ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠴᠡᠷᠢᠭ ᠢᠶᠠᠨ ᠪᠣᠯᠪᠠᠰᠤᠷᠠᠭᠤᠯᠵᠤ ᠳᠠᠶᠢᠨ ᠳᠤ ᠪᠡᠯᠡᠳᠬᠡᠬᠦ | ᠦᠵᠡᠯ ᠰᠠᠨᠠᠭᠠᠨ ᠤ ᠰᠠᠭᠤᠷᠢ ᠶᠢ ᠪᠠᠲᠤᠳᠬᠠᠬᠤ ᠶᠢᠨ ᠲᠥᠯᠥᠭᠡ᠂ ᠰᠢᠨ᠎ᠡ ᠵᠢᠯ ᠤᠨ ᠡᠷᠦᠬᠡ ᠶᠢᠨ ᠴᠡᠷᠢᠭ ᠤᠨ | ᠰᠤᠷᠭᠠᠭᠤᠯᠢᠯᠠᠯ ᠤᠨ ᠬᠠᠯᠠᠭᠤᠨ ᠥᠷᠨᠢᠯᠲᠡ ᠶᠢ ᠡᠬᠢᠯᠡᠭᠦᠯᠵᠦ᠂ ᠲᠣᠭᠲᠠᠬᠤ ᠰᠢᠶᠠᠨ ᠤ ᠠᠷᠠᠳ ᠤᠨ ᠵᠡᠪᠰᠡᠭᠲᠦ | ᠬᠦᠴᠦᠨ ᠤ ᠬᠡᠯᠲᠡᠰ ᠣᠷᠴᠢᠮᠬᠠᠨ ᠳᠤ ᠪᠦᠬᠦ ᠺᠠᠳ᠋ᠷ᠂ ᠪᠢᠴᠢᠭ ᠤᠨ ᠲᠤᠰᠢᠶᠠᠯᠲᠠᠨ᠂ ᠠᠵᠢᠯᠲᠠᠨ ᠠᠵᠢᠯᠴᠢᠨ ᠢ | ᠵᠣᠬᠢᠶᠠᠨ ᠪᠠᠶᠢᠭᠤᠯᠤᠨ᠂ ᠰᠦᠷ ᠵᠢᠪᠬᠤᠯᠠᠩᠲᠠᠢ ᠪᠠᠷ ᠪᠣᠯᠪᠠᠰᠤᠷᠠᠯ ᠬᠢᠵᠦ ᠳᠠᠶᠢᠴᠢᠯᠠᠭᠰᠠᠨ ᠪᠥᠭᠡᠳ ᠡᠷᠦᠬᠡ ᠶᠢᠨ | ᠴᠡᠷᠢᠭ ᠤᠨ ᠪᠠᠴᠢᠮ ᠪᠠᠶᠢᠳᠠᠯ ᠢ ᠠᠷᠭᠠᠴᠠᠬᠤ ᠪᠠᠶᠢᠩᠭᠤ ᠶᠢᠨ ᠬᠤᠪᠢᠶᠠᠷᠢ ᠠᠩᠭᠢ ᠶᠢᠨ 30 ᠬᠥᠮᠥᠨ ᠢ ᠳᠠᠶᠢᠴᠢᠯᠠᠵᠤ | ᠪᠠᠶᠢᠭᠠᠳ ᠪᠠᠶᠢᠯᠳᠤᠭᠠᠨ ᠳᠤ ᠣᠷᠣᠯᠴᠠᠬᠤ ᠣᠪᠣᠷ ᠪᠠᠶᠢᠳᠠᠯ᠂ ᠪᠣᠳᠠᠲᠤ ᠪᠠᠶᠢᠯᠳᠤᠭᠠᠨ ᠤ ᠪᠠᠷᠢᠮᠵᠢᠶ᠎ᠠ ᠪᠣᠯᠣᠨ ᠥᠷᠯᠥᠭᠡ | ᠦᠳᠡᠰᠢ ᠶᠢᠨ ᠴᠠᠭ ᠢ ᠠᠮᠵᠢᠨ ᠬᠡᠭᠡᠷ᠎ᠡ ᠶᠢᠨ ᠪᠣᠯᠪᠠᠰᠤᠷᠠᠯ ᠪᠣᠯᠣᠨ ᠡᠪᠦᠯ ᠤᠨ ᠤᠯᠠᠷᠢᠯ ᠤᠨ ᠣᠯᠠᠨ ᠵᠦᠢᠯ ᠤᠨ | ᠬᠢᠴᠢᠶᠡᠯ ᠳᠤ ᠵᠣᠬᠢᠴᠠᠬᠤ ᠪᠣᠯᠪᠠᠰᠤᠷᠠᠯ ᠳᠤ ᠣᠷᠣᠯᠴᠠᠭᠤᠯᠵᠠᠢ᠃ | | | | | | | | ᠵᠢᠯᠣᠭᠤᠳᠤᠭᠴᠢ ᠵᠠᠷᠯᠢᠭ ᠪᠠᠭᠤᠯᠭᠠᠮᠠᠭᠴᠠ ᠪᠦᠬᠦ ᠬᠥᠮᠥᠰ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ | ᠭᠤᠣᠯ ᠤᠳᠤᠷᠢᠳᠤᠯᠭ᠎ᠠ ᠨᠠᠷ ᠲᠠᠢ ᠬᠠᠮᠳᠦ᠂ ᠴᠡᠷᠢᠭ ᠠᠩᠭᠢ ᠪᠠᠨ ᠳᠠᠭᠠᠭᠤᠯᠤᠨ ᠡᠩ ᠲᠡᠷᠢᠭᠦᠨ ᠳᠤ ᠯᠢ ᠢᠦᠢ | ᡁᠢ ᠶᠢᠨ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ ᠳᠤ ᠬᠦᠷᠴᠦ ᠳᠤᠷᠠᠰᠤᠨ ᠰᠠᠨᠠᠭᠠᠯᠵᠠᠵᠤ ᠭᠠᠰᠢᠭᠤᠳᠠᠨ | ᠳᠤᠷᠠᠰᠬᠠᠪᠠ︔ ᠳᠠᠷᠠᠭ᠎ᠠ ᠨᠢ ᠨᠠᠨᠯᠢᠶᠠᠩ ᠤᠨ ᠠᠭᠤᠯᠠᠨ ᠭᠠᠵᠠᠷ ᠲᠤ ᠬᠡᠭᠡᠷ᠎ᠡ ᠭᠠᠳᠠᠨ᠎ᠠ ᠶᠠᠪᠠᠭᠠᠨ ᠠᠶᠠᠯᠠᠵᠤ᠂ | ᠵᠢᠯᠣᠭᠤᠴᠢ ᠦᠭᠡᠢ ᠨᠢᠰᠬᠡᠯ ᠪᠥᠬᠦ ᠶᠠᠪᠤᠴᠠ ᠪᠠᠷ ᠲᠣᠭᠤᠷᠢᠨ ᠪᠠᠶᠢᠴᠠᠭᠠᠵᠤ᠂ ᠳᠠᠷᠠᠭ᠎ᠠ ᠨᠢ ᠥᠷᠭᠡᠨ ᠠᠭᠤᠳᠠᠮ | ᠲᠠᠯᠠᠪᠤᠷ ᠢ ᠰᠣᠩᠭᠤᠨ ᠭᠠᠯ ᠤᠨᠲᠠᠷᠠᠭᠠᠬᠤ ᠰᠣᠷᠢᠯᠲᠠ ᠶᠢ ᠥᠷᠨᠢᠭᠦᠯᠪᠡ᠃ | | | | | | | | | ᠲᠣᠭᠲᠠᠬᠤ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠪᠣᠯᠪᠠᠰᠤᠷᠠᠯ ᠡᠬᠢᠯᠡᠭᠦᠯᠬᠦ ᠥᠨᠳᠥᠷ ᠶᠠᠰᠤ | ᠴᠢᠨᠠᠷ ᠲᠠᠢ ᠳᠠᠶᠢᠴᠢᠯᠠᠯᠲᠠ ᠬᠢᠬᠦ ᠪᠠᠷ ᠳᠠᠮᠵᠢᠭᠤᠯᠵᠤ᠂ ᠰᠢᠨ᠎ᠡ ᠵᠢᠯ ᠤᠨ ᠪᠣᠯᠪᠠᠰᠤᠷᠠᠯ ᠤᠨ ᠠᠵᠢᠯ ᠢ ᠰᠠᠶᠢᠨ | ᠡᠬᠢᠯᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠪᠣᠯᠪᠠᠰᠤᠷᠠᠯ ᠤᠨ ᠰᠤᠷᠲᠠᠯ ᠰᠣᠷᠢᠯᠲᠠ ᠶᠢᠨ ᠰᠤᠷᠲᠠᠯ | ᠰᠢᠯᠭᠠᠯᠲᠠ ᠶᠢᠨ ᠰᠤᠷᠲᠠᠯ ᠢ ᠦᠨᠡᠨᠬᠦ ᠲᠥᠪ ᠪᠣᠯᠭᠠᠵᠤ᠂ ᠰᠢᠨ᠎ᠡ ᠳᠦᠷᠰᠦ ᠪᠠᠶᠢᠳᠠᠯ᠂ ᠰᠢᠨ᠎ᠡ ᠬᠡᠪ ᠪᠠᠶᠢᠳᠠᠯ᠂ ᠰᠢᠨ᠎ᠡ | ᠪᠠᠷᠢᠮᠵᠢᠶ᠎ᠠ ᠪᠠᠷ ᠰᠢᠨ᠎ᠡ ᠵᠢᠯ ᠤᠨ ᠴᠡᠷᠢᠭ ᠤᠨ ᠪᠣᠯᠪᠠᠰᠤᠷᠠᠯ ᠢ ᠤᠭᠲᠤᠪᠠ᠃ | ᠢᠷᠡᠯᠳᠡ᠄ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ |