ᠲᠣᠭᠲᠠᠬᠤ ᠰᠢᠶᠠᠨ᠄ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠰᠢᠨ᠎ᠡ ᠥᠨᠳᠦᠷᠯᠢᠭ ᠢ ᠪᠥᠬᠦ ᠬᠦᠴᠦᠨ ᠢᠶᠠᠷ ᠢᠶᠠᠨ ᠴᠣᠭᠴᠠᠯᠠᠨ᠎ᠠ
ᠨᠡᠶᠢᠲᠡᠯᠡᠭᠰᠡᠨ ᠴᠠᠭ᠄
2025/1/7
      ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠪᠣᠯ ᠤᠯᠤᠰ ᠤᠨ ᠠᠵᠤ ᠠᠬᠤᠢ ᠠᠷᠠᠳ ᠤᠨ ᠠᠮᠢᠳᠤᠷᠠᠯ ᠪᠠ ᠤᠯᠤᠰ ᠤᠨ ᠠᠮᠤᠷ ᠲᠦᠪᠰᠢᠨ ᠳᠤ ᠬᠤᠯᠪᠣᠭᠳᠠᠬᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠪᠣᠯᠣᠨ᠎ᠠ᠃ ᠲᠣᠭᠲᠠᠬᠤ ᠰᠢᠶᠠᠨ ᠬᠥᠬᠡᠬᠤᠲᠠ ᠶᠢᠨ ᠨᠠᠮ ᠤᠨ ᠬᠤᠷᠢᠶ᠎ᠠ ᠶᠢᠨ ︽ᠵᠢᠷᠭᠤᠭᠠᠨ ᠶᠡᠭᠡ ᠠᠵᠤ ᠦᠢᠯᠡᠰ ᠤᠨ ᠪᠦᠯᠦᠭᠯᠡᠯ︾ ᠢ ᠪᠣᠶᠢᠵᠢᠭᠤᠯᠬᠤ ᠱᠠᠭᠠᠷᠳᠠᠯᠭ᠎ᠠ ᠶᠣᠰᠣᠭᠠᠷ᠂ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠬᠥᠭᠵᠢᠯᠲᠡ ᠶᠢ ᠴᠢᠬᠤᠯᠠ ᠪᠠᠶᠢᠷᠢᠨ ᠳᠤ ᠲᠠᠯᠪᠢᠵᠤ᠂ ᠳᠠᠪᠠᠭᠤᠯᠢᠭ ᠲᠠᠭᠠᠨ ᠲᠦᠰᠢᠭᠯᠡᠨ ᠠᠵᠠ ᠲᠣᠬᠢᠶᠠᠯ ᠢ ᠠᠮᠵᠢᠵᠤ᠂ ᠢᠲᠡᠭᠡᠯ ᠵᠣᠷᠢᠭ ᠢᠶᠠᠨ ᠪᠠᠲᠤᠳᠬᠠᠨ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠲᠣᠭᠲᠠᠬᠤ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠴᠢᠬᠤᠯᠠ ᠲᠤᠯᠭᠠᠭᠤᠷᠢᠯᠠᠯ ᠬᠠᠩᠭᠠᠵᠠᠢ᠃      ᠣᠶᠢᠷ᠎ᠠ ᠶᠢᠨ ᠵᠢᠯ ᠳᠤ᠂ ᠲᠣᠭᠲᠠᠬᠤ ᠰᠢᠶᠠᠨ ᠤᠯᠤᠰ ᠤᠨ ᠳᠡᠰ ᠤᠨ ᠠᠮᠢᠳᠤ ᠪᠣᠳᠠᠰ ᠤᠨ ᠢᠰᠬᠡᠯᠲᠡ ᠶᠢᠨ ᠠᠵᠤ ᠦᠢᠯᠡᠰ ᠤᠨ ᠪᠣᠬᠢᠷᠲᠤᠯ ᠦᠭᠡᠢ ᠦᠢᠯᠡᠳᠬᠦ ᠰᠠᠭᠤᠷᠢᠨ ᠭᠠᠵᠠᠷ ᠪᠠ ᠠᠮᠢᠳᠤ ᠪᠣᠳᠠᠰ ᠤᠨ ᠦᠢᠯᠡᠳᠬᠦ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠬᠤᠪᠢᠷᠠᠭᠤᠯᠬᠤ ᠰᠠᠭᠤᠷᠢᠨ ᠭᠠᠵᠠᠷ ᠢ ᠪᠠᠶᠢᠭᠤᠯᠬᠤ ᠪᠠᠷ ᠬᠠᠷᠠᠯᠲᠠ ᠪᠣᠯᠭᠠᠵᠤ᠂ ᠠᠮᠢᠳᠤ ᠪᠣᠳᠠᠰ ᠤᠨ ᠢᠰᠬᠡᠯᠲᠡ ᠶᠢᠨ ᠠᠵᠤ ᠦᠢᠯᠡᠰ ᠤᠨ ᠬᠡᠯᠬᠢᠶ᠎ᠡ ᠶᠢᠨ ᠭᠤᠣᠯᠳᠠᠯᠭᠠᠲᠤ ᠠᠵᠤ ᠠᠬᠤᠶᠢᠯᠠᠯ ᠢ 19 ᠪᠠᠶᠢᠭᠤᠯᠵᠤ᠂ ᠪᠦᠲᠦᠭᠡᠭᠳᠡᠬᠦᠨ ᠨᠢ ᠬᠥᠮᠥᠨ ᠤ ᠬᠡᠷᠡᠭᠯᠡᠬᠦ ᠡᠮ᠂ ᠡᠷᠡᠭᠦᠯᠵᠢᠯ ᠤᠨ ᠡᠳ᠋ ᠵᠢᠴᠢ ᠢᠳᠡᠭᠡᠨ ᠤ ᠨᠡᠮᠡᠯᠲᠡ ᠡᠳ᠋᠂ ᠬᠥᠳᠡᠯᠦᠩᠭᠦᠢ ᠳᠠᠭᠠᠳᠬᠠᠯ ᠵᠡᠷᠭᠡ ᠭᠤᠷᠪᠠᠨ ᠶᠡᠭᠡ ᠲᠥᠷᠥᠯ ᠤᠨ 30 ᠭᠠᠷᠤᠢ ᠲᠥᠷᠥᠯ ᠵᠦᠢᠯ ᠢ ᠬᠠᠮᠤᠷᠴᠤ᠂ ᠳᠠᠭᠠᠯᠲᠠ ᠢᠰᠬᠡᠭᠦᠷ Q10᠂ ᠠᠮᠤᠺᠢᠼᠢᠯᠢᠨ᠂ ᠠᠮᠤᠺᠢᠼᠢᠯᠢᠨ ᠵᠠᠬ᠎ᠠ ᠳᠡᠯᠭᠡᠭᠦᠷ ᠤᠨ ᠬᠤᠪᠢᠳᠠᠴᠠ ᠳᠡᠯᠡᠬᠡᠢ ᠶᠢᠨ ᠨᠢᠭᠡᠳᠦᠭᠡᠷ ᠲᠤ ᠣᠷᠣᠵᠤ᠂ ᠸᠢᠲ᠋ᠠᠮᠢᠨ K2᠂ NMN᠂ ᠶᠢᠨ ᠮᠧᠶ ᠰᠦ᠂ ᠬᠤᠸᠠᠩ ᠮᠧᠶ ᠰᠦ᠂ ᠲᠠᠢ ᠸᠠᠨ ᠮᠥᠭᠦ ᠶᠢᠨ ᠡᠳ᠋᠂ ᠲᠡᠵᠢᠭᠡᠯ ᠪᠣᠷᠳᠣᠭᠠᠨ ᠤ ᠢᠰᠬᠡᠭᠦᠷ ᠡᠳ᠋᠂ ᠶᠠᠨ ᠮᠧᠶ ᠰᠦ ᠦᠢᠯᠡᠳᠪᠦᠷᠢᠯᠡᠬᠦ ᠴᠢᠳᠠᠪᠤᠷᠢ ᠳᠡᠯᠡᠬᠡᠢ ᠶᠢᠨ ᠨᠢᠭᠡᠳᠦᠭᠡᠷ ᠲᠤ ᠣᠷᠣᠵᠤ᠂ ᠫᠧᠨᠢᠼᠢᠯᠢᠨ ᠤ ᠺᠠᠯᠢ ᠶᠢᠨ ᠳᠠᠪᠤᠰᠤᠨ ᠤ ᠪᠥᠬᠦ ᠳᠡᠯᠡᠬᠡᠢ ᠶᠢᠨ ᠳᠡᠭᠡᠳᠦ ᠲᠠᠰ ᠤᠨ ᠵᠠᠬ᠎ᠠ ᠳᠡᠯᠭᠡᠭᠦᠷ ᠤᠨ ᠴᠣᠷ ᠤᠨ ᠭᠠᠭᠴᠠ ᠭᠠᠷᠤᠯᠲᠠ ᠶᠢᠨ ᠭᠠᠵᠠᠷ ᠪᠣᠯᠣᠨ᠎ᠠ᠃ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠲᠠᠰᠤᠷᠠᠯᠲᠠ ᠦᠭᠡᠢ ᠳᠡᠭᠡᠭᠰᠢᠯᠡᠵᠦ᠂ ᠶᠢᠨ ᠾᠧ᠂ ᠶᠢᠨ ᠳ᠋ᠠ ᠸᠧᠢ  ᠮᠡᠳᠦ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠢ ᠲᠦᠭᠦᠬᠡᠢ ᠮᠠᠲ᠋ᠧᠷᠢᠶᠠᠯ ᠤᠨ ᠡᠮ ᠠᠴᠠ ᠨᠠᠶᠢᠷᠠᠯᠭ᠎ᠠ᠂ ᠨᠡᠶᠢᠯᠡᠯᠭᠡ ᠠᠮᠢᠳᠤ ᠪᠣᠳᠠᠰ ᠤᠨ ᠠᠵᠤ ᠦᠢᠯᠡᠰ ᠲᠡᠰᠢ ᠯᠠᠪᠳᠠᠭᠤᠨ ᠪᠠᠲᠤᠲᠠᠢ ᠠᠯᠬᠤᠪᠠ᠃ 2024 ᠣᠨ ᠳᠤ ᠥᠪᠡᠷᠲᠡᠭᠡᠨ ᠵᠠᠰᠠᠬᠤ ᠣᠷᠣᠨ ᠤ ᠲᠠᠰ ᠤᠨ ᠠᠮᠢᠳᠤ ᠪᠣᠳᠠᠰ ᠤᠨ ᠡᠮ ᠡᠮᠨᠡᠯᠭᠡ ᠶᠢᠨ ᠣᠨᠴᠠᠯᠢᠭᠲᠤ ᠠᠵᠤ ᠦᠢᠯᠡᠰ ᠤᠨ ᠰᠦᠷᠦᠭᠵᠢᠯ ᠢ ᠪᠤᠢ ᠪᠤᠯᠭᠠᠪᠠ᠃      ᠣᠶᠢᠷ᠎ᠠ ᠳᠤ᠂ ᠰᠤᠷᠪᠤᠯᠵᠢᠯᠠᠭᠴᠢ ᠲᠣᠭᠲᠠᠬᠤ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠴᠠᠩ ᠱᠧᠩ ᠡᠮ ᠦᠢᠯᠡᠳᠬᠦ ᠬᠢᠵᠠᠭᠠᠷᠲᠤ ᠺᠣᠮᠫᠠᠨᠢ ᠶᠢᠨ ᠬᠡᠷᠡᠯᠳᠦ ᠴᠠᠮᠬᠠᠭ ᠤᠨ ᠲᠥᠷᠥᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠤᠷ ᠲᠤ ᠭᠦᠨᠵᠡᠭᠡᠶᠢᠷᠡᠵᠦ᠂ ᠦᠢᠯᠡᠳᠪᠦᠷᠢ ᠶᠢᠨ ᠪᠠᠶᠢᠰᠢᠩ ᠤᠨ ᠪᠠᠷᠢᠯᠭ᠎ᠠ ᠶᠢᠨ ᠭᠤᠣᠯ ᠴᠣᠭᠴᠠ ᠶᠢᠨ ᠪᠦᠲᠦᠴᠡ ᠨᠢᠭᠡᠨᠲᠡ ᠲᠣᠳᠣᠷᠬᠠᠢ ᠬᠠᠷᠠᠭᠳᠠᠵᠤ᠂ ᠣᠳᠣᠬᠢᠴᠢᠯᠠᠭᠰᠠᠨ ᠡᠮ ᠦᠢᠯᠡᠳᠬᠦ ᠠᠵᠤ ᠦᠢᠯᠡᠳᠪᠦᠷᠢ ᠶᠢᠨ ᠰᠢᠨ᠎ᠡ ᠭᠠᠵᠠᠷ ᠤᠨ ᠲᠡᠮᠳᠡᠭ ᠠᠭᠠᠵᠢᠮ ᠢᠶᠠᠷ ᠬᠥᠭᠵᠢᠵᠦ ᠪᠠᠶᠢᠬᠤ ᠶᠢ ᠣᠯᠵᠤ ᠬᠠᠷᠠᠪᠠ᠃      ᠲᠣᠰ ᠲᠥᠷᠥᠯ ᠵᠦᠢᠯ ᠪᠣᠯ ᠬᠥᠬᠡᠬᠤᠲᠠ ᠶᠢᠨ ᠠᠩᠬᠠᠳᠠᠭᠴᠢ ᠬᠥᠮᠥᠨ ᠤ ᠬᠡᠷᠡᠭᠯᠡᠭᠡᠨ ᠤ ᠪᠡᠯᠡᠨ ᠡᠮ ᠤᠨ ᠦᠢᠯᠡᠳᠪᠦᠷᠢᠯᠡᠯ ᠤᠨ ᠱᠤᠭᠤᠮ ᠮᠥᠨ᠂ ᠡᠨᠡ ᠨᠢ ᠪᠥᠬᠦ ᠬᠤᠲᠠ ᠶᠢᠨ ᠪᠡᠯᠡᠨ ᠡᠮ ᠤᠨ ᠦᠢᠯᠡᠳᠪᠦᠷᠢᠯᠡᠯ ᠤᠨ ᠬᠤᠭᠤᠰᠤᠨ ᠢ ᠨᠥᠬᠦᠪᠦᠷᠢᠯᠡᠵᠦ᠂ ᠲᠣᠭᠲᠠᠬᠤ ᠰᠢᠶᠠᠨ ᠡᠷᠳᠡᠨᠢ ᠰᠢᠰᠢ ᠠᠴᠠ ᠨᠢᠭᠡ ᠬᠤᠮᠵᠢᠶ᠎ᠠ ᠬᠦᠷᠲᠡᠯᠡᠬᠢ ᠪᠥᠬᠦ ᠠᠵᠤ ᠦᠢᠯᠡᠰ ᠤᠨ ᠬᠡᠯᠬᠢᠶ᠎ᠡ ᠶᠢ ᠵᠢᠩᠬᠢᠨᠢ ᠪᠠᠷ ᠨᠠᠪᠲᠠᠷᠡᠭᠦᠯᠵᠦ᠂ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠳᠡᠭᠡᠳᠦ ᠲᠠᠰ ᠤᠨ᠂ ᠣᠶᠤᠨᠴᠢᠯᠠᠯᠲᠠ᠂ ᠪᠣᠬᠢᠷᠲᠤᠯ ᠦᠭᠡᠢ ᠬᠥᠭᠵᠢᠯᠲᠡ ᠳᠠᠰᠢ ᠪᠠᠲᠤ ᠨᠤᠲᠠᠲᠠᠢ ᠨᠢᠭᠡ ᠠᠯᠬᠤᠮ ᠠᠯᠬᠤᠭᠰᠠᠨ ᠢ ᠬᠠᠷᠠᠭᠤᠯᠵᠤ ᠪᠠᠶᠢᠨ᠎ᠠ᠃       ︽ᠬᠡᠷᠡᠯᠳᠦ ᠴᠠᠮᠬᠠᠭ ᠤᠨ ᠲᠦᠷᠦᠯ ᠵᠦᠢᠯ ᠢ 2024 ᠣᠨ ᠤ 4 ᠳ᠋ᠤᠭᠡᠷ ᠰᠠᠷ᠎ᠠ ᠠᠴᠠ ᠵᠢᠩᠬᠢᠨᠢ ᠪᠠᠷ ᠡᠬᠢᠯᠡᠭᠦᠯᠵᠦ᠂ ᠤᠳᠤ ᠪᠣᠯᠲᠠᠯ᠎ᠠ᠂ ᠦᠢᠯᠡᠳᠪᠦᠷᠢ ᠶᠢᠨ ᠭᠡᠷ ᠪᠠᠶᠢᠰᠢᠩ ᠤᠨ ᠭᠤᠣᠯ ᠴᠣᠭᠴᠠ ᠶᠢᠨ ᠪᠠᠷᠢᠯᠭ᠎ᠠ ᠶᠢᠨ ᠠᠵᠢᠯ ᠢ ᠨᠢᠭᠡᠨᠲᠡ ᠤᠷᠤᠭᠰᠢᠲᠠᠢ ᠪᠡᠶᠡᠯᠡᠭᠦᠯᠵᠦ᠂ ᠵᠢᠱᠢᠯᠲᠡ ᠪᠠᠷ 2025 ᠣᠨ ᠤ ᠰᠡᠭᠦᠯᠴᠢ ᠪᠠᠷ ᠲᠤᠷᠰᠢᠨ ᠠᠰᠢᠭᠯᠠᠯᠲᠠ ᠳᠤ ᠣᠷᠣᠭᠤᠯᠬᠤ ᠪᠣᠯᠣᠨ᠎ᠠ᠃ ᠲᠤᠰ ᠲᠥᠷᠥᠯ ᠵᠦᠢᠯ ᠨᠢ ᠶᠠᠰᠤ ᠴᠢᠨᠠᠷ ᠤᠨ ᠪᠠᠷᠢᠮᠵᠢᠶ᠎ᠠ ᠪᠠᠷ ᠥᠨᠳᠥᠷ ᠪᠠ ᠣᠶᠤᠨᠴᠢ ᠦᠢᠯᠡᠳᠬᠦ ᠬᠢᠷᠢ ᠬᠡᠮᠵᠢᠶ᠎ᠡ ᠪᠠᠷ ᠥᠨᠳᠥᠷ ᠭᠡᠬᠦ ᠬᠤᠶᠠᠷ ᠶᠡᠭᠡ ᠢᠯᠡᠷᠬᠡᠢ ᠣᠨᠴᠠᠯᠢᠭ  ᠲᠠᠢ᠂ ᠳᠡᠯᠡᠬᠡᠢ ᠶᠢᠨ ᠬᠠᠮᠤᠭ ᠤᠨ ᠲᠡᠷᠢᠭᠦᠨ ᠤ ᠡᠮ ᠦᠢᠯᠡᠳᠬᠦ ᠲᠣᠨᠤᠭ ᠲᠥᠬᠦᠭᠡᠷᠦᠮᠵᠢ ᠶᠢ ᠬᠡᠷᠡᠭᠯᠡᠬᠦ ᠶᠢᠨ ᠬᠠᠮᠲᠤ ᠬᠠᠮᠤᠭ ᠤᠨ ᠥᠨᠳᠥᠷ ᠶᠠᠰᠤ ᠴᠢᠨᠠᠷ ᠤᠨ ᠪᠠᠷᠢᠮᠵᠢᠶ᠎ᠠ ᠶᠢ ᠦᠨᠳᠦᠰᠦᠯᠡᠨ ᠪᠦᠲᠦᠭᠡᠨ ᠪᠠᠶᠢᠭᠤᠯᠵᠤ᠂ ᠡᠭᠦᠨ ᠤ ᠬᠠᠮᠲᠤ ᠦᠷᠭᠦᠯᠵᠢᠯᠡᠨ ᠦᠢᠯᠡᠳᠬᠦ᠂ ᠬᠥᠮᠥᠨ ᠦᠭᠡᠢ ᠪᠣᠯᠭᠠᠬᠤ ᠵᠡᠷᠭᠡ ᠬᠡᠷᠡᠯᠳᠦ ᠴᠠᠮᠬᠠᠭ ᠤᠨ ᠦᠢᠯᠡᠳᠪᠦᠷᠢ ᠶᠢᠨ ᠲᠡᠷᠢᠭᠦᠨ ᠤ ᠦᠢᠯᠡᠳᠬᠦ ᠣᠶᠢᠯᠠᠭᠠᠭᠳᠠᠬᠤᠨ ᠢ ᠣᠷᠣᠭᠤᠯᠤᠨ ᠠᠪᠴᠢᠷᠠᠵᠤ᠂ 5G᠂ AI᠂ ᠢᠨᠲ᠋ᠧᠷ ᠰᠦᠯᠵᠢᠶ᠎ᠡ +᠂ ᠲᠣᠮᠣ ᠳ᠋ᠠᠶᠢᠲ᠋ᠠ ᠶᠢᠨ ᠵᠠᠳᠠᠯᠤᠯᠲᠠ ᠵᠡᠷᠭᠡ ᠠᠵᠤ ᠦᠢᠯᠡᠳᠪᠦᠷᠢ ᠶᠢᠨ 4.0 ᠰᠢᠨ᠎ᠡ ᠮᠡᠷᠭᠡᠵᠢᠯ ᠢ ᠭᠦᠨᠵᠡᠭᠡᠢ ᠬᠡᠷᠡᠭᠯᠡᠨ᠂ ᠲᠡᠷᠢᠭᠦᠨ ᠤ ᠬᠥᠮᠥᠨ ᠮᠠᠰᠢᠨ ᠬᠠᠮᠵᠢᠯᠴᠠᠬᠤ᠂ ᠠᠦ᠋ᠲ᠋ᠣᠴᠢᠯᠠᠬᠤ᠂ ᠵᠣᠬᠢᠶᠠᠮᠠᠯ ᠣᠶᠤᠨ ᠪᠣᠯᠣᠨ ᠠᠵᠤ ᠦᠢᠯᠡᠳᠪᠦᠷᠢ   ᠶᠢᠨ ᠪᠣᠳᠠᠰᠯᠢᠭ ᠬᠤᠯᠪᠣᠭᠠᠲᠤ ᠰᠦᠯᠵᠢᠶ᠎ᠡ ᠶᠢᠨ ᠮᠡᠷᠭᠡᠵᠢᠯ ᠪᠣᠯᠣᠨ ᠡᠮ ᠦᠢᠯᠡᠳᠬᠦ ᠮᠡᠷᠭᠡᠵᠢᠯ ᠢ ᠨᠢᠭᠲᠠ ᠤᠶᠠᠯᠳᠤᠭᠤᠯᠵᠤ᠂ ᠡᠭᠦᠨ ᠢᠶᠠᠷ ᠳᠠᠮᠵᠢᠭᠤᠯᠤᠨ ᠦᠢᠯᠡᠳᠪᠦᠷᠢᠯᠡᠯ ᠤᠨ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠵᠦ᠂ ᠦᠢᠯᠡᠳᠬᠦᠨ ᠢ ᠣᠯᠠᠨ ᠤᠯᠤᠰ ᠤᠨ ᠳᠡᠭᠡᠳᠦ ᠳᠡᠰ ᠤᠨ ᠵᠠᠬ᠎ᠠ ᠳᠡᠯᠭᠡᠭᠦᠷ ᠤᠨ ᠬᠡᠷᠡᠭᠴᠡᠭᠡ ᠳᠤ ᠨᠡᠶᠢᠴᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ︾ ᠭᠡᠵᠦ ᠴᠠᠩ ᠱᠧᠩ ᠡᠮ ᠦᠢᠯᠡᠳᠬᠦ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠯᠢᠦ ᠴᠢᠨ ᠬᠡᠯᠡᠪᠡ᠃      ᠳᠠᠷᠠᠭᠠᠴᠢ ᠶᠢᠨ ᠠᠯᠬᠤᠮ ᠳᠤ᠂ ᠲᠣᠭᠲᠠᠬᠤ ᠰᠢᠶᠠᠨ ᠠᠮᠢᠳᠤ ᠪᠣᠳᠠᠰ ᠤᠨ ᠢᠰᠬᠡᠯᠲᠡ ᠶᠢᠨ ᠠᠵᠤ ᠦᠢᠯᠡᠰ ᠤᠨ ᠬᠡᠪᠴᠢᠶ᠎ᠡ ᠶᠢ ᠦᠷᠭᠦᠯᠵᠢᠯᠡᠨ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠲᠦᠭᠦᠬᠡᠢ ᠮᠠᠲ᠋ᠧᠷᠢᠶᠠᠯ ᠤᠨ ᠡᠮ ᠢ ᠣᠨᠴᠠᠯᠢᠭᠲᠤ ᠲᠦᠭᠦᠬᠡᠢ ᠮᠠᠲ᠋ᠧᠷᠢᠶᠠᠯ ᠤᠨ ᠡᠮ᠂ ᠳᠡᠭᠡᠳᠦ ᠲᠡᠰ ᠤᠨ ᠪᠦᠲᠦᠭᠡᠭᠳᠡᠬᠦᠨ ᠨᠠᠶᠢᠷᠠᠯᠲᠠ ᠶᠢ ᠨᠢᠭᠡ ᠴᠣᠭᠴᠠᠵᠢᠭᠤᠯᠬᠤ ᠲᠡᠰᠢ ᠠᠬᠢᠭᠤᠯᠤᠨ᠎ᠠ︔ ᠨᠡᠶᠢᠯᠡᠮᠡᠯ ᠠᠮᠢᠳᠤ ᠪᠣᠳᠠᠰ ᠤᠨ ᠠᠵᠤ ᠦᠢᠯᠡᠰ ᠤᠨ ᠰᠢᠨ᠎ᠡ ᠤᠷᠤᠯᠳᠤᠭᠠᠨ ᠤ ᠵᠠᠮ ᠢ ᠪᠥᠬᠦ ᠲᠠᠯ᠎ᠠ ᠪᠠᠷ ᠪᠠᠶᠢᠷᠢᠰᠢᠭᠤᠯᠵᠤ᠂ ᠠᠵᠤ ᠦᠢᠯᠡᠰ ᠤᠨ ᠬᠡᠯᠬᠢᠶ᠎ᠡ ᠶᠢ ᠦᠷᠭᠦᠯᠵᠢᠯᠡᠨ ᠤᠷᠲᠤᠳᠬᠠᠵᠤ᠂ ᠠᠵᠤ ᠦᠢᠯᠡᠰ ᠤᠨ ᠬᠡᠪᠴᠢᠶ᠎ᠡ ᠶᠢ ᠪᠤᠵᠠᠭᠠᠶᠢᠷᠠᠭᠤᠯᠤᠨ᠂ ᠨᠡᠶᠢᠯᠡᠮᠡᠯ ᠠᠮᠢᠳᠤ ᠪᠣᠳᠠᠰ ᠤᠨ ︽124+N︾ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠡᠪᠴᠢᠶ᠎ᠡ ᠪᠠᠷ ᠬᠠᠮᠤᠭ ᠤᠨ ᠶᠡᠭᠡ᠂ ᠪᠥᠬᠦ ᠤᠯᠤᠰ ᠲᠤ ᠵᠣᠬᠢᠬᠤ ᠨᠥᠯᠥᠭᠡᠯᠡᠬᠦ ᠬᠦᠴᠦᠨ ᠲᠠᠢ ᠨᠡᠶᠢᠯᠡᠮᠡᠯ ᠠᠮᠢᠳᠤ ᠪᠣᠳᠠᠰ ᠤᠨ ᠠᠵᠤ ᠦᠢᠯᠡᠰ ᠤᠨ ᠰᠢᠰᠲ᠋ᠧᠮᠵᠢ ᠶᠢ ᠪᠥᠬᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠵᠤ᠂ ᠤᠯᠤᠰ ᠤᠨ ᠲᠠᠰ ᠤᠨ ᠨᠡᠶᠢᠯᠡᠮᠡᠯ ᠠᠮᠢᠳᠤ ᠪᠣᠳᠠᠰ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠣᠶ ᠪᠣᠯᠭᠠᠨ᠎ᠠ᠃ ᠢᠷᠡᠯᠳᠡ᠄ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1