2024 ᠣᠨ ᠳᠤ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠳᠡᠮᠵᠢᠯᠭᠡ ᠶᠢᠨ | ᠭᠤᠣᠯᠳᠠᠯᠭ᠎ᠠ ᠳᠤ᠂ ᠬᠤᠲᠠ ᠶᠢᠨ ᠰᠢᠨᠡᠴᠢᠯᠡᠯᠲᠡ ᠨᠢ ᠨᠢᠭᠡ ᠶᠡᠭᠡ ᠬᠢᠯᠠᠰ ᠴᠡᠭ ᠪᠣᠯᠤᠭᠰᠠᠨ ᠪᠠᠶᠢᠨ᠎ᠠ᠃ ᠲᠥᠪ ᠤᠨ | ᠡᠳ᠋ ᠤᠨ ᠵᠠᠰᠠᠭ ᠠᠴᠠ ᠠᠷᠭ᠎ᠠ ᠬᠡᠯᠪᠡᠷᠢ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠲᠦᠷᠦᠭᠦᠦ ᠪᠦᠯᠦᠭ ᠤᠨ 15 | ᠬᠤᠳᠠ ᠳᠤ ᠲᠣᠭᠲᠠᠭᠰᠠᠨ ᠲᠣᠭᠠᠨ ᠤ ᠬᠤᠳᠠ ᠶᠢᠨ ᠰᠢᠨᠡᠴᠢᠯᠡᠯᠲᠡ ᠶᠢᠨ ᠨᠥᠬᠦᠪᠦᠷᠢ ᠣᠯᠭᠤᠬᠤ ᠪᠠᠷ ᠲᠥᠯᠥᠪᠯᠡᠵᠦ | ᠪᠠᠶᠢᠨ᠎ᠠ᠃ ᠲᠡᠭᠡᠪᠡᠯ᠂ ᠶᠠᠭᠤ ᠶᠢ ᠬᠤᠲᠠ ᠶᠢᠨ ᠰᠢᠨᠡᠴᠢᠯᠡᠯᠲᠡ ᠭᠡᠬᠦ ᠪᠣᠶ︖ ᠡᠳᠡᠭᠡᠷ ᠵᠣᠭᠤᠰ ᠢ ᠬᠡᠷᠬᠢᠨ ᠬᠡᠷᠡᠭᠯᠡᠵᠦ | ᠶᠠᠮᠠᠷ ᠦᠷ᠎ᠡ ᠠᠰᠢᠭ ᠡᠭᠦᠳᠬᠦ ᠪᠤᠢ︖ ᠵᠢᠱᠢᠶᠡᠯᠡᠪᠡᠯ᠂ ᠮᠠᠰᠢ ᠣᠯᠠᠨ ᠬᠠᠭᠤᠴᠢᠨ ᠰᠠᠭᠤᠭᠠᠯᠢ ᠠᠷᠠᠳ ᠤᠨ | ᠲᠣᠭᠤᠷᠢᠭ ᠲᠤ ᠴᠠᠬᠢᠯᠭᠠᠨ ᠱᠠᠲᠤ ᠤᠭᠰᠠᠷᠠᠭᠰᠠᠨ ᠦᠭᠡᠢ᠂ ᠨᠠᠰᠤᠲᠠᠶᠢᠴᠤᠳ ᠲᠤ ᠠᠪᠴᠤ ᠬᠡᠯᠡᠪᠡᠯ᠂ ᠴᠠᠬᠢᠯᠭᠠᠨ | ᠱᠠᠲᠤ ᠨᠡᠮᠡᠵᠦ ᠤᠭᠰᠠᠷᠠᠬᠤ ᠨᠢ ᠠᠰᠠᠷ ᠲᠤ ᠭᠠᠷᠴᠤ ᠪᠠᠭᠤᠬᠤ ᠳᠤ ᠮᠠᠰᠢ ᠲᠥᠬᠦᠮ ᠪᠤᠯᠭᠠᠳᠠᠭ᠃ ᠣᠳᠣᠬᠠᠨ ᠳᠤ | ᠮᠠᠰᠢ ᠣᠯᠠᠨ ᠨᠠᠰᠤᠲᠠᠶᠢᠴᠤᠳ ᠴᠥᠮ ᠭᠡᠷ ᠲᠡᠭᠡᠨ ᠰᠠᠭᠤᠵᠤ ᠨᠠᠰᠤᠵᠢᠯ ᠤᠨ ᠠᠰᠠᠷᠠᠮᠵᠢ ᠬᠢᠵᠦ ᠪᠠᠶᠢᠭ᠎ᠠ ᠪᠣᠯᠬᠤᠷ | ᠨᠡᠶᠢᠭᠡᠮ ᠲᠣᠭᠤᠷᠢᠭ ᠲᠤ ᠨᠠᠰᠤᠲᠠᠶᠢᠴᠤᠳ ᠤᠨ ᠬᠤᠭᠤᠯᠠᠨ ᠭᠡᠷ ᠨᠡᠭᠡᠭᠡᠵᠦ᠂ ᠡᠳᠦᠷ ᠤᠨ ᠭᠤᠷᠪᠠᠨ ᠴᠠᠭ ᠤᠨ | ᠬᠤᠭᠤᠯᠠ ᠪᠠᠨ ᠰᠢᠢᠳᠪᠦᠷᠢᠯᠡᠬᠦ᠂ ᠨᠠᠰᠤᠲᠠᠨ ᠢ ᠠᠰᠠᠷᠠᠬᠤ ᠥᠷᠲᠡᠭᠡ ᠪᠠᠶᠢᠭᠤᠯᠵᠤ᠂ ᠭᠡᠷ ᠤᠨ ᠢᠶᠠᠨ ᠬᠠᠪᠢ ᠳᠤ | ᠲᠤᠭᠤᠷᠢᠵᠦ ᠰᠡᠯᠡᠭᠦᠴᠡᠬᠦ ᠪᠢᠴᠢᠯ ᠴᠡᠴᠡᠷᠯᠢᠭ ᠲᠠᠢ ᠪᠠᠶᠢᠪᠠᠯ ᠬᠠᠮᠤᠭ ᠤᠨ ᠰᠠᠶᠢᠨ ᠭᠡᠵᠦ ᠬᠦᠰᠡᠵᠦ ᠪᠠᠶᠢᠨ᠎ᠠ᠃ | ᠲᠡᠬᠢᠭᠠᠦᠠ ᠬᠤᠳᠠ ᠳᠤ᠂ ᠲᠡᠳᠡᠭᠡᠷ ᠬᠠᠭᠤᠴᠢᠨ ᠵᠡᠭᠡᠯᠢ ᠭᠤᠳᠤᠮᠵᠢ᠂ ᠬᠠᠭᠤᠴᠢᠨ ᠦᠢᠯᠡᠳᠪᠦᠷᠢ ᠶᠢᠨ ᠪᠠᠶᠢᠰᠢᠩ ᠢ | ᠬᠡᠷᠡᠭᠯᠡᠭᠡᠨ ᠤ ᠰᠢᠨ᠎ᠡ ᠭᠠᠵᠠᠷ ᠤᠨ ᠲᠡᠮᠳᠡᠭ ᠪᠣᠯᠭᠠᠨ ᠥᠭᠡᠷᠡᠴᠢᠯᠡᠵᠦ᠂ ᠰᠢᠨᠡᠴᠢᠯᠡᠨ ᠬᠥᠭᠵᠢᠭᠦᠯᠵᠦ᠂ ᠰᠢᠨ᠎ᠡ | ᠠᠮᠢᠵᠢᠷᠠᠯ ᠤᠨ ᠬᠦᠴᠦᠨ ᠢ ᠪᠠᠳᠠᠷᠠᠭᠤᠯᠵᠤ ᠴᠢᠳᠠᠨ᠎ᠠ ᠦᠦ ᠦᠭᠡᠢ ᠤᠤ︖ ᠡᠭᠦᠨ ᠠᠴᠠ ᠭᠠᠳᠠᠨ᠎ᠠ ᠬᠤᠳᠠ ᠶᠢᠨ | ᠭᠠᠵᠠᠷ ᠳᠣᠣᠷᠠᠬᠢ ᠬᠤᠭᠤᠯᠠᠢ ᠲᠣᠣᠷ ᠢ ᠨᠡᠩ ᠲᠡᠭᠦᠯᠳᠡᠷᠵᠢᠭᠦᠯᠵᠦ ᠴᠢᠳᠠᠨ᠎ᠠ ᠦᠦ ᠦᠭᠡᠢ ᠤᠤ︖ ᠪᠠᠭᠴᠠᠯᠠᠭᠠᠳ | ᠬᠡᠯᠡᠪᠡᠯ᠂ ᠬᠤᠳᠠ ᠶᠢ ᠨᠡᠩ ᠣᠷᠣᠰᠢᠨ ᠰᠠᠭᠤᠬᠤ ᠳᠤ ᠲᠣᠬᠢᠷᠠᠮᠵᠢᠲᠠᠢ᠂ ᠤᠶᠤᠨᠴᠢ ᠪᠠ ᠤᠶᠠᠨ ᠬᠠᠳᠠᠨ ᠪᠣᠯᠭᠠᠶ᠎ᠠ | ᠭᠡᠪᠡᠯ ᠬᠤᠳᠠ ᠶᠢᠨ ᠰᠢᠨᠡᠴᠢᠯᠡᠯᠳᠡ ᠶᠢ ᠲᠠᠰᠤᠷᠠᠯᠳᠠ ᠦᠭᠡᠢ ᠦᠷᠨᠢᠭᠦᠯᠬᠦ ᠬᠡᠷᠡᠭᠲᠡᠢ᠃ 2024 ᠣᠨ ᠳᠤ᠂ | ᠳᠤᠮᠳᠠᠳᠤ ᠤᠯᠤᠰ ︽ᠬᠤᠳᠠ ᠶᠢᠨ ᠰᠢᠨᠡᠴᠢᠯᠡᠯᠲᠡ︾ ᠶᠢᠨ ᠬᠠᠯᠠᠭᠤᠨ ᠥᠷᠨᠢᠯᠲᠡ ᠶᠢ ᠤᠭᠲᠤᠨ ᠠᠪᠴᠢᠷᠠᠪᠠ᠂ | ᠭᠤᠣᠯ ᠵᠤᠷᠢᠯᠭ᠎ᠠ ᠨᠢ᠄ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠲᠤᠳᠠᠭᠳᠠᠯ ᠢ ᠨᠥᠬᠦᠪᠦᠷᠢᠯᠡᠬᠦ᠂ | ᠬᠥᠭᠵᠢᠯᠲᠡ ᠶᠢ ᠡᠷᠢᠯᠬᠢᠯᠡᠬᠦ ᠶᠠᠪᠤᠳᠠᠯ ᠪᠣᠯᠣᠨ᠎ᠠ᠃ | ᠴᠦᠩᠴᠢᠩ ᠤᠨ ᠠᠷᠠᠳᠴᠢᠯᠠᠯ ᠲᠣᠰᠬᠤᠨ ᠨᠢ ᠲᠡᠶᠢᠮᠦ ᠣᠳᠣᠬᠢᠴᠢᠯᠠᠭᠰᠠᠨ ᠨᠡᠶᠢᠭᠡᠮ ᠲᠣᠭᠤᠷᠢᠭ ᠪᠢᠰᠢ᠂ | ᠭᠡᠪᠡᠴᠦ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠬᠦ ᠪᠠᠷ ᠲᠠᠮᠵᠢᠨ᠂ ᠠᠷᠠᠳᠴᠢᠯᠠᠯ | ᠲᠣᠰᠬᠤᠨ ᠤ ᠨᠡᠶᠢᠭᠡᠮ ᠲᠣᠭᠤᠷᠢᠭ ᠲᠤ᠂ ᠬᠠᠭᠤᠴᠢᠨ ᠴᠦᠩᠴᠢᠩ ᠬᠤᠳᠠ ᠶᠢᠨ ᠠᠮᠢᠳᠤᠷᠠᠯ ᠤᠨ ᠦᠨᠦᠷ ᠠᠮᠲᠠ ᠨᠢ | ᠤᠳᠤ ᠦᠶ᠎ᠡ ᠶᠢᠨ ᠠᠭᠤᠷ ᠠᠮᠢᠰᠬᠤᠯ ᠲᠠᠢ ᠭᠠᠶᠢᠬᠠᠮᠰᠢᠭᠲᠠᠢ ᠪᠠᠷ ᠠᠭᠤᠰᠤᠯᠴᠠᠵᠤ ᠴᠢᠳᠠᠭᠰᠠᠨ ᠢ ᠤᠶᠢᠯᠠᠭᠠᠵᠦ | ᠪᠤᠯᠤᠨ᠎ᠠ᠃ | 12 ᠳ᠋ᠤᠭᠠᠷ ᠰᠠᠷ᠎ᠠ ᠳᠤ᠂ ᠠᠷᠠᠳᠴᠢᠯᠠᠯ ᠲᠣᠰᠬᠤᠨ ᠤ ᠨᠡᠶᠢᠭᠡᠮ ᠲᠣᠭᠤᠷᠢᠭ ᠤᠨ ᠬᠤᠲᠠ ᠶᠢᠨ | ᠰᠢᠨᠡᠴᠢᠯᠡᠯᠲᠡ ᠶᠢᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠨᠢᠭᠡᠨᠲᠡ ᠰᠡᠭᠦᠯ ᠬᠤᠷᠢᠶᠠᠬᠤ ᠱᠠᠲᠤᠨ ᠳᠤ | ᠣᠷᠣᠵᠤ᠂ ᠵᠢᠱᠢᠯᠲᠡ ᠪᠠᠷ ᠡᠨᠡ ᠵᠢᠯ ᠪᠦᠬᠦᠨ ᠢᠶᠠᠷ ᠢᠶᠠᠨ ᠠᠵᠢᠯ ᠳᠠᠭᠤᠰᠴᠤ᠂ ᠡᠨᠡᠬᠦ ᠰᠢᠨ᠎ᠡ ᠪᠠᠷ ᠪᠠᠶᠢᠭᠤᠯᠤᠭᠰᠠᠨ | ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠴᠦ ᠤᠳᠠᠯ ᠦᠭᠡᠢ ᠠᠰᠢᠭᠯᠠᠯᠲᠠ ᠳᠤ ᠣᠷᠣᠬᠤ ᠪᠣᠯᠣᠨ᠎ᠠ᠃ | ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠪᠣᠯ ᠠᠷᠠᠳ ᠤᠯᠠᠨ ᠤ | ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠬᠦ ᠴᠢᠬᠤᠯᠠ ᠠᠵᠢᠯ ᠪᠣᠯᠬᠤ ᠪᠥᠭᠡᠳ ᠬᠤᠳᠠ ᠶᠢᠨ ᠰᠢᠨᠡᠴᠢᠯᠡᠯᠲᠡ ᠶᠢᠨ | ᠠᠵᠢᠯᠯᠠᠭ᠎ᠠ ᠶᠢ ᠬᠡᠷᠡᠭᠵᠢᠭᠦᠯᠬᠦ ᠶᠢᠨ ᠴᠢᠬᠤᠯᠠ ᠠᠭᠤᠯᠭ᠎ᠠ ᠪᠣᠯᠣᠨ᠎ᠠ᠃ ᠶᠡᠷᠦᠩᠬᠡᠢ ᠱᠦᠵᠢ ᠰᠢ ᠶᠢᠨ ᠫᠢᠩ᠂ | ᠬᠤᠲᠠ ᠶᠢᠨ ᠪᠦᠲᠦᠭᠡᠨ ᠪᠠᠶᠢᠭᠤᠯᠤᠯᠲᠠ ᠳᠤ ᠡᠷᠬᠡᠪᠰᠢ ᠠᠷᠠᠳ ᠲᠦᠮᠡᠨ ᠤ ᠣᠷᠣᠰᠢᠨ ᠰᠠᠭᠤᠬᠤ ᠳᠤ ᠲᠣᠬᠢᠷᠠᠮᠵᠢᠲᠠᠢ | ᠠᠮᠤᠷ ᠲᠠᠶᠢᠪᠤᠩ ᠪᠠᠶᠢᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠬᠠᠮᠤᠭ ᠤᠨ ᠰᠠᠶᠢᠨ ᠡᠬᠢ ᠪᠠᠶᠠᠯᠢᠭ ᠢ ᠠᠷᠠᠳ | ᠲᠦᠮᠡᠨ ᠳᠤ ᠦᠯᠡᠳᠡᠭᠡᠵᠦ ᠥᠭᠬᠦ ᠬᠡᠷᠡᠭᠲᠡᠢ ᠭᠡᠵᠦ ᠴᠢᠬᠤᠯᠠᠴᠢᠯᠠᠪᠠ᠃ ᠡᠨᠡ ᠵᠢᠯ ᠤᠨ 4 ᠳ᠋ᠤᠭᠡᠷ ᠰᠠᠷ᠎ᠠ ᠳᠤ᠂ | ᠶᠡᠷᠦᠩᠬᠡᠢ ᠱᠦᠵᠢ ᠰᠢ ᠶᠢᠨ ᠫᠢᠩ ᠴᠦᠩᠴᠢᠩ ᠳᠤ ᠰᠢᠨᠵᠢᠯᠡᠨ ᠪᠠᠶᠢᠴᠠᠭᠠᠬᠤ ᠳᠠᠭᠠᠨ ᠠᠷᠠᠳᠴᠢᠯᠠᠯ ᠲᠣᠰᠬᠤᠨ ᠤ | ᠨᠡᠶᠢᠭᠡᠮ ᠲᠣᠭᠤᠷᠢᠭ ᠲᠤ ᠬᠦᠷᠴᠦ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ | ᠪᠠᠶᠢᠭᠤᠯᠤᠭᠰᠠᠨ ᠪᠠᠶᠢᠳᠠᠯ ᠢ ᠣᠶᠢᠯᠠᠭᠠᠭᠰᠠᠨ ᠪᠥᠭᠡᠳ ᠲᠤᠬᠠᠢ ᠶᠢᠨ ᠭᠠᠵᠠᠷ ᠤᠨ ᠬᠢᠨ ᠳᠤ ᠡᠨᠡᠬᠦ ᠠᠷᠠᠳ ᠤᠨ | ᠠᠮᠢᠳᠤᠷᠠᠯ ᠤᠨ ᠢᠨᠵᠧᠨᠧᠷᠢᠩ ᠢ ᠰᠠᠶᠢᠲᠤᠷ ᠬᠢᠬᠦ ᠬᠡᠷᠡᠭᠲᠡᠢ ᠭᠡᠵᠦ ᠵᠠᠬᠢᠪᠠ᠃ | ᠡᠨᠡ ᠬᠦ ᠨᠡᠶᠢᠭᠡᠮ ᠲᠣᠭᠤᠷᠢᠭ ᠨᠢ 20 ᠳ᠋ᠤᠭᠠᠷ ᠵᠠᠭᠤᠨ ᠤ ᠲᠠᠪᠢ ᠠᠴᠠ ᠶᠡᠷᠡᠭᠡᠳ ᠣᠨ ᠤ ᠦᠶ᠎ᠡ ᠳᠤ | ᠪᠠᠶᠢᠭᠤᠯᠤᠭᠳᠠᠭᠰᠠᠨ ᠪᠥᠭᠡᠳ ᠴᠦᠩᠴᠢᠩ ᠤᠨ ᠲᠡᠮᠳᠡᠭᠲᠦ ᠪᠠᠷᠢᠯᠭ᠎ᠠ ᠪᠠᠶᠢᠭᠰᠠᠨ ᠪᠣᠯᠪᠠᠴᠤ ᠬᠤᠲᠠ ᠶᠢᠨ | ᠬᠥᠭᠵᠢᠯᠲᠡ ᠬᠤᠪᠢᠷᠠᠯᠲᠠ ᠶᠢ ᠳᠠᠭᠠᠯᠳᠤᠨ᠂ ᠰᠠᠭᠤᠭᠠᠯᠢ ᠠᠷᠠᠳ ᠤᠨ ᠠᠰᠠᠷ ᠬᠠᠭᠤᠴᠢᠷᠠᠵᠤ᠂ ᠵᠠᠮ ᠢᠪᠴᠤᠤ᠂ | ᠢᠵᠢ ᠪᠦᠷᠢᠳᠦᠭᠦᠯᠬᠦ ᠲᠥᠬᠦᠭᠡᠷᠦᠮᠵᠢ ᠨᠢ ᠴᠠᠭ ᠦᠶ᠎ᠡ ᠶᠢ ᠳᠠᠭᠠᠵᠤ ᠠᠮᠵᠢᠬᠤ ᠦᠭᠡᠢ ᠪᠣᠯᠤᠭᠰᠠᠨ ᠵᠡᠷᠭᠡ ᠠᠰᠠᠭᠤᠳᠠᠯ | ᠠᠭᠠᠵᠢᠮ ᠢᠶᠠᠷ ᠢᠯᠡᠷᠡᠵᠦ ᠭᠠᠷᠤᠭᠰᠠᠨ ᠪᠠᠶᠢᠨ᠎ᠠ᠃ | ᠠᠷᠠᠳ ᠢᠷᠭᠡᠳ ᠤᠨ ᠬᠡᠷᠡᠭᠴᠡᠭᠡ ᠱᠠᠭᠠᠷᠳᠠᠯᠭ᠎ᠠ ᠨᠢ ᠶᠠᠭᠤ ᠪᠣᠶ︖ ᠨᠡᠶᠢᠭᠡᠮ ᠲᠣᠭᠤᠷᠢᠭ ᠲᠤ ᠣᠷᠣᠰᠢᠵᠤ | ᠪᠠᠶᠢᠭ᠎ᠠ ᠲᠤᠳᠠᠭᠳᠠᠯ ᠨᠢ ᠶᠠᠭᠤ ᠪᠤᠢ︖ ᠬᠤᠲᠠ ᠶᠢᠨ ᠪᠡᠶ᠎ᠡ ᠶᠢᠨ ᠪᠠᠶᠢᠴᠠᠭᠠᠯᠲᠠ ᠪᠠᠷ ᠳᠡᠮᠵᠢᠨ᠂ ᠥᠭᠡᠷᠡᠴᠢᠯᠡᠬᠦ | ᠭᠤᠣᠯᠳᠠᠯᠭ᠎ᠠ ᠶᠢ ᠲᠣᠭᠲᠠᠭᠠᠭᠰᠠᠨ ᠤ ᠳᠠᠷᠠᠭ᠎ᠠ᠂ 2022 ᠣᠨ ᠳᠤ᠂ ᠠᠷᠠᠳᠴᠢᠯᠠᠯ ᠲᠣᠰᠬᠤᠨ ᠤ ᠨᠡᠶᠢᠭᠡᠮ | ᠲᠣᠭᠤᠷᠢᠭ ᠤᠨ ᠬᠢᠨ ᠬᠤᠲᠠ ᠶᠢᠨ ᠰᠢᠨᠡᠴᠢᠯᠡᠯᠲᠡ ᠶᠢᠨ ᠲᠥᠷᠥᠯ ᠵᠦᠢᠯ ᠢ ᠡᠬᠢᠯᠡᠭᠦᠯᠵᠦ᠂ ᠶᠡᠷᠦᠩᠬᠡᠢ ᠪᠡᠯᠡ | ᠣᠷᠣᠭᠤᠯᠤᠯᠲᠠ ᠨᠢ ᠪᠠᠷᠤᠭ 36 ᠳ᠋ᠦᠩᠰᠢᠭᠤᠷ ᠲᠥᠭᠦᠷᠢᠭ ᠲᠤ ᠬᠦᠷᠴᠡᠢ᠃ ᠡᠭᠦᠨ ᠳᠤ᠂ ᠲᠥᠪ ᠤᠨ ᠪᠠ ᠣᠷᠣᠨ | ᠨᠤᠲᠤᠭ ᠠᠴᠠ ᠢᠷᠡᠭᠰᠡᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ | ᠨᠥᠬᠦᠪᠦᠷᠢ ᠶᠢᠨ ᠪᠡᠯᠡ ᠮᠥᠩᠭᠦ ᠪᠠᠶᠢᠬᠤ ᠪᠥᠭᠡᠳ ᠪᠠᠩᠬᠢ ᠶᠢᠨ ᠵᠢᠭᠡᠯᠡᠯᠭᠡ ᠴᠦ ᠪᠤᠢ᠃ | ᠡᠨᠡ ᠵᠣᠭᠤᠰ ᠢ ᠶᠠᠭᠠᠬᠢᠵᠤ ᠬᠡᠷᠡᠭᠯᠡᠬᠦ ᠪᠤᠢ︖ ᠨᠡᠶᠢᠭᠡᠮ ᠲᠣᠭᠤᠷᠢᠭ ᠤᠨ ᠥᠭᠡᠷᠡᠴᠢᠯᠡᠯᠲᠡ ᠶᠢ ᠶᠠᠭᠠᠬᠢᠵᠤ | ᠡᠬᠢᠯᠡᠭᠦᠯᠬᠦ ᠪᠤᠢ︖ ᠠᠷᠠᠳᠴᠢᠯᠠᠯ ᠲᠣᠰᠬᠤᠨ ᠤ ᠦᠭᠡᠷᠡᠴᠢᠯᠡᠯᠳᠡ ᠶᠢᠨ ᠬᠡᠯᠪᠡᠷᠢ ᠪᠣᠯ᠂ ᠶᠡᠭᠡ ᠪᠠᠷ ᠨᠤᠷᠠᠭᠠᠵᠤ | ᠶᠡᠭᠡ ᠪᠠᠷ ᠪᠠᠶᠢᠭᠤᠯᠬᠤ ᠦᠭᠡᠢ᠂ ᠨᠢᠭᠡ ᠲᠠᠯ᠎ᠠ ᠪᠠᠷ ᠠᠳᠡᠬᠢ ᠵᠡᠭᠡᠯᠢ ᠭᠤᠳᠤᠮᠵᠢ ᠶᠢᠨ ᠪᠤᠯᠴᠢᠩ ᠵᠦᠢ᠂ ᠰᠣᠶᠣᠯ ᠤᠨ | ᠳᠤᠷᠠᠰᠤᠮᠵᠢ ᠶᠢ ᠦᠯᠡᠳᠡᠭᠡᠬᠦ ᠶᠢᠨ ᠬᠠᠮᠲᠤ᠂ ᠵᠠᠮ ᠤᠨ ᠲᠣᠣᠷ ᠢ ᠥᠷᠭᠡᠳᠬᠡᠬᠦ᠂ ᠭᠠᠵᠠᠷ ᠳᠣᠣᠷᠠᠬᠢ ᠬᠤᠭᠤᠯᠠᠢ | ᠤᠳᠠᠰᠤ ᠶᠢ ᠳᠠᠭᠢᠵᠤ ᠲᠣᠬᠢᠷᠠᠭᠤᠯᠬᠤ᠂ ᠴᠠᠬᠢᠯᠭᠠᠨ ᠱᠠᠲᠤ ᠨᠡᠮᠡᠵᠦ ᠤᠭᠰᠠᠷᠠᠬᠤ᠂ ᠨᠡᠶᠢᠭᠡᠮ ᠲᠣᠭᠤᠷᠢᠭ ᠤᠨ | ᠬᠤᠭᠤᠯᠠᠨ ᠭᠡᠷ ᠪᠠ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠢ ᠰᠢᠨ᠎ᠡ ᠪᠠᠷ ᠪᠠᠶᠢᠭᠤᠯᠬᠤ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠪᠠ ᠣᠯᠠᠨ ᠨᠡᠶᠢᠲᠡ ᠶᠢᠨ | ᠦᠢᠯᠡᠴᠢᠯᠡᠭᠡᠨ ᠤ ᠲᠥᠬᠦᠭᠡᠷᠦᠮᠵᠢ ᠶᠢᠨ ᠲᠤᠳᠠᠭᠳᠠᠯ ᠢ ᠨᠥᠬᠦᠪᠦᠷᠢᠯᠡᠨ᠎ᠡ᠃ 2024 ᠣᠨ ᠳᠤ ᠡᠬᠢᠯᠡᠭᠦᠯᠦᠭᠰᠡᠨ | ᠬᠤᠶᠠᠳᠤᠭᠠᠷ ᠬᠤᠭᠤᠴᠠᠭᠠᠨ ᠤ ᠥᠭᠡᠷᠡᠴᠢᠯᠡᠯᠲᠡ ᠨᠢ ᠨᠡᠶᠢᠭᠡᠮ ᠲᠣᠭᠤᠷᠢᠭ ᠤᠨ ᠠᠵᠤ ᠠᠬᠤᠢ ᠶᠢᠨ ᠠᠮᠢᠵᠢᠷᠠᠯ ᠤᠨ | ᠬᠦᠴᠦᠨ ᠢ ᠳᠡᠭᠡᠭᠰᠢᠯᠡᠭᠦᠯᠬᠦ ᠶᠢ ᠨᠡᠩ ᠴᠢᠬᠤᠯᠠᠴᠢᠯᠠᠬᠤ ᠶᠢᠨ ᠬᠠᠮᠲᠤ ᠨᠡᠩ ᠤᠯᠠᠨ ᠪᠡᠯᠡ ᠣᠷᠣᠭᠤᠯᠤᠯᠲᠠ ᠶᠢᠨ | ᠭᠤᠣᠯ ᠴᠣᠭᠴᠠ ᠶᠢ ᠳᠠᠶᠢᠴᠢᠯᠠᠨ ᠨᠡᠶᠢᠭᠡᠮ ᠲᠣᠭᠤᠷᠢᠭ ᠤᠨ ᠰᠢᠨᠡᠴᠢᠯᠡᠯᠲᠡ ᠳᠤ ᠣᠷᠣᠯᠴᠠᠭᠤᠯᠵᠠᠢ᠃ | 2024 ᠣᠨ ᠳᠤ᠂ ᠬᠠᠭᠤᠴᠢᠨ ᠤᠷᠤᠨ ᠰᠠᠭᠤᠴᠠ ᠶᠢᠨ ᠲᠣᠭᠤᠷᠢᠭ ᠤᠨ ᠥᠭᠡᠷᠡᠴᠢᠯᠡᠯᠲᠡ ᠶᠢ ᠪᠦᠬᠦ | ᠤᠯᠤᠰ ᠤᠨ ᠡᠯ᠎ᠡ ᠭᠠᠵᠠᠷ ᠲᠤ ᠵᠡᠷᠭᠡᠪᠡᠷ ᠶᠠᠪᠤᠭᠳᠠᠭᠤᠯᠵᠠᠢ᠃ ᠡᠨᠡ ᠵᠢᠯ ᠠᠴᠠ ᠨᠠᠰᠢ᠂ ᠮᠠᠨ ᠤ ᠤᠯᠤᠰ ᠤᠨ | ᠬᠤᠲᠠ ᠶᠢᠨ ᠰᠢᠨᠡᠴᠢᠯᠡᠯᠲᠡ ᠶᠢᠨ ᠠᠯᠬᠤᠴᠠ ᠲᠠᠰᠤᠷᠠᠯᠲᠠ ᠦᠭᠡᠢ ᠲᠦᠷᠭᠡᠳᠴᠦ᠂ ᠪᠥᠬᠦ ᠤᠯᠤᠰ ᠲᠤ ᠬᠤᠲᠠ | ᠪᠠᠯᠭᠠᠰᠤᠨ ᠤ 5.4 ᠲᠦᠮᠡᠨ ᠬᠠᠭᠤᠴᠢᠨ ᠤᠷᠤᠨ ᠰᠠᠭᠤᠴᠠ ᠶᠢᠨ ᠲᠣᠭᠤᠷᠢᠭ ᠢ ᠰᠢᠨ᠎ᠡ ᠪᠠᠷ ᠠᠵᠢᠯ ᠡᠬᠢᠯᠡᠭᠦᠯᠦᠨ | ᠥᠭᠡᠷᠡᠴᠢᠯᠡᠬᠦ ᠪᠠᠷ ᠲᠦᠯᠦᠪᠯᠡᠵᠡᠢ᠃ | ᠴᠢᠩᠬᠤᠸᠠ ᠶᠡᠭᠡ ᠰᠤᠷᠭᠠᠭᠤᠯᠢ ᠶᠢᠨ ᠳᠤᠮᠳᠠᠳᠤ ᠤᠯᠤᠰ ᠤᠨ ᠬᠥᠭᠵᠢᠯᠲᠡ ᠶᠢᠨ ᠲᠥᠯᠦᠪᠵᠢᠭᠦᠯᠭᠡ ᠶᠢᠨ | ᠰᠤᠳᠤᠯᠭᠠᠨ ᠤ ᠬᠦᠷᠢᠶᠡᠯᠡᠩ ᠤᠨ ᠪᠠᠶᠢᠩᠭᠤ ᠶᠢᠨ ᠳᠡᠳ᠋ ᠳᠠᠷᠤᠭ᠎ᠠ ᠳ᠋ᠦᠩ ᠢᠦᠢ᠄ ᠣᠳᠣᠬᠠᠨ ᠳᠤ ᠬᠠᠭᠤᠴᠢᠨ ᠤᠷᠤᠨ | ᠰᠠᠭᠤᠴᠠ ᠶᠢᠨ ᠲᠣᠭᠤᠷᠢᠭ ᠲᠤ ᠣᠷᠣᠰᠢᠵᠤ ᠪᠠᠶᠢᠭ᠎ᠠ ᠠᠰᠠᠭᠤᠳᠠᠯ ᠢ ᠤᠨᠤᠰᠢᠯᠠᠬᠤ ᠨᠢ ᠦᠨᠡᠨ ᠳᠡᠭᠡᠨ ᠮᠠᠨ ᠤ | ᠤᠯᠤᠰ ᠤᠨ ᠬᠤᠳᠠ ᠶᠢᠨ ᠬᠥᠭᠵᠢᠯᠲᠡ ᠣᠳᠣᠬᠠᠨ ᠤ ᠱᠠᠲᠤᠨ ᠳᠤ ᠬᠦᠷᠦᠭᠰᠡᠨ ᠤ ᠳᠠᠷᠠᠭᠠᠬᠢ ᠬᠤᠳᠠ ᠶᠢᠨ | ᠪᠦᠲᠦᠭᠡᠨ ᠪᠠᠶᠢᠭᠤᠯᠤᠯᠲᠠ ᠪᠠ ᠠᠷᠠᠳ ᠤᠨ ᠠᠮᠢᠳᠤᠷᠠᠯ ᠲᠠᠢ ᠬᠠᠮᠤᠭ ᠤᠨ ᠨᠢᠭᠲᠠ ᠬᠤᠯᠪᠣᠭ᠎ᠠ ᠲᠠᠢ ᠲᠡᠷᠡ ᠬᠦ | ᠲᠤᠳᠠᠭᠳᠠᠯ ᠢ ᠣᠨᠢᠯᠠᠭᠰᠠᠨ ᠶᠠᠪᠤᠳᠠᠯ ᠪᠣᠯᠣᠨ᠎ᠠ᠃ ᠡᠳᠡᠭᠡᠷ ᠢ ᠤᠨᠤᠰᠢᠯᠤᠨ ᠥᠭᠡᠷᠡᠴᠢᠯᠡᠬᠦ ᠳᠤ ᠨᠡᠯᠢᠶᠡᠳ ᠶᠡᠭᠡ | ᠬᠡᠮᠵᠢᠶᠡᠨ ᠤ ᠪᠡᠯᠡ ᠮᠥᠩᠭᠦ ᠣᠷᠣᠭᠤᠯᠵᠤ᠂ ᠨᠡᠯᠢᠶᠡᠳ ᠶᠡᠭᠡ ᠬᠡᠮᠵᠢᠶᠡᠨ ᠤ ᠠᠵᠢᠯ ᠬᠢᠬᠦ ᠬᠡᠷᠡᠭᠲᠡᠢ᠃ ᠡᠨᠡ ᠬᠦ | ᠱᠠᠲᠤᠨ ᠳᠤ ᠬᠦᠷᠲᠡᠯ᠎ᠡ ᠬᠥᠭᠵᠢᠭᠰᠡᠨ ᠤ ᠳᠠᠷᠠᠭ᠎ᠠ ᠨᠠᠮ ᠤᠨ ᠲᠥᠪ ᠬᠤᠷᠢᠶ᠎ᠠ᠂ ᠰᠠᠨᠠᠭᠠᠴᠢᠯᠠᠭ᠎ᠠ ᠠᠴᠠ ᠪᠠᠨ | ᠬᠠᠭᠤᠴᠢᠨ ᠤᠷᠤᠨ ᠰᠠᠭᠤᠴᠠ ᠶᠢᠨ ᠲᠣᠭᠤᠷᠢᠭ ᠢ ᠥᠭᠡᠷᠡᠴᠢᠯᠡᠬᠦ ᠪᠠᠷ ᠣᠨᠴᠠᠯᠢᠭ ᠪᠣᠯᠭᠠᠭᠰᠠᠨ ᠬᠤᠲᠠ ᠶᠢᠨ | ᠰᠢᠨᠡᠴᠢᠯᠡᠯᠲᠡ ᠶᠢ ᠰᠣᠩᠭᠤᠵᠤ ᠨᠢᠭᠡᠨ ᠴᠢᠬᠤᠯᠠ ᠭᠠᠷᠳᠠᠬᠤ ᠴᠡᠭ ᠪᠣᠯᠭᠠᠭᠰᠠᠨ ᠨᠢ ᠠᠷᠠᠳ ᠤᠨ ᠠᠮᠢᠳᠤᠷᠠᠯ ᠤᠨ | ᠠᠵᠢᠯ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢ ᠬᠠᠷᠠᠭᠤᠯᠤᠭᠰᠠᠨ ᠪᠠᠶᠢᠨ᠎ᠠ᠃ | ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠰᠢ᠂ ᠮᠠᠨ ᠤ ᠤᠯᠤᠰ ᠳᠡᠯᠡᠬᠡᠢ ᠶᠢᠨ ᠲᠡᠦᠬᠡᠨ | ᠳᠡᠭᠡᠷᠡᠬᠢ ᠬᠡᠪᠴᠢᠶ᠎ᠡ ᠪᠠᠷ ᠬᠠᠮᠤᠭ ᠤᠨ ᠶᠡᠭᠡ᠂ ᠬᠤᠷᠳᠤᠴᠠ ᠪᠠᠷ ᠬᠠᠮᠤᠭ ᠤᠨ ᠲᠦᠷᠭᠡᠨ ᠬᠤᠳᠠ | ᠪᠠᠯᠭᠠᠰᠤᠵᠢᠯᠲᠠ ᠶᠢᠨ ᠠᠬᠢᠴᠠ ᠶᠢ ᠦᠩᠭᠡᠷᠡᠭᠡᠵᠡᠢ᠂ ᠣᠳᠣᠬᠠᠨ ᠳᠤ ᠬᠤᠳᠠ ᠪᠠᠯᠭᠠᠰᠤᠵᠢᠯᠲᠠ ᠶᠢᠨ ᠨᠤᠷᠮ᠎ᠠ ᠨᠢᠭᠡᠨᠲᠡ | 66 | % ᠶᠢ ᠳᠠᠪᠠᠵᠠᠢ᠃ ᠭᠡᠪᠡᠴᠦ ᠲᠦᠷᠭᠡᠨ ᠠᠬᠢᠭᠤᠯᠬᠤ ᠶᠠᠪᠤᠴᠠ ᠳᠤ᠂ ᠬᠤᠲᠠ ᠶᠢᠨ ᠭᠡᠷ ᠪᠠᠶᠢᠰᠢᠩ ᠬᠠᠭᠤᠴᠢᠷᠠᠵᠤ᠂ | ᠭᠠᠵᠠᠷ ᠳᠣᠣᠷᠠᠬᠢ ᠬᠤᠭᠤᠯᠠᠢ ᠲᠣᠣᠷ ᠲᠡᠭᠦᠯᠳᠡᠷ ᠪᠤᠰᠤ᠂ ᠠᠵᠤ ᠦᠢᠯᠡᠰ ᠬᠥᠨᠳᠡᠢ ᠬᠤᠭᠤᠰᠤᠨ ᠪᠠᠶᠢᠬᠤ ᠵᠡᠷᠭᠡ | ᠠᠰᠠᠭᠤᠳᠠᠯ ᠪᠠ ᠲᠤᠳᠠᠭᠳᠠᠯ ᠡᠳᠦᠷ ᠢᠷᠡᠬᠦᠶ᠎ᠡ ᠲᠣᠪᠣᠶᠢᠮ᠎ᠠ ᠪᠣᠯᠵᠤ ᠪᠠᠶᠢᠨ᠎ᠠ᠃ ᠥᠭᠡᠷ᠎ᠡ ᠪᠠᠷ ᠬᠡᠯᠡᠪᠡᠯ᠂ | ᠬᠤᠳᠠ ᠶᠢᠨ ᠬᠥᠭᠵᠢᠯᠲᠡ ᠨᠢ ᠨᠡᠮᠡᠭᠳᠡᠯ ᠤᠨ ᠬᠡᠮᠵᠢᠶ᠎ᠡ ᠶᠢ ᠥᠷᠭᠡᠳᠬᠡᠵᠦ ᠪᠠᠶᠢᠭᠰᠠᠨ ᠠᠴᠠ ᠪᠠᠨ ᠬᠠᠳᠠᠭᠠᠯᠠᠯᠲᠠ ᠶᠢ | ᠰᠢᠯᠢᠳᠡᠭᠵᠢᠭᠦᠯᠬᠦ ᠱᠠᠲᠤᠨ ᠳᠤ ᠣᠷᠣᠭᠰᠠᠨ ᠪᠠᠶᠢᠨ᠎ᠠ᠃ ︽ᠬᠤᠳᠠ ᠶᠢᠨ ᠡᠪᠡᠳᠴᠢᠨ︾ ᠢ ᠰᠢᠢᠳᠪᠦᠷᠢᠯᠡᠵᠦ᠂ | ᠲᠤᠳᠠᠭᠳᠠᠯ ᠢ ᠨᠥᠬᠦᠪᠦᠷᠢᠯᠡᠬᠦ ᠳᠤ ᠬᠤᠳᠠ ᠶᠢᠨ ᠰᠢᠨᠡᠴᠢᠯᠡᠯᠲᠡ ᠶᠢ ᠵᠠᠪᠠᠯ ᠬᠢᠬᠦ ᠬᠡᠷᠡᠭᠲᠡᠢ᠃ | 2024 ᠣᠨ ᠳᠤ᠂ ᠡᠯ᠎ᠡ ᠭᠠᠵᠠᠷ ᠤᠨ ᠬᠢᠨ ᠲᠤᠳᠠᠭᠳᠠᠯ ᠢ ᠨᠥᠬᠦᠪᠦᠷᠢᠯᠡᠬᠦ ᠢᠨᠵᠧᠨᠧᠷᠢᠩ ᠢ ᠲᠦᠷᠭᠡᠨ | ᠠᠬᠢᠭᠤᠯᠵᠤ᠂ ᠣᠨᠴᠠᠭᠠᠶᠢᠯᠠᠨ ︽ᠳᠣᠲᠣᠷ ᠢᠨᠵᠧᠨᠧᠷᠢᠩ︾ ᠬᠡᠮᠡᠭᠳᠡᠭᠰᠡᠨ ᠭᠠᠵᠠᠷ ᠳᠣᠣᠷᠠᠬᠢ ᠬᠤᠭᠤᠯᠠᠢ ᠲᠣᠣᠷ ᠤᠨ | ᠥᠭᠡᠷᠡᠴᠢᠯᠡᠯᠲᠡ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠶᠢ ᠤᠯᠠᠮ ᠨᠢᠭᠡ ᠠᠯᠬᠤᠮ ᠲᠦᠷᠭᠡᠳᠬᠡᠪᠡ᠃ | ᠡᠨᠡ ᠨᠢᠭᠡ ᠵᠢᠯ ᠳᠤ᠂ ᠴᠦᠩᠴᠢᠩ ᠤᠨ ᠵᠠᠭᠤ ᠰᠢᠬᠠᠮ ᠤᠰᠤ ᠲᠠᠲᠠᠷᠠᠭᠤᠯᠬᠤ ᠬᠤᠭᠤᠯᠠᠢ ᠲᠣᠣᠷ ᠤᠨ | ᠥᠭᠡᠷᠡᠴᠢᠯᠡᠯᠲᠡ ᠶᠢᠨ ᠲᠦᠷᠦᠯ ᠵᠦᠢᠯ ᠨᠢ ᠤᠯᠤᠰ ᠤᠨ ᠵᠢᠭᠡᠯᠡᠯᠭᠡ ᠶᠢᠨ ᠪᠡᠯᠡ ᠮᠥᠩᠭᠦ ᠶᠢᠨ ᠳᠡᠮᠵᠢᠯᠭᠡ ᠶᠢ ᠣᠯᠵᠤ᠂ | ᠪᠣᠷᠣᠭᠠᠨ ᠤᠰᠤ ᠬᠤᠷᠠᠭᠰᠠᠨ ᠠᠴᠠ ᠪᠣᠯᠵᠤ ᠬᠤᠳᠠ ᠳᠤ ᠤᠰᠤᠲᠤᠬᠤ ᠵᠡᠷᠭᠡ ᠠᠰᠠᠭᠤᠳᠠᠯ ᠢ ᠭᠤᠣᠯᠳᠠᠯᠭ᠎ᠠ ᠲᠠᠢ | ᠰᠢᠢᠳᠪᠦᠷᠢᠯᠡᠵᠦ᠂ ᠵᠥᠪᠬᠡᠨ ᠱᠠ ᠫᠢᠩ ᠪᠠ ᠲᠣᠭᠤᠷᠢᠭ ᠤᠨ ᠲᠦᠷᠦᠯ ᠵᠦᠢᠯ ᠳᠤ 1600 ᠭᠠᠷᠤᠢ ᠲᠦᠮᠡᠨ | ᠲᠥᠭᠦᠷᠢᠭ ᠣᠷᠣᠭᠤᠯᠵᠠᠢ᠃ | ᠠᠨᠾᠦ᠋ᠢ ᠮᠤᠵᠢ ᠶᠢᠨ ᠾᠧᠹᠸᠢ ᠳᠤ ᠡᠯ᠎ᠡ ᠲᠦᠷᠦᠯ ᠤᠨ ᠭᠠᠵᠠᠷ ᠳᠣᠣᠷᠠᠬᠢ ᠬᠤᠭᠤᠯᠠᠢ ᠤᠲᠠᠰᠤ ᠵᠢᠴᠢ | ᠳᠠᠭᠠᠯᠲᠠ ᠲᠥᠬᠦᠭᠡᠷᠦᠮᠵᠢ ᠶᠢᠨ ᠳ᠋ᠠᠶᠢᠲ᠋ᠠ ᠬᠥᠮᠥᠷᠭᠡ ᠶᠢ ᠪᠠᠶᠢᠭᠤᠯᠵᠤ᠂ ᠬᠤᠳᠠ ᠶᠢᠨ ᠠᠮᠤᠷ ᠲᠦᠪᠰᠢᠨ ᠤ ᠠᠶᠤᠯ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠤᠯᠠᠮ ᠴᠢᠨᠠᠭᠰᠢᠳᠠ ᠳᠡᠭᠡᠭᠰᠢᠯᠡᠭᠦᠯᠵᠡᠢ᠃ | ᠱᠠᠨᠳᠦ᠋ᠩ ᠤᠨ ᠵᠢᠨᠠᠨ ᠤ ᠬᠢᠨ ᠰᠢᠲᠠᠮᠠᠬᠠᠢ ᠬᠡᠢ ᠶᠢᠨ ᠬᠤᠭᠤᠯᠠᠢ ᠲᠣᠣᠷ ᠲᠤ ᠣᠶᠤᠨᠴᠢᠯᠠᠭᠰᠠᠨ | ᠥᠭᠡᠷᠡᠴᠢᠯᠡᠯᠲᠡ ᠬᠢᠵᠦ᠂ ᠲᠦᠭ ᠲᠦᠮᠡᠨ ᠠᠶᠢᠯ ᠡᠷᠦᠬᠡ ᠶᠢᠨ ᠰᠢᠲᠠᠮᠠᠬᠠᠢ ᠬᠡᠢ ᠶᠢᠨ ᠠᠮᠤᠷ ᠲᠦᠪᠰᠢᠨ ᠢ ᠨᠡᠩ | ᠰᠠᠶᠢᠲᠤᠷ ᠪᠠᠳᠤᠯᠠᠪᠠ᠃ | ᠬᠤᠳᠠ ᠶᠢᠨ ᠰᠢᠨᠡᠴᠢᠯᠡᠯᠳᠡ ᠶᠢᠨ ᠲᠦᠷᠦᠯ ᠵᠦᠢᠯ ᠤᠨ ᠪᠡᠯᠡ ᠮᠥᠩᠭᠦ ᠶᠢᠨ ᠬᠡᠷᠡᠭᠴᠡᠭᠡᠨ ᠤ ᠬᠡᠮᠵᠢᠶ᠎ᠡ ᠨᠢ ᠶᠡᠭᠡ | ᠂ ᠡᠷᠭᠢᠯᠲᠡ ᠶᠢᠨ ᠦᠶᠡᠯᠡᠯ ᠤᠨ ᠬᠤᠭᠤᠴᠠᠭ᠎ᠠ ᠨᠢ ᠤᠷᠳᠤ ᠪᠠᠶᠢᠳᠠᠭ᠃ ᠭᠠᠵᠠᠷ ᠳᠣᠣᠷᠠᠬᠢ ᠬᠤᠭᠤᠯᠠᠢ ᠲᠣᠣᠷ ᠤᠨ | ᠪᠦᠲᠦᠭᠡᠨ ᠪᠠᠶᠢᠭᠤᠯᠤᠯᠲᠠ ᠪᠠ ᠥᠭᠡᠷᠡᠴᠢᠯᠡᠯᠲᠡ ᠪᠠᠷ ᠵᠢᠱᠢᠶᠡᠯᠡᠪᠡᠯ᠂ ᠢᠷᠡᠬᠦ 5 ᠵᠢᠯ ᠳᠤ᠂ ᠮᠠᠨ ᠤ ᠤᠯᠤᠰ ᠤᠨ | ᠥᠭᠡᠷᠡᠴᠢᠯᠡᠬᠦ ᠴᠢᠬᠤᠯᠠᠲᠠᠢ ᠬᠤᠲᠠ ᠶᠢᠨ ᠰᠢᠲᠠᠮᠠᠬᠠᠢ ᠬᠡᠢ᠂ ᠤᠰᠤ ᠬᠠᠩᠭᠠᠬᠤ ᠤᠰᠤ ᠲᠠᠳᠠᠷᠠᠭᠤᠯᠬᠤ᠂ ᠢᠯᠴᠢ | ᠬᠠᠩᠭᠠᠬᠤ ᠵᠡᠷᠭᠡ ᠡᠯ᠎ᠡ ᠲᠦᠷᠦᠯ ᠤᠨ ᠬᠤᠭᠤᠯᠠᠢ ᠲᠣᠣᠷ ᠤᠨ ᠶᠡᠷᠦᠩᠬᠡᠢ ᠬᠡᠮᠵᠢᠶ᠎ᠡ 60 ᠲᠦᠮᠡᠨ ᠺᠢᠯᠣᠮᠧᠲᠷ ᠲᠤ | ᠣᠶᠢᠷᠠᠳᠴᠤ᠂ ᠪᠡᠯᠡ ᠣᠷᠣᠭᠤᠯᠤᠯᠲᠠ ᠶᠢᠨ ᠶᠡᠷᠦᠩᠬᠡᠢ ᠬᠡᠷᠡᠭᠴᠡᠭᠡ ᠪᠠᠷᠤᠭ 4 ᠲᠦᠮᠡᠨ ᠳ᠋ᠦᠩᠰᠢᠭᠤᠷ | ᠲᠥᠭᠦᠷᠢᠭ ᠲᠤ ᠬᠦᠷᠬᠦ ᠪᠣᠯᠣᠨ᠎ᠠ᠃ | 2024 ᠣᠨ ᠠᠴᠠ ᠨᠠᠰᠢ᠂ ᠬᠤᠲᠠ ᠶᠢᠨ ᠰᠢᠨᠡᠴᠢᠯᠡᠯᠲᠡ ᠨᠢ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ | ᠭᠤᠣᠯᠳᠠᠯᠭ᠎ᠠ ᠪᠣᠯᠵᠤ᠂ ᠨᠢᠭᠡᠨᠲᠡ 25 ᠬᠤᠲᠠ ᠳᠤ ᠬᠤᠲᠠ ᠶᠢᠨ ᠰᠢᠨᠡᠴᠢᠯᠡᠯᠲᠡ ᠶᠢᠨ ᠰᠠᠭᠤᠷᠢ ᠮᠥᠩᠭᠦ | ᠪᠠᠶᠢᠭᠤᠯᠤᠭᠰᠠᠨ ᠪᠠᠶᠢᠨ᠎ᠠ᠃ ᠲᠥᠪ ᠤᠨ ᠡᠳ᠋ ᠤᠨ ᠵᠠᠰᠠᠭ ᠠᠴᠠ ᠠᠷᠭ᠎ᠠ ᠮᠠᠶ᠋ᠢᠭ ᠪᠠ ᠠᠷᠭ᠎ᠠ ᠶᠢᠨ ᠲᠠᠯ᠎ᠠ ᠪᠠᠷ | ᠰᠢᠨ᠎ᠡ ᠶᠢ ᠡᠭᠦᠳᠴᠦ᠂ ᠬᠡᠰᠡᠭ ᠬᠤᠳᠠ ᠳᠤ ᠬᠤᠳᠠ ᠶᠢᠨ ᠰᠢᠨᠡᠴᠢᠯᠡᠯᠲᠡ ᠶᠢᠨ ᠵᠢᠱᠢᠶ᠎ᠡ ᠦᠵᠡᠭᠦᠯᠬᠦ ᠠᠵᠢᠯ | ᠦᠷᠨᠢᠭᠦᠯᠬᠦ ᠶᠢ ᠲᠡᠮᠵᠢᠪᠡ᠃ | ᠴᠢᠩᠬᠤᠸᠠ ᠶᠡᠭᠡ ᠰᠤᠷᠭᠠᠭᠤᠯᠢ ᠶᠢᠨ ᠳᠤᠮᠳᠠᠳᠤ ᠤᠯᠤᠰ ᠤᠨ ᠬᠥᠭᠵᠢᠯᠲᠡ ᠶᠢᠨ ᠲᠥᠯᠦᠪᠵᠢᠭᠦᠯᠭᠡ ᠶᠢᠨ | ᠰᠤᠳᠤᠯᠭᠠᠨ ᠤ ᠬᠦᠷᠢᠶᠡᠯᠡᠩ ᠤᠨ ᠪᠠᠶᠢᠩᠭᠤ ᠶᠢᠨ ᠳᠡᠳ᠋ ᠳᠠᠷᠤᠭ᠎ᠠ ᠳ᠋ᠦᠩ ᠢᠦᠢ᠄ ᠵᠢᠯ ᠤᠨ ᠡᠬᠢᠨ ᠠᠴᠠ ᠡᠬᠢᠯᠡᠨ᠂ | ᠬᠤᠯᠪᠣᠭᠳᠠᠯ ᠪᠦᠬᠦᠢ ᠠᠵᠢᠯ ᠢ ᠲᠣᠬᠢᠷᠠᠭᠤᠯᠬᠤ ᠳᠠᠭᠠᠨ ᠨᠢᠭᠡᠨᠲᠡ ᠤᠷᠢᠳᠴᠢᠯᠠᠨ ᠭᠦᠢᠴᠡᠳ ᠲᠣᠬᠢᠷᠠᠭᠤᠯᠤᠯᠲᠠ | ᠬᠢᠵᠡᠢ᠃ ᠡᠭᠦᠨ ᠤ ᠵᠡᠷᠭᠡᠴᠡᠭᠡᠪᠡᠷ᠂ ᠡᠨᠡ ᠵᠢᠯ ᠬᠡᠳᠦ ᠤᠷᠳᠤ ᠬᠤᠭᠤᠴᠠᠭᠠᠨ ᠤ ᠣᠨᠴᠠᠭᠠᠶ ᠤᠯᠤᠰ ᠤᠨ ᠵᠢᠭᠡᠯᠡᠯᠭᠡ ᠶᠢ | ᠲᠠᠷᠬᠠᠭᠠᠬᠤ᠂ ︽ᠬᠤᠶᠠᠷ ᠢ ᠴᠢᠬᠤᠯᠠᠴᠢᠯᠠᠬᠤ︾ ᠲᠦᠷᠦᠯ ᠵᠦᠢᠯ ᠢ ᠰᠣᠩᠭᠤᠬᠤ ᠶᠠᠪᠤᠴᠠ ᠳᠤ ᠬᠤᠳᠠ ᠤᠨ | ᠰᠢᠨᠡᠴᠢᠯᠡᠯᠳᠡ ᠶᠢᠨ ᠠᠵᠢᠯ ᠢ ᠲᠡᠭᠦᠨ ᠤ ᠳᠣᠲᠣᠷᠠᠬᠢ ᠨᠢᠭᠡᠨ ᠲᠤᠶᠢᠯ ᠤᠨ ᠴᠢᠬᠤᠯᠠ ᠬᠦᠴᠦᠯᠡᠬᠦ ᠴᠡᠭ ᠪᠣᠯᠭᠠᠭᠰᠠᠨ | ᠪᠠᠶᠢᠨ᠎ᠠ᠃ ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠬᠦ ᠶᠢ ᠪᠡᠶᠡᠯᠡᠭᠦᠯᠵᠦ᠂ ᠨᠡᠩ ᠤᠯᠠᠨ ᠨᠡᠶᠢᠭᠡᠮ ᠤᠨ | ᠬᠥᠷᠥᠩᠭᠡ ᠶᠢ ᠲᠠᠶᠢᠴᠢᠯᠠᠨ ᠣᠷᠣᠭᠤᠯᠤᠯᠲᠠ ᠶᠢ ᠨᠡᠮᠡᠭᠳᠡᠭᠦᠯᠵᠦ ᠪᠣᠯᠣᠨ᠎ᠠ᠃ | ᠬᠤᠲᠠ ᠶᠢᠨ ᠰᠢᠨᠡᠴᠢᠯᠡᠯᠲᠡ ᠳᠤ ᠯᠤᠲᠤ ᠶᠡᠭᠡ ᠵᠠᠬ᠎ᠠ ᠳᠡᠯᠭᠡᠭᠦᠷ ᠤᠨ ᠳᠠᠯᠳᠠ ᠬᠦᠴᠦᠨ ᠠᠭᠤᠯᠤᠭᠳᠠᠵᠤ | ᠪᠠᠶᠢᠳᠠᠭ ᠪᠣᠯᠬᠤᠷ ᠵᠥᠪᠬᠡᠨ ᠵᠠᠰᠠᠭ ᠤᠨ ᠣᠷᠳᠣᠨ ᠤ ᠣᠷᠣᠭᠤᠯᠤᠯᠲᠠ ᠳᠤ ᠲᠦᠰᠢᠭᠯᠡᠭᠡᠳ ᠪᠣᠯᠬᠤ ᠦᠭᠡᠢ᠂ | ᠵᠠᠰᠠᠭ ᠤᠨ ᠣᠷᠳᠣᠨ ᠬᠥᠲᠥᠯᠥᠨ ᠵᠢᠯᠤᠭᠤᠳᠬᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ᠂ ᠣᠯᠠᠨ | ᠨᠡᠶᠢᠲᠡ ᠪᠠᠷ ᠢᠶᠠᠨ ᠣᠷᠣᠯᠴᠠᠬᠤ ᠦᠷᠭᠦᠯᠵᠢᠯᠡᠬᠦ ᠵᠠᠭᠪᠤᠷ ᠢ ᠪᠠᠶᠢᠭᠤᠯᠤᠨ ᠲᠡᠭᠦᠯᠳᠡᠷᠵᠢᠭᠦᠯᠬᠦ ᠴᠢᠬᠤᠯᠠᠲᠠᠢ ᠶᠤᠮ᠃ | ᠳᠤᠮᠳᠠᠳᠤ ᠤᠯᠤᠰ ᠤᠨ ᠬᠤᠲᠠ ᠶᠢᠨ ᠲᠥᠯᠦᠪᠵᠢᠭᠦᠯᠭᠡ ᠶᠢᠨ ᠨᠡᠶᠢᠭᠡᠮᠯᠢᠭ ᠤᠨ ᠳᠡᠳ᠋ ᠬᠡᠷᠡᠭ | ᠡᠷᠬᠢᠯᠡᠭᠴᠢ ᠶᠢᠨ ᠳᠠᠷᠤᠭ᠎ᠠ᠂ ᠲᠦᠩ ᠵᠢᠢ ᠶᠡᠭᠡ ᠰᠤᠷᠭᠠᠭᠤᠯᠢ ᠶᠢᠨ ᠫᠷᠤᠹᠧᠰᠰᠤᠷ ᠦ᠋ ᠵᠢᠶᠠᠩ᠄ ᠨᠢᠭᠡ ᠲᠠᠯ᠎ᠠ ᠪᠠᠷ | ᠳᠦᠷᠢᠮ ᠤᠨ ᠲᠥᠯᠥᠪᠯᠡᠭᠡ ᠨᠢ ᠪᠠᠶᠢᠳᠠᠯ ᠤᠨ ᠬᠡᠷᠡᠭᠴᠡᠭᠡ ᠱᠠᠭᠠᠷᠳᠠᠯᠭ᠎ᠠ ᠶᠢ ᠳᠠᠭᠠᠵᠤ ᠰᠠᠶᠢᠵᠢᠷᠠᠬᠤ ᠶᠢ ᠱᠠᠭᠠᠷᠳᠠᠨ᠎ᠠ᠃ | ᠨᠥᠭᠦᠭᠡ ᠲᠠᠯ᠎ᠠ ᠪᠠᠷ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ ᠡᠯ᠎ᠡ ᠵᠦᠢᠯ ᠤᠨ ᠵᠠᠬ᠎ᠠ ᠳᠡᠯᠭᠡᠭᠦᠷ ᠤᠨ | ᠪᠣᠯᠣᠯᠴᠠᠭᠠᠲᠤ ᠴᠢᠨᠠᠷ ᠢ ᠳᠠᠶᠢᠴᠢᠯᠠᠬᠤ ᠶᠢ ᠱᠠᠭᠠᠷᠳᠠᠨ᠎ᠠ᠃ ᠬᠡᠷᠪᠡ ᠲᠡᠭᠦᠨ ᠤ ᠲᠣᠭᠤᠷᠢᠨ ᠳᠤ ᠨᠢᠭᠡᠨ | ᠪᠣᠯᠪᠠᠰᠤᠷᠠᠩᠭᠤᠢ ᠵᠠᠬ᠎ᠠ ᠳᠡᠯᠭᠡᠭᠦᠷ ᠤᠨ ᠲᠣᠭᠲᠠᠴᠠ ᠶᠢ ᠪᠦᠷᠢᠯᠳᠦᠭᠦᠯᠬᠦ ᠦᠭᠡᠢ ᠪᠣᠯ ᠵᠥᠪᠬᠡᠨ ᠵᠠᠰᠠᠭ ᠤᠨ | ᠣᠷᠳᠣᠨ ᠳᠤ ᠲᠦᠰᠢᠭᠯᠡᠭᠡᠳ ᠪᠣᠯᠬᠤ ᠦᠭᠡᠢ ᠶᠤᠮ᠃ ᠪᠤᠢ ᠪᠦᠬᠦᠢ ᠵᠠᠬ᠎ᠠ ᠳᠡᠯᠭᠡᠭᠦᠷ ᠤᠨ ᠲᠣᠭᠲᠠᠴᠠ ᠶᠢ | ᠪᠠᠶᠢᠭᠤᠯᠬᠤ ᠠᠴᠠ ᠡᠮᠦᠨ᠎ᠡ᠂ ᠵᠠᠷᠢᠮ ᠲᠦᠷᠦ ᠶᠢᠨ ᠪᠣᠳᠣᠯᠭ᠎ᠠ ᠶᠢᠨ ᠬᠡᠯᠪᠠᠶᠢᠯᠲᠡ ᠶᠢ ᠱᠠᠭᠠᠷᠳᠠᠨ᠎ᠠ᠂ ᠵᠠᠷᠢᠮ ᠦᠶ᠎ᠡ ᠳᠤ | ᠪᠠᠰᠠ ᠵᠠᠰᠠᠭ ᠤᠨ ᠣᠷᠳᠣᠨ ᠤ ᠬᠥᠲᠥᠯᠥᠨ ᠵᠢᠯᠤᠭᠤᠳᠬᠤ ᠴᠢᠨᠠᠷᠲᠠᠢ ᠣᠷᠣᠭᠤᠯᠤᠯᠲᠠ ᠶᠢ ᠱᠠᠭᠠᠷᠳᠠᠨ᠎ᠠ᠂ | ᠡᠴᠦᠰ ᠲᠡᠭᠡᠨ ᠬᠠᠰᠢᠯᠠ ᠵᠠᠬ᠎ᠠ ᠳᠡᠯᠭᠡᠭᠦᠷ ᠤᠨ ᠢᠳᠡᠪᠬᠢᠵᠢᠯ ᠢ ᠲᠠᠶᠢᠴᠢᠯᠠᠵᠤ᠂ ᠬᠤᠳᠠ ᠶᠢᠨ ᠰᠢᠨᠡᠴᠢᠯᠡᠯᠲᠡ ᠶᠢᠨ | ᠪᠠᠶᠢᠳᠠᠯ ᠲᠠᠢ ᠵᠣᠬᠢᠴᠠᠭᠰᠠᠨ ᠰᠢᠨ᠎ᠡ ᠵᠠᠬ᠎ᠠ ᠳᠡᠯᠭᠡᠭᠦᠷ ᠤᠨ ᠲᠡᠩᠴᠡᠭᠦᠷᠢ ᠶᠢ ᠪᠤᠢ ᠪᠣᠯᠭᠠᠬᠤ ᠬᠡᠷᠡᠭᠲᠡᠢ᠃ | ᠬᠤᠳᠠ ᠶᠢᠨ ᠰᠢᠨᠡᠴᠢᠯᠡᠯᠲᠡ ᠨᠢ ᠨᠢᠭᠡ ᠲᠠᠯ᠎ᠠ ᠪᠠᠷ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠲᠠᠢ | ᠬᠤᠯᠪᠣᠭᠳᠠᠵᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠲᠤᠳᠠᠭᠳᠠᠯ ᠢ ᠨᠦᠬᠦᠪᠦᠷᠢᠯᠡᠨ᠎ᠡ᠂ ᠨᠦᠬᠦᠬᠡ | ᠲᠠᠯ᠎ᠠ ᠪᠠᠷ ᠬᠤᠳᠠ ᠶᠢᠨ ᠬᠥᠭᠵᠢᠯᠲᠡ ᠲᠠᠢ ᠬᠤᠯᠪᠣᠭᠳᠠᠵᠤ᠂ ᠨᠢᠭᠡ ᠬᠤᠳᠠ ᠶᠢᠨ ᠥᠷᠢᠰᠦᠯᠳᠦᠬᠦ ᠬᠦᠴᠦᠨ ᠪᠠ | ᠠᠮᠢᠵᠢᠷᠠᠯ ᠤᠨ ᠬᠦᠴᠦᠨ ᠢ ᠰᠢᠨᠡᠳᠬᠡᠵᠦ ᠴᠢᠳᠠᠨ᠎ᠠ᠃ | 2024 ᠣᠨ ᠠᠴᠠ ᠨᠠᠰᠢ᠂ ᠱᠠᠩᠬᠠᠢ ᠬᠤᠳᠠ ᠶᠢᠨ ᠳᠡᠳ᠋ ᠬᠤᠳᠠ ᠶᠢᠨ ᠲᠥᠪ ᠤᠨ ᠨᠡᠭᠡᠭᠡᠨ ᠬᠥᠭᠵᠢᠭᠦᠯᠦᠯᠲᠡ | ᠪᠦᠲᠦᠭᠡᠨ ᠪᠠᠶᠢᠭᠤᠯᠤᠯᠲᠠ ᠪᠠᠰᠠ ᠰᠢᠨ᠎ᠡ ᠪᠠᠶᠢᠳᠠᠯ ᠲᠠᠢ ᠪᠣᠯᠪᠠ᠃ ᠡᠨᠡ ᠬᠦ ᠣᠳᠣᠬᠢᠴᠢᠯᠠᠭᠰᠠᠨ᠂ ᠣᠯᠠᠨ | ᠴᠢᠳᠠᠮᠵᠢ ᠲᠠᠢ ᠬᠤᠲᠠ ᠶᠢᠨ ᠶᠡᠷᠦᠩᠬᠡᠶᠢᠯᠡᠭᠰᠡᠨ ᠴᠣᠭᠴᠠ ᠪᠣᠯ ᠦᠩᠭᠡᠷᠡᠭᠰᠡᠨ ᠤ ᠱᠠᠩᠬᠠᠢ ᠶᠢᠨ ᠲᠥᠪ ᠬᠤᠲᠠ ᠶᠢᠨ | ᠲᠣᠭᠤᠷᠢᠭ ᠤᠨ ᠬᠡᠪᠴᠢᠶ᠎ᠡ ᠪᠠᠷ ᠬᠠᠮᠤᠭ ᠤᠨ ᠶᠡᠭᠡ ᠬᠤᠲᠠ ᠶᠢᠨ ᠳᠤᠮᠳᠠᠬᠢ ᠲᠣᠰᠬᠤᠨ ᠪᠣᠯᠬᠤ ︽ᠤᠯᠠᠭᠠᠨ ᠲᠤᠭᠴᠢ | ᠲᠣᠰᠬᠤᠨ︾ ᠪᠣᠯᠣᠨ᠎ᠠ᠃ | ᠲᠤᠬᠠᠢ ᠶᠢᠨ ᠦᠶ᠎ᠡ ᠳᠤ ᠤᠯᠠᠭᠠᠨ ᠲᠤᠭᠴᠢ ᠲᠣᠰᠬᠤᠨ ᠤ ︽ᠬᠤᠳᠠ ᠶᠢᠨ ᠲᠤᠮᠳᠠᠬᠢ ᠲᠣᠰᠬᠤᠨ︾ ᠢ | ᠥᠭᠡᠷᠡᠴᠢᠯᠡᠬᠦ ᠵᠢᠯᠤᠭᠤᠳᠬᠤ ᠭᠠᠵᠠᠷ ᠤᠨ ᠪᠠᠶᠢᠩᠭᠤ ᠶᠢᠨ ᠳᠡᠳ᠋ ᠶᠡᠷᠦᠩᠬᠡᠢ ᠵᠢᠯᠣᠭᠤᠳᠤᠭᠴᠢ᠂ ᠱᠠᠩᠬᠠᠢ ᠶᠢᠨ ᠵᠦᠩ | ᠬᠤᠸᠠᠨ ᠪᠡᠯᠡ ᠣᠷᠣᠭᠤᠯᠵᠤ ᠨᠡᠭᠡᠭᠡᠨ ᠬᠥᠭᠵᠢᠭᠦᠯᠬᠦ ︵ᠪᠦᠯᠦᠭᠯᠡᠯ︶ ᠬᠢᠵᠠᠭᠠᠷᠲᠤ ᠺᠣᠮᠫᠠᠨᠢ ᠶᠢᠨ ᠨᠠᠮ ᠤᠨ | ᠬᠤᠷᠢᠶ᠎ᠠ ᠶᠢᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠬᠤ᠋ ᠯᠢ ᠭᠠᠩ᠄ ᠤᠤᠯ ᠨᠢ ᠡᠨᠡ ᠭᠠᠵᠠᠷ ᠭᠤᠣᠯᠳᠠᠭᠤ | ᠠᠩᠬ᠎ᠠ ᠵᠡᠷᠭᠡ ᠶᠢᠨ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠪᠠᠶᠢᠵᠠᠢ᠂ ᠶᠢᠰᠦᠨ ᠶᠡᠭᠡ ᠵᠠᠬ᠎ᠠ ᠳᠡᠯᠭᠡᠭᠦᠷ᠂ | ᠵᠢᠮᠢᠰ ᠤᠨ ᠵᠠᠬ᠎ᠠ ᠳᠡᠯᠭᠡᠭᠦᠷ᠂ ᠤᠰᠤᠨ ᠭᠠᠷᠤᠯᠲᠠ ᠶᠢᠨ ᠵᠠᠬ᠎ᠠ ᠳᠡᠯᠭᠡᠭᠦᠷ ᠪᠤᠢ᠃ ᠭᠠᠵᠠᠷ ᠡᠵᠡᠯᠡᠬᠦ ᠨᠢ ᠶᠡᠭᠡ᠂ | ᠳᠦᠷᠢᠮ ᠠᠴᠠ ᠵᠥᠷᠢᠴᠡᠭᠰᠡᠨ ᠪᠠᠷᠢᠯᠭ᠎ᠠ ᠨᠢ ᠠᠷᠪᠢᠨ᠂ ᠭᠠᠵᠠᠷ ᠰᠢᠷᠣᠢ ᠶᠢᠨ ᠠᠰᠢᠭᠯᠠᠯᠲᠠ ᠶᠢᠨ ᠨᠤᠷᠮ᠎ᠠ ᠨᠢ | ᠪᠠᠷᠤᠭᠲᠠᠢ᠂ ᠣᠷᠴᠢᠨ ᠠᠬᠤᠢ᠂ ᠵᠠᠮ ᠬᠠᠷᠢᠯᠴᠠᠭ᠎ᠠ ᠨᠢ ᠡᠷᠬᠢᠨ ᠲᠣᠭᠤᠷᠢᠨ ᠤ ᠰᠠᠭᠤᠭᠠᠯᠢ ᠠᠷᠠᠳ ᠲᠤ ᠮᠠᠰᠢ ᠶᠡᠭᠡ | ᠨᠥᠯᠥᠭᠡ ᠲᠠᠢ ᠪᠠᠶᠢᠵᠠᠢ᠃ | ᠤᠯᠠᠭᠠᠨ ᠲᠤᠭᠴᠢ ᠲᠣᠰᠬᠤᠨ ᠢ ᠬᠡᠷᠬᠢᠨ ᠬᠤᠳᠠ ᠶᠢᠨ ᠬᠥᠭᠵᠢᠯᠲᠡ ᠶᠢᠨ ᠠᠯᠬᠤᠴᠠ ᠶᠢ ᠲᠠᠭᠠᠵᠦ ᠠᠮᠵᠢᠬᠤ | ᠪᠤᠯᠭᠠᠨ ᠬᠤᠪᠢᠷᠠᠭᠤᠯᠤᠭᠰᠠᠨ ᠪᠤᠢ︖ ᠬᠠᠷᠢᠭᠤᠯᠲᠠ ᠨᠢ ᠶᠠᠭ ᠬᠤᠲᠠ ᠶᠢᠨ ᠰᠢᠨᠡᠴᠢᠯᠡᠯᠲᠡ ᠪᠣᠯᠣᠨ᠎ᠠ᠃ | ᠬᠤᠳᠠ ᠶᠢᠨ ᠳᠤᠮᠳᠠᠬᠢ ᠲᠣᠰᠬᠤᠨ ᠢ ᠥᠭᠡᠷᠡᠴᠢᠯᠡᠬᠦ ᠪᠠᠷ ᠳᠠᠮᠵᠢᠭᠤᠯᠵᠤ᠂ ᠶᠢᠰᠦᠨ ᠶᠡᠭᠡ ᠠᠩᠬ᠎ᠠ ᠵᠡᠷᠭᠡ ᠶᠢᠨ ᠵᠠᠬ᠎ᠠ | ᠳᠡᠯᠭᠡᠭᠦᠷ ᠢ ᠬᠠᠭᠠᠵᠤ᠂ ᠦᠯᠡᠳᠡᠭᠡᠯ ᠬᠡᠷᠡᠭᠯᠡᠭᠡᠨ ᠤ ᠭᠠᠵᠠᠷ ᠢ ᠠᠮᠢᠯᠠᠭᠤᠯᠵᠤ᠂ ᠬᠡᠯᠪᠡᠷᠢ ᠬᠤᠪᠢᠷᠠᠭᠤᠯᠤᠨ ᠲᠡᠰ | ᠳᠡᠪᠰᠢᠭᠦᠯᠪᠡ᠃ | ᠬᠡᠳᠦᠨ ᠵᠢᠯ ᠤᠨ ᠪᠦᠲᠦᠭᠡᠨ ᠪᠠᠶᠢᠭᠤᠯᠤᠯᠲᠠ ᠪᠠᠷ ᠲᠠᠮᠵᠢᠨ᠂ ᠡᠨᠡ ᠵᠢᠯ ᠤᠨ ᠡᠴᠦᠰ ᠪᠣᠯᠬᠤ ᠳᠤ᠂ | ᠥᠩᠭᠡᠷᠡᠭᠰᠡᠨ ᠤ ︽ᠠᠷᠠᠳ ᠤᠨ ᠠᠮᠢᠳᠤᠷᠠᠯ ᠤᠨ ᠬᠤᠲᠣᠭᠤᠷ ᠭᠠᠵᠠᠷ︾ ᠤᠯᠠᠭᠠᠨ ᠲᠤᠭᠴᠢ ᠲᠣᠰᠬᠤᠨ ᠨᠢ ︽ | ᠢᠳᠡᠪᠬᠢᠳᠡᠢ ᠬᠤᠪᠢᠷᠠᠯᠲᠠ︾ ᠶᠢ ᠪᠡᠶᠡᠯᠡᠭᠦᠯᠵᠦ᠂ ᠱᠠᠩᠬᠠᠢ ᠶᠢᠨ ᠲᠣᠭᠠᠴᠢᠯᠠᠭᠰᠠᠨ ᠬᠡᠯᠪᠡᠷᠢ ᠬᠤᠪᠢᠷᠠᠭᠤᠯᠬᠤ ᠵᠢᠱᠢᠶ᠎ᠡ | ᠦᠵᠡᠭᠦᠯᠬᠦ ᠲᠣᠭᠤᠷᠢᠭ ︽ᠬᠠᠶᠢᠨ᠎ᠠ ᠪᠠᠯᠭᠠᠰᠤ︾ ᠶᠢᠨ ᠭᠤᠣᠯ ᠣᠷᠣᠨ ᠪᠣᠯᠵᠤ᠂ ᠤᠯᠠᠮ ᠠᠴᠠ ᠤᠯᠠᠮ ᠤᠯᠠᠨ ᠠᠵᠤ | ᠠᠬᠤᠶᠢᠯᠠᠯ ᠪᠣᠯᠣᠨ ᠴᠢᠳᠠᠪᠤᠷᠢᠲᠠᠨ ᠢ ᠠᠳᠡ ᠠᠪᠴᠢᠷᠠᠵᠤ ᠬᠦᠭᠵᠢᠯᠳᠡ ᠳᠤ ᠤᠷᠤᠯᠴᠠᠭᠤᠯᠵᠠᠢ᠃ | ᠵᠥᠪᠬᠡᠨ ᠤᠯᠠᠭᠠᠨ ᠲᠤᠭᠴᠢ ᠲᠣᠰᠬᠤᠨ ᠢᠶᠠᠷ ᠵᠣᠭᠰᠣᠬᠤ ᠦᠭᠡᠢ᠂ ᠱᠠᠩᠬᠠᠢ ᠶᠢᠨ ᠶᠡᠷᠦᠩᠬᠡᠶᠢᠯᠡᠭᠰᠡᠨ ᠣᠷᠣᠨ | ᠪᠦᠰᠡ ᠶᠢᠨ ᠪᠦᠬᠦᠯᠢ ᠴᠣᠭᠴᠠ ᠶᠢᠨ ᠰᠢᠨ᠎ᠡ ᠠᠵᠢᠯᠯᠠᠭ᠎ᠠ ᠦᠷᠭᠦᠯᠵᠢᠯᠡᠨ ᠠᠬᠢᠵᠤ᠂ ᠬᠤᠸᠠᠩ ᠫᠦ᠋ ᠵᠢᠶᠠᠩ ᠮᠥᠷᠡᠨ ᠤ | ᠬᠥᠪᠡᠭᠡᠨ ᠳᠠᠬᠢ ᠰᠢᠦᠢ ᠬᠤᠢ ᠪᠢᠨ ᠵᠢᠶᠠᠩ ᠲᠤᠭᠤᠷᠢᠭ ᠴᠤ ᠬᠤᠳᠠ ᠶᠢᠨ ᠰᠢᠨᠡᠴᠢᠯᠡᠯᠲᠡ ᠪᠠᠷ ᠲᠠᠮᠵᠢᠵᠤ᠂ | ᠥᠩᠭᠡᠷᠡᠭᠰᠡᠨ ᠤ ᠪᠢᠲᠡᠭᠦᠮᠵᠢᠯᠡᠭᠰᠡᠨ ᠬᠠᠭᠤᠴᠢᠨ ᠠᠵᠤ ᠦᠢᠯᠡᠳᠪᠦᠷᠢ ᠶᠢᠨ ᠲᠣᠭᠤᠷᠢᠭ ᠠᠴᠠ ᠠᠯᠬᠤᠮ ᠠᠯᠬᠤᠮ ᠢᠶᠠᠷ | ᠣᠷᠣᠨ ᠪᠦᠰᠡ ᠶᠢᠨ ᠬᠥᠭᠵᠢᠯᠲᠡ ᠶᠢᠨ ᠰᠢᠨ᠎ᠡ ᠥᠨᠳᠦᠷᠯᠢᠭ ᠪᠣᠯᠵᠤ ᠬᠤᠪᠢᠷᠠᠪᠠ᠃ | ᠴᠢᠩᠬᠤᠸᠠ ᠶᠡᠭᠡ ᠰᠤᠷᠭᠠᠭᠤᠯᠢ ᠶᠢᠨ ᠳᠤᠮᠳᠠᠳᠤ ᠤᠯᠤᠰ ᠤᠨ ᠬᠥᠭᠵᠢᠯᠲᠡ ᠶᠢᠨ ᠲᠥᠯᠦᠪᠵᠢᠭᠦᠯᠭᠡ ᠶᠢᠨ | ᠰᠤᠳᠤᠯᠭᠠᠨ ᠤ ᠬᠦᠷᠢᠶᠡᠯᠡᠩ ᠤᠨ ᠪᠠᠶᠢᠩᠭᠤ ᠶᠢᠨ ᠳᠡᠳ᠋ ᠳᠠᠷᠤᠭ᠎ᠠ ᠳ᠋ᠦᠩ ᠢᠦᠢ᠄ ᠬᠤᠳᠠ ᠶᠢᠨ ᠰᠢᠨᠡᠴᠢᠯᠡᠯᠲᠡ ᠨᠢ | ᠣᠷᠣᠨ ᠪᠦᠰᠡ ᠶᠢᠨ ᠠᠵᠤ ᠠᠬᠤᠢ ᠶᠢᠨ ᠬᠥᠭᠵᠢᠯᠲᠡ ᠳᠤ ᠣᠮᠲᠣᠭᠠᠶᠢᠯᠠᠵᠤ ᠪᠣᠯᠣᠰᠢ ᠦᠭᠡᠢ ᠴᠢᠬᠤᠯᠠ | ᠦᠢᠯᠡᠳᠦᠯ ᠲᠠᠢ ᠶᠤᠮ᠂ ᠬᠤᠳᠠ ᠶᠢᠨ ᠰᠢᠨᠡᠴᠢᠯᠡᠯᠲᠡ ᠳᠤ ᠪᠠᠰᠠ ᠨᠢᠭᠡᠨ ᠣᠨᠴᠠᠭᠠᠢ ᠴᠢᠬᠤᠯᠠ ᠠᠴᠢ | ᠬᠤᠯᠪᠣᠭᠳᠠᠯ ᠲᠠᠢ ᠶᠤᠮ᠂ ᠳᠠᠷᠤᠢ ᠰᠢᠨ᠎ᠡ ᠮᠡᠷᠭᠡᠵᠢᠯ ᠤᠨ ᠴᠢᠬᠤᠯᠠ ᠲᠤᠷᠰᠢᠯᠲᠠ ᠶᠢᠨ ᠲᠠᠯᠠᠪᠤᠷ ᠪᠣᠯᠣᠨ᠎ᠠ᠃ | ᠬᠤᠲᠠ ᠶᠢᠨ ᠰᠠᠭᠤᠷᠢ ᠲᠥᠬᠦᠭᠡᠷᠦᠮᠵᠢ᠂ ᠵᠠᠮ᠂ ᠪᠠᠷᠢᠯᠭ᠎ᠠ᠂ ᠦᠢᠯᠡᠴᠢᠯᠡᠭᠡᠨ ᠤ ᠲᠥᠬᠦᠭᠡᠷᠦᠮᠵᠢ ᠨᠢ ᠡᠯ᠎ᠡ ᠵᠦᠢᠯ ᠤᠨ | ᠣᠶᠤᠨᠴᠢ ᠮᠡᠷᠭᠡᠵᠢᠯ ᠪᠠ ᠠᠷᠭ᠎ᠠ ᠪᠠᠷᠢᠯ ᠢ ᠣᠷᠣᠭᠤᠯᠤᠨ ᠠᠪᠴᠢᠷᠠᠵᠤ᠂ ᠢᠷᠡᠭᠡᠳᠦᠢ ᠶᠢᠨ ᠬᠥᠮᠥᠰ ᠲᠤ ᠨᠠᠩ ᠡᠷᠡᠭᠦᠯ | ᠂ ᠲᠠᠭᠠᠯᠠᠮᠵᠢᠲᠠᠢ᠂ ᠪᠣᠬᠢᠷᠲᠤᠯ ᠦᠭᠡᠢ ᠠᠮᠢᠳᠤᠷᠠᠯ ᠤᠨ ᠣᠷᠴᠢᠨ ᠲᠣᠭᠤᠷᠢᠨ ᠢ ᠡᠳ᠋ᠯᠡᠭᠦᠯᠬᠦ ᠪᠤᠯᠤᠯᠴᠠᠭ᠎ᠠ ᠲᠠᠢ ᠶᠤᠮ᠃ | | ᠣᠳᠣᠬᠠᠨ ᠳᠤ ᠮᠠᠨ ᠤ ᠤᠯᠤᠰ ᠲᠤ᠄ | 6.6 ᠲᠦᠮᠡ ᠭᠠᠷᠤᠢ ᠬᠤᠳᠠ ᠶᠢᠨ ᠰᠢᠨᠡᠴᠢᠯᠡᠯᠳᠡ ᠶᠢᠨ ᠲᠦᠷᠦᠯ ᠵᠦᠢᠯ ᠢ ᠬᠡᠷᠡᠭᠵᠢᠭᠦᠯᠪᠡ︔ | ᠬᠤᠲᠠ ᠪᠠᠯᠭᠠᠰᠤᠨ ᠤ ᠬᠠᠭᠤᠴᠢᠨ ᠤᠷᠤᠨ ᠰᠠᠭᠤᠴᠠ ᠶᠢᠨ ᠲᠣᠭᠤᠷᠢᠭ ᠢ ᠨᠡᠶᠢᠲᠡ 25 ᠲᠦᠮᠡ ᠭᠠᠷᠤᠢ | ᠥᠭᠡᠷᠡᠴᠢᠯᠡᠨ ᠪᠠᠶᠢᠭᠤᠯᠵᠤ᠂ 1 ᠳ᠋ᠦᠩᠰᠢᠭᠤᠷ ᠭᠠᠷᠤᠢ ᠬᠥᠮᠥᠨ ᠳᠤ ᠠᠰᠢᠭ ᠭᠥᠷᠳᠡᠪᠡ︔ | 12.5 ᠲᠦᠮᠡᠨ ᠴᠠᠬᠢᠯᠭᠠᠨ ᠱᠠᠲᠤ ᠶᠢ ᠨᠡᠮᠡᠵᠦ ᠤᠭᠰᠠᠷᠠᠪᠠ︔ | 32.6 ᠲᠦᠮᠡᠨ ᠺᠢᠯᠣᠮᠧᠲᠷ ᠤᠰᠤ ᠴᠠᠬᠢᠯᠭᠠᠨ ᠬᠡᠢ ᠢᠯᠴᠢ ᠵᠡᠷᠭᠡ ᠬᠠᠭᠤᠴᠢᠷᠠᠭᠰᠠᠨ ᠬᠤᠭᠤᠯᠠᠢ ᠲᠤᠤᠷ ᠢ | ᠥᠭᠡᠷᠡᠴᠢᠯᠡᠨ ᠲᠡᠭᠡᠭᠰᠢᠯᠡᠭᠦᠯᠵᠡᠢ᠂ ᠪᠠᠷᠤᠭ ᠳᠡᠯᠡᠬᠡᠢ ᠶᠢᠨ ᠪᠦᠰᠡᠯᠡᠭᠦᠷ ᠤᠨ 8 ᠲᠠᠬᠢᠨ ᠲᠠᠢ ᠲᠡᠩᠴᠡᠨ᠎ᠡ︔ | 4 ᠲᠦᠮᠡ ᠭᠠᠷᠤᠢ ᠪᠢᠴᠢᠯ ᠴᠡᠴᠡᠷᠯᠢᠭ ᠪᠠᠶᠢᠭᠤᠯᠵᠤ᠂ 10 ᠲᠦᠮᠡ ᠭᠠᠷᠤᠢ ᠺᠢᠯᠣᠮᠧᠲᠷ ᠬᠤᠳᠠ ᠶᠢᠨ | ᠪᠤᠬᠢᠷᠳᠤᠯ ᠦᠭᠡᠢ ᠵᠠᠮ ᠪᠠᠶᠢᠭᠤᠯᠪᠠ᠃ | ᠭᠡᠷ ᠤᠨ ᠡᠭᠦᠳᠡᠨ ᠳᠤ ︽ ᠪᠢᠴᠢᠯ ᠴᠡᠴᠡᠷᠯᠢᠭ︾ ᠪᠠᠶᠢᠭᠤᠯᠤᠭᠰᠠᠨ᠂ ᠥᠨᠳᠥᠷ ᠲᠤᠯᠭᠠᠭᠤᠷᠢᠳᠦ ᠵᠠᠮ ᠤᠨ | ᠳᠣᠣᠷ᠎ᠠ ᠤᠯᠠᠠ ᠨᠡᠶᠢᠲᠡ ᠶᠢᠨ ᠠᠵᠢᠯᠯᠠᠭᠠᠨ ᠤ ᠣᠷᠣᠨ ᠵᠠᠢ ᠲᠦᠯᠦᠪᠵᠢᠭᠦᠯᠦᠭᠰᠡᠨ᠂ ᠲᠡᠦᠬᠡ ᠰᠣᠶᠣᠯ ᠤᠨ ᠵᠡᠭᠡᠯᠢ | ᠲᠣᠭᠤᠷᠢᠭ ᠤᠨ ᠰᠤᠶᠤᠯ ᠤᠨ ᠰᠤᠳᠠᠰᠤ ᠶᠢ ᠬᠠᠳᠠᠭᠠᠯᠠᠭᠰᠠᠨ᠂ ᠬᠠᠭᠤᠴᠢᠨ ᠠᠵᠤ ᠦᠢᠯᠡᠳᠪᠦᠷᠢ ᠶᠢᠨ ᠲᠤᠭᠤᠷᠢᠭ ᠢ | ᠦᠭᠡᠷᠡᠴᠢᠯᠡᠨ ᠬᠡᠷᠡᠭᠯᠡᠭᠡᠨ ᠤ ᠰᠢᠨ᠎ᠡ ᠭᠠᠵᠠᠷ ᠤᠨ ᠲᠡᠮᠳᠡᠭ ᠪᠤᠯᠭᠠᠨ ᠪᠦᠳᠦᠭᠡᠨ ᠪᠠᠶᠢᠭᠤᠯᠤᠭᠰᠠᠨ ᠨᠢ ᠬᠤᠳᠠ ᠶᠢᠨ | ᠬᠤᠪᠢᠷᠠᠯᠲᠠ ᠶᠢ ᠭᠡᠷᠡᠴᠢᠯᠡᠵᠦ᠂ ᠬᠥᠮᠥᠰ ᠤᠨ ᠰᠠᠶᠢᠨ ᠰᠠᠶᠢᠬᠠᠨ ᠠᠮᠢᠳᠤᠷᠠᠯ ᠪᠣᠯᠣᠨ ᠢᠷᠡᠭᠡᠳᠦᠢ ᠶᠢᠨ | ᠬᠥᠭᠵᠢᠯᠲᠡ ᠶᠢᠨ ᠲᠤᠬᠠᠢ ᠢᠲᠡᠭᠡᠯ ᠢ ᠨᠡᠮᠡᠭᠳᠡᠭᠦᠯᠵᠡᠢ᠃ | ᠢᠷᠡᠯᠲᠡ᠄ ᠲᠥᠪ ᠲᠧᠯᠸᠢᠰ ᠤᠨ ᠰᠣᠨᠢᠨ ᠮᠡᠳᠡᠭᠡ |