ᠭᠠᠵᠠᠷ ᠬᠥᠳᠡᠯᠦᠯᠲᠡ ᠶᠢᠨ ᠤᠷᠢᠳᠴᠢᠯᠠᠭᠰᠠᠨ ᠮᠡᠳᠡᠭᠡ ᠶᠢ ᠭᠠᠷ ᠤᠲᠠᠰᠤᠨ ᠳᠤ ᠤᠭᠰᠠᠷᠠᠬᠤ ᠠᠷᠭ᠎ᠠ | ᠭᠠᠷ ᠤᠲᠠᠰᠤᠨ ᠤ ᠭᠠᠵᠠᠷ ᠬᠥᠳᠡᠯᠦᠯᠲᠡ ᠶᠢᠨ ᠤᠷᠢᠳᠴᠢᠯᠠᠭᠰᠠᠨ ᠮᠡᠳᠡᠭᠡ ᠶᠢᠨ ᠴᠢᠳᠠᠮᠵᠢ ᠲᠤᠶᠢᠯ ᠤᠨ | ᠴᠢᠬᠤᠯᠠ᠂ ᠵᠠᠩᠭᠢᠯᠠᠭ᠎ᠠ ᠶᠢᠨ ᠦᠶ᠎ᠡ ᠳᠤ ᠲᠤᠮᠦ ᠦᠢᠯᠡᠳᠦᠯ ᠲᠠᠢ ᠪᠠᠶᠢᠳᠠᠭ᠃ ᠸᠢᠴᠠᠲ ᠤᠨ ᠭᠠᠵᠠᠷ | ᠬᠥᠳᠡᠯᠦᠯᠲᠡ ᠶᠢᠨ ᠤᠷᠢᠳᠴᠢᠯᠠᠭᠰᠠᠨ ᠮᠡᠳᠡᠭᠡ ᠶᠢᠨ ᠵᠢᠵᠢᠭ ᠫᠷᠣᠭ᠍ᠷᠠᠮ ᠢ ᠲᠤᠬᠢᠷᠠᠭᠤᠯᠵᠦ᠂ ᠠᠶᠦᠯ ᠲᠦᠭᠰᠢᠭᠦᠷᠢ ᠶᠢ | ᠰᠡᠷᠭᠡᠶᠢᠯᠡᠵᠦ ᠪᠤᠯᠤᠨ᠎ᠠ᠃ ᠶᠠᠭᠠᠬᠢᠵᠤ ᠤᠭᠰᠠᠷᠠᠬᠤ ᠶᠢ ᠰᠤᠷᠤᠯᠴᠠᠶ᠎ᠠ︕ | ᠸᠢᠴᠠᠲ ᠤᠨ ᠭᠠᠵᠠᠷ ᠬᠥᠳᠡᠯᠦᠯᠲᠡ ᠶᠢᠨ ᠤᠷᠢᠳᠴᠢᠯᠠᠭᠰᠠᠨ ᠮᠡᠳᠡᠭᠡ ᠨᠢ ᠪᠥᠬᠦ ᠤᠯᠤᠰ ᠤᠨ | ᠬᠡᠷᠡᠭᠯᠡᠭᠴᠢᠳ ᠲᠤ ᠠᠯᠪᠠᠨ ᠤ᠂ ᠡᠷᠬᠡ ᠰᠦᠷᠳᠦ᠂ ᠨᠠᠷᠢᠯᠢᠭ ᠣᠨᠣᠴᠠᠲᠠᠢ᠂ ᠲᠦᠷᠭᠡᠨ ᠤᠷᠢᠳᠴᠢᠯᠠᠭᠰᠠᠨ ᠮᠡᠳᠡᠭᠡ | ᠬᠠᠩᠭᠠᠵᠤ᠂ ᠠᠶᠤᠯ ᠠᠴᠠ ᠵᠠᠶᠢᠯᠠᠬᠤ ᠪᠠ ᠪᠠᠴᠢᠮ ᠪᠠᠶᠢᠳᠠᠯ ᠢ ᠪᠦᠲᠦᠮᠵᠢᠲᠡᠶ ᠠᠷᠭᠠᠴᠠᠬᠤ ᠳᠤ ᠡᠷᠬᠢᠮ ᠨᠠᠨᠳᠢᠨ ᠴᠠᠭ | ᠢ ᠤᠯᠭᠤᠵᠤ᠂ ᠭᠠᠵᠠᠷ ᠬᠥᠳᠡᠯᠦᠯᠲᠡ ᠶᠢᠨ ᠭᠠᠮᠰᠢᠭ ᠢ ᠪᠠᠭᠠᠰᠬᠠᠬᠤ ᠪᠣᠳᠠᠲᠤ ᠦᠷ᠎ᠡ ᠪᠦᠲᠦᠮᠵᠢ ᠶᠢ | ᠪᠠᠳᠠᠷᠠᠭᠤᠯᠬᠤ ᠳᠤ ᠬᠦᠴᠦᠨ ᠨᠡᠮᠡᠷᠢᠯᠡᠵᠦ᠂ ᠬᠥᠮᠥᠨ ᠤ ᠦᠬᠦᠯ ᠰᠢᠷᠬᠠᠲᠤᠯ ᠪᠠ ᠡᠳ᠋ ᠬᠥᠷᠥᠩᠭᠡ ᠶᠢᠨ ᠬᠤᠬᠢᠷᠠᠯ ᠢ | ᠠᠯᠢ ᠴᠢᠳᠠᠬᠤ ᠪᠠᠷ ᠪᠠᠭᠠᠰᠬᠠᠵᠦ ᠪᠤᠯᠤᠨ᠎ᠠ᠃ | ᠬᠡᠷᠬᠢᠨ ᠭᠠᠵᠠᠷ ᠬᠥᠳᠡᠯᠦᠯᠲᠡ ᠠᠴᠠ ᠵᠠᠶᠢᠯᠠᠵᠤ ᠠᠮᠢ ᠵᠢᠭᠤᠳᠠᠵᠤ ᠥᠪᠡᠷ ᠢ ᠪᠠᠨ ᠠᠪᠤᠷᠠᠬᠤ ᠪᠤᠢ︖ | ᠭᠠᠵᠠᠷ ᠬᠥᠳᠡᠯᠦᠯᠲᠡ ᠨᠢ ᠭᠡᠨᠡᠳᠲᠡ ᠮᠦᠷᠳᠡᠭᠡᠨ ᠶᠠᠪᠤᠴᠠ ᠨᠢ ᠣᠬᠤᠷᠬᠠᠨ᠂ ᠵᠥᠪᠬᠡᠨ ᠵᠥᠪ ᠣᠨᠣᠪᠴᠢᠲᠠᠢ᠂ | ᠰᠢᠨᠵᠢᠯᠡᠬᠦ ᠤᠬᠠᠭᠠᠨᠴᠢ ᠭᠠᠵᠠᠷ ᠬᠥᠳᠡᠯᠦᠯᠲᠡ ᠠᠴᠠ ᠵᠠᠶᠢᠯᠠᠬᠤ ᠠᠷᠭ᠎ᠠ ᠶᠢ ᠡᠵᠡᠮᠰᠢᠪᠡᠯ ᠰᠠᠶ᠋ᠢ ᠬᠤᠬᠢᠷᠠᠯ ᠪᠠ | ᠦᠷᠭᠦᠯ ᠰᠢᠷᠬᠠᠳᠤᠯ ᠢ ᠬᠠᠮᠤᠭ ᠳᠣᠣᠷ᠎ᠠ ᠬᠡᠮᠵᠢᠶᠡᠨ ᠳᠤ ᠬᠢᠵᠠᠭᠠᠷᠯᠠᠵᠦ ᠴᠢᠳᠠᠨ᠎ᠠ᠃ | ︽ᠭᠠᠵᠠᠷ ᠬᠥᠳᠡᠯᠦᠭᠰᠡᠨ ᠦᠶ᠎ᠡ ᠳᠤ ᠲᠤᠬᠠᠢ ᠶᠢᠨ ᠭᠠᠵᠠᠷ ᠲᠤ ᠠᠶᠦᠯ ᠠᠴᠠ ᠵᠠᠶᠢᠯᠠᠨ᠎ᠠ᠂ ᠭᠠᠵᠠᠷ | ᠬᠦᠳᠡᠯᠦᠯᠳᠡ ᠲᠠᠭᠤᠰᠤᠭᠰᠠᠨ ᠤ ᠳᠠᠷᠠᠭ᠎ᠠ ᠲᠦᠷᠭᠡᠨ ᠵᠠᠶᠢᠯᠠᠨ ᠬᠤᠯᠠᠳᠠᠨ᠎ᠠ︾᠃ ᠨᠡᠨ ᠪᠤᠯ ᠪᠠᠴᠢᠮ ᠪᠠᠶᠢᠳᠠᠯ ᠢ | ᠠᠷᠭᠠᠴᠠᠵᠤ ᠭᠠᠵᠠᠷ ᠬᠥᠳᠡᠯᠦᠯᠲᠡ ᠠᠴᠠ ᠵᠠᠶᠢᠯᠠᠬᠤ ᠶᠢᠨ ᠦᠨᠳᠦᠰᠦᠨ ᠪᠠᠷᠢᠮᠵᠢᠶ᠎ᠠ ᠮᠥᠨ᠃ | ᠭᠠᠵᠠᠷ ᠬᠦᠳᠡᠯᠦᠯᠳᠡ ᠶᠢᠨ ᠤᠷᠢᠳᠴᠢᠯᠠᠭᠰᠠᠨ ᠮᠡᠳᠡᠭᠡ ᠮᠡᠳᠡᠭᠡᠯᠡᠪᠡᠯ ᠶᠠᠭᠠᠬᠢᠵᠦ ᠬᠢᠪᠡᠯ ᠵᠤᠬᠢᠬᠤ ᠪᠤᠢ︖ | ᠭᠠᠵᠠᠷ ᠬᠥᠳᠡᠯᠦᠯᠲᠡ ᠲᠣᠬᠢᠶᠠᠯᠳᠤᠪᠠᠯ ᠪᠢᠲᠡᠭᠡᠢ ᠪᠠᠴᠢᠮᠳᠠᠵᠦ ᠰᠠᠨᠳᠤᠷ᠂ ᠠᠶᠤᠯ ᠠᠴᠠ ᠵᠠᠶᠢᠯᠠᠭᠰᠠᠨ ᠤ | ᠳᠠᠷᠠᠭ᠎ᠠ᠂ ᠵᠠᠰᠠᠭ ᠤᠨ ᠣᠷᠳᠣᠨ ᠤ ᠵᠢᠭᠠᠨ ᠲᠣᠭᠲᠠᠭᠠᠭᠰᠠᠨ ᠴᠡᠴᠡᠷᠯᠢᠭ᠂ ᠨᠣᠭᠤᠭᠠᠨ ᠵᠦᠯᠭᠡ ᠵᠡᠷᠭᠡ ᠪᠠᠴᠢᠮ | ᠪᠠᠶᠢᠳᠠᠯ ᠢ ᠠᠷᠭᠠᠴᠠᠵᠤ ᠠᠶᠤᠯ ᠠᠴᠠ ᠵᠠᠶᠢᠯᠠᠬᠤ ᠭᠠᠵᠠᠷ ᠲᠤ ᠣᠴᠢᠵᠤ᠂ ᠲᠤᠬᠢᠷᠠᠭᠤᠯᠤᠯᠳᠠ ᠪᠠᠶᠢᠷᠢᠯᠠᠭᠤᠯᠤᠯᠳᠠ | ᠶᠤᠰᠤᠭᠠᠷ ᠭᠠᠮᠰᠢᠭ ᠠᠴᠠ ᠠᠪᠤᠷᠠᠬᠤ ᠡᠳ᠋ ᠪᠣᠳᠠᠰ ᠢ ᠡᠮᠬᠢ ᠵᠢᠷᠤᠮ ᠲᠠᠢ ᠪᠠᠷ ᠠᠪᠬᠤ ᠬᠡᠷᠡᠭᠲᠡᠢ᠃ ᠭᠠᠵᠠᠷ | ᠬᠥᠳᠡᠯᠦᠯᠲᠡ ᠡᠭᠦᠰᠦᠭᠰᠡᠨ ᠤ ᠳᠠᠷᠠᠭ᠎ᠠ ᠪᠠᠰᠠ ᠳᠠᠭᠠᠯᠲᠠ ᠬᠥᠳᠡᠯᠦᠯᠲᠡ ᠪᠠ ᠡᠭᠦᠰᠦᠮᠡᠯ ᠭᠠᠮᠰᠢᠭ ᠢ ᠠᠩᠬᠠᠷᠤᠨ | ᠰᠡᠷᠭᠡᠶᠢᠯᠡᠵᠦ᠂ ᠬᠤᠶᠠᠳᠠᠭᠢ ᠤᠳᠠᠭᠠᠨ ᠤ ᠰᠢᠷᠬᠠᠲᠤᠯ ᠡᠭᠦᠰᠬᠦ ᠠᠴᠠ ᠵᠠᠶᠢᠯᠠᠰᠬᠢᠬᠦ ᠬᠡᠷᠡᠭᠲᠡᠢ᠃ | ᠭᠠᠵᠠᠷ ᠬᠥᠳᠡᠯᠦᠯᠲᠡ ᠶᠢᠨ ᠪᠠᠴᠢᠮ ᠪᠠᠶᠢᠳᠠᠯ ᠢ ᠠᠷᠭᠠᠴᠠᠬᠤ ᠪᠤᠭᠤᠳᠠᠯ ᠢ ᠬᠡᠷᠬᠢᠨ ᠪᠡᠯᠡᠳᠭᠡᠬᠦ ᠪᠤᠢ︖ | ᠭᠡᠷ ᠪᠦᠯᠢ ᠶᠢᠨ ᠭᠠᠮᠰᠢᠭ ᠢ ᠰᠡᠷᠭᠡᠶᠢᠯᠡᠬᠦ ᠪᠣᠭᠴᠣ ᠪᠤᠯ ᠭᠡᠨᠡᠳᠲᠡ ᠶᠢᠨ ᠬᠡᠷᠡᠭ ᠢ ᠠᠷᠭᠠᠴᠠᠬᠤ ᠂ ᠭᠠᠮᠰᠢᠭ ᠢ | ᠰᠡᠷᠭᠡᠶᠢᠯᠡᠬᠦ ᠪᠠ ᠪᠠᠭᠠᠰᠬᠠᠬᠤ᠂ ᠪᠠᠴᠢᠮ ᠪᠠᠶᠢᠳᠠᠯ ᠢ ᠠᠷᠭᠠᠴᠠᠬᠤ ᠬᠠᠮᠤᠭ ᠤᠨ ᠦᠨᠳᠦᠰᠦᠨ ᠬᠡᠷᠡᠭᠴᠡᠭᠡ ᠶᠢ | ᠬᠠᠩᠭᠠᠳᠠᠭ᠃ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠵᠦ ᠠᠮᠢ ᠨᠠᠰᠤ ᠪᠠᠨ | ᠠᠷᠭᠠᠴᠠᠬᠤ ᠴᠠᠭ ᠢ ᠬᠠᠮᠤᠭ ᠤᠨ ᠶᠡᠭᠡ ᠬᠡᠮᠵᠢᠶ᠎ᠡ ᠪᠠᠷ ᠤᠷᠲᠤᠳᠬᠠᠬᠤ ᠶᠢᠨ ᠲᠥᠯᠥᠭᠡ ᠭᠡᠷ ᠪᠦᠯᠢ ᠶᠢᠨ ᠪᠠᠴᠢᠮ | ᠪᠠᠶᠢᠳᠠᠯ ᠢ ᠠᠷᠭᠠᠴᠠᠬᠤ ᠪᠣᠭᠴᠣ ᠪᠡᠯᠡᠳᠭᠡᠬᠦ ᠴᠢᠬᠤᠯᠠᠳᠠᠢ᠃ | ᠭᠡᠷ ᠪᠦᠯᠢ ᠶᠢᠨ ᠭᠠᠵᠠᠷ ᠬᠥᠳᠡᠯᠦᠯᠲᠡ ᠶᠢᠨ ᠲᠦᠷᠭᠡᠨ ᠠᠪᠤᠷᠠᠯᠲᠠ ᠶᠢᠨ ᠪᠣᠭᠴᠣ ᠶᠢ ᠠᠪᠬᠤ ᠬᠡᠷᠡᠭᠯᠡᠬᠦ ᠳᠤ ᠳᠥᠭᠦᠮ | ᠪᠠᠶᠢᠷᠢᠨ ᠳᠤ ᠲᠠᠯᠪᠢᠵᠤ᠂ ᠪᠠᠴᠢᠮ ᠪᠠᠶᠢᠳᠠᠯ ᠳᠣᠣᠷ᠎ᠠ ᠰᠢᠭᠤᠳ ᠬᠡᠷᠡᠭᠯᠡᠬᠦ ᠳᠤ ᠪᠡᠯᠡᠳᠬᠡᠨ᠎ᠡ᠃ ᠬᠡᠳᠦᠶᠢᠪᠡᠷ ᠭᠡᠷ | ᠪᠦᠯᠢ ᠶᠢᠨ ᠪᠠᠴᠢᠮ ᠪᠠᠶᠢᠳᠠᠯ ᠢ ᠠᠷᠭᠠᠴᠠᠬᠤ ᠪᠣᠭᠴᠣ ᠶᠢᠨ ᠬᠡᠷᠡᠭᠯᠡᠯᠲᠡ ᠶᠢᠨ ᠲᠣᠬᠢᠶᠠᠯᠳᠤᠮᠵᠢ ᠲᠤᠶᠢᠯ ᠤᠨ ᠳᠣᠣᠷ᠎ᠠ | ᠪᠣᠯᠪᠠᠴᠤ ᠲᠡᠭᠦᠨ ᠤ ᠪᠠᠴᠢᠮ ᠪᠠᠶᠢᠳᠠᠯ ᠤᠨ ᠳᠣᠣᠷᠠᠬᠢ ᠴᠢᠬᠤᠯᠠ ᠴᠢᠨᠠᠷ ᠢ ᠣᠮᠲᠣᠭᠠᠶᠢᠯᠠᠵᠤ ᠪᠣᠯᠣᠰᠢ ᠦᠭᠡᠢ ᠶᠤᠮ᠃ | ᠣᠷᠳᠣ ᠬᠤᠭᠤᠴᠠᠭ᠎ᠠ ᠪᠠᠷ ᠰᠤᠯᠠ ᠪᠠᠶᠢᠯ᠎ᠠ ᠴᠤ ᠭᠡᠰᠡᠨ ᠪᠣᠭᠴᠣᠨ ᠳᠣᠲᠣᠷᠠᠬᠢ ᠡᠳ᠋ ᠪᠣᠳᠠᠰ ᠤᠨ ᠪᠦᠷᠢᠨ ᠪᠦᠲᠦᠨ᠂ | ᠬᠦᠴᠦᠨ ᠲᠠᠢ ᠪᠠᠶᠢᠬᠤ ᠶᠢ ᠡᠷᠬᠡᠪᠰᠢ ᠪᠠᠲᠤᠯᠠᠬᠤ ᠬᠡᠷᠡᠭᠲᠡᠢ ᠪᠥᠭᠡᠳ ᠲᠣᠭᠲᠠᠭᠰᠠᠨ ᠬᠤᠭᠤᠴᠠᠭ᠎ᠠ ᠲᠠᠢ ᠪᠠᠷ | ᠪᠠᠶᠢᠴᠠᠭᠠᠨ ᠰᠢᠨᠡᠴᠢᠯᠡᠵᠦ᠂ ᠡᠭᠦᠰᠴᠦ ᠮᠡᠳᠡᠬᠦ ᠶᠠᠮᠠᠷᠪᠠ ᠪᠠᠴᠢᠮ ᠪᠠᠶᠢᠳᠠᠯ ᠢ ᠠᠷᠭᠠᠴᠠᠭᠠᠬᠤ ᠳᠤ ᠬᠡᠷᠡᠭᠯᠡᠨ᠎ᠡ᠃ | ᠢᠷᠡᠯᠲᠡ᠄ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ | |