ᠲᠤᠭᠳᠠᠬᠤ ᠰᠢᠶᠠᠨ ᠤ ᠲᠤᠭ᠎ᠠ ᠪᠦᠷᠢᠳᠬᠡᠯ ᠤᠨ ᠲᠣᠪᠴᠢᠶᠠᠨ ᠤ 1—11 ᠳ᠋ᠤᠭᠡᠷ ᠰᠠᠷ᠎ᠠ ᠶᠢᠨ ᠬᠡᠪᠴᠢᠶ᠎ᠡ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ
ᠨᠡᠶᠢᠲᠡᠯᠡᠭᠰᠡᠨ ᠴᠠᠭ᠄
2025/1/2
      ᠢᠷᠡᠯᠲᠡ᠄ ᠲᠤᠭ᠎ᠠ ᠪᠦᠷᠢᠳᠬᠡᠯ ᠤᠨ ᠲᠣᠪᠴᠢᠶ᠎ᠠ       2024 ᠣᠨ ᠤ 11ᠳ᠋ᠤᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠮᠠᠨ ᠤ ᠰᠢᠶᠠᠨ ᠤ 7 ᠦᠢᠯᠡᠴᠢᠯᠡᠭᠡᠨ ᠤ ᠦᠢᠯᠡᠰ ᠤᠨ ᠲᠥᠷᠥᠯ ︵8 ᠡᠷᠦᠬᠡ ᠶᠢ ᠲᠣᠭᠲᠠᠭᠠᠵᠤ᠂ 8 ᠡᠷᠦᠬᠡ ᠶᠢ ᠭᠤᠣᠯᠳᠠᠯᠭ᠎ᠠ ᠲᠠᠢ ᠬᠢᠨᠠᠨ ᠪᠠᠶᠢᠴᠠᠭᠠᠪᠠ︶ ᠳᠤ ᠬᠤᠯᠪᠣᠭᠳᠠᠭᠰᠠᠨ 1— 11 ᠳ᠋ᠤᠭᠡᠷ ᠰᠠᠷ᠎ᠠ ᠳᠤ ᠨᠡᠶᠢᠲᠡ 26607.6 ᠲᠦᠮᠡᠨ ᠲᠥᠭᠦᠷᠢᠭ ᠤᠨ ᠡᠵᠡᠩᠨᠡᠯᠲᠡ ᠶᠢᠨ ᠣᠷᠣᠯᠭ᠎ᠠ ᠶᠢ ᠪᠡᠶᠡᠯᠡᠭᠦᠯᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ ᠨᠡᠮᠡᠭᠳᠡᠯ ᠤᠨ ᠬᠤᠷᠳᠤᠴᠠ ᠨᠢ -6.09% ᠳᠤ ᠬᠦᠷᠴᠡᠢ᠃      ᠡᠭᠦᠨ ᠳᠤ᠂ ᠨᠡᠮᠡᠭᠳᠡᠯ ᠤᠨ ᠬᠤᠷᠳᠤᠴᠠ ᠨᠢ ᠶᠠᠭ ᠨᠡᠮᠡᠭᠳᠡᠵᠦ ᠪᠠᠶᠢᠭ᠎ᠠ 5 ᠠᠵᠢᠯ ᠲᠥᠷᠥᠯ ᠤᠨ ᠶᠡᠭᠡ ᠲᠥᠷᠥᠯ ᠭᠡᠪᠡᠯ᠄ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ︵K ᠲᠥᠷᠥᠯ︶ ︵ᠲᠣᠭᠲᠠᠭᠠᠭᠰᠠᠨ 2 ᠡᠷᠦᠬᠡ ᠠᠴᠠ ᠳᠡᠭᠡᠭᠰᠢ︶ ᠤᠨ ᠡᠵᠡᠩᠨᠡᠯᠲᠡ ᠶᠢᠨ ᠣᠷᠣᠯᠭ᠎ᠠ ᠨᠢ 3547.9 ᠲᠦᠮᠡᠨ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 60.99% ᠪᠠᠷ ᠨᠡᠮᠡᠭᠳᠡᠨ᠂ ᠦᠢᠯᠡᠴᠢᠯᠡᠭᠡᠨ ᠤ ᠦᠢᠯᠡᠰ ᠤᠨ ᠨᠡᠮᠡᠭᠳᠡᠯ ᠢ 4.7 ᠵᠠᠭᠤᠨ ᠤ ᠨᠢᠭᠡᠴᠢ ᠳᠠᠶᠢᠴᠢᠯᠠᠪᠠ︔ ᠲᠦᠷᠢᠶᠡᠰᠦᠯᠡᠯ ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ ︵ᠲᠣᠭᠲᠠᠭᠠᠭᠰᠠᠨ 1 ᠡᠷᠦᠬᠡ︶ ᠤᠨ ᠡᠵᠡᠩᠨᠡᠯᠲᠡ ᠶᠢᠨ ᠣᠷᠣᠯᠭ᠎ᠠ 4143.3 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 17.55% ᠪᠠᠷ ᠨᠡᠮᠡᠭᠳᠡᠨ᠂ ᠦᠢᠯᠡᠴᠢᠯᠡᠭᠡᠨ ᠤ ᠦᠢᠯᠡᠰ ᠤᠨ ᠨᠡᠮᠡᠭᠳᠡᠯ ᠢ 2.2 ᠵᠠᠭᠤᠨ ᠤ ᠨᠢᠭᠡᠴᠢ ᠳᠠᠶᠢᠴᠢᠯᠠᠪᠠ︔ ᠰᠣᠶᠣᠯ᠂ ᠪᠡᠶ᠎ᠡ ᠶᠢᠨ ᠲᠠᠮᠢᠷ ᠪᠠ ᠵᠤᠭ᠎ᠠ ᠴᠡᠩᠭᠡᠯ ᠤᠨ ᠦᠢᠯᠡᠰ ᠤᠨ ᠡᠵᠡᠩᠨᠡᠯᠲᠡ ᠶᠢᠨ ᠣᠷᠣᠯᠭ᠎ᠠ 921.4 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 34.85% ᠪᠠᠷ ᠨᠡᠮᠡᠭᠳᠡᠨ᠂ ᠦᠢᠯᠡᠴᠢᠯᠡᠭᠡᠨ ᠤ ᠦᠢᠯᠡᠰ ᠤᠨ ᠨᠡᠮᠡᠭᠳᠡᠯ ᠢ 0.8 ᠵᠠᠭᠤᠨ ᠤ ᠨᠢᠭᠡᠴᠢ ᠳᠠᠶᠢᠴᠢᠯᠠᠪᠠ︔ ᠤᠰᠤᠨ ᠠᠰᠢᠭᠯᠠᠯᠲᠠ᠂ ᠣᠷᠴᠢᠨ ᠲᠣᠭᠤᠷᠢᠨ ᠪᠠ ᠣᠯᠠᠨ ᠨᠡᠶᠢᠲᠡ ᠶᠢᠨ ᠪᠡᠯᠡᠳᠬᠡᠮᠵᠢ ᠶᠢᠨ ᠬᠠᠮᠢᠶᠠᠷᠤᠯᠲᠠ ᠶᠢᠨ ᠦᠢᠯᠡᠰ ᠤᠨ ᠡᠵᠡᠩᠨᠡᠯᠲᠡ ᠶᠢᠨ ᠣᠷᠣᠯᠭ᠎ᠠ 6858.4 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 64.17% ᠪᠠᠷ ᠨᠡᠮᠡᠭᠳᠡᠨ᠂ ᠦᠢᠯᠡᠴᠢᠯᠡᠭᠡᠨ ᠤ ᠦᠢᠯᠡᠰ ᠤᠨ ᠨᠡᠮᠡᠭᠳᠡᠯ ᠢ 9.5 ᠵᠠᠭᠤᠨ ᠤ ᠨᠢᠭᠡᠴᠢ ᠳᠠᠶᠢᠴᠢᠯᠠᠪᠠ︔ ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ 634.6 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 14.38% ᠪᠠᠷ ᠨᠡᠮᠡᠭᠳᠡᠨ᠂ ᠦᠢᠯᠡᠴᠢᠯᠡᠭᠡᠨ ᠤ ᠦᠢᠯᠡᠰ ᠤᠨ ᠨᠡᠮᠡᠭᠳᠡᠯ ᠢ 0.3 ᠵᠠᠭᠤᠨ ᠤ ᠨᠢᠭᠡᠴᠢ ᠳᠠᠶᠢᠴᠢᠯᠠᠪᠠ᠃      ᠨᠡᠮᠡᠭᠳᠡᠯ ᠤᠨ ᠬᠤᠷᠳᠤᠴᠠ ᠨᠢ ᠰᠥᠭᠡᠷᠭᠦ ᠨᠡᠮᠡᠭᠳᠡᠯ ᠢᠶᠠᠷ ᠨᠡᠮᠡᠭᠳᠡᠭᠰᠡᠨ 2 ᠠᠵᠢᠯ ᠲᠥᠷᠥᠯ ᠤᠨ ᠶᠡᠭᠡ ᠲᠥᠷᠥᠯ ᠭᠡᠪᠡᠯ᠄ ᠵᠠᠮ ᠲᠡᠭᠡᠭᠡᠪᠦᠷᠢ᠂ ᠬᠥᠮᠥᠷᠭᠡᠯᠡᠯᠲᠡ ᠪᠠ ᠰᠢᠤᠳᠠᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ 10289.3 ᠲᠦᠮᠡᠨ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 39.26% ᠪᠠᠷ ᠪᠠᠭᠤᠷᠠᠵᠤ᠂ ᠦᠢᠯᠡᠴᠢᠯᠡᠭᠡᠨ ᠤ ᠦᠢᠯᠡᠰ ᠢ 23.5 ᠵᠠᠭᠤᠨ ᠤ ᠨᠢᠭᠡᠴᠢ ᠳᠣᠷᠣᠭᠰᠢᠯᠠᠭᠤᠯᠪᠠ᠃ ᠠᠳᠠᠯᠢ ᠬᠤᠭᠤᠴᠠᠭᠠᠨ ᠤ  ᠬᠢ ᠠᠴᠠ ᠪᠠᠭᠤᠷᠠᠭᠰᠠᠨ ᠤ ᠭᠤᠣᠯ ᠰᠢᠯᠲᠠᠭᠠᠨ ᠪᠣᠯ ᠬᠥᠮᠥᠷᠭᠡ ᠳᠤ ᠪᠠᠶᠢᠭ᠎ᠠ ᠠᠵᠤ ᠠᠬᠤᠶᠢᠯᠠᠯ ᠤᠨ ᠡᠵᠡᠩᠨᠡᠯᠲᠡ ᠮᠠᠭᠤᠳᠠᠵᠤ᠂ ᠡᠵᠡᠩᠨᠡᠯᠲᠡ ᠶᠢᠨ ᠣᠷᠣᠯᠭ᠎ᠠ ᠪᠠᠭᠤᠷᠠᠭᠰᠠᠨ ᠠᠴᠠ ᠪᠣᠯᠤᠭᠰᠠᠨ ᠶᠤᠮ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1