ᠢᠷᠡᠯᠲᠡ᠄ ᠡᠳ᠋ ᠤᠨ ᠵᠠᠰᠠᠭ ᠤᠨ ᠲᠣᠪᠴᠢᠶ᠎ᠠ | 12 ᠳ᠋ᠤᠭᠠᠷ ᠰᠠᠷ᠎ᠠ ᠳᠤ᠂ ᠲᠣᠭᠲᠠᠬᠤ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ︽ᠪᠦᠬᠦᠨ ᠳᠤ | ᠲᠣᠬᠢᠷᠠᠬᠤ ᠺᠠᠷᠲ︾ ᠢᠶᠠᠷ ᠳᠠᠮᠵᠢᠭᠤᠯᠤᠨ ᠡᠳ᠋ ᠤᠨ ᠵᠠᠰᠠᠭ ᠤᠨ ᠨᠥᠬᠦᠪᠦᠷᠢ ᠪᠡᠯᠡ ᠮᠥᠩᠭᠦ ᠶᠢᠨ ᠴᠠᠯᠢᠩ ᠤᠨ | ᠲᠥᠷᠥᠯ ᠳᠤ ᠨᠡᠶᠢᠲᠡ 1109.9 ᠲᠦᠮᠡᠨ ᠲᠥᠭᠦᠷᠢᠭ᠂ 6539 ᠬᠥᠮᠥᠨ ᠤᠳᠠᠭ᠎ᠠ ᠲᠠᠷᠬᠠᠭᠠᠭᠰᠠᠨ ᠪᠠᠶᠢᠨ᠎ᠠ᠃ | ᠡᠭᠦᠨ ᠳᠤ ᠭᠠᠴᠠᠭ᠎ᠠ ᠳᠤᠭᠤᠶᠢᠯᠠᠩ ᠤᠨ ᠺᠠᠳ᠋ᠷᠴᠤᠳ ᠤᠨ ᠲᠣᠭᠲᠠᠮᠠᠯ ᠬᠥᠯᠥᠰᠦ ᠣᠯᠭᠤᠮᠵᠢ ᠪᠠ ᠠᠵᠢᠯ ᠰᠠᠭᠠᠲᠠᠭᠰᠠᠨ | ᠨᠥᠬᠦᠪᠦᠷᠢ 980.08 ᠲᠦᠮᠡᠨ ᠲᠥᠭᠦᠷᠢᠭ ᠲᠤ ᠬᠦᠷᠴᠦ᠂ 5109 ᠬᠥᠮᠥᠨ ᠤᠳᠠᠭ᠎ᠠ ᠳᠤ ᠠᠰᠢᠭ ᠬᠦᠷᠲᠡᠭᠡᠪᠡ᠃ | ᠭᠠᠴᠠᠭᠠᠨ ᠤ ᠺᠠᠳ᠋ᠷ ᠤᠨ ᠠᠮᠢᠳᠤᠷᠠᠯ ᠤᠨ ᠨᠥᠬᠦᠪᠦᠷᠢ 89.86 ᠲᠦᠮᠡᠨ ᠲᠥᠭᠦᠷᠢᠭ ᠪᠠᠶᠢᠵᠤ᠂ 988 ᠬᠥᠮᠥᠨ | ᠤᠳᠠᠭ᠎ᠠ ᠳᠤ ᠠᠰᠢᠭ ᠬᠦᠷᠲᠡᠭᠡᠪᠡ᠃ ᠨᠡᠶᠢᠭᠡᠮ ᠤᠨ ᠠᠪᠤᠷᠠᠨ ᠲᠤᠰᠠᠯᠠᠬᠤ ᠲᠤᠰᠠᠯᠠᠭᠴᠢ ᠶᠢᠨ ᠠᠵᠢᠯ ᠤᠨ ᠨᠥᠬᠦᠪᠦᠷᠢ | 39.96 ᠲᠦᠮᠡᠨ ᠲᠥᠭᠦᠷᠢᠭ ᠪᠠᠶᠢᠵᠤ᠂ 442 ᠬᠥᠮᠥᠨ ᠤᠳᠠᠭ᠎ᠠ ᠳᠤ ᠠᠰᠢᠭ ᠬᠦᠷᠲᠡᠭᠡᠪᠡ᠃ | ᠳᠠᠷᠠᠭ᠎ᠠ ᠰᠠᠷ᠎ᠠ ᠳᠤ ᠲᠣᠭᠲᠠᠬᠤ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠠᠴᠠ ᠡᠳ᠋ ᠤᠨ ᠵᠠᠰᠠᠭ ᠤᠨ | ᠨᠥᠬᠦᠪᠦᠷᠢ ᠶᠢᠨ ᠪᠡᠯᠡ ᠮᠥᠩᠭᠦ ᠶᠢ ᠠᠮᠤᠷ ᠲᠦᠪᠰᠢᠨ᠂ ᠴᠠᠭ ᠲᠤᠬᠠᠢ ᠳᠤᠨᠢ᠂ ᠭᠦᠢᠴᠡᠳ ᠲᠤᠭ᠎ᠠ ᠪᠠᠷ ᠬᠤᠳᠠ | ᠬᠥᠳᠡᠭᠡ ᠶᠢᠨ ᠰᠠᠭᠤᠭᠠᠯᠢ ᠠᠷᠠᠳ ᠪᠣᠯᠣᠨ ᠮᠠᠯᠴᠢᠨ ᠲᠠᠷᠢᠶᠠᠴᠢᠨ ᠳᠤ ᠣᠯᠭᠤᠬᠤ ᠶᠢ ᠪᠠᠲᠤᠯᠠᠵᠤ᠂ ᠠᠷᠠᠳ ᠤᠯᠠᠨ ᠤ | ᠵᠣᠯ ᠵᠢᠷᠭᠠᠯ ᠤᠨ ᠲᠥᠷᠥᠭᠳᠡᠯ᠂ ᠬᠠᠨᠤᠮᠵᠢᠲᠠᠢ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠢ ᠨᠡᠮᠡᠭᠳᠡᠭᠦᠯᠦᠨ᠎ᠡ᠃ |