ ᠭᠤᠣᠯᠯᠠᠬᠤ ᠠᠵᠤ ᠦᠢᠯᠡᠰ ᠢ ᠤᠯᠠᠮ ᠨᠢᠭᠡ ᠠᠯᠬᠤᠮ ᠪᠤᠵᠠᠭᠠᠶᠢᠷᠠᠭᠤᠯᠤᠨ᠂ ᠬᠤᠶᠠᠷ ᠢᠵᠢ ᠪᠦᠷᠢᠳᠦᠭᠦᠯᠬᠦ | ᠠᠵᠤ ᠦᠢᠯᠡᠰ ᠤᠨ ᠰᠢᠰᠲ᠋ᠧᠮᠵᠢ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂ ᠠᠮᠢᠳᠤ ᠪᠣᠳᠠᠰ ᠤᠨ ᠡᠮ | ᠡᠮᠨᠡᠯᠭᠡ ᠶᠢᠨ ᠠᠵᠤ ᠦᠢᠯᠡᠰ ᠢ ᠥᠪᠡᠷᠲᠡᠭᠡᠨ ᠵᠠᠰᠠᠬᠤ ᠣᠷᠣᠨ ᠤ ᠲᠠᠰ ᠤᠨ ᠠᠮᠢᠳᠤ ᠪᠣᠳᠠᠰ ᠤᠨ ᠡᠮ ᠡᠮᠨᠡᠯᠭᠡ ᠶᠢᠨ | ᠣᠨᠴᠠᠯᠢᠭᠲᠤ ᠠᠵᠤ ᠦᠢᠯᠡᠰ ᠤᠨ ᠰᠦᠷᠦᠭᠵᠢᠯ ᠢᠶᠠᠷ ᠠᠮᠵᠢᠯᠲᠠ ᠲᠠᠢ ᠪᠠᠷ ᠭᠤᠶᠤᠴᠢᠯᠠᠨ ᠮᠡᠳᠡᠭᠦᠯᠪᠡ᠃ | ᠲᠣᠭᠠᠴᠢᠯᠠᠭᠰᠠᠨ ᠣᠶᠤᠨᠲᠤ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ᠂ ᠣᠨᠴᠠ ᠦᠢᠯᠡᠴᠢᠯᠡᠭᠡᠨ ᠤ ᠭᠠᠯ | ᠤᠨᠲᠠᠷᠠᠭᠠᠬᠤ ᠥᠷᠲᠡᠭᠡ᠂ ᠲᠠᠩ ᠤᠯᠤᠰ ᠤᠨ ᠨᠡᠭᠦᠷᠡᠰᠦ ᠲᠡᠭᠡᠭᠡᠪᠦᠷᠢᠯᠡᠬᠦ ᠲᠤᠰᠬᠠᠢ ᠱᠤᠭᠤᠮ ᠢ ᠪᠠᠶᠢᠭᠤᠯᠤᠨ | ᠳᠠᠭᠤᠰᠬᠠᠵᠤ ᠠᠰᠢᠭᠯᠠᠯᠲᠠ ᠳᠤ ᠣᠷᠣᠭᠤᠯᠤᠨ᠂ ᠨᠡᠭᠡᠭᠡᠯᠲᠡ ᠶᠢᠨ ᠲᠣᠭᠤᠷᠢᠭ ᠨᠢ ᠬᠠᠮᠤᠭ ᠤᠨ ᠳᠡᠭᠡᠳᠦ ᠲᠠᠰ ᠤᠨ D | ᠲᠠᠰ ᠤᠨ ᠬᠢᠮᠢ ᠶᠢᠨ ᠠᠵᠤ ᠦᠢᠯᠡᠳᠪᠦᠷᠢ ᠶᠢᠨ ᠲᠥᠪᠯᠡᠷᠡᠭᠰᠡᠨ ᠲᠣᠭᠤᠷᠢᠭ ᠢᠶᠠᠷ ᠠᠮᠵᠢᠯᠲᠠ ᠲᠠᠢ ᠪᠠᠷ ᠦᠨᠡᠯᠡᠨ | ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠤᠰᠤ ᠠᠷᠪᠢᠯᠠᠬᠤ ᠬᠡᠯᠪᠡᠷᠢ ᠶᠢᠨ ᠬᠦᠷᠢᠶᠡᠯᠡᠩ | ᠲᠣᠭᠤᠷᠢᠭ᠂ ᠬᠤᠲᠠ ᠶᠢᠨ ᠲᠠᠰ ᠤᠨ ᠪᠣᠬᠢᠷᠲᠤᠯ ᠦᠭᠡᠢ ᠬᠦᠷᠢᠶᠡᠯᠡᠩ ᠲᠣᠭᠤᠷᠢᠭ ᠢᠶᠠᠷ ᠦᠨᠡᠯᠡᠭᠳᠡᠪᠡ᠃ | ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠲᠡᠰ ᠲᠡᠪᠰᠢᠪᠡ᠃ ᠳ᠋ᠦᠩ ᠱᠧᠩ ᠸᠧᠢ ᠡᠷᠲᠡᠨ ᠤ ᠬᠤᠲᠠ᠂ | ᠨᠠᠨ ᠬᠤ᠋ ᠨᠠᠭᠤᠷ᠂ ᠱᠧᠨ ᠴᠢᠦᠸᠠᠨ᠂ ᠬᠠᠲᠤᠨ ᠭᠤᠣᠯ ᠵᠡᠷᠭᠡ 4 ᠦᠵᠡᠮᠵᠢ ᠶᠢᠨ ᠣᠷᠣᠨ ᠤ ᠪᠦᠲᠦᠭᠡᠨ | ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠲᠠᠷᠢᠶᠠᠯᠠᠭ᠎ᠠ ᠶᠢᠨ ᠸᠠᠭᠠᠷ ᠤᠨ ᠵᠢᠭᠠᠰᠤ᠂ ᠬᠡᠳᠦᠨ | ᠬᠦᠷᠢᠶᠡᠯᠡᠩ ᠢ ᠨᠡᠭᠡᠭᠡᠨ ᠡᠵᠡᠩᠨᠡᠵᠦ᠂ ᠬᠤᠩ ᠳ᠋ᠧ ᠳᠡᠭᠡᠳᠦ ᠰᠤᠷᠭᠠᠭᠤᠯᠢ ᠶᠢᠨ ᠰᠣᠶᠣᠯ ᠤᠨ ᠪᠠᠷᠢᠭᠠᠳᠠ᠂ ᠬᠠᠴᠢᠨ | ᠪᠤᠯᠠᠭ ᠰᠣᠶᠣᠯ ᠤᠨ ᠴᠡᠴᠡᠷᠯᠢᠭ᠂ ᠤᠮᠠᠷᠠᠲᠤ ᠬᠢᠯᠢ ᠶᠢᠨ ᠰᠣᠶᠣᠯ ᠤᠨ ᠣᠷᠳᠣ ᠬᠤᠩᠭᠢᠯ᠂ ᠷᠦᠢ ᠸᠧ ᠠᠷᠢᠬᠢᠨ | ᠫᠦᠰᠡ ᠵᠡᠷᠭᠡ ᠨᠢᠭᠡ ᠪᠦᠯᠦᠭ ᠰᠣᠶᠣᠯ ᠤᠨ ᠲᠥᠷᠥᠯ ᠵᠦᠢᠯ ᠲᠦᠷᠭᠡᠨ ᠢᠶᠠᠷ ᠠᠬᠢᠵᠤ᠂ ᠤᠯᠤᠰ ᠤᠨ ᠲᠠᠰ ᠤᠨ | ᠰᠡᠯᠡᠭᠦᠴᠡᠨ ᠵᠢᠭᠠᠰᠤ ᠭᠥᠬᠢᠳᠡᠬᠦ ᠤᠷᠤᠯᠳᠤᠭᠠᠨ ᠢ ᠠᠩᠬ᠎ᠠ ᠤᠳᠠᠭ᠎ᠠ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ | ᠬᠤᠶᠠᠳᠤᠭᠠᠷ ᠬᠤᠭᠤᠴᠠᠭᠠᠨ ᠤ ᠪᠠ ᠦᠵᠡᠰᠭᠦᠯᠡᠩᠳᠦ ᠰᠠᠶᠢᠬᠠᠨ ᠬᠥᠳᠡᠭᠡ ᠲᠣᠰᠬᠤᠨ ᠤ ᠮᠠᠯᠴᠢᠨ ᠲᠠᠷᠢᠶᠠᠴᠢᠨ ᠤ | ᠡᠷᠡᠭᠲᠡᠢ ᠶᠢᠨ ᠰᠠᠭᠰᠤᠨ ᠪᠥᠮᠪᠦᠭᠡ ᠶᠢᠨ ᠤᠷᠤᠯᠳᠤᠭᠠᠨ ᠢ ᠳᠠᠭᠠᠭᠠᠨ ᠡᠷᠭᠢᠯᠡᠵᠦ᠂ ᠬᠠᠲᠤᠨ ᠭᠤᠣᠯ ᠳᠠᠭᠠᠤ ᠶᠢᠨ | ᠭᠦᠶᠦᠯᠲᠡ ᠶᠢᠨ ᠦᠪᠡᠳᠡᠭᠰᠢ ᠴᠤᠭᠯᠠᠭᠠᠨ᠂ ᠬᠠᠲᠤᠨ ᠭᠤᠣᠯ ᠤᠨ ᠡᠬᠢᠯᠡᠯᠲᠡ ᠶᠢᠨ ᠪᠠᠶᠠᠷ᠂ ᠬᠠᠲᠤᠨ ᠭᠤᠣᠯ ᠤᠨ | ᠰᠣᠶᠣᠯ ᠵᠢᠭᠤᠯᠴᠢᠯᠠᠯ ᠤᠨ ᠪᠠᠶᠠᠷ ᠵᠡᠷᠭᠡ ᠰᠢᠷᠢᠰ ᠪᠡᠶ᠎ᠡ ᠶᠢᠨ ᠲᠠᠮᠢᠷ ᠤᠨ ᠤᠷᠤᠯᠳᠤᠭᠠᠨ ᠪᠠ ᠪᠠᠶᠠᠷ ᠳᠤᠷᠠᠰᠬᠠᠯ ᠤᠨ | ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃ 2024 ᠣᠨ ᠳᠤ ᠪᠦᠬᠦ ᠰᠢᠶᠠᠨ ᠤ ᠬᠦᠯᠢᠶᠡᠨ ᠠᠪᠤᠭᠰᠠᠨ | ᠵᠤᠭᠠᠴᠠᠭᠰᠠᠳ ᠤᠨ ᠲᠤᠭ᠎ᠠ 88.21 ᠲᠦᠮᠡᠨ ᠬᠥᠮᠥᠨ ᠤᠳᠠᠭ᠎ᠠ ᠳᠤ ᠬᠦᠷᠴᠦ᠂ ᠵᠤᠭᠠᠴᠠᠯ ᠤᠨ ᠣᠷᠣᠯᠭ᠎ᠠ | 9696.92 ᠲᠦᠮᠡᠨ ᠲᠥᠭᠦᠷᠢᠭ ᠲᠤ ᠬᠦᠷᠴᠡᠢ᠃ ᠰᠢᠶᠠᠨ ᠤ ᠮᠦᠽᠧᠢ᠂ ᠤᠮᠠᠷᠠᠲᠤ ᠬᠢᠯᠢ ᠶᠢᠨ ᠰᠣᠶᠣᠯ ᠤᠨ | ᠬᠤᠩᠭᠢᠯ ᠨᠢ ᠬᠤᠳᠠ ᠶᠢᠨ ᠲᠡᠰ ᠤᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ | ᠬᠥᠮᠦᠵᠢᠯ ᠤᠨ ᠦᠢᠯᠡᠳᠦᠯᠭᠡ ᠶᠢᠨ ᠰᠠᠭᠤᠷᠢᠨ ᠢ ᠪᠠᠲᠤ ᠴᠤᠭᠴᠠᠯᠠᠶ᠎ᠠ︾ ᠭᠡᠬᠦ ᠴᠣᠯᠠ ᠶᠢ ᠬᠦᠷᠲᠡᠵᠦ᠂ ᠾᠧ ᠺᠸᠦ | ᠵᠤᠭᠠᠴᠠᠯ ᠠᠮᠠᠷᠠᠯᠲᠠ ᠶᠢᠨ ᠣᠷᠣᠨ ᠢ ᠥᠪᠡᠷᠲᠡᠭᠡᠨ ᠵᠠᠰᠠᠬᠤ ᠣᠷᠣᠨ ᠤ ᠲᠡᠰ ᠤᠨ ᠵᠤᠭᠠᠴᠠᠯ ᠠᠮᠠᠷᠠᠯᠲᠠ ᠶᠢᠨ | ᠣᠷᠣᠨ ᠢᠶᠠᠷ ᠨᠤᠲᠠᠯᠠᠨ ᠲᠣᠭᠲᠠᠭᠠᠪᠠ᠃ | — ᠰᠠᠭᠤᠷᠢ ᠶᠢ ᠪᠠᠲᠤᠳᠬᠠᠬᠤ᠂ ᠲᠤᠳᠠᠭᠳᠠᠯ ᠢ ᠨᠥᠬᠦᠪᠦᠷᠢᠯᠡᠬᠦ ᠶᠢ ᠪᠠᠷᠢᠮᠲᠠᠯᠠᠵᠤ᠂ ᠬᠤᠳᠠ ᠬᠥᠳᠡᠭᠡ ᠶᠢ | ᠠᠭᠤᠰᠤᠯᠴᠠᠭᠤᠯᠬᠤ ᠠᠯᠬᠤᠴᠠ ᠪᠠᠷ ᠰᠠᠭᠤᠷᠢ ᠲᠥᠬᠦᠭᠡᠷᠦᠮᠵᠢ ᠶᠢ ᠳᠠᠰᠤᠷᠠᠯᠳᠠ ᠦᠭᠡᠢ ᠲᠡᠭᠦᠯᠳᠡᠷᠵᠢᠭᠦᠯᠬᠦ ᠶᠢ | ᠲᠦᠷᠭᠡᠳᠬᠡᠪᠡ᠃ | ︽ᠲᠤᠯᠠᠭᠠᠯᠭ᠎ᠠ ᠶᠢᠨ ᠢᠨᠵᠧᠨᠧᠷᠢᠩ︾ ᠤᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠪᠡᠶᠡᠯᠡᠭᠦᠯᠵᠦ᠂ | ᠲᠥᠪᠯᠡᠷᠡᠭᠦᠯᠦᠨ ᠢᠯᠴᠢ ᠬᠠᠩᠭᠠᠬᠤ ᠴᠢᠳᠠᠪᠤᠷᠢ ᠶᠢ ᠤᠯᠠᠮ ᠨᠢᠭᠡ ᠠᠯᠬᠤᠮ ᠲᠡᠭᠡᠭᠰᠢᠯᠡᠭᠦᠯᠪᠡ᠃ 1.67 ᠲᠦᠮᠡᠨ | ᠡᠷᠦᠬᠡ ᠶᠢᠨ ᠰᠢᠲᠠᠭᠠᠯᠭ᠎ᠠ ᠶᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ | ᠪᠡᠶᠡᠯᠡᠭᠦᠯᠵᠦ᠂ ᠬᠥᠳᠡᠭᠡ ᠲᠣᠰᠬᠤᠨ ᠤ ᠠᠷᠢᠭᠤᠨ ᠴᠡᠪᠡᠷ ᠳᠤᠯᠠᠭᠠᠨ ᠢᠶᠠᠷ ᠡᠪᠦᠯᠵᠢᠬᠦ ᠶᠢ ᠪᠡᠶᠡᠯᠡᠭᠦᠯᠪᠡ᠃ 14 | ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠶᠢ ᠪᠡᠶᠡᠯᠡᠭᠦᠯᠵᠦ᠂ 1273 | ᠡᠷᠦᠬᠡ ᠳᠤ ᠠᠰᠢᠭ ᠬᠦᠷᠲᠡᠭᠡᠪᠡ᠃ ᠬᠠᠴᠢᠨ ᠪᠤᠯᠠᠭ ᠵᠠᠮ ᠢ ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠭᠦᠯᠦᠨ᠂ | ᠬᠤᠲᠠ ᠶᠢᠨ ᠲᠣᠭᠤᠷᠢᠭ ᠤᠨ ᠬᠦᠷᠢᠶᠡᠯᠡᠩ ᠲᠣᠭᠤᠷᠢᠭ ᠤᠨ ᠦᠵᠡᠮᠵᠢ ᠶᠢᠨ ᠣᠷᠣᠨ ᠤ ︽ᠭᠤᠷᠪᠠᠨ ᠲᠣᠭᠤᠷᠢᠭ︾ ᠢ | ᠰᠠᠭᠠᠳ ᠦᠭᠡᠢ ᠬᠤᠯᠪᠣᠬᠤ ᠶᠢ ᠪᠡᠶᠡᠯᠡᠭᠦᠯᠪᠡ᠃ ᠣᠷᠴᠢᠨ ᠠᠬᠤᠢ ᠶᠢᠨ ᠳᠦᠷᠰᠦ ᠪᠠᠶᠢᠳᠠᠯ ᠢᠯᠡᠳᠲᠡ ᠰᠠᠶᠢᠵᠢᠷᠠᠪᠠ᠃ | ᠬᠤᠲᠠ ᠶᠢᠨ ᠲᠣᠭᠤᠷᠢᠭ᠂ ᠨᠡᠭᠡᠭᠡᠯᠲᠡ ᠶᠢᠨ ᠲᠣᠭᠤᠷᠢᠭ᠂ ᠾᠧ ᠺᠸᠦ ᠵᠢᠭᠤᠯᠴᠢᠯᠠᠯ ᠠᠮᠠᠷᠠᠯᠲᠠ ᠶᠢᠨ ᠲᠣᠭᠤᠷᠢᠭ ᠤᠨ | ᠴᠡᠴᠡᠷᠯᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠵᠠᠬ᠎ᠠ ᠳᠡᠯᠭᠡᠭᠦᠷᠴᠢᠯᠡᠨ ᠬᠤᠳᠠᠯᠳᠤᠨ ᠠᠪᠬᠤ | ᠦᠢᠯᠡᠴᠢᠯᠡᠭᠡ ᠶᠢ ᠪᠡᠶᠡᠯᠡᠭᠦᠯᠵᠦ᠂ 6497 ᠬᠠᠭᠤᠴᠢᠨ ᠵᠠᠮ ᠤᠨ ᠳ᠋ᠧᠩ ᠢ ᠥᠭᠡᠷᠡᠴᠢᠯᠡᠪᠡ᠃ ᠬᠤᠳᠠ ᠬᠥᠳᠡᠭᠡ ᠶᠢᠨ | ᠣᠷᠴᠢᠨ ᠠᠬᠤᠢ ᠶᠢᠨ ᠡᠷᠡᠭᠦᠯ ᠬᠠᠮᠠᠭᠠᠯᠠᠯ ᠤᠨ ︽ᠦᠨᠳᠦᠰᠦᠨ ᠵᠦᠢᠯ ᠢ ᠶᠡᠭᠡ ᠪᠠᠷ ᠡᠬᠢᠯᠡᠭᠦᠯᠬᠦ︾ ᠠᠵᠢᠯᠯᠠᠭ᠎ᠠ ᠶᠢ | ᠭᠦᠨᠵᠡᠭᠡᠢ ᠥᠷᠨᠢᠭᠦᠯᠵᠦ᠂ 120 ᠵᠠᠰᠠᠭ ᠵᠠᠬᠢᠷᠭᠠᠨ ᠤ ᠲᠣᠰᠬᠤᠨ ᠳᠤ ᠴᠥᠮ ᠠᠶᠢᠯ ᠲᠣᠰᠬᠤᠨ ᠤ ᠠᠷᠢᠭᠤᠨ | ᠴᠡᠪᠡᠷ ᠤᠨ ᠠᠵᠢᠯᠯᠠᠭ᠎ᠠ ᠶᠢᠨ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠪᠠ᠃ | | | | | | | | — ᠨᠠᠭᠠᠲᠤ ᠵᠠᠬ᠎ᠠ ᠶᠢᠨ ᠪᠠᠷᠢᠮᠵᠢᠶ᠎ᠠ ᠶᠢ ᠰᠠᠬᠢᠬᠤ᠂ ᠴᠡᠭᠴᠡᠯᠡᠨ ᠵᠠᠰᠠᠬᠤ ᠶᠢ ᠠᠳᠬᠤᠬᠤ ᠶᠢ ᠪᠠᠷᠢᠮᠲᠠᠯᠠᠵᠤ᠂ | ᠠᠮᠢ ᠠᠬᠤᠢ ᠶᠢᠨ ᠰᠠᠭᠤᠷᠢ ᠥᠩᠭᠡ ᠶᠢ ᠨᠡᠩ ᠭᠤᠶᠤ ᠰᠠᠶᠢᠬᠠᠨ ᠪᠣᠯᠭᠠᠨ ᠠᠭᠤᠯᠠ ᠤᠰᠤ ᠤᠢ ᠰᠢᠭᠤᠢ ᠲᠠᠷᠢᠶᠠᠨ | ᠭᠠᠵᠠᠷ ᠨᠠᠭᠤᠷ ᠴᠦᠬᠦᠷᠡᠮ ᠡᠪᠡᠰᠦ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠪᠠᠷ | ᠵᠠᠰᠠᠬᠤ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ | ᠵᠢᠷᠭᠤᠳᠤᠭᠠᠷ ᠬᠤᠭᠤᠴᠠᠭᠠᠨ ᠤ 7.67 ᠲᠦᠮᠡᠨ ᠮᠦ ᠢᠨᠵᠧᠨᠧᠷᠢᠩ ᠢ ᠪᠡᠶᠡᠯᠡᠭᠦᠯᠪᠡ᠃ ᠬᠤᠤ ᠵᠢᠶᠠ ᠶᠣᠣ ᠶᠢᠨ | ᠰᠠᠪᠠ ᠭᠠᠵᠠᠷ ᠤᠨ ᠬᠥᠷᠥᠰᠥ ᠰᠢᠷᠣᠢ ᠶᠢ ᠬᠠᠮᠠᠭᠠᠯᠠᠬᠤ ᠶᠡᠷᠦᠩᠬᠡᠶᠢᠯᠡᠨ ᠵᠠᠰᠠᠬᠤ ᠢᠨᠵᠧᠨᠧᠷᠢᠩ ᠢ 5 ᠲᠦᠮᠡᠨ ᠮᠦ | ᠬᠡᠷᠡᠭᠵᠢᠭᠦᠯᠪᠡ᠃ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠡᠭᠡᠯᠵᠢ ᠶᠢᠨ ᠠᠮᠢ ᠠᠬᠤᠢ ᠶᠢᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ᠂ ᠥᠪᠡᠷᠲᠡᠭᠡᠨ ᠵᠠᠰᠠᠬᠤ ᠣᠷᠣᠨ ᠤ ᠬᠠᠲᠤᠨ | ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ | ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ᠂ ︽ᠨᠠᠷᠢᠯᠢᠭ ᠣᠨᠣᠴᠠᠲᠠᠢ ᠪᠠᠷ ᠬᠥᠷᠥᠭ ᠵᠢᠷᠤᠬᠤ︾ | ᠥᠪᠡᠷᠲᠡᠭᠡᠨ ᠪᠠᠶᠢᠴᠠᠭᠠᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠢᠳᠡᠪᠬᠢᠲᠡᠢ ᠠᠬᠢᠭᠤᠯᠪᠠ᠃ ᠶᠢᠨ | ᠾᠧ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠪᠤᠯᠠᠬᠤ ᠲᠠᠯᠠᠪᠤᠷ ᠤᠨ ᠬᠤᠶᠠᠳᠤᠭᠠᠷ ᠬᠤᠭᠤᠴᠠᠭᠠᠨ ᠤ ᠲᠦᠷᠦᠯ | ᠵᠦᠢᠯ ᠢ ᠡᠬᠢᠯᠡᠨ ᠪᠠᠶᠢᠭᠤᠯᠵᠤ᠂ ᠴᠠᠩ ᠱᠧᠩ ᠪᠢᠲᠡᠭᠦᠦ ᠬᠦᠢᠲᠡᠨ ᠤᠰᠤᠨ ᠤ ᠰᠤᠪᠤᠷᠭ᠎ᠠ᠂ ᠬᠤᠸᠠ ᠷᠦᠨ ᠱᠤᠸᠠᠩ | ᠾᠧ ᠶᠢᠨ ᠬᠠᠶᠠᠭᠳᠠᠮᠠᠯ ᠬᠡᠢ ᠶᠢ ᠵᠠᠰᠠᠬᠤ ᠵᠡᠷᠭᠡ 5 ᠣᠨᠳᠣᠣ ᠦᠨᠦᠷ ᠢ ᠵᠠᠰᠠᠬᠤ ᠲᠦᠷᠦᠯ ᠵᠦᠢᠯ ᠢ ᠪᠠᠶᠢᠭᠤᠯᠤᠨ | ᠪᠦᠲᠦᠭᠡᠵᠦ᠂ ᠪᠤᠬᠢᠷ ᠦᠮᠡᠬᠡᠢ ᠦᠢᠯᠡᠳᠪᠦᠷᠢ ᠶᠢᠨ ᠡᠲᠡᠭᠡᠳ ᠤᠨ ᠬᠢᠨᠠᠨ ᠡᠵᠡᠮᠳᠡᠬᠦ ᠲᠥᠬᠦᠭᠡᠷᠦᠮᠵᠢ ᠶᠢ 11 ᠰᠠᠤᠷᠢ | ᠬᠤᠳᠠᠯᠳᠤᠨ ᠠᠪᠴᠤ ᠤᠭᠰᠠᠷᠠᠵᠤ᠂ ᠶᠢᠨ ᠳ᠋ᠠ ᠸᠧᠢ᠂ ᠶᠢᠨ ᠾᠧ ᠠᠮᠢᠳᠤ ᠪᠣᠳᠠᠰ ᠢ ᠪᠦᠬᠦ ᠬᠤᠲᠠ ᠶᠢᠨ ᠠᠩᠬᠠᠨ ᠤ | ᠪᠦᠯᠦᠭ ︽ᠬᠠᠶᠠᠭᠳᠠᠮᠠᠯ ᠪᠣᠳᠠᠰ ᠦᠭᠡᠢ ᠦᠢᠯᠡᠳᠪᠦᠷᠢ︾ ᠶᠢ ᠠᠮᠵᠢᠯᠲᠠ ᠲᠠᠢ ᠪᠠᠷ ᠡᠭᠦᠳᠦᠨ ᠪᠠᠶᠢᠭᠤᠯᠪᠠ᠃ | | | | | | | | ︱ ᠠᠷᠠᠳ ᠤᠨ ᠰᠡᠳᠬᠢᠯ ᠢ ᠳᠤᠯᠠᠭᠠᠴᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠶᠢ | ᠪᠠᠷᠢᠮᠲᠠᠯᠠᠵᠤ᠂ ᠣᠯᠠᠨ ᠲᠦᠮᠡᠨ ᠤ ᠪᠤᠶᠠᠨ ᠵᠢᠷᠭᠠᠯ ᠢ ᠦᠷᠭᠦᠯᠵᠢᠯᠡᠨ ᠪᠥᠬᠦ ᠵᠢᠯ ᠤᠨ ᠵᠠᠷᠤᠯᠭ᠎ᠠ ᠶᠢᠨ ︽ᠭᠤᠷᠪᠠ ᠶᠢ | ᠪᠠᠲᠤᠯᠠᠬᠤ︾ ᠪᠡᠯᠡ ᠮᠥᠩᠭᠦ ᠶᠢ 14.28 ᠳ᠋ᠦᠩᠰᠢᠭᠤᠷ ᠲᠥᠭᠦᠷᠢᠭ ᠨᠡᠮᠡᠭᠳᠡᠭᠦᠯᠵᠦ᠂ ᠡᠳ᠋ ᠤᠨ ᠵᠠᠰᠠᠭ ᠤᠨ | ᠶᠡᠷᠦᠩᠬᠡᠢ ᠵᠠᠷᠤᠯᠭ᠎ᠠ ᠶᠢᠨ 63% ᠶᠢ ᠡᠵᠡᠯᠡᠪᠡ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ | ᠪᠣᠳᠣᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠬᠤᠳᠠ ᠪᠠᠯᠭᠠᠰᠤᠨ ᠤ 1809 ᠬᠥᠮᠥᠨ ᠳᠤ ᠰᠢᠨ᠎ᠡ ᠪᠠᠷ ᠠᠵᠢᠯ | ᠣᠯᠭᠤᠵᠤ᠂ 3.97 ᠲᠦᠮᠡᠨ ᠲᠠᠷᠢᠶᠠᠴᠢᠳ ᠢ ᠰᠢᠯᠵᠢᠭᠦᠯᠦᠨ ᠠᠵᠢᠯ ᠣᠯᠭᠤᠪᠠ᠃ ᠰᠤᠷᠭᠠᠨ ᠬᠥᠮᠦᠵᠢᠯ ᠤᠨ ᠴᠢᠨᠠᠷ | ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠣᠶᠣᠯ | ᠲᠠᠮᠢᠷ ᠤᠨ ᠶᠡᠷᠦᠩᠬᠡᠶᠢᠯᠡᠭᠰᠡᠨ ᠠᠰᠠᠷ ᠢ ᠠᠰᠢᠭᠯᠠᠯᠲᠠ ᠳᠤ ᠣᠷᠣᠭᠤᠯᠵᠤ᠂ ᠱᠤᠸᠠᠩ ᠾᠧ ᠪᠠᠯᠭᠠᠰᠤ ᠶᠢᠨ | ᠭᠤᠷᠪᠠᠳᠤᠭᠠᠷ ᠬᠡᠦᠬᠡᠳ ᠤᠨ ᠴᠡᠴᠡᠷᠯᠢᠭ ᠢ ᠪᠥᠬᠦ ᠲᠠᠯ᠎ᠠ ᠪᠠᠷ ᠪᠠᠶᠢᠭᠤᠯᠤᠨ ᠳᠠᠭᠤᠰᠬᠠᠵᠤ᠂ ᠰᠤᠷᠭᠠᠭᠤᠯᠢ ᠶᠢᠨ | ᠬᠦᠷᠢᠶᠡᠨ ᠤ ᠭᠠᠯ ᠤᠨᠲᠠᠷᠠᠭᠠᠬᠤ ᠥᠭᠡᠷᠡᠴᠢᠯᠡᠯᠲᠡ ᠶᠢᠨ ᠢᠨᠵᠧᠨᠧᠷᠢᠩ ᠢ ᠪᠦᠬᠦᠨ ᠢ ᠪᠡᠶᠡᠯᠡᠭᠦᠯᠪᠡ᠃ | ᠬᠥᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠲᠣᠭᠲᠠᠬᠤ ᠰᠤᠷᠭᠠᠭᠤᠯᠢ ᠶᠢᠨ ᠲᠣᠭᠤᠷᠢᠭ ᠲᠤ | ᠫᠠᠶᠢᠰᠠ ᠡᠯᠭᠦᠨ ᠠᠵᠢᠯᠯᠠᠵᠤ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠲᠠᠯ᠎ᠠ ᠪᠠᠷ ︽ᠲᠡᠭ︾ ᠤᠨ | ᠰᠢᠪᠲᠤᠯᠤᠯᠲᠠ ᠶᠢ ᠪᠡᠶᠡᠯᠡᠭᠦᠯᠪᠡ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠪᠠ | ᠴᠢᠨᠠᠷ ᠰᠠᠶᠢᠲᠠᠢ ᠬᠥᠭᠵᠢᠯᠲᠡ ᠶᠢ ᠭᠦᠨᠵᠡᠭᠡᠢ ᠲᠦᠯᠬᠢᠨ ᠠᠬᠢᠭᠤᠯᠵᠤ᠂ ᠰᠢᠶᠠᠨ ᠤ ᠡᠮᠨᠡᠯᠭᠡ ᠶᠢᠨ ᠬᠤᠷᠢᠶᠠᠨ ᠤ | ᠬᠠᠯᠳᠠᠪᠤᠷᠢᠲᠤ ᠡᠪᠡᠳᠴᠢᠨ ᠤ ᠣᠷᠣᠨ ᠢ ᠠᠰᠢᠭᠯᠠᠯᠲᠠ ᠳᠤ ᠣᠷᠣᠭᠤᠯᠵᠤ᠂ ᠰᠢᠶᠠᠨ ᠤ ᠡᠮᠨᠡᠯᠭᠡ ᠶᠢᠨ ᠬᠤᠷᠢᠶᠠᠨ ᠤ | ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠶᠡᠷᠦᠩᠬᠡᠶᠢᠯᠡᠭᠰᠡᠨ ᠠᠰᠠᠷ᠂ ᠬᠢᠳᠠᠳ ᠮᠣᠩᠭᠤᠯ ᠡᠮᠨᠡᠯᠭᠡ ᠶᠢᠨ | ᠬᠤᠷᠢᠶᠠᠨ ᠤ ᠡᠷᠡᠭᠦᠯᠵᠢᠯ ᠤᠨ ᠰᠠᠯᠠᠭᠠᠨ ᠤ ᠵᠦᠢᠯᠡᠰ ᠢ ᠦᠨᠳᠦᠰᠦᠨ ᠳᠡᠭᠡᠨ ᠪᠠᠶᠢᠭᠤᠯᠤᠨ ᠳᠠᠭᠤᠰᠬᠠᠵᠤ᠂ ᠤᠯᠤᠰ ᠤᠨ | ᠡᠷᠡᠭᠦᠯᠵᠢᠯ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠲᠤᠯᠠᠭ᠎ᠠ ᠶᠢ ᠯᠠᠪᠳᠠᠭᠤᠨ ᠪᠠᠲᠤᠲᠠᠢ ᠰᠠᠶᠢᠲᠤᠷ ᠬᠢᠵᠦ | ᠂ ᠨᠠᠰᠤᠲᠠᠶᠢᠴᠤᠳ ᠤᠨ ᠨᠡᠶᠢᠲᠡ ᠶᠢᠨ ᠪᠠᠶᠢᠷᠢ ᠶᠢ ᠰᠡᠯᠪᠢᠨ ᠵᠠᠰᠠᠵᠤ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠦᠨ᠂ | 152 ᠡᠷᠦᠭᠡ ᠶᠢᠨ ᠨᠠᠰᠤᠵᠢᠯᠲᠠ ᠶᠢᠨ ᠥᠭᠡᠷᠡᠴᠢᠯᠡᠯᠲᠡ ᠵᠢᠴᠢ 18 ᠲᠣᠰᠬᠤᠨ ᠤ ᠲᠡᠰ ᠤᠨ ᠨᠠᠰᠤᠵᠢᠯ ᠤᠨ | ᠠᠰᠠᠷᠠᠮᠵᠢ ᠶᠢᠨ ᠦᠷᠳᠡᠭᠡ᠂ 6 ᠵᠣᠯ ᠵᠢᠷᠭᠠᠯᠲᠤ ᠬᠠᠷᠢᠯᠴᠠᠨ ᠬᠠᠪᠰᠤᠷᠤᠯᠴᠠᠬᠤ ᠬᠦᠷᠢᠶᠡᠯᠡᠩ ᠢ ᠳᠡᠭᠡᠭᠰᠢᠯᠡᠭᠦᠯᠦᠨ | ᠥᠭᠡᠷᠡᠴᠢᠯᠡᠬᠦ ᠶᠢ ᠪᠡᠶᠡᠯᠡᠭᠦᠯᠵᠦ᠂ ᠪᠦᠬᠦ ᠬᠤᠳᠠ ᠳᠤ ᠨᠠᠰᠤᠵᠢᠯ ᠤᠨ ᠠᠰᠠᠷᠠᠮᠵᠢ ᠶᠢᠨ ᠣᠶᠤᠨᠴᠢᠯᠠᠭᠰᠠᠨ ᠵᠢᠯᠣᠭᠤᠳᠤᠨ | ᠲᠣᠬᠢᠷᠠᠭᠤᠯᠬᠤ ᠲᠥᠪ ᠢ ᠬᠠᠮᠤᠭ ᠲᠡᠷᠢᠭᠦᠨ ᠳᠤ ᠪᠠᠶᠢᠭᠤᠯᠪᠠ᠃ ᠵᠠᠬᠢᠳᠠᠯ ᠰᠣᠷᠪᠤᠯᠵᠢᠯᠠᠭ᠎ᠠ ᠶᠢ ᠣᠷᠣᠯᠠᠨ | ᠰᠢᠢᠳᠪᠦᠷᠢᠯᠡᠬᠦ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠤᠯᠠᠨ ᠲᠦᠮᠡᠨ ᠤ ᠵᠠᠬᠢᠳᠠᠯ ᠰᠣᠷᠪᠤᠯᠵᠢᠯᠠᠭ᠎ᠠ ᠶᠢᠨ | 193 ᠠᠰᠠᠭᠤᠳᠠᠯ ᠢ ᠰᠢᠢᠳᠪᠦᠷᠢᠯᠡᠵᠦ᠂ 12857 ᠵᠥᠷᠢᠴᠡᠯ ᠵᠢᠭᠤᠷᠠᠯᠳᠤᠭᠠᠨ ᠢ ᠳᠠᠷᠠᠭᠠᠯᠠᠨ ᠪᠠᠶᠢᠴᠠᠭᠠᠵᠤ | ᠡᠶᠡᠳᠡᠭᠦᠯᠦᠨ ᠰᠢᠢᠳᠪᠦᠷᠢᠯᠡᠵᠦ᠂ ᠨᠡᠶᠢᠭᠡᠮ ᠤᠨ ᠶᠡᠭᠡ ᠲᠠᠯ᠎ᠠ ᠡᠶ᠎ᠡ ᠵᠣᠬᠢᠴᠠᠯ ᠲᠠᠢ ᠪᠥᠭᠡᠳ ᠲᠣᠭᠲᠠᠭᠤᠨ ᠪᠣᠯᠪᠠ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ ᠤᠨ ᠶᠦᠨ ᠵᠦᠩ ᠵᠠᠭᠤᠴᠢᠯᠠᠭᠤᠷ |