ᠲᠥᠪ ᠬᠤᠷᠢᠶᠠᠨ ᠤ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠪᠠᠭᠤᠷᠠᠬᠤ ᠶᠢ ᠵᠣᠭᠰᠣᠭᠠᠵᠤ ᠳᠠᠬᠢᠨ ᠲᠣᠭᠲᠠᠪᠤᠷᠢᠵᠢᠭᠤᠯᠬᠤ ᠶᠢ ᠠᠬᠢᠭᠤᠯᠤᠶ᠎ᠠ — ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠶᠡᠭᠡ ᠪᠠᠷ ᠪᠠᠭᠤᠷᠠᠭᠤᠯᠵᠠᠢ᠂ ᠴᠤᠬᠤᠮ ᠬᠡᠳᠦᠢ ᠵᠤᠭᠤᠰ ᠠᠷᠪᠢᠯᠠᠬᠤ ᠪᠤᠯ︖
ᠨᠡᠶᠢᠲᠡᠯᠡᠭᠰᠡᠨ ᠴᠠᠭ᠄
2025/1/7
      LPR ᠶᠢᠨ ᠮᠡᠳᠡᠭᠦᠯᠦᠭᠰᠡᠨ ᠦᠨ᠎ᠡ ᠶᠢᠨ ᠬᠥᠳᠡᠯᠦᠩᠭᠦᠢ ᠬᠦᠦ ᠮᠥᠩᠭᠦ ᠶᠢᠨ ᠨᠣᠷᠮ᠎ᠠ ᠪᠠᠷ ᠯᠠᠪᠯᠠᠯᠲᠠ ᠪᠣᠯᠭᠠᠭᠰᠠᠨ ᠬᠤᠳᠠᠯᠳᠤᠭᠠᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠵᠣᠭᠤᠰ ᠵᠢᠭᠡᠯᠡᠭᠴᠢ ᠳᠤ ᠠᠪᠴᠤ ᠬᠡᠯᠡᠪᠡᠯ᠂ ᠬᠡᠷᠪᠡ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢᠨ ᠳᠠᠬᠢᠨ ᠲᠤᠭᠳᠠᠭᠠᠬᠤ ᠦᠨ᠎ᠡ ᠂ ᠬᠤᠳᠠᠯᠳᠤᠭᠠᠨ ᠤ ᠣᠷᠣᠨ ᠰᠠᠭᠤᠴᠠ ᠶᠢᠨ ᠵᠢᠭᠡᠯᠡᠯᠭᠡ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠤᠪᠢ ᠬᠥᠮᠥᠨ ᠤ ᠦᠯᠡᠳᠡᠭᠡᠯ ᠣᠷᠣᠨ ᠰᠠᠭᠤᠴᠠ ᠶᠢᠨ ᠵᠢᠭᠡᠯᠡᠯᠭᠡ ᠴᠦ 1 ᠳ᠋ᠤᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠰᠢᠨ᠎ᠡ ᠬᠦᠦ ᠮᠥᠩᠭᠦ ᠶᠢᠨ ᠨᠣᠷᠮ᠎ᠠ ᠶᠢ ᠬᠡᠷᠡᠭᠵᠢᠭᠦᠯᠦᠨ᠎ᠡ᠃      ᠨᠠᠨᠵᠢᠩ  ᠪᠠᠩᠬᠢ ᠶᠢᠨ ᠪᠡᠭᠡᠵᠢᠩ ᠤᠨ ᠪᠠᠷᠠᠭᠤᠨ ᠥᠷᠲᠡᠭᠡᠨ ᠤ ᠰᠠᠯᠪᠤᠷᠢ ᠪᠠᠩᠬᠢ ᠶᠢᠨ ᠳᠠᠷᠤᠭ᠎ᠠ ᠰᠢᠦᠢ ᠲᠢᠩ ᠲᠢᠩ ᠬᠡᠯᠡᠬᠦ ᠳᠡᠭᠡᠨ᠄ ︽ᠮᠠᠨ ᠤ ᠪᠠᠩᠬᠢ ᠶᠢᠨ ᠵᠢᠭᠡᠯᠡᠯᠭᠡ ᠶᠢᠨ ᠦᠨ᠎ᠡ ᠶᠢ ᠳᠠᠬᠢᠨ ᠲᠣᠭᠲᠠᠭᠠᠬᠤ ᠡᠳᠦᠷ 1 ᠳ᠋ᠤᠭᠡᠷ ᠰᠠᠷ᠎ᠠ ᠶᠢᠨ 1 ᠤ ᠡᠳᠦᠷ ᠤᠨ ᠵᠣᠴᠢᠨ ᠡᠷᠦᠬᠡ ᠶᠢᠨ ᠡᠵᠡᠯᠡᠬᠦ ᠬᠠᠷᠢᠴᠠᠯ ᠪᠠᠷᠤᠭ 80% ᠶᠢ ᠡᠵᠡᠯᠡᠵᠦ᠂ ᠮᠠᠰᠢ ᠣᠯᠠᠨ ᠵᠣᠴᠢᠨ ᠡᠷᠦᠬᠡ ᠬᠦᠦ ᠮᠥᠩᠭᠦ ᠶᠢᠨ ᠨᠣᠷᠮ᠎ᠠ ᠶᠢᠨ ᠲᠣᠬᠢᠷᠠᠭᠤᠯᠤᠯᠲᠠ ᠠᠴᠠ ᠪᠣᠯᠤᠭᠰᠠᠨ ᠠᠰᠢᠭ ᠲᠤᠰᠠ ᠶᠢ ᠭᠥᠷᠳᠡᠵᠦ ᠴᠢᠳᠠᠵᠠᠢ︾ ᠭᠡᠵᠡᠢ᠃      2024 ᠣᠨ ᠳᠤ᠂ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠲᠠᠢ ᠬᠤᠯᠪᠣᠭᠳᠠᠭᠤᠯᠤᠭᠰᠠᠨ 5 ᠵᠢᠯ ᠤᠨ ᠬᠤᠭᠤᠴᠠᠭ᠎ᠠ ᠠᠴᠠ ᠳᠡᠭᠡᠭᠰᠢᠬᠢ LPR ᠪᠥᠬᠦ ᠵᠢᠯ ᠳᠤ ᠨᠡᠶᠢᠲᠡ 60 ᠰᠠᠭᠤᠷᠢ ᠴᠡᠭ ᠪᠠᠭᠤᠷᠠᠭᠰᠠᠨ ᠪᠠᠶᠢᠨ᠎ᠠ᠃ ᠵᠢᠭᠡᠯᠡᠯᠭᠡ ᠶᠢᠨ ᠲᠤᠭ᠎ᠠ ᠨᠢ 100 ᠲᠦᠮᠡᠨ ᠲᠥᠭᠦᠷᠢᠭ᠂ ᠲᠡᠩᠴᠡᠭᠦᠦ ᠲᠣᠭᠠᠨ ᠤ ᠡᠬᠡ ᠬᠦᠦ ᠮᠥᠩᠭᠦ᠂ 30 ᠵᠢᠯ ᠤᠨ ᠬᠤᠭᠤᠴᠠᠭ᠎ᠠ ᠪᠠᠷ ᠵᠢᠱᠢᠶᠡᠯᠡᠪᠡᠯ᠂ ᠭᠡᠷ ᠪᠠᠶᠢᠰᠢᠩ ᠤᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ 3.9% ᠪᠠᠶᠢᠭᠰᠠᠨ ᠠᠴᠠ 3.3% ᠪᠣᠯᠭᠠᠨ ᠪᠠᠭᠤᠷᠠᠭᠤᠯᠤᠭᠰᠠᠨ ᠤ ᠳᠠᠷᠠᠭ᠎ᠠ᠂ ᠰᠠᠷ᠎ᠠ ᠪᠦᠷᠢ ᠶᠢᠨ ᠬᠦᠦ ᠮᠥᠩᠭᠦ ᠶᠢᠨ ᠵᠠᠷᠤᠯᠭ᠎ᠠ ᠶᠢ 300 ᠭᠠᠷᠤᠢ ᠲᠥᠭᠦᠷᠢᠭ ᠠᠷᠪᠢᠯᠠᠵᠤ ᠪᠣᠯᠣᠨ᠎ᠠ᠃      ᠨᠢᠳᠤᠨᠤᠨ ᠤ 11 ᠳ᠋ᠤᠭᠡᠷ ᠰᠠᠷ᠎ᠠ ᠶᠢᠨ 1 ᠤ ᠡᠳᠦᠷ ᠠᠴᠠ ᠡᠬᠢᠯᠡᠨ᠂ ᠬᠤᠳᠠᠯᠳᠤᠭᠠᠨ ᠤ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠵᠣᠭᠤᠰ ᠵᠢᠭᠡᠯᠡᠭᠴᠢ ᠪᠠᠩᠬᠢ ᠲᠠᠢ ᠵᠥᠪᠳᠡᠯᠴᠡᠵᠦ ᠳᠠᠬᠢᠨ ᠦᠨ᠎ᠡ ᠲᠣᠭᠲᠠᠭᠠᠬᠤ ᠦᠶᠡᠯᠡᠯ ᠤᠨ ᠬᠤᠭᠤᠴᠠᠭ᠎ᠠ ᠶᠢ ᠪᠣᠯᠵᠣᠨ ᠲᠣᠭᠲᠠᠵᠤ᠂ ᠦᠯᠡᠳᠡᠭᠡᠯ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠳᠤ ᠬᠥᠳᠡᠯᠦᠩᠭᠦᠢ ᠲᠣᠬᠢᠷᠠᠭᠤᠯᠤᠯᠲᠠ ᠬᠢᠬᠦ ᠴᠠᠭ ᠢ ᠪᠤᠯᠵᠤᠨ ᠲᠤᠭᠳᠠᠵᠠᠢ᠃ ᠤᠤᠯ ᠤᠨ ᠭᠡᠷ ᠪᠠᠶᠢᠰᠢᠩ ᠤᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠣᠯᠠᠩᠬᠢ ᠳᠠᠭᠠᠨ LPR ᠤᠨ ᠬᠤᠪᠢᠷᠠᠯᠲᠠ ᠶᠢ ᠦᠨᠳᠦᠰᠦᠯᠡᠨ ᠵᠢᠯ ᠳᠤ ᠨᠢᠭᠡ ᠤᠳᠠᠭ᠎ᠠ ᠲᠣᠬᠢᠷᠠᠭᠤᠯᠳᠠᠭ᠂ ᠣᠳᠣ ᠵᠣᠴᠢᠨ ᠡᠷᠦᠬᠡ 3 ᠰᠠᠷ᠎ᠠ᠂ 6 ᠰᠠᠷ᠎ᠠ᠂ 12 ᠰᠠᠷ᠎ᠠ ᠮᠡᠳᠦ ᠭᠤᠷᠪᠠᠨ ᠵᠦᠢᠯ ᠤᠨ ᠦᠶᠡᠯᠡᠯ ᠤᠨ ᠬᠤᠭᠤᠴᠠᠭ᠎ᠠ ᠶᠢ ᠥᠪᠡᠰᠦᠪᠡᠨ ᠰᠣᠩᠭᠤᠵᠤ ᠪᠣᠯᠣᠨ᠎ᠠ᠃      ᠳᠤᠮᠳᠠᠳᠤ ᠤᠯᠤᠰ ᠤᠨ ᠪᠠᠩᠬᠢ ᠶᠢᠨ ᠪᠡᠭᠡᠵᠢᠩ ᠤᠨ ᠰᠢᠤᠸᠠᠨ ᠦ᠋ ᠰᠠᠯᠪᠤᠷᠢ ᠪᠠᠩᠬᠢ ᠶᠢᠨ ᠬᠡᠷᠡᠭᠯᠡᠭᠡᠨ ᠤ ᠮᠥᠩᠭᠦᠨ ᠭᠦᠢᠯᠭᠡᠭᠡᠨ ᠤ ᠬᠡᠯᠳᠡᠰ ᠤᠨ ᠵᠣᠴᠢᠨ ᠡᠷᠦᠬᠡ ᠶᠢᠨ ᠳᠠᠭᠠᠭᠠᠮᠠᠯ ᠯᠢᠦ ᠱᠠᠩ ᠵᠢᠶᠦ᠋ᠨ ᠬᠡᠯᠡᠭᠰᠡᠨ ᠨᠢ᠄ ︽ᠰᠢᠨ᠎ᠡ ᠪᠠᠷ ᠦᠨ᠎ᠡ ᠲᠣᠭᠲᠠᠭᠠᠬᠤ ᠦᠶᠡᠯᠡᠯ ᠤᠨ ᠬᠤᠭᠤᠴᠠᠭᠠᠨ ᠳᠤ ᠲᠣᠬᠢᠷᠠᠭᠤᠯᠤᠯᠲᠠ ᠬᠢᠬᠦ ᠪᠠᠷ ᠭᠤᠶᠤᠴᠢᠯᠠᠭᠰᠠᠨ ᠵᠣᠴᠢᠨ ᠡᠷᠦᠬᠡ ᠮᠠᠨ ᠤ ᠪᠠᠩᠬᠢ ᠶᠢᠨ ᠬᠠᠳᠠᠭᠠᠯᠠᠯᠲᠠ ᠶᠢᠨ ᠵᠣᠴᠢᠨ ᠡᠷᠦᠬᠡ ᠶᠢᠨ ᠠᠷᠪᠠᠨ ᠤ ᠭᠤᠷᠪᠠᠨ ᠬᠤᠪᠢ ᠶᠢ ᠡᠵᠡᠯᠡᠵᠦ᠂ ᠯᠠᠪᠯᠠᠯᠲᠠ ᠶᠢᠨ ᠬᠡᠮᠵᠢᠶ᠎ᠡ ᠴᠦ ᠢᠯᠡᠳᠲᠡ ᠨᠡᠮᠡᠭᠳᠡᠵᠡᠢ︾ ᠭᠡᠵᠡᠢ᠃      ᠡᠭᠦᠨ ᠤ ᠬᠠᠮᠲᠤ᠂ ᠦᠯᠡᠳᠡᠭᠡᠯ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠳᠤ 1 ᠳ᠋ᠤᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠰᠢᠨ᠎ᠡ ᠬᠦᠦ ᠮᠥᠩᠭᠦ ᠶᠢᠨ ᠨᠣᠷᠮ᠎ᠠ ᠶᠢ ᠬᠡᠷᠡᠭᠵᠢᠭᠦᠯᠦᠨ᠎ᠡ᠂ ᠥᠭᠡᠷ᠎ᠡ ᠪᠠᠷ ᠬᠡᠯᠡᠪᠡᠯ 2024 ᠣᠨ ᠤ 5 ᠳ᠋ᠤᠭᠠᠷ ᠰᠠᠷ᠎ᠠ ᠶᠢᠨ 18 ᠤ ᠡᠳᠦᠷ ᠠᠴᠠ ᠡᠮᠦᠨ᠎ᠡ ᠲᠠᠯᠪᠢᠭᠰᠠᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢ 1 ᠳ᠋ᠤᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠵᠣᠬᠢᠴᠠᠩᠭᠤᠢ ᠠᠩᠬᠠᠨ ᠤ ᠢᠴᠢ᠂ ᠬᠤᠶᠠᠳᠤᠭᠠᠷ ᠢᠴᠢ ᠤᠷᠤᠨ ᠰᠠᠭᠤᠴᠠ ᠶᠢᠨ ᠵᠢᠭᠡᠯᠡᠯᠭᠡ ᠶᠢᠨ ᠬᠦᠦ ᠮᠦᠩᠭᠦ ᠶᠢᠨ ᠨᠤᠷᠮ᠎ᠠ ᠳᠤ ᠲᠤᠬᠢᠷᠠᠭᠤᠯᠤᠯᠳᠠ ᠬᠢᠨ᠎ᠡ᠃       100 ᠲᠦᠮᠡᠨ ᠲᠥᠭᠦᠷᠢᠭ᠂ 30 ᠵᠢᠯ ᠤᠨ ᠬᠤᠭᠤᠴᠠᠭ᠎ᠠ ᠲᠠᠢ ᠠᠩᠬᠠᠨ ᠤ ᠢᠴᠢ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠪᠠᠷ ᠵᠢᠱᠢᠶᠡᠯᠡᠪᠡᠯ᠂ ᠲᠡᠩᠴᠡᠭᠦᠦ ᠲᠣᠭᠠᠨ ᠤ ᠡᠬᠡ ᠬᠦᠦ ᠮᠥᠩᠭᠦ ᠪᠠᠷ ᠵᠣᠭᠤᠰ ᠪᠤᠴᠠᠭᠠᠬᠤ ᠠᠷᠭ᠎ᠠ ᠮᠠᠶ᠋ᠢᠭ ᠢ ᠰᠤᠩᠭᠤᠭᠰᠠᠨ ᠪᠠᠶᠢᠪᠠᠯ᠂ ᠥᠭᠡᠷ᠎ᠡ ᠪᠠᠷ ᠬᠡᠯᠡᠪᠡᠯ ᠰᠠᠷ᠎ᠠ ᠪᠦᠷᠢ ᠶᠢᠨ ᠵᠣᠭᠤᠰ ᠪᠤᠴᠠᠭᠠᠬᠤ ᠲᠤᠭ᠎ᠠ ᠨᠢ ᠬᠤᠪᠢᠷᠠᠬᠤ ᠦᠭᠡᠢ ᠪᠠᠶᠢᠳᠠᠯ ᠳᠣᠣᠷ᠎ᠠ᠂ ᠰᠠᠷ᠎ᠠ ᠶᠢᠨ ᠬᠠᠩᠭᠠᠯᠭ᠎ᠠ ᠨᠢ 4270.16 ᠲᠥᠭᠦᠷᠢᠭ ᠪᠠᠶᠢᠭᠰᠠᠨ ᠠᠴᠠ ᠪᠠᠨ 4135.57 ᠲᠥᠭᠦᠷᠢᠭ ᠪᠣᠯᠣᠨ ᠪᠠᠭᠤᠷᠠᠵᠤ᠂ ᠶᠡᠷᠦᠩᠬᠡᠢ ᠬᠦᠦ ᠮᠥᠩᠭᠦ ᠶᠢᠨ ᠵᠠᠷᠤᠯᠭ᠎ᠠ ᠶᠢ 4.85 ᠲᠦᠮᠡᠨ ᠲᠥᠭᠦᠷᠢᠭ ᠠᠷᠪᠢᠯᠠᠬᠤ ᠪᠣᠯᠣᠨ᠎ᠠ᠃       ᠠᠩᠬᠠᠷᠤᠭᠤᠰᠢᠲᠠᠢ ᠵᠦᠢᠯ ᠭᠡᠪᠡᠯ᠂ ᠬᠤᠳᠠᠯᠳᠤᠭᠠᠨ ᠤ ᠵᠢᠭᠡᠯᠡᠯᠭᠡ ᠴᠦ ᠲᠡᠷᠡ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠴᠦ ᠲᠡᠷᠡ᠂ ᠡᠨᠡ ᠤᠳᠠᠭᠠᠨ ᠤ ᠬᠦᠦ ᠮᠥᠩᠭᠦ ᠶᠢᠨ ᠨᠣᠷᠮ᠎ᠠ ᠶᠢᠨ ᠲᠣᠬᠢᠷᠠᠭᠤᠯᠤᠯᠲᠠ ᠪᠣᠯ ᠴᠥᠮ ᠠᠶᠠᠨᠳᠠᠭᠠᠨ ᠲᠣᠬᠢᠷᠠᠭᠤᠯᠤᠯᠲᠠ ᠬᠢᠭᠰᠡᠨ ᠶᠠᠪᠤᠳᠠᠯ ᠪᠣᠯᠣᠨ᠎ᠠ᠂ ᠵᠣᠭᠤᠰ ᠵᠢᠭᠡᠯᠡᠭᠴᠢ ᠲᠤᠰᠬᠠᠶᠢᠯᠠᠨ ᠭᠤᠶᠤᠴᠢᠯᠠᠬᠤ ᠴᠢᠬᠤᠯᠠ ᠦᠭᠡᠢ᠂ ᠨᠥᠬᠦᠴᠡᠯ ᠳᠤ ᠨᠡᠶᠢᠴᠡᠭᠰᠡᠨ ᠭᠡᠷ ᠬᠤᠳᠠᠯᠳᠤᠨ ᠠᠪᠤᠭᠴᠢ ᠴᠥᠮ ᠬᠦᠦ ᠮᠥᠩᠭᠦ ᠶᠢᠨ ᠨᠣᠷᠮ᠎ᠠ ᠶᠢ ᠪᠠᠭᠤᠷᠠᠭᠤᠯᠤᠭᠰᠠᠨ ᠠᠴᠠ ᠪᠣᠯᠤᠭᠰᠠᠨ ᠠᠰᠢᠭ ᠲᠤᠰᠠ ᠶᠢ ᠰᠢᠭᠤᠳ ᠡᠳ᠋ᠯᠡᠵᠦ ᠪᠣᠯᠣᠨ᠎ᠠ᠃ ᠢᠷᠡᠯᠲᠡ᠄ ᠲᠥᠪ ᠲᠧᠯᠸᠢᠰ ᠤᠨ ᠰᠣᠨᠢᠨ ᠮᠡᠳᠡᠭᠡ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1