ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠭᠤᠷᠠᠬᠤ ᠶᠢ ᠵᠤᠭᠰᠤᠭᠠᠵᠤ ᠲᠠᠬᠢᠨ ᠲᠣᠭᠲᠠᠪᠤᠷᠢᠵᠢᠭᠤᠯᠬᠤ ᠶᠢ ᠦᠷᠭᠦᠯᠵᠢᠯᠡᠨ ᠬᠦᠴᠦᠯᠡᠨ ᠠᠬᠢᠭᠤᠯᠤᠨ᠎ᠠ
ᠨᠡᠶᠢᠲᠡᠯᠡᠭᠰᠡᠨ ᠴᠠᠭ᠄
2025/1/14
      2024 ᠣᠨ ᠤ 12 ᠳ᠋ᠤᠭᠠᠷ ᠰᠠᠷ᠎ᠠ ᠶᠢᠨ 24 ᠤ ᠡᠳᠦᠷ ᠠᠴᠠ 25 ᠤ ᠡᠳᠦᠷ ᠪᠣᠯᠲᠠᠯ᠎ᠠ ᠬᠤᠷᠠᠯᠳᠤᠭᠰᠠᠨ ᠪᠥᠬᠦ ᠤᠯᠤᠰ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠬᠤᠷᠠᠯᠳᠤᠭᠠᠨ ᠳᠤ᠂ 2024 ᠣᠨ ᠤ ᠠᠵᠢᠯ ᠢ ᠰᠢᠰᠲ᠋ᠧᠮ ᠲᠠᠢ ᠳ᠋ᠦᠩᠨᠡᠵᠦ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠪᠠᠶᠢᠷᠢᠯᠠᠭᠤᠯᠵᠤ᠂ 2025 ᠣᠨ ᠤ ᠭᠤᠣᠯᠳᠠᠯᠭ᠎ᠠ ᠲᠠᠢ ᠡᠭᠦᠷᠭᠡ ᠶᠢ ᠲᠣᠳᠣᠷᠬᠠᠶᠢᠯᠠᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠤᠨ᠎ᠠ ᠲᠤᠭᠳᠠᠭᠠᠵᠠᠢ᠃ ᠭᠡᠷ ᠪᠠᠶᠢᠰᠢᠩ ᠭᠠᠵᠠᠷ ᠬᠥᠷᠥᠩᠭᠡ ᠪᠣᠯ ᠤᠯᠤᠰ ᠠᠷᠠᠳ ᠤᠨ ᠠᠵᠤ ᠠᠬᠤᠢ ᠶᠢᠨ ᠴᠢᠬᠤᠯᠠ ᠲᠤᠯᠭᠠᠭᠤᠷᠢ ᠮᠥᠨ᠂ ᠭᠡᠷ ᠪᠠᠶᠢᠰᠢᠩ ᠭᠠᠵᠠᠷ ᠬᠥᠷᠥᠩᠭᠡ ᠶᠢᠨ ᠠᠵᠢᠯ ᠢ ᠰᠠᠶᠢᠲᠤᠷ ᠬᠢᠬᠦ ᠨᠢ ᠠᠵᠤ ᠠᠬᠤᠢ ᠶᠢᠨ ᠦᠷᠭᠦᠯᠵᠢᠯᠡᠨ ᠳᠡᠭᠡᠭᠰᠢᠯᠡᠵᠦ ᠰᠠᠶᠢᠵᠢᠷᠠᠬᠤ ᠶᠢ ᠠᠬᠢᠭᠤᠯᠬᠤ᠂ ᠠᠷᠠᠳ ᠤᠯᠠᠨ ᠤ ᠠᠮᠢ ᠪᠡᠶ᠎ᠡ ᠶᠢᠨ ᠠᠰᠢᠭ ᠲᠤᠰᠠ ᠶᠢ ᠬᠠᠮᠠᠭᠠᠯᠠᠬᠤ ᠳᠤ ᠲᠤᠶᠢᠯ ᠤᠨ ᠴᠢᠬᠤᠯᠠ ᠪᠠᠶᠢᠳᠠᠭ᠃ 2024 ᠣᠨ ᠠᠴᠠ ᠨᠠᠰᠢ᠂ ᠪᠦᠬᠦ ᠤᠯᠤᠰ ᠤᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠢᠰᠲ᠋ᠧᠮ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠦ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠲᠦᠷᠦ ᠶᠢᠨ ᠪᠣᠳᠣᠯᠭ᠎ᠠ ᠶᠢᠨ ᠬᠠᠮ ᠠᠷᠭ᠎ᠠ ᠬᠡᠮᠵᠢᠶ᠎ᠡ ᠬᠡᠷᠡᠭᠵᠢᠭᠦᠯᠵᠦ᠂ ᠪᠠᠳᠤᠯᠠᠭᠠᠳᠤ ᠲᠤᠰᠢᠶᠠᠬᠤ ᠣᠷᠣᠨ ᠰᠠᠭᠤᠴᠠ ᠶᠢᠨ ᠪᠣᠭᠤᠮᠲᠠ ᠰᠢᠪᠲᠤᠯᠬᠤ ᠠᠵᠢᠯ ᠢ ᠰᠠᠶᠢᠲᠤᠷ ᠬᠢᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠭᠤᠷᠠᠬᠤ ᠶᠢ ᠵᠣᠭᠰᠣᠭᠠᠵᠤ ᠲᠠᠬᠢᠨ ᠲᠣᠭᠲᠠᠪᠤᠷᠢᠵᠢᠭᠤᠯᠬᠤ ᠶᠢ ᠦᠷᠭᠦᠯᠵᠢᠯᠡᠨ ᠬᠦᠴᠦᠯᠡᠨ ᠠᠬᠢᠭᠤᠯᠪᠠ᠃      ᠨᠢᠭᠡ ᠳᠤ᠂ ᠰᠠᠯᠠᠭ᠎ᠠ ᠮᠥᠴᠢᠷ ᠤᠨ ᠬᠢᠨ ᠬᠦᠴᠦ ᠪᠠᠨ ᠬᠠᠮᠲᠤᠳᠬᠠᠨ ︽ᠳᠥᠷᠪᠡ ᠶᠢ ᠬᠦᠴᠦᠨ ᠦᠭᠡᠢ ᠪᠣᠯᠭᠠᠬᠤ᠂ ᠳᠥᠷᠪᠡ ᠶᠢ ᠪᠠᠭᠤᠷᠠᠭᠤᠯᠬᠤ᠂ ᠬᠤᠶᠠᠷ ᠢ ᠨᠡᠮᠡᠭᠳᠡᠭᠦᠯᠬᠦ︾ ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥ ᠶᠢᠨ ᠪᠣᠳᠣᠯᠭ᠎ᠠ ᠶᠢᠨ ᠬᠠᠮ ᠠᠷᠭ᠎ᠠ ᠬᠡᠮᠵᠢᠶ᠎ᠡ ᠠᠪᠴᠠᠢ᠃ ︽ᠳᠥᠷᠪᠡ ᠶᠢ ᠬᠦᠴᠦᠨ ᠦᠭᠡᠢ ᠪᠣᠯᠭᠠᠬᠤ︾ ᠭᠡᠳᠡᠭ ᠨᠢ ᠳᠠᠷᠤᠢ ᠬᠤᠳᠠᠯᠳᠤᠨ ᠠᠪᠬᠤ ᠶᠢ ᠬᠢᠵᠠᠭᠠᠷᠯᠠᠬᠤ᠂ ᠬᠤᠳᠠᠯᠳᠤᠬᠤ ᠶᠢ ᠬᠢᠵᠠᠭᠠᠷᠯᠠᠬᠤ᠂ ᠦᠨ᠎ᠡ ᠶᠢ ᠬᠢᠵᠠᠭᠠᠷᠯᠠᠬᠤ᠂ ᠡ᠊ᠩ ᠤᠨ ᠣᠷᠣᠨ ᠰᠠᠭᠤᠴᠠ ᠪᠠ ᠡ᠊ᠩ ᠤᠨ ᠪᠤᠰᠤ ᠣᠷᠣᠨ ᠰᠠᠭᠤᠴᠠ ᠶᠢᠨ ᠪᠠᠷᠢᠮᠵᠢᠶ᠎ᠠ ᠶᠢ ᠬᠦᠴᠦᠨ ᠦᠭᠡᠢ ᠪᠤᠯᠭᠠᠨ᠎ᠠ᠃ ︽ᠳᠥᠷᠪᠡ ᠶᠢ ᠪᠠᠭᠤᠷᠠᠭᠤᠯᠬᠤ︾ ᠭᠡᠳᠡᠭ ᠨᠢ ᠲᠠᠷᠦᠢ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ᠂ ᠣᠷᠣᠨ ᠰᠠᠭᠤᠴᠠ ᠶᠢᠨ ᠵᠢᠭᠡᠯᠡᠯᠭᠡ ᠶᠢᠨ ᠠᠩᠬ᠎ᠠ ᠲᠤᠰᠢᠶᠠᠬᠤ ᠬᠠᠷᠢᠴᠠᠯ᠂ ᠦᠯᠡᠳᠡᠭᠡᠯ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ᠂ ᠭᠡᠷ ᠪᠠᠶᠢᠰᠢᠩ ᠬᠤᠳᠠᠯᠳᠤᠨ ᠠᠪᠴᠤ ᠠᠷᠠᠯᠵᠢᠶᠠᠯᠠᠬᠤ ᠭᠤᠭᠴᠤᠭ᠎ᠠ ᠶᠢᠨ ᠭᠠᠶᠢᠯᠢ ᠰᠦᠢᠳᠬᠡᠯ ᠢ ᠪᠠᠭᠤᠷᠠᠭᠤᠯᠤᠨ᠎ᠠ᠃ ︽ᠬᠤᠶᠠᠷ ᠢ ᠨᠡᠮᠡᠭᠳᠡᠭᠦᠯᠬᠦ︾ ᠭᠡᠳᠡᠭ ᠨᠢ ᠳᠠᠷᠤᠢ ᠵᠤᠭᠤᠰᠵᠢᠭᠤᠯᠤᠨ ᠲᠥᠪᠬᠢᠨᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ 100 ᠲᠦᠮᠡᠨ ᠢᠵᠢ ᠬᠤᠲᠠ ᠶᠢᠨ ᠳᠤᠮᠳᠠᠬᠢ ᠲᠣᠰᠬᠤᠨ ᠢ ᠥᠭᠡᠷᠡᠴᠢᠯᠡᠨ ᠵᠠᠰᠠᠬᠤ ᠪᠠ ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ ᠢ ᠥᠭᠡᠷᠡᠴᠢᠯᠡᠨ ᠵᠠᠰᠠᠬᠤ ᠶᠢ ᠰᠢᠨ᠎ᠡ ᠪᠠᠷ ᠨᠡᠮᠡᠭᠳᠡᠭᠦᠯᠦᠨ ᠬᠡᠷᠡᠭᠵᠢᠭᠦᠯᠵᠦ᠂ 2024 ᠣᠨ ᠤ ᠵᠢᠯ ᠤᠨ ᠡᠴᠦᠰ ᠠᠴᠠ ᠡᠮᠦᠨ᠎ᠡ ︽ᠴᠠᠭᠠᠨ ᠨᠡᠷᠡᠰ ︾ ᠤᠨ  ᠲᠦᠷᠦᠯ ᠵᠦᠢᠯ ᠤᠨ ᠢᠲᠡᠭᠡᠮᠵᠢᠲᠦ ᠵᠢᠭᠡᠯᠡᠯᠭᠡ ᠶᠢᠨ ᠬᠡᠪᠴᠢᠶ᠎ᠡ ᠶᠢ 4 ᠲᠦᠮᠡᠨ ᠳ᠋ᠦᠩᠰᠢᠭᠤᠷ ᠲᠥᠭᠦᠷᠢᠭ ᠪᠣᠯᠭᠠᠨ ᠨᠡᠮᠡᠭᠳᠡᠭᠦᠯᠦᠨ᠎ᠡ᠃ ᠡᠭᠦᠨ ᠤ ᠵᠡᠷᠭᠡ ᠳᠤ᠂ ᠣᠯᠠᠨ ᠭᠠᠵᠠᠷ ᠤᠨ ᠬᠢᠨ ︽ᠵᠠᠭᠤᠨ ᠬᠤᠲᠠ ᠮᠢᠩᠭᠠᠨ ᠠᠵᠤ ᠠᠬᠤᠶᠢᠯᠠᠯ ᠤᠨ ᠲᠠᠸᠠᠷ ᠤᠨ ᠣᠷᠣᠨ ᠰᠠᠭᠤᠴᠠ ᠶᠢᠨ ᠪᠣᠷᠤᠯᠠᠭᠤᠯᠭ᠎ᠠ ᠶᠢ ᠠᠬᠢᠭᠤᠯᠬᠤ ᠠᠵᠢᠯᠯᠠᠭ᠎ᠠ︾ ᠥᠷᠨᠢᠭᠦᠯᠵᠦ᠂ ᠲᠡᠮᠵᠢᠯᠭᠡ ᠶᠢᠨ ᠲᠥᠷᠥ ᠶᠢᠨ ᠪᠣᠳᠣᠯᠭ᠎ᠠ ᠨᠡᠶᠢᠲᠡᠯᠡᠨ᠂ ᠠᠯᠲᠠᠨ ᠨᠠᠮᠤᠷ ᠤᠨ ᠪᠣᠷᠤᠯᠠᠭᠤᠯᠭ᠎ᠠ ᠶᠢ ᠠᠬᠢᠭᠤᠯᠬᠤ ᠤᠯᠠᠷᠢᠯ᠂ ᠣᠷᠣᠨ ᠰᠠᠭᠤᠴᠠ ᠶᠢᠨ ᠦᠵᠡᠭᠦᠯᠦᠯᠭᠡ  ᠶᠢᠨ ᠬᠤᠷᠠᠯ᠂ ᠡᠭᠦᠯᠡᠨ ᠦᠵᠡᠭᠦᠯᠦᠯᠭᠡ ᠶᠢᠨ ᠲᠢᠩᠬᠢᠮ᠂ ᠰᠢᠭᠤᠳ ᠨᠡᠪᠲᠡᠷᠡᠭᠦᠯᠭᠡ ᠪᠠᠷ ᠣᠷᠣᠨ ᠰᠠᠭᠤᠴᠠ ᠦᠵᠡᠬᠦ ᠵᠡᠷᠭᠡ ᠣᠯᠠᠨ ᠵᠦᠢᠯ ᠤᠨ ᠬᠡᠯᠪᠡᠷᠢ ᠶᠢᠨ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠲᠠᠸᠠᠷ ᠤᠨ ᠣᠷᠣᠨ ᠰᠠᠭᠤᠴᠠ ᠶᠢᠨ ᠪᠣᠷᠤᠯᠠᠭᠤᠯᠭ᠎ᠠ ᠶᠢ ᠠᠬᠢᠭᠤᠯᠬᠤ ᠵᠢᠴᠢ ᠤᠬᠠᠭᠤᠯᠭ᠎ᠠ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠵᠡᠷᠭᠡ ᠶᠢ ᠵᠣᠬᠢᠶᠠᠨ ᠪᠠᠶᠢᠭᠤᠯᠵᠤ᠂ ᠬᠡᠷᠡᠭᠯᠡᠭᠡᠨ ᠤ ᠬᠠᠯᠠᠭᠤᠨ ᠦᠷᠨᠢᠯᠳᠡ  ᠶᠢ ᠬᠦᠴᠦᠯᠡᠨ ᠬᠦᠭᠵᠢᠭᠡᠨ᠎ᠡ᠃       ᠬᠤᠶᠠᠷ ᠲᠤ᠂ ᠲᠠᠸᠠᠷ ᠤᠨ ᠣᠷᠣᠨ ᠰᠠᠭᠤᠴᠠ ᠶᠢᠨ ᠲᠦᠷᠦᠯ ᠵᠦᠢᠯ ᠤᠨ ᠪᠠᠲᠤᠯᠠᠭᠠᠲᠤ ᠲᠤᠰᠢᠶᠠᠬᠤ ᠣᠷᠣᠨ ᠰᠠᠭᠤᠴᠠ ᠶᠢᠨ ᠪᠣᠭᠤᠮᠲᠠ ᠰᠢᠪᠲᠤᠯᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠭᠡᠷ ᠬᠤᠳᠠᠯᠳᠤᠨ ᠠᠪᠤᠭᠴᠢ ᠶᠢᠨ ᠰᠡᠳᠬᠢᠯ ᠢ ᠲᠠᠶᠢᠪᠤᠰᠢᠷᠠᠭᠤᠯᠤᠨ᠎ᠠ᠃ ᠠᠵᠢᠯ ᠤᠨ ᠠᠬᠢᠴᠠ ᠶᠢ ᠠᠳᠬᠤᠵᠤ᠂ ᠪᠥᠬᠦ ᠤᠯᠤᠰ ᠤᠨ ᠪᠠᠲᠤᠯᠠᠭᠠᠲᠤ ᠲᠤᠰᠢᠶᠠᠬᠤ ᠣᠷᠣᠨ ᠰᠠᠭᠤᠴᠠ ᠶᠢᠨ ᠮᠡᠳᠡᠭᠡ ᠵᠠᠩᠭᠢ ᠶᠢᠨ ᠰᠢᠰᠲ᠋ᠧᠮ ᠢᠶᠠᠷ ᠳᠠᠮᠵᠢᠭᠤᠯᠤᠨ᠂ ᠢᠵᠢ ᠲᠤᠰᠢᠶᠠᠭᠰᠠᠨ ᠡᠭᠦᠷᠭᠡ ᠪᠦᠷᠢ ᠶᠢ ᠳᠡᠩᠰᠡᠯᠡᠨ ᠺᠠᠷᠲᠯᠠᠵᠤ᠂ ᠨᠢᠭᠡ ᠢᠵᠢ ᠶᠢ ᠲᠤᠰᠢᠶᠠᠪᠠᠯ᠂ ᠨᠢᠭᠡ ᠢᠵᠢ ᠶᠢ ᠳ᠋ᠤᠭᠠᠷ ᠬᠠᠰᠤᠬᠤ ᠶᠢ ᠪᠡᠶᠡᠯᠡᠭᠦᠯᠬᠦ ᠬᠡᠷᠡᠭᠲᠡᠢ᠃ ᠲᠥᠷᠥᠯ ᠬᠤᠪᠢᠶᠠᠨ ᠠᠬᠢᠭᠤᠯᠬᠤ ᠶᠢ ᠠᠳᠬᠤᠵᠤ᠂ ᠣᠷᠣᠨ ᠨᠤᠲᠤᠭ ᠤᠨ ᠵᠠᠰᠠᠭ ᠤᠨ ᠣᠷᠳᠣᠨ᠂ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠵᠡᠷᠭᠡ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠵᠠᠬ᠎ᠠ ᠳᠡᠯᠭᠡᠭᠦᠷᠴᠢᠯᠡᠬᠦ᠂ ᠬᠠᠤᠯᠢ ᠪᠠᠷ ᠵᠠᠰᠠᠬᠤ ᠵᠠᠷᠴᠢᠮ ᠶᠣᠰᠣᠭᠠᠷ᠂ ︽ᠨᠢᠭᠡ ᠲᠦᠷᠦᠯ ᠵᠦᠢᠯ ᠳᠤ ᠨᠢᠭᠡ ᠠᠷᠭ᠎ᠠ ᠪᠣᠳᠣᠯᠭ᠎ᠠ︾ ᠪᠠᠷ ᠲᠥᠷᠥᠯ ᠬᠤᠪᠢᠶᠠᠨ ᠰᠢᠢᠳᠪᠦᠷᠢᠯᠡᠨ᠎ᠡ᠃ ᠬᠢᠨᠠᠨ ᠵᠢᠯᠤᠭᠤᠳᠴᠤ ᠵᠣᠬᠢᠴᠠᠭᠤᠯᠬᠤ ᠶᠢ ᠠᠳᠬᠤᠵᠤ᠂ ᠤᠯᠤᠰ᠂ ᠮᠤᠵᠢ᠂ ᠬᠤᠲᠠ ᠭᠤᠷᠪᠠᠨ ᠱᠠᠲᠤᠨ ᠤ ᠲᠤᠰᠬᠠᠢ ᠠᠩᠭᠢ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠰᠠᠶᠢᠲᠤᠷ ᠬᠡᠷᠡᠭᠯᠡᠨ᠂ ᠲᠥᠷᠥᠯ ᠵᠦᠢᠯ ᠤᠨ ᠣᠷᠣᠨ ᠪᠦᠰᠡ ᠠᠯᠤᠰᠯᠠᠭᠰᠠᠨ ᠪᠡᠯᠡ ᠮᠥᠩᠭᠦ ᠶᠢ ᠱᠠᠮᠰᠢᠬᠤ᠂ ᠬᠠᠤᠯᠢ ᠴᠠᠭᠠᠵᠠ ᠳᠤ ᠬᠤᠯᠪᠣᠭᠳᠠᠬᠤ ᠵᠠᠷᠭᠤ ᠳᠤ ᠬᠤᠯᠪᠣᠭᠳᠠᠬᠤ᠂ ᠡᠳ᠋ ᠬᠥᠷᠥᠩᠭᠡ ᠶᠢ ᠰᠢᠢᠳᠪᠦᠷᠢᠯᠡᠬᠦ ᠵᠡᠷᠭᠡ ᠲᠠᠯ᠎ᠠ ᠶᠢᠨ ᠬᠦᠴᠢᠷᠳᠡᠯ ᠪᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ ᠲᠤᠰᠢᠶᠠᠨ ᠥᠭᠬᠦ ᠶᠠᠰᠤ ᠴᠢᠨᠠᠷ ᠢ ᠠᠳᠬᠤᠵᠤ᠂ ᠡᠯ᠎ᠡ ᠭᠠᠵᠠᠷ ᠤᠨ ᠬᠢᠨ ᠢ ᠵᠢᠭᠠᠨ ᠵᠢᠯᠤᠭᠤᠳᠴᠤ ᠪᠠᠶᠢᠭᠠᠳ ᠭᠡᠷ ᠪᠠᠶᠢᠰᠢᠩ ᠢ ᠰᠠᠶᠢᠨ ᠮᠥᠷᠲᠡᠭᠡᠨ ᠴᠢᠨᠠᠷ ᠰᠠᠶᠢᠲᠤᠷ ᠪᠠᠷᠢᠵᠤ᠂ ᠰᠢᠯᠭᠠᠨ ᠠᠪᠬᠤ ᠳᠤ ᠬᠢᠷᠢ ᠲᠡᠩᠴᠡᠭᠰᠡᠨ ᠤ ᠲᠠᠷᠠᠭ᠎ᠠ ᠰᠠᠶ᠋ᠢ ᠭᠡᠷ ᠪᠠᠶᠢᠰᠢᠩ ᠬᠤᠳᠠᠯᠳᠤᠨ ᠠᠪᠤᠭᠴᠢ ᠳᠤ ᠲᠤᠰᠢᠶᠠᠬᠤ ᠬᠡᠷᠡᠭᠲᠡᠢ ᠃ 2024 ᠣᠨ ᠤ ᠡᠴᠦᠰ ᠪᠣᠯᠲᠠᠯ᠎ᠠ᠂ 338 ᠲᠦᠮᠡᠨ ᠢᠵᠢ ᠪᠠᠲᠤᠯᠠᠭᠠᠲᠤ ᠲᠤᠰᠢᠶᠠᠬᠤ ᠣᠷᠣᠨ ᠰᠠᠭᠤᠴᠠ ᠶᠢ ᠲᠤᠰᠢᠶᠠᠨ ᠥᠭᠴᠦ᠂ ᠲᠣᠭᠲᠠᠭᠰᠠᠨ ᠬᠠᠷᠠᠯᠲᠠ ᠪᠠᠨ ᠪᠡᠶᠡᠯᠡᠭᠦᠯᠪᠡ᠃      ᠠᠯᠢ ᠤᠯᠠᠨ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠤ ᠲᠠᠷᠠᠭ᠎ᠠ᠂ ᠵᠠᠬ᠎ᠠ ᠳᠡᠯᠭᠡᠭᠦᠷ ᠤᠨ ᠢᠲᠡᠭᠡᠯ ᠲᠠᠰᠤᠷᠠᠯᠲᠠ ᠦᠭᠡᠢ ᠨᠡᠮᠡᠭᠳᠡᠵᠦ᠂ ᠵᠠᠶᠢᠯᠠᠰᠢ ᠦᠭᠡᠢ ᠪᠠ ᠰᠠᠶᠢᠵᠢᠷᠠᠭᠤᠯᠤᠯᠲᠠ ᠶᠢᠨ ᠴᠢᠨᠠᠷᠲᠠᠢ ᠬᠡᠷᠡᠭᠴᠡᠭᠡ ᠪᠦᠲᠦᠮᠵᠢᠲᠡᠢ ᠨᠡᠮᠡᠭᠳᠡᠵᠦ᠂ 2024 ᠣᠨ ᠤ 10 ᠳ᠋ᠤᠭᠠᠷ ᠰᠠᠷ᠎ᠠ᠂ 11 ᠳ᠋ᠤᠭᠡᠷ ᠰᠠᠷ᠎ᠠ ᠳᠤ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠭᠡᠷ ᠪᠠᠶᠢᠰᠢᠩ ᠤᠨ ᠠᠷᠠᠯᠵᠢᠶᠠᠨ ᠤ ᠰᠦᠯᠵᠢᠶᠡᠨ ᠳᠡᠭᠡᠷ᠎ᠡ ᠭᠠᠷ ᠤᠨ ᠦᠰᠦᠭ ᠵᠢᠷᠤᠭᠰᠠᠨ ᠲᠠᠯᠠᠪᠠᠢ 2 ᠰᠠᠷ᠎ᠠ ᠳᠠᠷᠠᠭᠠᠯᠠᠨ ᠠᠳᠠᠯᠢ ᠬᠤᠭᠤᠴᠠᠭᠠᠨ ᠤ ᠬᠢ ᠠᠴᠠ ᠨᠡᠮᠡᠭᠳᠡᠵᠦ᠂ ᠨᠢᠭᠡᠳᠦᠭᠡᠷ ᠲᠡᠰ ᠤᠨ ᠬᠤᠳᠠ ᠨᠢ ᠬᠤᠶᠠᠳᠤᠭᠠᠷ ᠭᠤᠷᠪᠠᠳᠤᠭᠠᠷ ᠲᠡᠰ ᠤᠨ ᠬᠤᠳᠠ ᠶᠢᠨ ᠲᠠᠸᠠᠷ ᠤᠨ ᠭᠡᠷ ᠪᠠᠶᠢᠰᠢᠩ ᠤᠨ ᠠᠷᠠᠯᠵᠢᠶᠠᠨ ᠤ ᠨᠡᠮᠡᠭᠳᠡᠯ ᠢ ᠲᠠᠶᠢᠴᠢᠯᠠᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠲᠤ ᠪᠠᠭᠤᠷᠠᠬᠤ ᠶᠢ ᠵᠤᠭᠰᠤᠭᠠᠵᠤ ᠲᠠᠬᠢᠨ ᠲᠣᠭᠲᠠᠪᠤᠷᠢᠵᠢᠭᠤᠯᠬᠤ ᠶᠢ ᠠᠬᠢᠭᠤᠯᠬᠤ ᠠᠵᠢᠯ ᠢᠳᠡᠪᠬᠢᠲᠡᠢ ᠪᠠᠶᠢᠳᠠᠯ ᠢᠯᠡᠷᠡᠵᠡᠢ᠃      ᠬᠤᠷᠠᠯ ᠠᠴᠠ᠂ 2025 ᠣᠨ ᠳᠤ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠭᠤᠷᠠᠬᠤ ᠶᠢ ᠵᠣᠭᠰᠣᠭᠠᠵᠤ ᠳᠠᠬᠢᠨ ᠲᠣᠭᠲᠠᠪᠤᠷᠢᠵᠢᠭᠤᠯᠬᠤ ᠶᠢ ᠦᠷᠭᠦᠯᠵᠢᠯᠡᠨ ᠬᠦᠴᠦᠯᠡᠨ ᠠᠬᠢᠭᠤᠯᠬᠤ ᠳᠤ ᠬᠤᠶᠠᠷ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠬᠤ ᠬᠡᠷᠡᠭᠲᠡᠢ᠃ ᠨᠢᠭᠡ ᠳᠤ᠂ ᠬᠡᠷᠡᠭᠴᠡᠭᠡ ᠱᠠᠭᠠᠷᠳᠠᠯᠭ᠎ᠠ ᠶᠢ ᠬᠦᠴᠦᠯᠡᠨ ᠪᠠᠳᠠᠷᠠᠭᠤᠯᠤᠨ᠎ᠠ᠃ ︽ᠳᠥᠷᠪᠡ ᠶᠢ ᠬᠦᠴᠦᠨ ᠦᠭᠡᠢ ᠪᠣᠯᠭᠠᠬᠤ᠂ ᠳᠥᠷᠪᠡ ᠶᠢ ᠪᠠᠭᠤᠷᠠᠭᠤᠯᠬᠤ᠂ ᠬᠤᠶᠠᠷ ᠢ ᠨᠡᠮᠡᠭᠳᠡᠭᠦᠯᠬᠦ︾ ᠡᠯ᠎ᠡ ᠵᠦᠢᠯ ᠤᠨ ᠦᠯᠡᠳᠡᠭᠡᠯ ᠲᠥᠷᠥ ᠶᠢᠨ ᠪᠣᠳᠣᠯᠭ᠎ᠠ ᠪᠠ ᠨᠡᠮᠡᠭᠳᠡᠯ ᠲᠥᠷᠥ ᠶᠢᠨ ᠪᠣᠳᠣᠯᠭ᠎ᠠ ᠶᠢ ᠡᠷᠡᠰ ᠢᠶᠠᠷ ᠪᠣᠳᠠᠲᠠᠢ ᠳᠤ ᠨᠠᠶᠢᠳᠠᠪᠤᠷᠢᠵᠢᠭᠤᠯᠵᠤ᠂ ᠣᠷᠣᠨ ᠰᠠᠭᠤᠴᠠ ᠶᠢᠨ ᠵᠠᠶᠢᠯᠠᠰᠢ ᠦᠭᠡᠢ ᠪᠠ ᠰᠠᠶᠢᠵᠢᠷᠠᠭᠤᠯᠤᠯᠲᠠ ᠶᠢᠨ ᠴᠢᠨᠠᠷᠲᠠᠢ ᠬᠡᠷᠡᠭᠴᠡᠭᠡ ᠶᠢ ᠶᠡᠬᠡᠪᠡᠷ ᠳᠡᠮᠵᠢᠨ᠎ᠡ᠃ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠡᠮᠵᠢᠯᠭᠡ ᠶᠢᠨ ᠦᠢᠯᠡᠳᠦᠯ ᠢ ᠪᠦᠳᠦᠮᠵᠢᠳᠡᠢ ᠪᠠᠳᠠᠷᠠᠭᠤᠯᠵᠤ᠂ ᠬᠤᠳᠠ ᠶᠢᠨ ᠲᠤᠮᠳᠠᠬᠢ ᠲᠣᠰᠬᠤᠨ ᠪᠠ ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ ᠢ ᠥᠭᠡᠷᠡᠴᠢᠯᠡᠨ ᠵᠠᠰᠠᠬᠤ ᠠᠵᠢᠯ ᠢ ᠬᠦᠴᠦᠯᠡᠨ ᠠᠬᠢᠭᠤᠯᠵᠦ᠂ ᠵᠤᠭᠤᠰᠵᠢᠭᠤᠯᠤᠨ ᠲᠥᠪᠬᠢᠨᠡᠭᠦᠯᠬᠦ ᠶᠢ ᠲᠦᠯᠬᠢᠨ ᠠᠬᠢᠭᠤᠯᠵᠤ᠂ 100 ᠲᠦᠮᠡᠨ ᠢᠵᠢ ᠶᠢ ᠰᠢᠨ᠎ᠡ ᠪᠠᠷ ᠨᠡᠮᠡᠭᠳᠡᠭᠦᠯᠦᠭᠰᠡᠨ ᠰᠠᠭᠤᠷᠢᠨ ᠳᠡᠭᠡᠷ᠎ᠡ ᠬᠤᠳᠠ  ᠶᠢᠨ ᠲᠤᠮᠳᠠᠬᠢ ᠲᠣᠰᠬᠤᠨ ᠢ ᠥᠭᠡᠷᠡᠴᠢᠯᠡᠨ ᠵᠠᠰᠠᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠠᠮᠤᠷ ᠲᠦᠪᠰᠢᠨ ᠤ ᠲᠠᠯᠳᠠ ᠭᠡᠮ ᠢ ᠠᠷᠢᠯᠭᠠᠨ᠂ ᠣᠷᠣᠨ ᠰᠠᠭᠤᠴᠠ ᠶᠢᠨ ᠨᠥᠬᠦᠴᠡᠯ ᠢ ᠰᠠᠶᠢᠵᠢᠷᠠᠭᠤᠯᠤᠨ᠎ᠠ᠃ ᠤᠯᠠᠨ ᠲᠦᠮᠡᠨ ᠤ ᠥᠭᠡᠷᠡᠴᠢᠯᠡᠬᠦ ᠬᠦᠰᠡᠯ ᠰᠠᠨᠠᠭ᠎ᠠ ᠪᠠᠷ ᠴᠢᠩᠭ᠎ᠠ ᠂ ᠨᠥᠬᠦᠴᠡᠯ ᠢᠶᠠᠷ ᠨᠡᠯᠢᠶᠡᠳ ᠪᠣᠯᠪᠠᠰᠤᠷᠠᠩᠭᠤᠢ ᠲᠦᠷᠦᠯ ᠵᠦᠢᠯ ᠢ ᠭᠤᠣᠯᠳᠠᠯᠭ᠎ᠠ ᠲᠠᠢ ᠪᠠᠷ ᠲᠡᠮᠵᠢᠨ᠎ᠠ᠃ ᠬᠤᠶᠠᠷ ᠲᠤ᠂ ᠬᠠᠩᠭᠠᠯᠭ᠎ᠠ ᠶᠢ ᠬᠦᠴᠦᠯᠡᠨ ᠰᠠᠶᠢᠵᠢᠷᠠᠭᠤᠯᠤᠨ᠎ᠠ᠃ ᠲᠠᠸᠠᠷ ᠤᠨ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠳᠤ ᠨᠡᠮᠡᠭᠳᠡᠯ ᠤᠨ ᠬᠡᠮᠵᠢᠶ᠎ᠡ ᠶᠢ ᠴᠢᠩᠭ᠎ᠠ ᠬᠢᠵᠠᠭᠠᠷᠯᠠᠵᠤ᠂ ᠬᠠᠳᠠᠭᠠᠯᠠᠯᠲᠠ ᠬᠡᠮᠵᠢᠶ᠎ᠡ ᠶᠢ ᠰᠢᠯᠢᠳᠡᠭᠵᠢᠭᠦᠯᠦᠨ᠂ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠬᠡᠷᠡᠭᠴᠡᠭᠡ ᠪᠠᠷ ᠬᠤᠳᠠᠯᠳᠤᠨ ᠠᠪᠬᠤ᠂ ᠬᠡᠷᠡᠭᠴᠡᠭᠡ ᠪᠠᠷ ᠪᠠᠷᠢᠬᠤ ᠶᠢ ᠲᠣᠭᠲᠠᠭᠠᠵᠤ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠬᠠᠩᠭᠠᠯᠭ᠎ᠠ ᠶᠢ ᠨᠡᠮᠡᠭᠳᠡᠭᠦᠯᠦᠨ᠂ ᠲᠦᠭᠡᠭᠡᠨ ᠬᠤᠳᠠᠯᠳᠤᠬᠤ ᠬᠡᠯᠪᠡᠷᠢ ᠶᠢᠨ ᠪᠠᠲᠤᠯᠠᠭ᠎ᠠ ᠶᠢᠨ ᠣᠷᠣᠨ ᠰᠠᠭᠤᠴᠠ ᠶᠢᠨ ᠡᠷᠴᠢᠮ ᠢ ᠴᠢᠩᠭᠠᠷᠠᠭᠤᠯᠵᠤ᠂ ᠪᠠᠰᠠ ᠨᠢᠭᠡ ᠪᠦᠯᠦᠭ ᠰᠢᠨ᠎ᠡ ᠬᠤᠳᠠ ᠶᠢᠨ ᠠᠷᠠᠳ᠂ ᠵᠠᠯᠠᠭᠤᠴᠤᠳ᠂ ᠬᠥᠯᠥᠰᠦᠨ ᠠᠵᠢᠯᠴᠢᠨ ᠵᠡᠷᠭᠡ ᠶᠢ ᠬᠠᠪᠰᠤᠷᠴᠤ ᠠᠮᠤᠷ ᠲᠠᠶᠢᠪᠤᠩ ᠣᠷᠣᠨ ᠰᠠᠭᠤᠴᠠ ᠲᠠᠢ ᠪᠤᠯᠭᠠᠨ᠎ᠠ᠃       ᠬᠠᠷᠠᠯᠲᠠ ᠲᠣᠳᠣᠷᠬᠠᠢ᠂ ᠭᠤᠤᠯ ᠨᠢ ᠨᠠᠶᠢᠳᠠᠪᠤᠷᠢᠵᠢᠭᠤᠯᠬᠤ ᠳᠤ ᠪᠤᠢ᠃ ᠪᠦᠬᠦ ᠤᠯᠤᠰ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠢᠰᠲ᠋ᠧᠮ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠦ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ  ᠪᠠᠷ ᠲᠤᠭᠤᠰᠢᠯᠠᠭᠤᠯᠵᠦ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠪᠥᠬᠦ ᠤᠯᠤᠰ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠬᠤᠷᠠᠯᠳᠤᠭᠠᠨ ᠤ ᠪᠠᠶᠢᠷᠢᠯᠠᠭᠤᠯᠤᠯᠲᠠ ᠲᠠᠢ ᠨᠢᠭᠲᠠ ᠤᠶᠠᠯᠳᠤᠭᠤᠯᠤᠨ᠂ ︽ᠬᠠᠳᠠᠭᠠᠰᠤ ᠬᠠᠳᠠᠬᠤ︾ ᠵᠣᠷᠢᠭ ᠰᠠᠨᠠᠭ᠎ᠠ ᠪᠠᠷ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠨᠠᠷᠢᠯᠢᠭ ᠪᠤᠳᠠᠳᠠᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠭᠤᠷᠠᠬᠤ ᠶᠢ ᠵᠣᠭᠰᠣᠭᠠᠵᠤ ᠳᠠᠬᠢᠨ ᠲᠣᠭᠲᠠᠪᠤᠷᠢᠵᠢᠭᠤᠯᠬᠤ ᠶᠢ ᠦᠷᠭᠦᠯᠵᠢᠯᠡᠨ ᠬᠦᠴᠦᠯᠡᠨ ᠠᠬᠢᠭᠤᠯᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠤᠨ᠎ᠠ᠃ ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1