ᠥᠰᠥᠭ ᠪᠢᠴᠢᠭ ᠤᠨ ᠲᠠᠶᠢᠯᠤᠮᠵᠢ᠄ ︽ᠪᠠᠷᠢᠯᠭ᠎ᠠ ᠶᠢᠨ ᠠᠵᠤ ᠦᠢᠯᠡᠳᠪᠦᠷᠢᠵᠢᠭᠦᠯᠦᠯᠲᠡ᠂ ᠲᠣᠭᠠᠴᠢᠯᠠᠯᠲᠠ᠂ ᠪᠣᠬᠢᠷᠲᠤᠯ ᠦᠭᠡᠢ ᠬᠦᠭᠵᠢᠯᠳᠡ ᠶᠢᠨ ᠠᠵᠢᠯ ᠢ ᠴᠢᠩᠭᠠᠳᠬᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠮᠡᠳᠡᠭᠳᠡᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2025/1/2
      ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ        ᠨᠢᠭᠡ᠂ ᠨᠡᠶᠢᠲᠡᠯᠡᠭᠰᠡᠨ ᠠᠬᠤᠢ ᠪᠠᠶᠢᠳᠠᠯ      ᠪᠠᠷᠢᠯᠭ᠎ᠠ ᠶᠢᠨ ᠬᠦᠷᠢᠶᠡᠨ ᠤ ᠬᠡᠯᠪᠡᠷᠢ ᠬᠤᠪᠢᠷᠠᠭᠤᠯᠤᠨ ᠳᠡᠰ ᠳᠡᠪᠰᠢᠬᠦ ᠪᠠ ᠴᠢᠨᠠᠷ ᠰᠠᠶᠢᠲᠠᠢ ᠬᠦᠭᠵᠢᠯᠳᠡ ᠶᠢ ᠠᠬᠢᠭᠤᠯᠵᠤ᠂ ᠪᠠᠷᠢᠯᠭ᠎ᠠ ᠶᠢᠨ ᠠᠵᠤ ᠦᠢᠯᠡᠳᠪᠦᠷᠢᠵᠢᠯᠲᠡ᠂ ᠲᠣᠭᠠᠴᠢᠯᠠᠯᠲᠠ᠂ ᠪᠣᠬᠢᠷᠲᠤᠯ ᠦᠭᠡᠢ ᠬᠥᠭᠵᠢᠯᠲᠡ ᠶᠢᠨ ᠠᠭᠤᠰᠤᠯᠳᠤᠯ ᠢ ᠠᠬᠢᠭᠤᠯᠵᠤ᠂ ᠠᠵᠤ ᠦᠢᠯᠡᠳᠪᠦᠷᠢᠵᠢᠯᠲᠡ ᠶᠢᠨ ᠦᠢᠯᠡᠳᠪᠦᠷᠢᠯᠡᠯ ᠤᠨ ᠠᠷᠭ᠎ᠠ ᠮᠠᠶ᠋ᠢᠭ ᠤᠨ ᠦᠷ᠎ᠡ ᠠᠰᠢᠭ ᠢ ᠳᠡᠭᠡᠭᠰᠢᠯᠡᠭᠦᠯᠵᠦ᠂ ᠲᠣᠭᠠᠵᠢᠭᠤᠯᠬᠤ ᠠᠷᠭ᠎ᠠ ᠪᠠᠷᠢᠯ ᠢᠶᠠᠷ ᠬᠠᠮᠢᠶᠠᠷᠤᠯᠲᠠ ᠶᠢ ᠰᠢᠯᠢᠳᠡᠭᠵᠢᠭᠦᠯᠵᠦ᠂ ᠪᠣᠬᠢᠷᠲᠤᠯ ᠦᠭᠡᠢ ᠬᠦᠭᠵᠢᠯᠳᠡ ᠶᠢᠨ ᠣᠨᠣᠯᠵᠢᠬᠤᠨ ᠢᠶᠠᠷ ᠦᠷᠭᠦᠯᠵᠢᠯᠡᠨ ᠬᠦᠭᠵᠢᠭᠦᠯᠬᠦ ᠶᠢ ᠠᠬᠢᠭᠤᠯᠤᠨ᠂ ᠪᠠᠷᠢᠯᠭ᠎ᠠ ᠶᠢᠨ ᠦᠢᠯᠡᠰ ᠤᠨ ᠴᠢᠨᠠᠷ ᠰᠠᠶᠢᠲᠠᠢ᠂ ᠦᠷ᠎ᠡ ᠠᠰᠢᠭ ᠥᠨᠳᠥᠷ᠂ ᠬᠤᠷᠣᠭᠳᠠᠯ ᠪᠠᠭ᠎ᠠ᠂ ᠭᠠᠳᠠᠭᠰᠢᠯᠠᠭᠤᠯᠤᠯᠲᠠ ᠪᠠᠭ᠎ᠠ ᠴᠢᠭᠯᠡᠯ ᠳᠠᠰᠢ ᠬᠥᠭᠵᠢᠬᠦ ᠶᠢ ᠠᠬᠢᠭᠤᠯᠵᠤ᠂ ︽ᠪᠠᠷᠢᠯᠭ᠎ᠠ ᠶᠢᠨ ᠠᠵᠤ ᠦᠢᠯᠡᠳᠪᠦᠷᠢᠵᠢᠭᠦᠯᠦᠯᠲᠡ᠂ ᠲᠣᠭᠠᠴᠢᠯᠠᠯᠲᠠ᠂ ᠪᠣᠬᠢᠷᠲᠤᠯ ᠦᠭᠡᠢ ᠬᠦᠭᠵᠢᠯᠳᠡ ᠶᠢᠨ ᠠᠵᠢᠯ ᠢ ᠴᠢᠩᠭᠠᠳᠬᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃       ᠬᠤᠶᠠᠷ᠂ ᠦᠨᠳᠦᠰᠦᠨ ᠪᠣᠷᠣ ᠲᠥᠯᠥᠪ      ︽ᠮᠡᠳᠡᠭᠳᠡᠯ︾ ᠳᠤ᠂ ᠶᠡᠷᠦᠩᠬᠡᠢ ᠱᠠᠭᠠᠷᠳᠠᠯᠭ᠎ᠠ᠂ ᠭᠤᠣᠯ ᠡᠭᠦᠷᠭᠡ᠂ ᠭᠤᠣᠯᠳᠠᠯᠭ᠎ᠠ ᠲᠠᠢ ᠠᠵᠢᠯ᠂ ᠲᠤᠷᠰᠢᠯᠲᠠ ᠴᠡᠭ ᠥᠷᠨᠢᠭᠦᠯᠬᠦ ᠠᠵᠢᠯ ᠪᠠ ᠠᠵᠢᠯ ᠤᠨ ᠱᠠᠭᠠᠷᠳᠠᠯᠭ᠎ᠠ ᠭᠡᠵᠦ ᠨᠡᠶᠢᠲᠡ ᠲᠠᠪᠤᠨ ᠬᠡᠰᠡᠭ ᠬᠤᠪᠢᠶᠠᠨ᠎ᠠ᠃ ᠭᠤᠣᠯ ᠡᠭᠦᠷᠭᠡ ᠳᠤ᠂ ᠪᠠᠷᠢᠯᠭ᠎ᠠ ᠶᠢᠨ ᠬᠦᠷᠢᠶᠡᠨ ᠤ ᠠᠵᠤ ᠦᠢᠯᠡᠳᠪᠦᠷᠢᠵᠢᠯᠲᠡ ᠶᠢᠨ ᠬᠥᠭᠵᠢᠯᠲᠡ ᠶᠢ ᠠᠬᠢᠭᠤᠯᠬᠤ᠂ ᠪᠠᠷᠢᠯᠭ᠎ᠠ ᠶᠢᠨ ᠬᠦᠷᠢᠶᠡᠨ ᠤ ᠲᠣᠭᠠᠴᠢᠯᠠᠭᠰᠠᠨ ᠬᠥᠭᠵᠢᠯᠲᠡ ᠶᠢ ᠠᠬᠢᠭᠤᠯᠬᠤ᠂ ᠪᠠᠷᠢᠯᠭ᠎ᠠ ᠶᠢᠨ ᠬᠦᠷᠢᠶᠡᠨ ᠤ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠬᠤ ᠵᠡᠷᠭᠡ ᠭᠤᠷᠪᠠᠨ ᠵᠦᠢᠯ ᠪᠠᠭᠳᠠᠭᠠᠨ᠎ᠠ᠃ ᠭᠤᠣᠯᠳᠠᠯᠭ᠎ᠠ ᠲᠠᠢ ᠠᠵᠢᠯ ᠳᠤ᠂ ᠲᠣᠨᠣᠭᠯᠠᠭᠠᠰᠤ ᠪᠠ ᠤᠭᠰᠠᠷᠠᠭ᠎ᠠ ᠲᠣᠨᠤᠭ ᠤᠨ ᠦᠢᠯᠡᠳᠪᠦᠷᠢᠯᠡᠯ ᠢ ᠰᠢᠯᠢᠳᠡᠭᠵᠢᠭᠦᠯᠬᠦ᠂ ᠪᠣᠬᠢᠷᠲᠤᠯ ᠦᠭᠡᠢ ᠪᠦᠲᠦᠭᠡᠨ ᠪᠠᠶᠢᠭᠤᠯᠤᠯᠲᠠ ᠶᠢᠨ ᠮᠡᠷᠭᠡᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠬᠦ᠂ ᠪᠠᠷᠢᠯᠭ᠎ᠠ ᠶᠢᠨ ᠮᠡᠳᠡᠭᠡ ᠵᠠᠩᠭᠢ ᠶᠢᠨ ᠵᠠᠭᠪᠤᠷ ︵BIM︶ ᠤᠨ ᠮᠡᠷᠭᠡᠵᠢᠯ ᠤᠨ ᠪᠥᠬᠦ ᠶᠠᠪᠤᠴᠠ ᠶᠢᠨ ᠬᠡᠷᠡᠭᠯᠡᠯᠲᠡ ᠶᠢ ᠳᠡᠯᠭᠡᠷᠡᠭᠦᠯᠬᠦ᠂ ᠣᠶᠤᠨᠴᠢ ᠪᠦᠲᠦᠭᠡᠨ ᠪᠠᠶᠢᠭᠤᠯᠤᠯᠲᠠ ᠶᠢᠨ ᠮᠡᠷᠭᠡᠵᠢᠯ ᠤᠨ ᠬᠥᠭᠵᠢᠯᠲᠡ ᠶᠢ ᠠᠬᠢᠭᠤᠯᠬᠤ᠂ AI ᠮᠡᠷᠭᠡᠵᠢᠯ ᠤᠨ ᠬᠡᠷᠡᠭᠯᠡᠯᠲᠡ ᠶᠢ ᠰᠦᠪᠡᠭᠴᠢᠯᠡᠬᠦ ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠠᠷᠢᠯᠭ᠎ᠠ ᠶᠢ ᠬᠥᠭᠵᠢᠭᠦᠯᠬᠦ᠂ ᠪᠠᠷᠢᠯᠭ᠎ᠠ ᠳᠤ ᠬᠡᠷᠡᠭᠯᠡᠬᠦ ᠡᠨᠧᠷᠭᠢ ᠶᠢᠨ ᠪᠦᠲᠦᠴᠡ ᠶᠢ ᠰᠢᠯᠢᠳᠡᠭᠵᠢᠭᠦᠯᠬᠦ ᠵᠡᠷᠭᠡ ᠲᠤᠯᠤᠭᠠᠨ ᠵᠦᠢᠯ ᠪᠠᠭᠳᠠᠭᠠᠨ᠎ᠠ᠃ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠬᠦ ᠳᠤ᠂ ᠲᠤᠷᠰᠢᠯᠲᠠ ᠶᠢᠨ ᠴᠡᠭ ᠤᠨ ᠲᠥᠷᠥᠯ ᠵᠦᠢᠯ ᠤᠨ ᠱᠠᠭᠠᠷᠳᠠᠯᠭ᠎ᠠ᠂ ᠲᠤᠷᠰᠢᠯᠲᠠ ᠶᠢᠨ ᠴᠡᠭ ᠤᠨ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠠᠭᠤᠯᠭ᠎ᠠ ᠪᠠ ᠲᠤᠷᠰᠢᠯᠲᠠ ᠶᠢᠨ ᠴᠡᠭ ᠤᠨ ᠲᠦᠷᠦᠯ ᠵᠦᠢᠯ ᠤᠨ ᠭᠤᠶᠤᠴᠢᠯᠠᠨ ᠮᠡᠳᠡᠭᠦᠯᠬᠦ ᠲᠡᠰ ᠲᠠᠷᠠᠭᠠᠯᠠᠯ ᠢ ᠲᠤᠳᠤᠷᠬᠠᠶᠢᠯᠠᠵᠠᠢ᠃ ᠠᠵᠢᠯ ᠤᠨ ᠱᠠᠭᠠᠷᠳᠠᠯᠭ᠎ᠠ ᠳᠤ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠵᠤ᠂ ᠮᠥᠷᠳᠡᠨ ᠦᠢᠯᠡᠴᠢᠯᠡᠬᠦ ᠶᠢ ᠴᠢᠩᠭᠠᠳᠬᠠᠵᠤ᠂ ᠳᠡᠯᠭᠡᠷᠡᠭᠦᠯᠬᠦ ᠡᠷᠴᠢᠮ ᠢ ᠴᠢᠩᠭᠠᠷᠠᠭᠤᠯᠤᠨ᠎ᠠ ᠭᠡᠵᠦ ᠳᠤᠷᠠᠳᠤᠨ ᠭᠠᠷᠭᠠᠪᠠ᠃      ᠭᠤᠷᠪᠠ᠂ ᠣᠨᠴᠠᠯᠢᠭ ᠵᠢᠴᠢ ᠭᠢᠯᠠᠰ ᠴᠡᠭ      ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢ ᠠᠵᠤ ᠦᠢᠯᠡᠳᠪᠦᠷᠢᠵᠢᠭᠦᠯᠬᠦ᠂ ᠲᠣᠭᠠᠵᠢᠭᠤᠯᠬᠤ᠂ ᠪᠣᠬᠢᠷᠲᠤᠯ ᠦᠭᠡᠢ ᠬᠦᠭᠵᠢᠯᠳᠡ ᠶᠢᠨ ᠲᠤᠷᠰᠢᠯᠲᠠ ᠶᠢᠨ ᠴᠡᠭ ᠤᠨ ᠢᠨᠵᠧᠨᠧᠷᠢᠩ ᠤᠨ ᠲᠥᠷᠥᠯ ᠵᠦᠢᠯ ᠢ ᠦᠷᠨᠢᠭᠦᠯᠦᠨ᠎ᠡ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ᠂ ᠲᠣᠮᠣ ᠬᠡᠯᠪᠡᠷᠢ ᠶᠢᠨ ᠣᠯᠠᠨ ᠨᠡᠶᠢᠲᠡ ᠶᠢᠨ ᠪᠠᠷᠢᠯᠭ᠎ᠠ ᠪᠠᠷ ᠭᠤᠣᠯᠳᠠᠯᠭ᠎ᠠ ᠪᠣᠯᠭᠠᠨ᠂ ᠪᠤᠰᠤᠳ ᠨᠡᠶᠢᠭᠡᠮ ᠤᠨ ᠲᠥᠷᠥᠯ ᠵᠦᠢᠯ ᠢ ᠮᠦᠷᠳᠡᠵᠦ᠂ ᠪᠠᠷᠢᠯᠭ᠎ᠠ ᠶᠢᠨ ᠠᠵᠤ ᠦᠢᠯᠡᠳᠪᠦᠷᠢᠵᠢᠯᠲᠡ᠂ ᠲᠣᠭᠠᠴᠢᠯᠠᠯᠲᠠ᠂ ᠪᠣᠬᠢᠷᠲᠤᠯ ᠦᠭᠡᠢ ᠮᠡᠷᠭᠡᠵᠢᠯ ᠤᠨ ᠰᠢᠨ᠎ᠡ ᠶᠢ ᠡᠭᠦᠳᠬᠦ ᠬᠤᠷᠠᠮᠠᠯ ᠬᠡᠷᠡᠭᠯᠡᠭᠡ ᠶᠢ ᠠᠬᠢᠭᠤᠯᠵᠤ᠂ ᠴᠢᠨᠠᠷ ᠰᠠᠶᠢᠲᠠᠢ ᠰᠢᠨ᠎ᠡ ᠶᠢ ᠡᠭᠦᠳᠬᠦ ᠢᠨᠵᠧᠨᠧᠷᠢᠩ ᠤᠨ ᠬᠥᠭᠵᠢᠯᠲᠡ ᠶᠢ ᠬᠥᠲᠥᠯᠥᠨ ᠳᠠᠭᠠᠭᠤᠯᠬᠤ ᠶᠢ ᠠᠬᠢᠭᠤᠯᠤᠨ᠎ᠠ᠃ ᠡᠭᠦᠨ ᠤ ᠬᠠᠮᠲᠤ A ᠳᠡᠰ ᠵᠢᠴᠢ ᠲᠡᠭᠦᠨ ᠠᠴᠠ ᠳᠡᠭᠡᠭᠰᠢᠬᠢ ᠤᠭᠰᠠᠷᠠᠮᠠᠯ ᠮᠠᠶ᠋ᠢᠭ ᠤᠨ ᠪᠠᠷᠢᠯᠭ᠎ᠠ ᠳᠤ ᠨᠡᠶᠢᠴᠡᠵᠦ᠂ ᠵᠢᠷᠤᠭ ᠲᠥᠯᠥᠪᠯᠡᠭᠡ᠂ ᠪᠠᠷᠢᠯᠭ᠎ᠠ᠂ ᠡᠵᠡᠩᠨᠡᠯᠲᠡ ᠶᠢᠨ ᠶᠠᠮᠠᠷ ᠨᠢᠭᠡᠨ ᠱᠠᠲᠤᠨ ᠳᠤ ᠲᠣᠭᠠᠴᠢᠯᠠᠭᠰᠠᠨ ᠮᠡᠷᠭᠡᠵᠢᠯ ᠢ ᠬᠡᠷᠡᠭᠯᠡᠵᠦ᠂ ᠨᠢᠭᠡ ᠣᠳᠣᠨ ᠲᠠᠰ ᠵᠢᠴᠢ ᠲᠡᠭᠦᠨ ᠠᠴᠠ ᠳᠡᠭᠡᠭᠰᠢᠬᠢ ᠪᠣᠬᠢᠷᠲᠤᠯ ᠦᠭᠡᠢ ᠪᠠᠷᠢᠯᠭ᠎ᠠ ᠶᠢᠨ ᠢᠨᠵᠧᠨᠧᠷᠢᠩ ᠤᠨ ᠲᠥᠷᠥᠯ ᠵᠦᠢᠯ ᠪᠤᠶᠤ AA ᠲᠠᠰ ᠵᠢᠴᠢ ᠲᠡᠭᠦᠨ ᠠᠴᠠ ᠳᠡᠭᠡᠭᠰᠢᠬᠢ ᠤᠭᠰᠠᠷᠠᠮᠠᠯ ᠮᠠᠶ᠋ᠢᠭ ᠤᠨ ᠪᠠᠷᠢᠯᠭ᠎ᠠ᠂ ᠪᠠᠷᠢᠯᠭ᠎ᠠ ᠶᠢᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠳᠤ ᠬᠡᠷᠡᠭᠯᠡᠬᠦ ᠲᠣᠭᠠᠴᠢᠯᠠᠭᠰᠠᠨ ᠮᠡᠷᠭᠡᠵᠢᠯ᠂ ᠬᠤᠶᠠᠷ ᠣᠳᠣᠨ ᠲᠠᠰ ᠵᠢᠴᠢ ᠲᠡᠭᠦᠨ ᠠᠴᠠ ᠳᠡᠭᠡᠭᠰᠢᠬᠢ ᠪᠣᠬᠢᠷᠲᠤᠯ ᠦᠭᠡᠢ ᠪᠠᠷᠢᠯᠭ᠎ᠠ ᠶᠢᠨ ᠳᠣᠲᠣᠷᠠᠬᠢ ᠨᠢᠭᠡ ᠵᠦᠢᠯ ᠤᠨ ᠭᠦᠢᠴᠡᠳᠬᠡᠯ ᠲᠤᠭ᠎ᠠ ᠳᠤ ᠨᠡᠶᠢᠴᠡᠭᠰᠡᠨ ᠢᠨᠵᠧᠨᠧᠷᠢᠩ ᠤᠨ ᠲᠥᠷᠥᠯ ᠵᠦᠢᠯ ᠪᠠᠶᠢᠭᠤᠯᠵᠤ ᠪᠠᠶᠢᠭ᠎ᠠ ᠵᠦᠢᠯᠡᠰ ᠢ ᠤᠷᠢᠳᠴᠢᠯᠠᠨ ᠦᠨᠡᠯᠡᠬᠦ ᠪᠠᠷ ᠳᠠᠮᠵᠢᠭᠠᠳ ᠨᠥᠬᠦᠴᠡᠯ ᠳᠤ ᠨᠡᠶᠢᠴᠡᠵᠦ᠂ ᠨᠢᠭᠡᠨᠲᠡ ᠪᠠᠷᠢᠵᠤ ᠳᠠᠭᠤᠰᠬᠠᠭᠰᠠᠨ ᠵᠦᠢᠯᠡᠰ ᠢ ᠦᠨᠡᠯᠡᠬᠦ ᠪᠠᠷ ᠳᠠᠮᠵᠢᠭᠠᠳ ᠨᠥᠬᠦᠴᠡᠯ ᠳᠤ ᠨᠡᠶᠢᠴᠡᠭᠰᠡᠨ ᠪᠠᠶᠢᠪᠠᠯ᠂ ᠴᠥᠮ ᠲᠤᠷᠰᠢᠯᠲᠠ ᠶᠢᠨ ᠲᠦᠷᠦᠯ ᠵᠦᠢᠯ ᠢ ᠭᠤᠶᠤᠴᠢᠯᠠᠵᠤ ᠪᠣᠯᠣᠨ᠎ᠠ᠃ ᠨᠢᠭᠡᠨᠳᠡ ᠲᠣᠭᠲᠠᠭᠠᠭᠰᠠᠨ ᠲᠤᠷᠰᠢᠯᠲᠠ ᠶᠢᠨ ᠴᠡᠭ ᠤᠨ ᠪᠠᠷᠢᠯᠭ᠎ᠠ ᠶᠢᠨ ᠲᠦᠷᠦᠯ ᠵᠦᠢᠯ ᠤᠨ ᠨᠡᠷᠡᠰ ᠢ ᠨᠡᠶᠢᠭᠡᠮ ᠨᠡᠶᠢᠲᠡ ᠳᠤ ᠢᠯᠡ ᠪᠠᠷ ᠨᠡᠶᠢᠲᠡᠯᠡᠨ᠎ᠡ᠃      ᠲᠠᠶᠢᠯᠤᠮᠵᠢ ᠬᠢᠭᠴᠢ᠄ ᠸᠠᠩ ᠯᠢ ᠵᠢᠶᠦ᠋ᠨ      ᠬᠠᠷᠢᠯᠴᠠᠬᠤ ᠬᠡᠯᠪᠡᠷᠢ᠄ 0471— 6944435
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1