ᠬᠥᠬᠡᠬᠤᠲᠠ ᠶᠢᠨ ᠲᠣᠭᠲᠠᠬᠤ ᠰᠢᠶᠠᠨ ᠳᠤ᠂ ᠬᠠᠭᠠᠷᠢᠭᠰᠠᠨ ᠨᠢᠶᠠᠩ ᠪᠣᠣᠪᠤ ᠨᠢ ᠣᠷᠣᠨ ᠨᠤᠲᠤᠭ ᠤᠨ | ᠣᠨᠴᠠᠯᠢᠭ ᠤᠨ ᠲᠥᠯᠥᠭᠡᠯᠡᠭᠴᠢ ᠠᠮᠳᠠᠳᠦ ᠢᠳᠡᠭᠡᠨ ᠪᠣᠯᠬᠤ ᠪᠠᠷ ᠪᠠᠷᠠᠬᠤ ᠦᠭᠡᠢ᠂ ᠨᠠᠩ ᠴᠤ ᠡᠨᠡ ᠬᠦ ᠨᠤᠲᠤᠭ | ᠤᠷᠤᠨ ᠤ ᠬᠥᠮᠥᠰ ᠤᠨ ᠤᠯᠠᠮᠵᠢᠯᠠᠯᠲᠤ ᠪᠠᠶᠠᠷ ᠤᠨ ᠡᠳᠦᠷ ᠤᠨ ᠲᠤᠬᠠᠢ ᠬᠠᠮᠲᠤ ᠶᠢᠨ ᠳᠤᠷᠠᠳᠬᠠᠯ ᠪᠠ ᠬᠠᠶᠢᠷ᠎ᠠ | ᠰᠡᠳᠬᠢᠯᠭᠡ ᠶᠢᠨ ᠬᠥᠭᠦᠷᠭᠡ ᠪᠣᠯᠬᠤ ᠶᠤᠮ᠃ | ᠵᠢᠯ ᠤᠨ ᠡᠴᠦᠰ ᠪᠣᠯᠬᠤ ᠪᠦᠷᠢ ᠭᠡᠷ ᠬᠤᠲᠠᠯᠠᠭᠠᠷ ᠤᠨ ᠴᠤᠭᠯᠠᠭᠠᠨ ᠳᠤ᠂ ᠬᠠᠭᠠᠷᠢᠭᠰᠠᠨ ᠨᠢᠶᠠᠩ ᠪᠣᠣᠪᠤ ᠨᠢ | ᠲᠣᠭᠲᠠᠬᠤ ᠰᠢᠶᠠᠨ ᠤ ᠠᠶᠢᠯ ᠪᠣᠯᠭᠠᠨ ᠤ ᠬᠤᠭᠤᠯᠠᠨ ᠰᠢᠷᠡᠭᠡᠨ ᠳᠡᠭᠡᠷ᠎ᠡ ᠳᠤᠲᠠᠭᠳᠠᠵᠤ ᠪᠣᠯᠣᠰᠢ ᠦᠭᠡᠢ ᠠᠮᠲᠠᠲᠤ | ᠢᠳᠡᠭᠡᠨ ᠪᠣᠯᠵᠤ᠂ ︽ᠵᠢᠯ ᠵᠢᠯ ᠥᠭᠡᠳᠡᠯᠡᠨ ᠮᠠᠨᠳᠤᠬᠤ︾ ᠰᠠᠶᠢᠨ ᠰᠠᠶᠢᠬᠠᠨ ᠬᠦᠰᠡᠯ ᠡᠷᠡᠮᠡᠯᠵᠡᠯ ᠢ ᠪᠡᠯᠭᠡᠳᠡᠵᠦ᠂ | ᠰᠢᠨ᠎ᠡ ᠨᠢᠭᠡᠨ ᠵᠢᠯ ᠳᠤ ᠠᠶᠢᠯ ᠪᠣᠯᠭᠠᠨ ᠥᠭᠡᠳᠡᠯᠡᠨ ᠮᠠᠨᠳᠤᠵᠤ᠂ ᠠᠮᠢᠳᠤᠷᠠᠯ ᠥᠭᠡᠳᠡ ᠡᠰᠡᠷᠡᠭ ᠪᠥᠭᠡᠳ | ᠲᠠᠭᠠᠯᠠᠮᠵᠢᠲᠠᠢ ᠪᠠᠶᠢᠬᠤ ᠶᠢ ᠪᠡᠯᠭᠡᠳᠡᠳᠡᠭ᠃ ᠡᠨᠡᠬᠦ ᠰᠠᠶᠢᠨ ᠰᠠᠶᠢᠬᠠᠨ ᠶᠣᠭᠲᠠ ᠤᠳᠬ᠎ᠠ ᠨᠢ ᠭᠡᠷ ᠪᠦᠯᠢ ᠶᠢᠨ | ᠬᠠᠯᠠᠭᠤᠨ ᠳᠤᠯᠠᠭᠠᠨ ᠢ ᠳᠠᠮᠵᠢᠭᠤᠯᠵᠤ᠂ ᠡᠨᠡᠬᠦ ᠨᠤᠲᠤᠭ ᠤᠷᠤᠨ ᠤ ᠬᠥᠮᠥᠰ ᠤᠨ ᠰᠠᠶᠢᠨ ᠰᠠᠶᠢᠬᠠᠨ ᠠᠮᠢᠳᠤᠷᠠᠯ ᠤᠨ | ᠲᠤᠬᠠᠢ ᠬᠠᠮᠲᠤ ᠶᠢᠨ ᠬᠦᠰᠡᠯ ᠡᠷᠡᠮᠡᠯᠵᠡᠯ ᠢ ᠠᠴᠢᠶᠠᠯᠠᠵᠤ ᠪᠠᠶᠢᠳᠠᠭ᠃ | | | | | ᠬᠠᠭᠠᠷᠢᠭᠰᠠᠨ ᠨᠢᠶᠠᠩ ᠪᠣᠣᠪᠤ ᠬᠢᠬᠦ ᠨᠢ᠂ ᠨᠢᠭᠡ ᠤᠳᠠᠭᠠᠨ ᠤ ᠢᠳᠡᠭᠡᠨ ᠤ ᠮᠠᠲ᠋ᠧᠷᠢᠶᠠᠯ ᠪᠣᠯᠣᠨ ᠤᠯᠠᠮᠵᠢᠯᠠᠯᠲᠤ | ᠷᠣᠮᠠᠨᠲ᠋ᠢᠭ ᠤᠴᠠᠷᠠᠯ ᠭᠡᠵᠦ ᠬᠡᠯᠡᠵᠦ ᠪᠣᠯᠣᠨ᠎ᠠ᠃ ᠲᠤᠬᠠᠢ ᠶᠢᠨ ᠭᠠᠵᠠᠷ ᠤᠨ ᠰᠢᠷ᠎ᠠ ᠲᠤᠲᠤᠷᠭᠠᠨ ᠭᠤᠯᠢᠷ ᠲᠤ | ᠳᠤᠯᠠᠭᠠᠨ ᠤ ᠬᠡᠮᠵᠢᠶ᠎ᠡ ᠨᠢ ᠲᠣᠬᠢᠷᠠᠮᠵᠢᠲᠠᠢ ᠤᠰᠤ ᠲᠠᠭᠠᠷᠠᠭᠤᠯᠵᠤ᠂ ᠭᠠᠷ ᠤᠨ ᠠᠯᠠᠭ᠎ᠠ ᠶᠢᠨ ᠨᠤᠬᠤᠮᠠᠯ ᠳᠣᠣᠷ᠎ᠠ | ᠠᠭᠠᠵᠢᠮ ᠢᠶᠠᠷ ᠪᠥᠭᠡᠮᠨᠡᠷᠡᠵᠦ᠂ ᠳᠠᠬᠢᠨ ᠠᠮᠲᠠᠲᠠᠢ ᠵᠥᠭᠡᠯᠡᠨ ᠢᠳᠡᠭᠡ ᠶᠢ ᠪᠠᠭᠯᠠᠭᠠᠳ᠂ ᠬᠠᠯᠠᠭᠤᠨ ᠲᠣᠰᠣᠨ | ᠲᠣᠭᠤᠭᠠᠨ ᠳᠤ ᠬᠥᠩᠭᠡᠬᠡᠨ ᠭᠤᠯᠭᠤᠨ ᠤᠷᠤᠭᠤᠯᠤᠨ᠎ᠠ᠃ ᠲᠣᠰᠣᠨ ᠳᠤ ᠪᠤᠴᠠᠯᠭᠠᠭᠰᠠᠨ ᠪᠣᠣᠪᠤ ᠨᠢ ᠠᠯᠲᠠᠨ ᠰᠢᠷᠭᠠᠯ | ᠬᠡᠦᠷᠡᠭ ᠭᠠᠳᠠᠷ ᠬᠤᠪᠴᠠᠰᠤ ᠢᠶᠠᠷ ᠢᠶᠠᠨ ᠬᠥᠮᠥᠨ ᠤ ᠪᠠᠭ᠋ᠠᠷᠤᠯ ᠢ ᠲᠠᠲᠠᠮ᠎ᠠ ᠳᠦᠷᠢ ᠲᠥᠷᠬᠦ ᠲᠠᠢ ᠪᠣᠯᠵᠤ᠂ | ᠰᠢᠯᠦᠰᠦ ᠪᠠᠨ ᠭᠤᠭᠤᠵᠢᠭᠤᠯᠤᠨ᠎ᠠ᠃ | | | | | ᠲᠣᠭᠲᠠᠬᠤ ᠰᠢᠶᠠᠨ ᠳᠤ ᠨᠢᠭᠡᠨ ᠡᠯᠢᠭᠡᠰᠡᠭ ᠳᠣᠲᠣᠨᠣ ᠤᠯᠠᠮᠵᠢᠯᠠᠯᠲᠤ ᠵᠠᠩ ᠳᠠᠳᠬᠠᠯ ᠲᠠᠢ ᠪᠠᠶᠢᠳᠠᠭ᠂ ᠠᠯᠢ | ᠠᠶᠢᠯ ᠨᠢ ᠦᠳᠡ ᠳᠤ ᠬᠠᠭᠠᠷᠢᠭᠰᠠᠨ ᠨᠢᠶᠠᠩ ᠪᠣᠣᠪᠤ ᠬᠢᠴᠢᠬᠡᠪᠡᠯ᠂ ᠠᠶᠢᠯ ᠰᠠᠭᠠᠬᠠᠯᠲᠠ ᠳᠠᠭᠠᠨ ᠶᠡᠷᠦ ᠨᠢ ᠬᠠᠯᠠᠭᠤᠨ | ᠰᠡᠳᠬᠢᠯ ᠢᠶᠠᠷ ᠬᠡᠳᠦᠨ ᠬᠤᠪᠢ ᠬᠦᠷᠭᠡᠳᠡᠭ ᠶᠤᠮ ᠪᠠᠶᠢᠨ᠎ᠠ᠃ ᠡᠨᠡ ᠬᠦ ᠬᠤᠪᠢᠶᠠᠯᠴᠠᠭ᠎ᠠ ᠨᠢ ᠬᠥᠷᠰᠢ ᠵᠡᠷᠭᠡᠯᠡᠳᠡᠭᠡ ᠶᠢᠨ | ᠬᠤᠭᠤᠷᠣᠨᠳᠣᠬᠢ ᠳᠣᠲᠣᠨᠣ ᠬᠠᠷᠢᠴᠠᠭ᠎ᠠ ᠶᠢ ᠪᠦᠷᠢᠯᠳᠦᠭᠦᠯᠦᠭᠰᠡᠨ ᠢᠶᠠᠷ ᠪᠠᠷᠠᠬᠤ ᠦᠭᠡᠢ᠂ ᠪᠠᠰᠠ ᠨᠢᠭᠡ ᠵᠦᠢᠯ ᠤᠨ | ᠰᠣᠶᠣᠯ ᠤᠨ ᠠᠭᠤᠰᠤᠯᠴᠠᠯ ᠪᠠ ᠬᠠᠶᠢᠷ᠎ᠠ ᠰᠡᠳᠬᠢᠯᠭᠡ ᠶᠢᠨ ᠬᠤᠯᠪᠣᠭ᠎ᠠ ᠪᠣᠯᠤᠭᠰᠠᠨ ᠪᠠᠶᠢᠨ᠎ᠠ᠃ | ᠲᠤᠭᠳᠠᠬᠤ ᠰᠢᠶᠠᠨ ᠤ ᠬᠠᠭᠠᠷᠢᠭᠰᠠᠨ ᠨᠢᠶᠠᠩ ᠪᠣᠣᠪᠤ ᠨᠢ ᠬᠡᠵᠢᠶᠡᠳᠡ ᠭᠡᠷᠡᠯ ᠭᠢᠯᠪᠠᠭ᠎ᠠ ᠪᠠᠨ ᠰᠠᠴᠤᠷᠠᠭᠤᠯᠵᠤ᠂ | ᠪᠢᠳᠡᠨ ᠳᠤ᠄ ᠣᠨ ᠰᠠᠷ᠎ᠠ ᠶᠢᠨ ᠡᠷᠭᠢᠯᠲᠡ᠂ ᠬᠥᠮᠥᠰ ᠤᠨ ᠰᠡᠳᠬᠢᠯ ᠵᠢᠷᠦᠬᠡ ᠶᠢ ᠳᠤᠯᠠᠭᠠᠴᠠᠭᠤᠯᠤᠭᠰᠠᠨ ᠲᠡᠳᠡᠭᠡᠷ | ᠦᠨᠦᠷ ᠠᠮᠲᠠ ᠪᠠ ᠳᠤᠷᠠᠳᠬᠠᠯ ᠨᠢ ᠥᠨᠢ ᠡᠭᠦᠷᠢᠳᠡ ᠪᠢᠳᠡᠨ ᠤ ᠬᠠᠮᠤᠭ ᠤᠨ ᠡᠷᠬᠢᠮ ᠨᠠᠨᠳᠢᠨ ᠥᠪ ᠬᠥᠷᠥᠩᠭᠡ | ᠪᠣᠯᠬᠤ ᠶᠢ ᠰᠠᠨᠠᠭᠤᠯᠵᠤ ᠪᠠᠶᠢᠨ᠎ᠠ᠃ | ᠢᠷᠡᠯᠳᠡ᠄ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ |