ᠡᠷᠡᠰ ᠴᠠᠭᠠᠵᠢᠯᠠᠨ᠎ᠠ︕
ᠨᠡᠶᠢᠲᠡᠯᠡᠭᠰᠡᠨ ᠴᠠᠭ᠄
2025/1/9
      ᠠᠵᠤ ᠠᠬᠤᠶᠢᠯᠠᠯ ᠳᠤ ᠬᠤᠯᠪᠣᠭᠳᠠᠭᠰᠠᠨ ᠬᠠᠤᠯᠢ ᠬᠡᠷᠡᠭᠵᠢᠭᠦᠯᠦᠯᠲᠡ ᠶᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠵᠠᠰᠠᠭ ᠵᠠᠬᠢᠷᠭᠠᠨ ᠤ ᠪᠠᠶᠢᠴᠠᠭᠠᠯᠲᠠ ᠶᠢ ᠴᠢᠩᠭ᠎ᠠ ᠵᠢᠷᠤᠮᠵᠢᠭᠤᠯᠤᠨ᠂ ᠳᠤᠷ᠎ᠠ ᠪᠠᠷ ᠢᠶᠠᠨ ᠪᠠᠶᠢᠴᠠᠭᠠᠬᠤ ᠶᠢ ᠡᠷᠡᠰ ᠬᠤᠷᠢᠭᠯᠠᠵᠤ᠂ ᠠᠵᠤ ᠠᠬᠤᠶᠢᠯᠠᠯ ᠤᠨ ᠳᠠᠷᠤᠭᠠᠰᠤ ᠶᠢ ᠦᠨᠡᠨ ᠬᠦ ᠬᠥᠩᠭᠡᠷᠡᠭᠦᠯᠬᠦ ᠶᠢᠨ ᠲᠥᠯᠥᠭᠡ᠂ ᠲᠦᠷᠦᠭᠦᠬᠡᠨ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠠᠵᠤ ᠠᠬᠤᠶᠢᠯᠠᠯ ᠳᠤ ᠬᠤᠯᠪᠣᠭᠳᠠᠭᠰᠠᠨ ᠵᠠᠰᠠᠭ ᠵᠠᠬᠢᠷᠭᠠᠨ ᠤ ᠪᠠᠶᠢᠴᠠᠭᠠᠯᠲᠠ ᠶᠢ ᠴᠢᠩᠭ᠎ᠠ ᠵᠢᠷᠤᠮᠵᠢᠭᠤᠯᠬᠤ ᠲᠤᠬᠠᠢ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃      ︽ᠰᠠᠨᠠᠯ︾ ᠳᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠡᠷᠬᠡ ᠣᠯᠭᠤᠭᠰᠠᠨ ᠵᠣᠬᠢᠶᠠᠨ ᠪᠠᠶᠢᠭᠤᠯᠤᠯᠲᠠ᠂ ᠨᠠᠶᠢᠳᠠᠯᠭ᠎ᠠ ᠬᠦᠯᠢᠶᠡᠭᠰᠡᠨ ᠵᠣᠬᠢᠶᠠᠨ ᠪᠠᠶᠢᠭᠤᠯᠤᠯᠲᠠ ᠠᠴᠠ ᠪᠤᠰᠤᠳ ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠥᠨ ᠵᠠᠰᠠᠭ ᠵᠠᠬᠢᠷᠭᠠᠨ ᠤ ᠪᠠᠶᠢᠴᠠᠭᠠᠯᠲᠠ ᠬᠢᠵᠦ ᠪᠣᠯᠬᠤ ᠦᠭᠡᠢ᠃ ᠵᠠᠰᠠᠭ ᠵᠠᠬᠢᠷᠭᠠᠨ ᠤ ᠪᠠᠶᠢᠴᠠᠭᠠᠯᠲᠠ ᠶᠢᠨ ᠭᠤᠣᠯ ᠴᠣᠭᠴᠠ ᠶᠢᠨ ᠬᠢᠷᠢ ᠬᠡᠮ ᠢ ᠬᠠᠤᠯᠢ ᠶᠣᠰᠣᠭᠠᠷ ᠨᠤᠲᠠᠯᠠᠬᠤ ᠶᠢᠨ ᠬᠠᠮᠲᠤ ᠨᠡᠶᠢᠭᠡᠮ ᠳᠤ ᠵᠠᠷᠯᠠᠬᠤ ᠬᠡᠷᠡᠭᠲᠡᠢ᠃ ᠬᠤᠯᠪᠣᠭᠳᠠᠯ ᠪᠦᠬᠦᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠲᠣᠰ ᠬᠦᠷᠢᠶᠡᠨ ᠳᠠᠬᠢ ᠣᠲᠣ ᠶᠢᠨ ᠪᠠᠶᠢᠭ᠎ᠠ ᠠᠵᠤ ᠠᠬᠤᠶᠢᠯᠠᠯ ᠳᠤ ᠬᠤᠯᠪᠣᠭᠳᠠᠬᠤ ᠵᠠᠰᠠᠭ ᠵᠠᠬᠢᠷᠭᠠᠨ ᠤ ᠪᠠᠶᠢᠴᠠᠭᠠᠯᠲᠠ ᠶᠢᠨ ᠵᠦᠢᠯᠡᠰ ᠢ ᠡᠮᠬᠢᠯᠡᠬᠦ ᠶᠢᠨ ᠬᠠᠮᠲᠤ ᠬᠥᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠢ᠃ ᠵᠠᠰᠠᠭ ᠵᠠᠬᠢᠷᠭᠠᠨ ᠤ ᠪᠠᠶᠢᠴᠠᠭᠠᠬᠤ ᠵᠦᠢᠯᠡᠰ ᠢ ᠨᠡᠶᠢᠲᠡᠯᠡᠭᠰᠡᠨ ᠦᠭᠡᠢ ᠪᠣᠯ ᠬᠡᠷᠡᠭᠵᠢᠭᠦᠯᠵᠦ ᠪᠣᠯᠬᠤ ᠦᠭᠡᠢ᠃ ᠵᠠᠰᠠᠭ ᠵᠠᠬᠢᠷᠭᠠᠨ ᠤ ᠪᠠᠶᠢᠴᠠᠭᠠᠯᠲᠠ ᠶᠢᠨ ᠠᠵᠢᠯᠯᠠᠭ᠎ᠠ ᠶᠢ ᠵᠢᠷᠤᠮᠵᠢᠭᠤᠯᠵᠤ᠂ ᠠᠰᠢᠭ ᠬᠥᠭᠡᠭᠡᠴᠡᠯᠳᠦᠬᠦ ᠪᠠᠶᠢᠴᠠᠭᠠᠯᠲᠠ᠂ ᠳᠤᠷ᠎ᠠ ᠵᠣᠷᠢᠭ ᠢᠶᠠᠷ ᠢᠶᠠᠨ ᠪᠠᠶᠢᠴᠠᠭᠠᠯᠲᠠ ᠬᠢᠬᠦ ᠶᠢ ᠰᠡᠷᠭᠡᠶᠢᠯᠡᠵᠦ᠂ ᠠᠵᠤ ᠠᠬᠤᠶᠢᠯᠠᠯ ᠳᠤ ᠬᠤᠯᠪᠣᠭᠳᠠᠬᠤ ᠵᠠᠰᠠᠭ ᠵᠠᠬᠢᠷᠭᠠᠨ ᠤ ᠪᠠᠶᠢᠴᠠᠭᠠᠯᠲᠠ ᠳᠤ ︽ᠲᠠᠪᠤ ᠶᠢ ᠴᠢᠩᠭ᠎ᠠ ᠴᠠᠭᠠᠵᠠᠯᠠᠬᠤ︾᠂ ︽ᠨᠠᠢᠮᠠ ᠶᠢ ᠦᠯᠦ ᠵᠥᠪᠰᠢᠶᠡᠷᠡᠬᠦ︾ ᠶᠢ ᠪᠡᠶᠡᠯᠡᠭᠦᠯᠬᠦ ᠬᠡᠷᠡᠭᠲᠡᠢ ᠭᠡᠵᠦ ᠲᠤᠳᠤᠷᠬᠠᠢ ᠲᠤᠭᠳᠠᠭᠠᠵᠠᠢ᠃      ︽ᠰᠠᠨᠠᠯ︾ ᠳᠤ᠂ 2025 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠣᠰ ᠬᠦᠷᠢᠶᠡᠨ ᠳᠠᠬᠢ ᠲᠠᠰ ᠲᠥᠷᠥᠯ ᠬᠤᠪᠢᠶᠠᠨ ᠪᠠᠶᠢᠴᠠᠭᠠᠬᠤ ᠳᠦᠷᠢᠮ ᠢ ᠪᠠᠶᠢᠭᠤᠯᠵᠤ᠂ ᠣᠲᠣ ᠶᠢᠨ ᠪᠠᠶᠢᠭ᠎ᠠ ᠵᠠᠰᠠᠭ ᠵᠠᠬᠢᠷᠭᠠᠨ ᠤ ᠪᠠᠶᠢᠴᠠᠭᠠᠯᠲᠠ ᠶᠢᠨ ᠪᠠᠷᠢᠮᠵᠢᠶ᠎ᠠ ᠶᠢ ᠨᠡᠶᠢᠳᠡᠯᠡᠨ᠎ᠡ︔ ᠬᠤᠯᠪᠣᠭᠳᠠᠯ ᠪᠦᠬᠦᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠠᠳᠠᠯᠢ ᠨᠢᠭᠡᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠠᠳᠠᠯᠢ ᠨᠢᠭᠡᠨ ᠠᠵᠤ ᠠᠬᠤᠶᠢᠯᠠᠯ ᠳᠤ ᠬᠡᠷᠡᠭᠵᠢᠭᠦᠯᠬᠦ ᠣᠨ ᠤ ᠵᠠᠰᠠᠭ ᠵᠠᠬᠢᠷᠭᠠᠨ ᠤ ᠪᠠᠶᠢᠴᠠᠭᠠᠯᠲᠠ ᠶᠢᠨ ᠤᠳᠠᠭ᠎ᠠ ᠶᠢᠨ ᠳᠡᠭᠡᠳᠦ ᠬᠢᠵᠠᠭᠠᠷ ᠢ ᠨᠡᠶᠢᠲᠡᠯᠡᠬᠦ ᠬᠡᠷᠡᠭᠲᠡᠢ᠃ ᠨᠡᠶᠢᠯᠡᠭᠦᠯᠦᠨ ᠪᠠᠶᠢᠴᠠᠭᠠᠵᠤ ᠪᠣᠯᠬᠤ ᠶᠢ ᠨᠢ ᠳᠠᠪᠬᠤᠷᠳᠠᠭᠤᠯᠤᠨ ᠪᠠᠶᠢᠴᠠᠭᠠᠵᠤ ᠪᠣᠯᠬᠤ ᠦᠭᠡᠢ︔ ᠬᠠᠮᠲᠤᠷᠠᠨ ᠪᠠᠶᠢᠴᠠᠭᠠᠵᠤ ᠪᠣᠯᠬᠤ ᠶᠢ ᠨᠢ ᠤᠯᠡᠠ ᠲᠠᠯ᠎ᠠ ᠠᠴᠠ ᠪᠠᠶᠢᠴᠠᠭᠠᠵᠤ ᠪᠣᠯᠬᠤ ᠦᠭᠡᠢ︔ ᠪᠢᠴᠢᠭ ᠢᠶᠠᠷ ᠬᠠᠷᠭᠤᠭᠤᠯᠤᠨ ᠪᠠᠶᠢᠴᠠᠭᠠᠬᠤ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ ᠣᠶᠤᠨᠴᠢ ᠪᠠᠷ ᠬᠢᠨᠠᠨ ᠬᠠᠮᠢᠶᠠᠷᠬᠤ ᠵᠡᠷᠭᠡ ᠠᠷᠭ᠎ᠠ ᠮᠠᠶ᠋ᠢᠭ ᠢᠶᠠᠷ ᠬᠢᠨᠠᠨ ᠬᠠᠮᠢᠶᠠᠷᠴᠤ ᠪᠣᠯᠬᠤ ᠶᠢ ᠨᠢ ᠠᠵᠤ ᠠᠬᠤᠶᠢᠯᠠᠯ ᠤᠨ ᠲᠤᠬᠠᠢ ᠶᠢᠨ ᠲᠠᠯᠠᠪᠤᠷ ᠲᠤᠨᠢ ᠪᠠᠶᠢᠴᠠᠭᠠᠯᠲᠠ ᠬᠢᠵᠦ ᠪᠣᠯᠬᠤ ᠦᠭᠡᠢ᠃ ᠠᠵᠤ ᠠᠬᠤᠶᠢᠯᠠᠯ ᠳᠤ ᠬᠤᠯᠪᠣᠭᠳᠠᠬᠤ ᠵᠠᠰᠠᠭ ᠵᠠᠬᠢᠷᠭᠠᠨ ᠤ ᠪᠠᠶᠢᠴᠠᠭᠠᠯᠲᠠ ᠶᠢ ᠬᠠᠷᠢᠶ᠎ᠠ ᠭᠠᠵᠠᠷ ᠲᠤᠨᠢ ᠬᠠᠷᠢᠶᠠᠯᠠᠭᠤᠯᠬᠤ ᠪᠠᠷ ᠵᠠᠷᠴᠢᠮ ᠪᠣᠯᠭᠠᠵᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠦᠬᠦᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ 2025 ᠣᠨ ᠤ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠵᠠᠰᠠᠭ ᠵᠠᠬᠢᠷᠭᠠᠨ ᠤ ᠪᠠᠶᠢᠴᠠᠭᠠᠯᠲᠠ ᠶᠢᠨ ᠣᠨᠳᠣᠣ ᠭᠠᠵᠠᠷ ᠲᠤ ᠬᠠᠮᠵᠢᠯᠴᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠠᠮᠢᠶ᠎ᠠ ᠪᠦᠬᠦᠢ ᠳᠦᠷᠢᠮ ᠢ ᠲᠣᠳᠣᠷᠬᠠᠶᠢᠯᠠᠬᠤ ᠬᠡᠷᠡᠭᠲᠡᠢ᠃ ᠲᠤᠰᠬᠠᠢ ᠵᠦᠢᠯ ᠤᠨ ᠪᠠᠶᠢᠴᠠᠭᠠᠯᠲᠠ ᠬᠢᠬᠦ ᠳᠤ ᠣᠨ ᠤ ᠪᠠᠶᠢᠴᠠᠭᠠᠯᠲᠠ ᠶᠢᠨ ᠲᠤᠭ᠎ᠠ ᠶᠢ ᠬᠢᠵᠠᠭᠠᠷᠯᠠᠵᠤ᠂ ᠪᠠᠶᠢᠴᠠᠭᠠᠬᠤ ᠲᠥᠯᠥᠪᠯᠡᠭᠡ ᠶᠢ ᠤᠷᠢᠳᠴᠢᠯᠠᠨ ᠲᠣᠭᠲᠠᠭᠠᠵᠤ᠂ ᠰᠢᠶᠠᠨ ᠤ ᠱᠠᠲᠤᠨ ᠠᠴᠠ ᠳᠡᠭᠡᠭᠰᠢᠬᠢ ᠵᠠᠰᠠᠭ ᠤᠨ ᠣᠷᠳᠣᠨ ᠪᠤᠶᠤ ᠰᠢᠭᠤᠳ ᠬᠠᠮᠢᠶᠠᠷᠤᠯᠲᠠ ᠶᠢ ᠬᠡᠷᠡᠭᠵᠢᠭᠦᠯᠵᠦ ᠪᠠᠶᠢᠭ᠎ᠠ ᠳᠡᠭᠡᠷ᠎ᠡ ᠨᠢᠭᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠪᠠᠷ ᠵᠥᠪᠰᠢᠶᠡᠷᠡᠭᠦᠯᠦᠭᠰᠡᠨ ᠤ ᠲᠠᠷᠠᠭ᠎ᠠ ᠲᠣᠭᠲᠠᠭᠠᠯ ᠶᠣᠰᠣᠭᠠᠷ ᠳᠠᠩᠰᠠᠯᠠᠭᠤᠯᠬᠤ ᠬᠡᠷᠡᠭᠲᠡᠢ ᠭᠡᠵᠦ ᠲᠤᠭᠳᠠᠭᠠᠵᠠᠢ᠃      ︽ᠰᠠᠨᠠᠯ︾ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠠᠶᠢᠭᠤᠯᠤᠮᠵᠢ ᠨᠢ ᠪᠥᠬᠦ ᠤᠯᠤᠰ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠨ ᠪᠡᠶᠡᠯᠡᠭᠦᠯᠵᠦ᠂ ᠬᠤᠯᠪᠣᠭᠳᠠᠯ ᠪᠦᠬᠦᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠢᠳᠡᠪᠬᠢᠲᠡᠢ ᠪᠠᠷ ᠬᠠᠮᠵᠢᠯᠴᠠᠨ᠂ ᠲᠠᠪᠴᠠᠩ ᠢ ᠨᠠᠪᠲᠠᠷᠡᠭᠦᠯᠵᠦ᠂ ᠪᠠᠬᠢᠯᠡᠯᠲᠡ ᠶᠢ ᠡᠪᠳᠡᠬᠦ ᠬᠡᠷᠡᠭᠲᠡᠢ᠃ ᠡᠯ᠎ᠡ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠠᠶᠢᠭᠤᠯᠭ᠎ᠠ ᠨᠢ ᠡᠯ᠎ᠡ ᠲᠥᠷᠥᠯ ᠤᠨ ᠳᠤᠷ᠎ᠠ ᠪᠠᠷ ᠢᠶᠠᠨ ᠪᠠᠶᠢᠴᠠᠭᠠᠬᠤ ᠠᠵᠢᠯᠯᠠᠭ᠎ᠠ ᠶᠢ ᠨᠢᠭᠡ ᠶᠢ ᠢᠯᠡᠷᠡᠭᠦᠯᠪᠡᠯ ᠨᠢᠭᠡ ᠶᠢ ᠰᠢᠢᠳᠪᠦᠷᠢᠯᠡᠵᠦ᠂ ᠴᠠᠭ ᠲᠤᠬᠠᠢ  ᠳᠤᠨᠢ ᠵᠠᠷᠯᠢᠭᠳᠠᠨ ᠵᠠᠯᠠᠷᠠᠭᠤᠯᠬᠤ ᠬᠡᠷᠡᠭᠳᠡᠢ︔ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ ᠶᠢᠨ ᠬᠠᠷᠢᠭᠤᠴᠠᠯᠭᠠᠲᠠᠨ ᠪᠤᠶᠤ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ᠢᠯᠡ ᠪᠠᠷ ᠪᠣᠯᠵᠣᠨ ᠶᠠᠷᠢᠯᠴᠠᠨ᠎ᠠ︔ ᠠᠵᠤ ᠠᠬᠤᠶᠢᠯᠠᠯ ᠤᠨ ᠲᠤᠰᠬᠠᠯ ᠢᠶᠠᠷ ᠴᠢᠩᠭ᠎ᠠ᠂ ᠨᠡᠶᠢᠭᠡᠮ ᠤᠨ ᠨᠥᠯᠥᠭᠡ ᠪᠠᠷ ᠮᠠᠭᠤ ᠠᠵᠢᠯᠯᠠᠭ᠎ᠠ ᠶᠢ ᠰᠢᠭᠤᠳ ᠰᠢᠮᠳᠠᠭᠤᠯᠤᠨ ᠰᠢᠢᠳᠪᠦᠷᠢᠯᠡᠬᠦ ᠶᠢᠨ ᠬᠠᠮᠲᠤ ᠨᠡᠶᠢᠲᠡ ᠳᠤ ᠵᠠᠷᠯᠠᠵᠤ ᠢᠯᠡᠴᠢᠯᠡᠬᠦ ᠬᠡᠷᠡᠭᠲᠡᠢ ᠭᠡᠵᠦ ᠱᠠᠭᠠᠷᠳᠠᠪᠠ᠃      ︽ᠰᠠᠨᠠᠯ︾ ᠳᠤ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠲᠥᠪ ᠠᠴᠠ ᠨᠢᠭᠡᠳᠦᠯᠲᠡᠢ ᠲᠦᠯᠦᠪᠵᠢᠭᠦᠯᠬᠦ᠂ ᠮᠤᠵᠢ ᠠᠴᠠ ᠭᠤᠣᠯ ᠬᠠᠷᠢᠭᠤᠴᠠᠯᠭ᠎ᠠ ᠡᠭᠦᠷᠭᠡᠯᠡᠬᠦ᠂ ᠬᠤᠲᠠ ᠰᠢᠶᠠᠨ ᠠᠴᠠ ᠨᠠᠶᠢᠳᠠᠪᠤᠷᠢᠵᠢᠭᠤᠯᠤᠯᠲᠠ ᠶᠢ ᠠᠳᠬᠤᠬᠤ ᠱᠠᠭᠠᠷᠳᠠᠯᠭ᠎ᠠ ᠶᠣᠰᠣᠭᠠᠷ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠶᠡᠬᠡᠪᠡᠷ ᠠᠬᠢᠭᠤᠯᠵᠤ᠂ ᠠᠵᠤ ᠠᠬᠤᠶᠢᠯᠠᠯ ᠳᠤ ᠬᠤᠯᠪᠣᠭᠳᠠᠬᠤ ᠵᠠᠰᠠᠭ ᠵᠠᠬᠢᠷᠭᠠᠨ ᠤ ᠪᠠᠶᠢᠴᠠᠭᠠᠯᠲᠠ ᠶᠢ ᠵᠢᠷᠤᠮᠵᠢᠭᠤᠯᠤᠨ ᠬᠠᠮᠢᠶᠠᠷᠬᠤ ᠶᠢ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠠᠵᠢᠯ ᠤᠨ ᠴᠢᠬᠤᠯᠠ ᠠᠭᠤᠯᠭ᠎ᠠ ᠪᠣᠯᠭᠠᠵᠤ᠂ ᠬᠡᠲᠦ ᠣᠯᠠᠨ ᠪᠠᠶᠢᠴᠠᠭᠠᠬᠤ ᠪᠠ ᠬᠠᠤᠯᠢ ᠬᠡᠷᠡᠭᠵᠢᠭᠦᠯᠬᠦ ᠳᠤ ᠠᠵᠤ ᠠᠬᠤᠶᠢᠯᠠᠯ ᠢ ᠬᠠᠷᠰᠢᠯᠠᠬᠤ ᠶᠢ ᠰᠡᠷᠭᠡᠶᠢᠯᠡᠬᠦ ᠮᠦᠷᠳᠡᠭᠡᠨ ᠴᠢᠬᠤᠯᠠ ᠪᠦᠬᠦᠢ ᠪᠠᠶᠢᠴᠠᠭᠠᠯᠲᠠ ᠶᠢ ᠪᠦᠲᠦᠮᠵᠢᠲᠡᠶ ᠥᠷᠨᠢᠭᠦᠯᠬᠦ ᠶᠢ ᠪᠠᠲᠤᠯᠠᠬᠤ ᠶᠢᠨ ᠬᠠᠮᠲᠤ ᠲᠤᠷᠰᠢᠯᠭ᠎ᠠ ᠠᠷᠭ᠎ᠠ ᠬᠢᠳᠡᠯ ᠢᠶᠠᠨ ᠴᠠᠭ ᠲᠤᠬᠠᠢ ᠳᠤᠨᠢ ᠳ᠋ᠦᠩᠨᠡᠵᠦ᠂ ᠴᠢᠬᠤᠯᠠ ᠪᠠᠶᠢᠳᠠᠯ ᠪᠠ ᠠᠰᠠᠭᠤᠳᠠᠯ ᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠪᠠᠶᠢᠭᠤᠯᠤᠮᠵᠢ ᠳᠤ ᠮᠡᠳᠡᠭᠦᠯᠦᠨ ᠬᠦᠷᠭᠡᠬᠦ ᠬᠡᠷᠡᠭᠲᠡᠢ ᠭᠡᠵᠦ ᠴᠢᠬᠤᠯᠠᠴᠢᠯᠠᠪᠠ᠃ ᠢᠷᠡᠯᠲᠡ᠄ ᠲᠥᠪ ᠲᠧᠯᠸᠢᠰ ᠤᠨ ᠡᠳ᠋ ᠤᠨ ᠵᠠᠰᠠᠭ ᠠᠵᠤ ᠠᠬᠤᠢ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1