ᠪᠡᠭᠡᠵᠢᠩ ᠤᠨ ᠰᠢᠶᠧ ᠾᠧ ᠡᠮᠨᠡᠯᠭᠡ ᠶᠢᠨ ᠬᠤᠷᠢᠶᠠᠨ ᠤ ᠦᠪᠦᠷ ᠮᠣᠩᠭᠤᠯ ᠢ ᠲᠤᠰᠠᠯᠠᠬᠤ 18 ᠳ᠋ᠤᠭᠠᠷ ᠪᠦᠯᠦᠭ ᠤᠨ ᠡᠮᠨᠡᠯᠭᠡ ᠶᠢᠨ ᠠᠩᠭᠢ ᠲᠣᠭᠲᠠᠬᠤ ᠰᠢᠶᠠᠨ ᠤ ᠡᠮᠨᠡᠯᠭᠡ ᠶᠢᠨ ᠬᠤᠷᠢᠶᠠᠨ ᠳᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2025/1/7
      1 ᠳ᠋ᠤᠭᠡᠷ ᠰᠠᠷ᠎ᠠ ᠶᠢᠨ 4 ᠤ ᠡᠳᠦᠷ᠂ ᠲᠣᠭᠲᠠᠬᠤ ᠰᠢᠶᠠᠨ ᠤ ᠡᠮᠨᠡᠯᠭᠡ ᠶᠢᠨ ᠬᠤᠷᠢᠶ᠎ᠠ ᠪᠡᠭᠡᠵᠢᠩ ᠤᠨ ᠰᠢᠶᠧ ᠾᠧ ᠡᠮᠨᠡᠯᠭᠡ ᠶᠢᠨ ᠬᠤᠷᠢᠶᠠᠨ ᠤ ᠲᠤᠰᠬᠠᠢ ᠮᠡᠷᠭᠡᠵᠢᠯᠲᠡᠨ ᠤ ᠪᠦᠯᠬᠦᠮ ᠢ ᠬᠠᠯᠠᠭᠤᠨ ᠢᠶᠠᠷ ᠤᠭᠲᠤᠬᠤ ᠶᠣᠰᠣᠯᠠᠯ ᠶᠠᠪᠤᠭᠤᠯᠵᠤ᠂ ᠪᠡᠭᠡᠵᠢᠩ ᠤᠨ ᠰᠢᠶᠧ ᠾᠧ ᠡᠮᠨᠡᠯᠭᠡ ᠶᠢᠨ ᠬᠤᠷᠢᠶᠠᠨ ᠤ ᠦᠪᠦᠷ ᠮᠣᠩᠭᠤᠯ ᠢ ᠲᠤᠰᠠᠯᠠᠬᠤ ᠠᠷᠪᠠᠨ ᠨᠠᠢᠮᠠᠳᠤᠭᠠᠷ ᠪᠦᠯᠦᠭ ᠤᠨ ᠡᠮᠨᠡᠯᠭᠡ ᠶᠢᠨ ᠠᠩᠭᠢ ᠶᠢ ᠴᠢᠩ ᠰᠡᠳᠬᠢᠯ ᠠᠴᠠ ᠪᠠᠨ ᠪᠠᠶᠠᠷᠯᠠᠨ ᠤᠭᠲᠤᠵᠤ ᠪᠠᠶᠢᠬᠤ ᠪᠠ ᠡᠷᠬᠢᠮ ᠳᠡᠭᠡᠳᠦ ᠬᠦᠨᠳᠦᠳᠬᠡᠯ ᠳᠡᠪᠰᠢᠭᠦᠯᠵᠦ ᠪᠠᠶᠢᠬᠤ ᠪᠠᠨ ᠢᠯᠡᠳᠬᠡᠪᠡ᠃ ᠲᠠᠳᠠ ᠪᠣᠯ ᠲᠣᠰ ᠲᠣᠰ ᠪᠡᠭᠡᠵᠢᠩ ᠤᠨ ᠰᠢᠶᠧ ᠾᠧ ᠡᠮᠨᠡᠯᠭᠡ ᠶᠢᠨ ᠬᠤᠷᠢᠶᠠᠨ ᠤ ᠡᠮᠨᠡᠯᠭᠡ ᠶᠢᠨ ᠶᠠᠪᠤᠳᠠᠯ ᠤᠨ ᠭᠠᠵᠠᠷ ᠤᠨ ᠳᠠᠷᠤᠭ᠎ᠠ ᠮᠠ ᠰᠢᠶᠣᠣ ᠵᠢᠶᠦ᠋ᠨ᠂ ᠪᠡᠭᠡᠵᠢᠩ ᠤᠨ ᠰᠢᠶᠧ ᠾᠧ ᠡᠮᠨᠡᠯᠭᠡ ᠶᠢᠨ ᠬᠤᠷᠢᠶᠠᠨ ᠤ ᠡᠮᠨᠡᠯᠭᠡ ᠶᠢᠨ ᠶᠠᠪᠤᠳᠠᠯ ᠤᠨ ᠭᠠᠵᠠᠷ ᠤᠨ ᠠᠵᠢᠯᠯᠠᠭᠴᠢ ᠶᠤᠸᠠᠨ ᠳ᠋ᠠ᠂ ᠪᠡᠭᠡᠵᠢᠩ ᠤᠨ ᠰᠢᠶᠧ ᠾᠧ ᠡᠮᠨᠡᠯᠭᠡ ᠶᠢᠨ ᠬᠤᠷᠢᠶᠠᠨ ᠤ ᠠᠮᠠᠨ ᠬᠥᠨᠳᠡᠢ ᠶᠢᠨ ᠰᠠᠯᠠᠭᠠᠨ ᠤ ᠲᠤᠰᠬᠠᠢ ᠮᠡᠷᠭᠡᠵᠢᠯᠲᠡᠨ ᠯᠢ ᠴᠢᠶᠠᠨ ᠫᠷᠤᠹᠧᠰᠰᠤᠷ᠂ ᠨᠠᠰᠤᠲᠠᠶᠢᠴᠤᠳ ᠤᠨ ᠡᠮᠨᠡᠯᠭᠡ ᠶᠢᠨ ᠰᠠᠯᠠᠭᠠᠨ ᠤ ᠲᠤᠰᠬᠠᠢ ᠮᠡᠷᠭᠡᠵᠢᠯᠲᠡᠨ ᠵᠢᠶᠠᠩ ᠱᠠᠨ ᠫᠷᠤᠹᠧᠰᠰᠤᠷ᠂ ᠴᠢᠬᠢ ᠬᠠᠮᠠᠷ ᠬᠤᠭᠤᠯᠠᠢ ᠶᠢᠨ ᠰᠠᠯᠠᠭᠠᠨ ᠤ ᠲᠤᠰᠬᠠᠢ ᠮᠡᠷᠭᠡᠵᠢᠯᠲᠡᠨ ᠴᠠ ᠶᠠᠩ ᠫᠷᠤᠹᠧᠰᠰᠤᠷ᠂ ᠮᠢᠨᠴᠦᠷᠡᠭᠦᠯᠬᠦ ᠰᠠᠯᠠᠭᠠᠨ ᠤ ᠲᠤᠰᠬᠠᠢ ᠮᠡᠷᠭᠡᠵᠢᠯᠲᠡᠨ ᠾᠧ ᠺᠠᠢ ᠫᠷᠤᠹᠧᠰᠰᠤᠷ ᠪᠣᠯᠣᠨ᠎ᠠ᠃
     ᠲᠣᠰ ᠪᠦᠯᠦᠭ ᠡᠮᠴᠢᠯᠡᠭᠡᠨ ᠤ ᠠᠩᠭᠢ ᠶᠢᠨ ᠬᠦᠷᠴᠦ ᠢᠷᠡᠭᠰᠡᠨ ᠨᠢ ᠲᠣᠭᠲᠠᠬᠤ ᠰᠢᠶᠠᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠬᠦᠷᠢᠶᠡᠨ ᠳᠠᠬᠢ ᠪᠡᠭᠡᠵᠢᠩ ᠤᠨ ᠰᠢᠶᠧ ᠾᠧ ᠡᠮᠨᠡᠯᠭᠡ ᠶᠢᠨ ᠬᠤᠷᠢᠶ᠎ᠠ ᠯᠤᠭ᠎ᠠ ᠶᠢᠨ ᠬᠠᠮᠲᠤᠷᠠᠯᠴᠠᠭᠠᠨ ᠤ ᠬᠠᠷᠢᠴᠠᠭ᠎ᠠ ᠤᠯᠠᠮ ᠨᠢᠭᠡ ᠠᠯᠬᠤᠮ ᠭᠦᠨᠵᠡᠭᠡᠶᠢᠷᠡᠭᠰᠡᠨ ᠢ ᠬᠠᠷᠠᠭᠤᠯᠵᠤ᠂ ᠲᠣᠭᠲᠠᠬᠤ ᠰᠢᠶᠠᠨ ᠤ ᠡᠮᠨᠡᠯᠭᠡ ᠶᠢᠨ ᠬᠤᠷᠢᠶ᠎ᠠ ᠶᠢᠨ ᠣᠨᠣᠰᠢᠯᠠᠨ ᠡᠮᠨᠡᠬᠦ ᠬᠢᠷᠢ ᠲᠦᠪᠰᠢᠨ ᠪᠠ ᠦᠢᠯᠡᠴᠢᠯᠡᠭᠡᠨ ᠤ ᠶᠠᠰᠤ ᠴᠢᠨᠠᠷ ᠤᠨ ᠪᠥᠬᠦ ᠲᠠᠯ᠎ᠠ ᠪᠠᠷ ᠳᠡᠭᠡᠭᠰᠢᠯᠡᠬᠦ ᠳᠤ ᠰᠢᠨ᠎ᠡ ᠬᠥᠳᠡᠯᠭᠡᠬᠦ ᠬᠦᠴᠦᠨ ᠠᠪᠴᠢᠷᠠᠬᠤ ᠪᠣᠯᠣᠨ᠎ᠠ᠃
     ᠪᠡᠭᠡᠵᠢᠩ ᠤᠨ ᠰᠢᠶᠧ ᠾᠧ ᠡᠮᠨᠡᠯᠭᠡ ᠶᠢᠨ ᠬᠤᠷᠢᠶᠠᠨ ᠤ ᠲᠤᠰᠬᠠᠢ ᠮᠡᠷᠭᠡᠵᠢᠯᠲᠡᠨ ᠤ ᠪᠦᠯᠬᠦᠮ ᠢᠯᠡᠷᠬᠡᠶᠢᠯᠡᠬᠦ ᠳᠡᠭᠡᠨ᠂ ᠡᠮᠨᠡᠯᠭᠡ ᠶᠢᠨ ᠬᠤᠷᠢᠶᠠᠨ ᠤ ᠴᠢᠨᠠᠷ ᠰᠠᠶᠢᠲᠠᠢ ᠬᠥᠭᠵᠢᠯᠲᠡ ᠪᠠᠷ ᠬᠠᠮᠲᠤ ᠶᠢᠨ ᠬᠠᠷᠠᠯᠲᠠ ᠪᠣᠯᠭᠠᠵᠤ᠂ ᠲᠣᠭᠲᠠᠬᠤ ᠰᠢᠶᠠᠨ ᠤ ᠡᠮᠨᠡᠯᠭᠡ ᠶᠢᠨ ᠬᠤᠷᠢᠶ᠎ᠠ ᠶᠢ ᠪᠥᠬᠦ ᠬᠦᠴᠦᠨ ᠢᠶᠠᠷ ᠢᠶᠠᠨ ᠬᠠᠪᠰᠤᠷᠤᠨ ᠲᠡᠳᠬᠦᠵᠦ᠂ ᠡᠮ ᠡᠮᠨᠡᠯᠭᠡ ᠶᠢᠨ ᠰᠢᠯᠢᠳᠡᠭ ᠡᠬᠢ ᠪᠠᠶᠠᠯᠢᠭ ᠢ ᠪᠥᠬᠦ ᠬᠦᠴᠦᠨ ᠢᠶᠠᠷ ᠢᠶᠠᠨ ᠦᠨᠳᠦᠰᠦᠨ ᠱᠠᠲᠤᠨ ᠳᠤ ᠬᠦᠷᠭᠡᠵᠦ᠂ ᠦᠨᠳᠦᠰᠦᠨ ᠱᠠᠲᠤᠨ ᠤ ᠠᠷᠠᠳ ᠣᠯᠠᠨ ᠤ ᠡᠷᠡᠭᠦᠯ ᠮᠡᠨᠳᠦ ᠳᠤ ᠠᠰᠢᠭ ᠬᠦᠷᠲᠡᠭᠡᠨ᠎ᠡ᠃ ᠪᠥᠬᠦ ᠬᠦᠴᠦᠨ ᠢᠶᠠᠷ ᠢᠶᠠᠨ ᠠᠵᠢᠯ ᠳᠠᠭᠠᠨ ᠣᠷᠣᠯᠴᠠᠵᠤ᠂ ᠲᠤᠬᠠᠢ ᠶᠢᠨ ᠭᠠᠵᠠᠷ ᠤᠨ ᠡᠮᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠳᠤ ᠥᠪᠡᠷ ᠤᠨ ᠬᠦᠴᠦᠨ ᠴᠢᠳᠠᠯ ᠢᠶᠠᠨ ᠡᠷᠭᠦᠬᠦ ᠶᠢᠨ ᠬᠠᠮᠲᠤ ᠲᠤᠭᠳᠠᠬᠤ ᠰᠢᠶᠠᠨ ᠤ ᠡᠮᠨᠡᠯᠭᠡ ᠶᠢᠨ ᠬᠤᠷᠢᠶᠠᠨ ᠤ ᠨᠥᠬᠦᠳ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠬᠠᠷᠢᠯᠴᠠᠨ ᠰᠤᠷᠤᠯᠴᠠᠵᠤ᠂ ᠬᠠᠮᠲᠤ ᠪᠠᠷ ᠳᠠᠪᠰᠢᠵᠤ᠂ ᠲᠡᠷᠢᠭᠦᠨ ᠤ ᠡᠮᠴᠢᠯᠡᠭᠡᠨ ᠤ ᠣᠶᠢᠯᠠᠭᠠᠭᠳᠠᠬᠤᠨ ᠪᠠ ᠮᠡᠷᠭᠡᠵᠢᠯ ᠢ ᠦᠨᠳᠦᠰᠦᠨ ᠱᠠᠲᠤᠨ ᠤ ᠡᠮᠴᠢ ᠰᠤᠪᠢᠯᠠᠭᠴᠢᠳ ᠲᠤ ᠤᠯᠠᠮᠵᠢᠯᠠᠨ ᠥᠭᠴᠦ᠂ ᠲᠤᠬᠠᠢ ᠶᠢᠨ ᠭᠠᠵᠠᠷ ᠤᠨ ᠡᠮᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠳᠤ ᠬᠦᠴᠦᠨ  ᠨᠡᠮᠡᠷᠢᠯᠡᠨ᠎ᠡ ᠭᠡᠵᠡᠢ᠃
     ᠦᠪᠦᠷ ᠮᠣᠩᠭᠤᠯ ᠢ ᠲᠤᠰᠠᠯᠠᠬᠤ ᠡᠮ ᠡᠮᠨᠡᠯᠭᠡ ᠶᠢᠨ ᠠᠩᠭᠢ ᠰᠢᠯᠢᠳᠡᠭ ᠰᠠᠶᠢᠨ ᠡᠮ ᠡᠮᠨᠡᠯᠭᠡ ᠶᠢᠨ ᠮᠡᠷᠭᠡᠵᠢᠯ᠂ ᠴᠢᠩᠭ᠎ᠠ ᠨᠢᠮᠪᠠᠢ ᠠᠵᠢᠯ ᠤᠨ ᠰᠤᠷᠲᠠᠯ᠂ ᠲᠡᠷᠢᠭᠦᠨ ᠤ ᠬᠠᠮᠢᠶᠠᠷᠤᠯᠲᠠ ᠶᠢᠨ ᠵᠠᠭᠪᠤᠷ ᠢ ᠦᠨᠳᠦᠰᠦᠨ ᠱᠠᠲᠤᠨ ᠳᠤ ᠠᠪᠴᠢᠷᠠᠵᠤ᠂ ᠲᠣᠭᠲᠠᠬᠤ ᠰᠢᠶᠠᠨ ᠤ ᠡᠪᠡᠳᠴᠢᠲᠡᠨ ᠳᠤ ᠠᠵᠠ ᠵᠢᠷᠭᠠᠯ ᠠᠪᠴᠢᠷᠠᠭᠰᠠᠨ ᠢᠶᠠᠷ ᠪᠠᠷᠠᠬᠤ ᠦᠭᠡᠢ ᠪᠠᠰᠠ ᠡᠮᠨᠡᠯᠭᠡ ᠶᠢᠨ ᠬᠤᠷᠢᠶᠠᠨ ᠤ ᠡᠮ ᠡᠮᠨᠡᠯᠭᠡ ᠶᠢᠨ ᠦᠢᠯᠡᠰ ᠤᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠦ᠂ ᠵᠠᠬ᠎ᠠ ᠬᠢᠵᠠᠭᠠᠷ ᠣᠷᠣᠨ ᠤ ᠦᠨᠳᠦᠰᠦᠨ ᠱᠠᠲᠤᠨ ᠤ ᠠᠷᠠᠳ ᠢᠷᠭᠡᠳ ᠤᠨ ︽ᠡᠪᠡᠳᠴᠢᠨ ᠦᠵᠡᠭᠦᠯᠬᠦ ᠳᠤ ᠬᠦᠴᠢᠷᠲᠡᠢ︾ ᠪᠠᠶᠢᠬᠤ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠰᠢᠶᠠᠨ ᠤ ᠡᠮᠨᠡᠯᠭᠡ ᠶᠢᠨ ᠬᠤᠷᠢᠶᠠᠨ ᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠠᠶᠠᠨ ᠳᠤ ᠣᠷᠣᠬᠤ ᠶᠢ ᠠᠬᠢᠭᠤᠯᠤᠭᠰᠠᠨ ᠪᠠᠶᠢᠨ᠎ᠠ︕ ᠬᠤᠶᠠᠷ ᠲᠠᠯ᠎ᠠ ᠪᠠᠷ ᠢᠶᠠᠨ ᠲᠤᠰ ᠤᠳᠠᠭ᠎ᠠ ᠶᠢᠨ ᠬᠠᠮᠲᠤᠷᠠᠯᠴᠠᠭ᠎ᠠ ᠪᠠᠷ ᠠᠵᠠ ᠲᠣᠬᠢᠶᠠᠯ ᠪᠣᠯᠭᠠᠵᠤ᠂ ᠭᠦᠨᠵᠡᠭᠡᠢ ᠰᠣᠯᠢᠯᠴᠠᠵᠤ᠂ ᠬᠠᠮᠲᠤᠪᠠᠷ ᠰᠤᠷᠤᠯᠴᠠᠵᠤ᠂ ᠡᠮ ᠡᠮᠨᠡᠯᠭᠡ ᠶᠢᠨ ᠦᠢᠯᠡᠴᠢᠯᠡᠭᠡᠨ ᠤ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢ ᠠᠬᠢᠭᠤᠯᠵᠤ᠂ ᠠᠷᠠᠳ ᠤᠯᠠᠨ ᠤ ᠡᠷᠡᠭᠦᠯ ᠮᠡᠨᠳᠦ ᠶᠢᠨ ᠦᠢᠯᠡᠰ ᠲᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ︕ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1