ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠢᠩᠬᠢᠮ | ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ᠂ | ᠡᠳ᠋ ᠤᠨ ᠵᠠᠰᠠᠭ ᠤᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠤᠯᠤᠰ ᠤᠨ ᠭᠠᠶᠢᠯᠢ ᠶᠢᠨ | ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ | ᠶᠠᠪᠤᠳᠠᠯ ᠤᠨ ᠲᠣᠪᠴᠢᠶ᠎ᠠ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠬᠤᠪᠢᠶᠠᠷᠢ ᠪᠠᠩᠬᠢ᠂ ᠥᠪᠥᠷ ᠮᠣᠩᠭᠤᠯ ᠤᠨ ᠮᠥᠩᠭᠦᠨ ᠭᠦᠢᠯᠭᠡᠭᠡᠨ ᠤ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠬᠠᠮᠲᠤᠷᠠᠨ ︽ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ | ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠤᠯᠠᠮ ᠨᠢᠭᠡ ᠠᠯᠬᠤᠮ ᠠᠬᠢᠭᠤᠯᠬᠤ ᠲᠤᠬᠠᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠭ᠎ᠠ ᠬᠡᠮᠵᠢᠶ᠎ᠡ ᠨᠦᠭᠦᠳ︾ ︵ᠲᠤᠷᠤᠭᠰᠢ ︽ᠠᠷᠭ᠎ᠠ ᠬᠡᠮᠵᠢᠶ᠎ᠡ︾ | ᠭᠡᠵᠦ ᠲᠤᠪᠴᠢᠯᠠᠨ᠎ᠠ︶ ᠢ ᠲᠠᠷᠤᠮᠠᠯᠯᠠᠨ ᠲᠠᠷᠬᠠᠭᠠᠪᠠ᠃ ᠡᠳᠦᠭᠡ ᠬᠤᠯᠪᠣᠭᠳᠠᠯ ᠪᠦᠬᠦᠢ ᠠᠭᠤᠯᠭ᠎ᠠ ᠶᠢᠨ ᠲᠤᠬᠠᠢ | ᠳᠣᠣᠷᠠᠬᠢ ᠮᠡᠲᠦ ᠲᠠᠶᠢᠯᠤᠮᠵᠢ ᠬᠢᠶ᠎ᠡ᠃ | ᠨᠢᠭᠡ᠂ ᠨᠡᠶᠢᠲᠡᠯᠡᠭᠰᠡᠨ ᠠᠬᠤᠢ ᠪᠠᠶᠢᠳᠠᠯ | 2024 ᠣᠨ ᠤ 9 ᠳ᠋ᠤᠭᠡᠷ ᠰᠠᠷ᠎ᠠ ᠶᠢᠨ 26 ᠤ ᠡᠳᠦᠷ᠂ ᠲᠥᠪ ᠬᠤᠷᠢᠶᠠᠨ ᠤ ᠤᠯᠤᠰ ᠲᠥᠷᠥ ᠶᠢᠨ | ᠲᠣᠪᠴᠢᠶᠠᠨ ᠤ ᠬᠤᠷᠠᠯ ᠠᠴᠠ ︽ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠭᠤᠷᠠᠬᠤ ᠶᠢ | ᠵᠣᠭᠰᠣᠭᠠᠵᠤ ᠳᠠᠬᠢᠨ ᠲᠣᠭᠲᠠᠪᠤᠷᠢᠵᠢᠭᠤᠯᠬᠤ ᠶᠢ ᠠᠬᠢᠭᠤᠯᠬᠤ︾ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠭᠠᠷᠭᠠᠪᠠ᠃ | ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠵᠡᠷᠭᠡ ᠤᠯᠤᠰ ᠤᠨ ᠶᠠᠮᠤᠨ | ᠵᠦᠪᠯᠡᠯ ᠬᠤᠳᠠᠯᠳᠤᠨ ᠠᠪᠬᠤ ᠶᠢ ᠬᠢᠵᠠᠭᠠᠷᠯᠠᠬᠤ᠂ ᠬᠤᠳᠠᠯᠳᠤᠬᠤ ᠶᠢ ᠬᠢᠵᠠᠭᠠᠷᠯᠠᠬᠤ᠂ ᠦᠨ᠎ᠡ ᠬᠠᠩᠰᠢ ᠶᠢ | ᠬᠢᠵᠠᠭᠠᠷᠯᠠᠬᠤ ᠶᠢ ᠬᠦᠴᠦᠨ ᠦᠭᠡᠢ ᠪᠣᠯᠭᠠᠬᠤ᠂ ᠠᠩᠬ᠎ᠠ ᠲᠤᠰᠢᠶᠠᠬᠤ ᠵᠣᠭᠤᠰ ᠤᠨ ᠬᠠᠷᠢᠴᠠᠯ ᠪᠠ ᠵᠢᠭᠡᠯᠡᠯᠭᠡ ᠶᠢᠨ | ᠬᠦᠦ ᠮᠥᠩᠭᠦ ᠶᠢᠨ ᠨᠤᠷᠮ᠎ᠠ ᠶᠢ ᠪᠠᠭᠤᠷᠠᠭᠤᠯᠬᠤ ᠵᠡᠷᠭᠡ ᠠᠯᠢ ᠤᠯᠠᠨ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ | ᠨᠡᠶᠢᠲᠡᠯᠡᠵᠦ᠂ ᠣᠷᠣᠨ ᠰᠠᠭᠤᠴᠠ ᠶᠢᠨ ᠵᠠᠶᠢᠯᠠᠰᠢ ᠦᠭᠡᠢ ᠴᠢᠨᠠᠷ ᠪᠠ ᠰᠠᠶᠢᠵᠢᠷᠠᠭᠤᠯᠤᠯᠲᠠ ᠶᠢᠨ ᠴᠢᠨᠠᠷᠲᠠᠢ | ᠬᠡᠷᠡᠭᠴᠡᠭᠡ ᠶᠢ ᠲᠡᠮᠵᠢᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠭᠤᠷᠠᠬᠤ ᠶᠢ | ᠵᠣᠭᠰᠣᠭᠠᠵᠤ ᠲᠠᠬᠢᠨ ᠲᠣᠭᠲᠠᠪᠤᠷᠢᠵᠢᠭᠤᠯᠬᠤ ᠶᠢ ᠲᠦᠯᠬᠢᠨ ᠠᠬᠢᠭᠤᠯᠪᠠ᠃ ᠨᠠᠮ ᠤᠨ ᠬᠤᠷᠢᠳᠤᠭᠠᠷ ᠬᠤᠭᠤᠴᠠᠭᠠᠨ ᠤ | ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ | ᠬᠠᠩᠭᠠᠯᠭ᠎ᠠ ᠬᠡᠷᠡᠭᠴᠡᠭᠡ ᠶᠢᠨ ᠬᠠᠷᠢᠴᠠᠭ᠎ᠠ ᠳᠤ ᠴᠢᠬᠤᠯᠠ ᠶᠡᠭᠡ ᠬᠤᠪᠢᠷᠠᠯᠲᠠ ᠭᠠᠷᠤᠭᠰᠠᠨ ᠰᠢᠨ᠎ᠡ ᠪᠠᠶᠢᠳᠠᠯ ᠳᠤ | ᠵᠣᠬᠢᠴᠠᠭᠤᠯᠬᠤ ᠶᠢᠨ ᠲᠤᠰᠠᠳᠠ᠂ ᠮᠠᠨ ᠤ ᠣᠷᠣᠨ ᠤ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ | ᠬᠥᠭᠵᠢᠯᠲᠡ ᠶᠢᠨ ᠪᠣᠳᠠᠲᠠᠢ ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠠᠴᠠ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ | ᠬᠠᠮᠲᠤᠷᠠᠨ ᠲᠣᠰ ︽ᠠᠷᠭ᠎ᠠ ᠬᠡᠮᠵᠢᠶ᠎ᠡ︾ ᠶᠢ ᠲᠣᠭᠲᠠᠭᠠᠵᠤ ᠳᠠᠷᠤᠮᠠᠯᠯᠠᠨ ᠲᠠᠷᠬᠠᠭᠠᠪᠠ᠃ | ᠬᠤᠶᠠᠷ᠂ ᠲᠥᠷᠥ ᠶᠢᠨ ᠪᠣᠳᠣᠯᠭ᠎ᠠ ᠶᠢᠨ ᠭᠢᠯᠠᠰ ᠴᠡᠭ | ᠡᠯ᠎ᠡ ᠠᠶᠢᠮᠠᠭ ᠬᠤᠲᠠ ᠶᠢᠨ ᠬᠤᠳᠠᠯᠳᠤᠨ ᠠᠪᠬᠤ ᠶᠢ ᠬᠢᠵᠠᠭᠠᠷᠯᠠᠬᠤ᠂ ᠬᠤᠳᠠᠯᠳᠤᠬᠤ ᠶᠢ ᠬᠢᠵᠠᠭᠠᠷᠯᠠᠬᠤ᠂ | ᠦᠨ᠎ᠡ ᠶᠢ ᠬᠢᠵᠠᠭᠠᠷᠯᠠᠬᠤ ᠵᠡᠷᠭᠡ ᠬᠢᠵᠠᠭᠠᠷᠯᠠᠬᠤ ᠴᠢᠨᠠᠷᠲᠠᠢ ᠲᠥᠷᠥ ᠶᠢᠨ ᠪᠣᠳᠣᠯᠭ᠎ᠠ ᠪᠠᠨ ᠰᠢᠯᠢᠳᠡᠭᠵᠢᠭᠦᠯᠦᠨ | ᠲᠣᠬᠢᠷᠠᠭᠤᠯᠬᠤ ᠶᠢ ᠳᠡᠮᠵᠢᠵᠦ᠂ ᠭᠡᠷ ᠪᠠᠶᠢᠰᠢᠩ ᠬᠤᠳᠠᠯᠳᠤᠨ ᠠᠪᠬᠤ ᠨᠥᠬᠦᠴᠡᠯ ᠢ ᠤᠯᠠᠮ ᠨᠢᠭᠡ ᠠᠯᠬᠤᠮ | ᠠᠭᠤᠵᠢᠭᠤ ᠲᠠᠯᠪᠢᠵᠤ᠂ ᠡᠯ᠎ᠡ ᠭᠠᠵᠠᠷ ᠤᠨ ᠰᠢᠨ᠎ᠡ ᠪᠠᠷ ᠲᠠᠷᠬᠠᠭᠠᠬᠤ ᠬᠤᠳᠠᠯᠳᠤᠭᠠᠨ ᠤ ᠴᠢᠨᠠᠷᠲᠠᠢ ᠬᠤᠪᠢ ᠬᠥᠮᠥᠨ ᠤ | ᠣᠷᠣᠨ ᠰᠠᠭᠤᠴᠠ ᠶᠢᠨ ᠵᠢᠭᠡᠯᠡᠯᠭᠡ ᠶᠢᠨ ᠠᠩᠬ᠎ᠠ ᠲᠤᠰᠢᠶᠠᠬᠤ ᠵᠣᠭᠤᠰ ᠤᠨ ᠬᠠᠷᠢᠴᠠᠯ ᠳᠤ ᠲᠣᠬᠢᠷᠠᠭᠤᠯᠤᠯᠲᠠ ᠬᠢᠬᠦ ᠶᠢ | ᠳᠡᠮᠵᠢᠵᠦ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠬᠠᠮᠤᠭ ᠤᠨ | ᠥᠨᠳᠥᠷ ᠲᠤᠭ᠎ᠠ ᠬᠡᠮᠵᠢᠶ᠎ᠡ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠰᠢᠨ᠎ᠡ ᠪᠠᠷ | ᠪᠠᠶᠢᠭᠤᠯᠤᠭᠰᠠᠨ ᠤᠷᠢᠳᠴᠢᠯᠠᠨ ᠬᠤᠳᠠᠯᠳᠤᠬᠤ ᠲᠠᠸᠠᠷ ᠤᠨ ᠣᠷᠣᠨ ᠰᠠᠭᠤᠴᠠ ᠶᠢᠨ ᠠᠩᠬ᠎ᠠ ᠲᠤᠰᠢᠶᠠᠬᠤ ᠵᠣᠭᠤᠰ ᠢ | ᠲᠥᠯᠥᠬᠦ ᠳᠤ ᠬᠡᠷᠡᠭᠯᠡᠬᠦ ᠵᠡᠷᠭᠡ ᠠᠷᠭ᠎ᠠ ᠬᠡᠮᠵᠢᠶ᠎ᠡ ᠶᠢ ᠵᠣᠬᠢᠰᠲᠠᠢ ᠳᠡᠭᠡᠭᠰᠢᠯᠡᠭᠦᠯᠵᠦ᠂ ᠭᠡᠷ ᠪᠠᠶᠢᠰᠢᠩ ᠬᠤᠳᠠᠯᠳᠤᠨ | ᠠᠪᠤᠭᠴᠢ ᠶᠢᠨ ᠠᠵᠤ ᠠᠬᠤᠢ ᠶᠢᠨ ᠳᠠᠷᠤᠯᠲᠠ ᠶᠢ ᠬᠦᠩᠭᠡᠷᠡᠭᠦᠯᠦᠨ᠎ᠡ᠃ ᠬᠤᠲᠠ ᠶᠢᠨ ᠭᠡᠷ ᠪᠠᠶᠢᠰᠢᠩ ᠭᠠᠵᠠᠷ | ᠬᠥᠷᠥᠩᠭᠡ ᠶᠢᠨ ᠪᠡᠯᠡ ᠲᠣᠬᠢᠷᠠᠭᠤᠯᠭ᠎ᠠ ᠶᠢᠨ ᠵᠣᠬᠢᠴᠠᠭᠤᠯᠬᠤ ᠲᠣᠭᠲᠠᠴᠠ ᠶᠢᠨ ᠠᠵᠢᠯ ᠤᠨ ᠦᠷ᠎ᠡ ᠪᠦᠲᠦᠮᠵᠢ ᠶᠢ | ᠪᠠᠬᠢᠵᠢᠭᠦᠯᠦᠨ ᠥᠷᠭᠡᠳᠬᠡᠵᠦ᠂ ︽ᠴᠠᠭᠠᠨ ᠨᠡᠷᠡᠰ︾ ᠤᠨ ᠲᠥᠷᠥᠯ ᠵᠦᠢᠯ ᠤᠨ ᠬᠠᠮᠤᠷᠬᠤ ᠬᠡᠪᠴᠢᠶ᠎ᠡ ᠶᠢ ᠥᠷᠭᠡᠳᠬᠡᠨ | ᠂ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ ᠬᠦᠴᠢᠷ ᠠᠰᠠᠭᠤᠳᠠᠯ ᠢ | ᠪᠦᠲᠦᠮᠵᠢᠲᠡᠶ ᠰᠢᠢᠳᠪᠦᠷᠢᠯᠡᠨ᠎ᠡ᠃ ᠡᠲᠡᠭᠡᠷ ᠲᠥᠷᠥ ᠶᠢᠨ ᠪᠣᠳᠣᠯᠭ᠎ᠠ ᠶᠢ ᠬᠡᠷᠡᠭᠵᠢᠭᠦᠯᠪᠡᠯ ᠭᠡᠷ ᠪᠠᠶᠢᠰᠢᠩ ᠭᠠᠵᠠᠷ | ᠬᠥᠷᠥᠩᠭᠡ ᠶᠢᠨ ᠵᠠᠬ᠎ᠠ ᠳᠡᠯᠭᠡᠭᠦᠷ ᠤᠨ ᠢᠲᠡᠭᠡᠯ ᠢ ᠪᠦᠲᠦᠮᠵᠢᠲᠡᠶ ᠪᠠᠷ ᠨᠡᠮᠡᠭᠳᠡᠭᠦᠯᠵᠦ᠂ ᠭᠡᠷ ᠪᠠᠶᠢᠰᠢᠩ ᠭᠠᠵᠠᠷ | ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠤᠯᠠᠮ ᠨᠢᠭᠡ ᠠᠯᠬᠤᠮ | ᠠᠬᠢᠭᠤᠯᠵᠦ ᠴᠢᠳᠠᠨ᠎ᠠ᠃ | ᠭᠤᠷᠪᠠ᠂ ᠭᠤᠣᠯᠳᠠᠯᠭ᠎ᠠ ᠲᠠᠢ ᠲᠣᠳᠣᠷᠬᠠᠶᠢᠯᠠᠯᠲᠠ | 2024 ᠣᠨ ᠤ 11 ᠳ᠋ᠤᠭᠡᠷ ᠰᠠᠷ᠎ᠠ ᠶᠢᠨ 12 ᠤᠨ ᠡᠳᠦᠷ᠂ ᠡᠳ᠋ ᠤᠨ ᠵᠠᠰᠠᠭ ᠤᠨ ᠶᠠᠮᠤᠨ ᠵᠡᠷᠭᠡ ᠶᠠᠮᠤᠨ | ᠵᠦᠪᠯᠡᠯ ᠬᠠᠮᠲᠤᠷᠠᠨ ︽ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ | ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠤᠯᠪᠣᠭᠳᠠᠯ ᠪᠦᠬᠦᠢ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ ᠶᠢᠨ | ᠲᠤᠬᠠᠢ ᠠᠯᠪᠠᠨ ᠵᠠᠷ︾ ︵ᠡᠳ᠋ ᠤᠨ ᠵᠠᠰᠠᠭ ᠤᠨ ᠶᠠᠮᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠠᠯᠪᠠᠨ ᠵᠠᠷ 2024 ᠣᠨ ᠤ 16 | ᠳ᠋ᠤᠭᠠᠷ ᠲᠣᠭᠠᠲᠤ︶ ᠢ ᠨᠡᠶᠢᠲᠡᠯᠡᠪᠡ᠃ ᠠᠯᠪᠠᠨ ᠵᠠᠷ ᠲᠤ᠂ ᠨᠢᠭᠡ ᠳᠤ᠂ ᠡᠩ ᠤᠨ ᠣᠷᠣᠨ ᠰᠠᠭᠤᠴᠠ ᠪᠠ ᠡᠩ ᠤᠨ | ᠪᠤᠰᠤ ᠣᠷᠣᠨ ᠰᠠᠭᠤᠴᠠ ᠶᠢᠨ ᠪᠠᠷᠢᠮᠵᠢᠶ᠎ᠠ ᠶᠢ ᠬᠦᠴᠦᠨ ᠦᠭᠡᠢ ᠪᠣᠯᠭᠠᠭᠰᠠᠨ ᠬᠤᠲᠠ ᠳᠤ᠂ ᠭᠠᠶᠢᠯᠢ ᠲᠤᠰᠢᠶᠠᠭᠴᠢ | ᠡᠩ ᠤᠨ ᠪᠠᠷᠢᠮᠵᠢᠶᠠᠲᠤ ᠣᠷᠣᠨ ᠰᠠᠭᠤᠴᠠ ᠪᠠᠷᠢᠵᠤ ᠬᠤᠳᠠᠯᠳᠤᠭᠠᠳ᠂ ᠥᠷᠲᠡᠭ ᠨᠡᠮᠡᠭᠳᠡᠯ ᠤᠨ ᠲᠤᠭ᠎ᠠ ᠨᠢ ᠬᠠᠰᠤᠵᠤ | ᠭᠠᠷᠭᠠᠬᠤ ᠵᠦᠢᠯᠡᠰ ᠤᠨ ᠵᠣᠭᠤᠰᠤᠨ ᠲᠤᠭ᠎ᠠ ᠶᠢᠨ 20% ᠠᠴᠠ ᠬᠡᠲᠦᠷᠡᠭᠰᠡᠨ ᠦᠭᠡᠢ ᠪᠠᠶᠢᠪᠠᠯ᠂ ᠦᠷᠭᠦᠯᠵᠢᠯᠡᠨ | ᠭᠠᠵᠠᠷ ᠰᠢᠷᠣᠢ ᠶᠢᠨ ᠥᠷᠲᠡᠭ ᠨᠡᠮᠡᠭᠳᠡᠯ ᠤᠨ ᠭᠠᠶᠢᠯᠢ ᠲᠠᠲᠠᠪᠤᠷᠢᠯᠠᠬᠤ ᠠᠴᠠ ᠬᠡᠯᠲᠦᠷᠢᠭᠦᠯᠦᠨ᠎ᠡ︔ ᠬᠤᠶᠠᠷ ᠲᠤ᠂ | ᠬᠤᠯᠪᠣᠭᠳᠠᠯ ᠪᠦᠬᠦᠢ ᠬᠤᠳᠠ ᠶᠢᠨ ᠪᠣᠳᠠᠲᠠᠢ ᠬᠡᠷᠡᠭᠵᠢᠭᠦᠯᠬᠦ ᠪᠠᠷᠢᠮᠵᠢᠶ᠎ᠠ ᠶᠢ ᠡᠯ᠎ᠡ ᠮᠤᠵᠢ᠂ ᠥᠪᠡᠷᠲᠡᠭᠡᠨ ᠵᠠᠰᠠᠬᠤ | ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠲᠣᠭᠲᠠᠭᠠᠨ᠎ᠠ᠃ ᠮᠠᠨ ᠤ | ᠣᠷᠣᠨ ᠤ ᠡᠩ ᠤᠨ ᠪᠠᠷᠢᠮᠵᠢᠶᠠᠲᠤ ᠣᠷᠣᠨ ᠰᠠᠭᠤᠴᠠ ᠶᠢᠨ ᠪᠣᠳᠠᠲᠠᠢ ᠬᠡᠷᠡᠭᠵᠢᠭᠦᠯᠬᠦ ᠪᠠᠷᠢᠮᠵᠢᠶ᠎ᠠ ᠶᠢ ᠦᠷᠭᠦᠯᠵᠢᠯᠡᠨ ︽ | ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ ᠭᠡᠷ | ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠬᠢᠭᠡᠳ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠬᠤ ᠲᠤᠬᠠᠢ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ | ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2022﹈ 87 ᠳ᠋ᠤᠭᠠᠷ ᠲᠣᠭᠠᠲᠤ︶ ᠤᠨ ᠲᠣᠭᠲᠠᠭᠠᠯ | ᠶᠣᠰᠣᠭᠠᠷ ᠬᠡᠷᠡᠭᠵᠢᠭᠦᠯᠦᠨ᠎ᠡ᠃ ᠲᠠᠷᠦᠢ ︽ᠣᠷᠣᠨ ᠰᠠᠭᠤᠴᠠ ᠶᠢᠨ ᠲᠣᠭᠤᠷᠢᠭ ᠤᠨ ᠪᠠᠷᠢᠯᠭ᠎ᠠ ᠶᠢᠨ ᠪᠠᠭᠲᠠᠭᠠᠮᠵᠢ ᠶᠢᠨ | ᠨᠣᠷᠮ᠎ᠠ ᠨᠢ 1.0 ᠠᠴᠠ ᠳᠡᠭᠡᠭᠰᠢ᠂ ᠪᠠᠷᠢᠯᠭ᠎ᠠ ᠶᠢᠨ ᠲᠠᠯᠠᠪᠠᠶ ᠨᠢ 144 ᠲᠡᠭᠰᠢ ᠳᠥᠷᠪᠡᠯᠵᠢᠨ ᠮᠧᠲᠷ ᠠᠴᠠ | ᠳᠣᠷᠣᠭᠰᠢ ︵144 ᠲᠡᠭᠰᠢ ᠳᠥᠷᠪᠡᠯᠵᠢᠨ ᠮᠧᠲᠷ ᠪᠠᠭᠲᠠᠨ᠎ᠠ︶ ᠲᠠᠩ ᠢᠵᠢ ᠣᠷᠣᠨ ᠰᠠᠭᠤᠴᠠ︾ ᠪᠣᠯᠣᠨ᠎ᠠ᠃ | ᠲᠠᠶᠢᠯᠤᠮᠵᠢ ᠬᠢᠭᠴᠢ᠄ ᠵᠣᠣ ᠵᠢᠶᠦ᠋ᠨ | ᠬᠠᠷᠢᠯᠴᠠᠬᠤ ᠬᠡᠯᠪᠡᠷᠢ᠄ 0471— 6946850 | |