ᠬᠤᠲᠠ ᠪᠠᠯᠭᠠᠰᠤᠨ ᠤ ᠬᠠᠭᠤᠴᠢᠨ ᠤᠷᠤᠨ ᠰᠠᠭᠤᠴᠠ ᠶᠢᠨ ᠲᠣᠭᠤᠷᠢᠭ᠂ ᠵᠡᠭᠡᠯᠢ ᠲᠣᠭᠤᠷᠢᠭ ᠵᠡᠷᠭᠡ ᠶᠢᠨ ᠥᠭᠡᠷᠡᠴᠢᠯᠡᠯᠲᠡ ᠶᠢ ᠠᠬᠢᠭᠤᠯᠵᠦ ᠬᠤᠲᠠ ᠶᠢᠨ ᠰᠢᠨᠡᠴᠢᠯᠡᠯᠲᠡ ᠶᠢᠨ ᠬᠤᠷᠳᠤᠴᠠ ᠶᠢ ᠲᠦᠷᠭᠡᠳᠭᠡᠶ᠎ᠡ
ᠨᠡᠶᠢᠲᠡᠯᠡᠭᠰᠡᠨ ᠴᠠᠭ᠄
2025/1/9
      2025 ᠣᠨ ᠤ ᠠᠩᠬᠠᠳᠤᠭᠠᠷ ᠤᠳᠠᠭᠠᠨ ᠤ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠠᠴᠠ ︽ᠬᠤᠲᠠ ᠶᠢᠨ ᠰᠢᠨᠡᠴᠢᠯᠡᠯᠲᠡ ᠶᠢᠨ ᠠᠵᠢᠯ ᠢ ᠰᠤᠳᠤᠯᠤᠨ ᠠᠬᠢᠭᠤᠯᠬᠤ︾ ᠲᠤᠬᠠᠢ ᠪᠠᠶᠢᠷᠢᠯᠠᠭᠤᠯᠤᠯᠲᠠ ᠬᠢᠵᠡᠢ᠃ ᠬᠤᠷᠠᠯ ᠠᠴᠠ᠂ ᠬᠤᠳᠠ ᠶᠢᠨ ᠰᠢᠨᠡᠴᠢᠯᠡᠯᠲᠡ ᠨᠢ ᠬᠤᠳᠠ ᠶᠢᠨ ᠳᠦᠷᠰᠦ ᠪᠠᠶᠢᠳᠠᠯ ᠪᠣᠯᠣᠨ ᠣᠷᠣᠨ ᠰᠠᠭᠤᠴᠠ ᠶᠢᠨ ᠴᠢᠨᠠᠷ ᠴᠢᠨᠰᠠᠭ᠎ᠠ ᠶᠢᠨ ᠳᠡᠭᠡᠭᠰᠢᠯᠡᠯᠲᠡ ᠲᠠᠢ ᠬᠤᠯᠪᠣᠭᠳᠠᠵᠤ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠶᠢᠨ ᠴᠢᠬᠤᠯᠠ ᠭᠠᠷᠳᠠᠴᠠ ᠪᠣᠯᠣᠨ᠎ᠠ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠬᠤᠳᠠ ᠶᠢᠨ ᠪᠦᠲᠦᠴᠡ ᠶᠢ ᠰᠢᠯᠢᠳᠡᠭᠵᠢᠭᠦᠯᠬᠦ᠂ ᠴᠢᠳᠠᠮᠵᠢ ᠶᠢ ᠲᠡᠭᠦᠯᠳᠡᠷᠵᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ᠂ ᠤᠶᠠᠨ ᠬᠠᠳᠠᠨ᠂ ᠣᠶᠤᠨᠴᠢ ᠬᠤᠳᠠ ᠶᠢ ᠪᠠᠶᠢᠭᠤᠯᠤᠨ᠎ᠠ᠃ ᠬᠤᠳᠠ ᠪᠠᠯᠭᠠᠰᠤᠨ ᠤ ᠬᠠᠭᠤᠴᠢᠨ ᠤᠷᠤᠨ ᠰᠠᠭᠤᠴᠠ ᠶᠢᠨ ᠲᠣᠭᠤᠷᠢᠭ᠂ ᠵᠡᠭᠡᠯᠢ ᠲᠣᠭᠤᠷᠢᠭ᠂ ᠦᠢᠯᠡᠳᠪᠦᠷᠢ ᠶᠢᠨ ᠲᠣᠭᠤᠷᠢᠭ ᠪᠠ ᠬᠤᠳᠠ ᠶᠢᠨ ᠳᠤᠮᠳᠠᠬᠢ ᠲᠣᠰᠬᠤᠨ ᠵᠡᠷᠭᠡ ᠶᠢᠨ ᠥᠭᠡᠷᠡᠴᠢᠯᠡᠯᠲᠡ ᠶᠢ ᠲᠦᠷᠭᠡᠪᠴᠢᠯᠡᠨ ᠠᠬᠢᠭᠤᠯᠵᠤ᠂ ᠬᠤᠳᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠴᠢᠩᠭᠠᠳᠬᠠᠵᠤ᠂ ᠬᠤᠳᠠ ᠶᠢᠨ ᠴᠢᠳᠠᠮᠵᠢ ᠶᠢ ᠲᠡᠭᠦᠯᠳᠡᠷᠵᠢᠭᠦᠯᠦᠨ᠂ ᠬᠤᠳᠠ ᠶᠢᠨ ᠠᠮᠢ ᠠᠬᠤᠢ ᠶᠢᠨ ᠰᠢᠰᠲ᠋ᠧᠮ ᠢ ᠰᠡᠷᠭᠦᠭᠡᠵᠦ᠂ ᠬᠤᠳᠠ ᠶᠢᠨ ᠲᠡᠦᠬᠡ ᠰᠣᠶᠣᠯ ᠢ ᠬᠠᠮᠠᠭᠠᠯᠠᠨ ᠵᠠᠯᠭᠠᠮᠵᠢᠯᠠᠬᠤ ᠬᠡᠷᠡᠭᠲᠡᠢ ᠭᠡᠵᠤ ᠵᠢᠭᠠᠨ ᠭᠠᠷᠭᠠᠪᠠ᠃      ᠠᠵᠢᠯ ᠲᠥᠷᠥᠯ ᠤᠨ ᠬᠥᠮᠥᠰ ᠂ ᠬᠤᠲᠠ ᠶᠢᠨ ᠰᠢᠨᠡᠴᠢᠯᠡᠯᠲᠡ ᠪᠣᠯ 2025 ᠣᠨ ᠤ ᠳᠣᠲᠣᠭᠠᠳᠤ ᠶᠢᠨ ᠬᠡᠷᠡᠭᠴᠡᠭᠡ ᠶᠢ ᠥᠷᠭᠡᠳᠬᠡᠬᠦ ᠴᠢᠬᠤᠯᠠ ᠭᠠᠷᠳᠠᠴᠠ ᠮᠥᠨ᠂ ᠡᠨᠡ ᠨᠢ ᠮᠠᠨ ᠤ ᠤᠯᠤᠰ ᠤᠨ ᠬᠤᠲᠠ ᠶᠢᠨ ᠰᠢᠨᠡᠴᠢᠯᠡᠯᠲᠡ ᠶᠢᠨ ᠠᠵᠢᠯ ᠰᠢᠨ᠎ᠡ ᠬᠦᠭᠵᠢᠯᠳᠡ ᠶᠢᠨ ᠱᠠᠲᠤᠨ ᠳᠤ ᠣᠷᠣᠭᠰᠠᠨ ᠢ ᠬᠠᠷᠠᠭᠤᠯᠵᠤ ᠪᠠᠶᠢᠨ᠎ᠠ᠃ ᠢᠷᠡᠭᠡᠳᠦᠢ ᠳᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠣᠷᠣᠨ ᠨᠤᠲᠤᠭ ᠤᠨ ᠵᠠᠰᠠᠭ ᠤᠨ ᠣᠷᠳᠣᠨ ᠨᠠᠩ ᠣᠯᠠᠨ ᠳᠡᠮᠵᠢᠯᠭᠡ ᠶᠢᠨ ᠴᠢᠨᠠᠷᠲᠠᠢ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠨᠡᠶᠢᠲᠡᠯᠡᠵᠦ᠂ ᠬᠤᠲᠠ ᠶᠢᠨ ᠰᠢᠨᠡᠴᠢᠯᠡᠯᠲᠡ ᠶᠢᠨ ᠣᠯᠠᠨ ᠵᠠᠭᠪᠤᠷ ᠢᠶᠠᠷ ᠰᠢᠨ᠎ᠡ ᠶᠢ ᠡᠭᠦᠳᠬᠦ᠂ ᠣᠯᠠᠨ ᠲᠣᠭᠲᠠᠴᠠ ᠶᠢᠨ ᠳᠡᠮᠵᠢᠯᠭᠡ ᠦᠵᠡᠭᠦᠯᠬᠦ᠂ ᠣᠯᠠᠨ ᠡᠯᠧᠮᠧᠨ᠋ᠲ ᠤᠨ ᠪᠠᠲᠤᠯᠠᠭ᠎ᠠ ᠦᠵᠡᠭᠦᠯᠬᠦ᠂ ᠣᠯᠠᠨ ᠭᠤᠤᠯ ᠴᠣᠭᠴᠠ ᠶᠢᠨ ᠣᠷᠣᠯᠴᠠᠬᠤ ᠰᠢᠨ᠎ᠡ ᠬᠥᠭᠵᠢᠯᠲᠡ ᠶᠢᠨ ᠴᠠᠭ ᠦᠶ᠎ᠡ ᠳᠤ ᠣᠷᠣᠬᠤ ᠶᠢ ᠲᠦᠯᠬᠢᠨ ᠠᠬᠢᠭᠤᠯᠬᠤ ᠪᠤᠯᠤᠨ᠎ᠠ ᠭᠡᠵᠦ ᠦᠵᠡᠵᠦ ᠪᠠᠶᠢᠨ᠎ᠠ᠃ ᠬᠤᠲᠠ ᠶᠢᠨ ᠰᠢᠨᠡᠴᠢᠯᠡᠯᠲᠡ ᠨᠢ ᠬᠤᠲᠠ ᠶᠢᠨ ᠭᠠᠳᠠᠷ ᠳᠦᠷᠢ ᠲᠥᠷᠬᠦ ᠲᠠᠢ ᠬᠤᠯᠪᠣᠭᠳᠠᠬᠤ ᠪᠠᠷ ᠪᠠᠷᠠᠬᠤ ᠦᠭᠡᠢ᠂ ᠨᠠᠩ ᠴᠤ ᠰᠠᠭᠤᠭᠠᠯᠢ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ᠂ ᠬᠤᠲᠠ ᠶᠢᠨ ᠴᠢᠳᠠᠮᠵᠢ ᠶᠢ ᠲᠡᠭᠦᠯᠳᠡᠷᠵᠢᠭᠦᠯᠬᠦ᠂ ᠬᠤᠲᠠ ᠶᠢᠨ ᠠᠮᠢ ᠠᠬᠤᠢ ᠶᠢᠨ ᠰᠢᠰᠲ᠋ᠧᠮ ᠢ ᠰᠡᠷᠭᠦᠭᠡᠬᠦ ᠴᠢᠬᠤᠯᠠ ᠠᠷᠭ᠎ᠠ ᠬᠡᠮᠵᠢᠶ᠎ᠡ ᠪᠣᠯᠬᠤ ᠶᠤᠮ᠃ ᠬᠤᠲᠠ ᠪᠠᠯᠭᠠᠰᠤᠵᠢᠯᠲᠠ ᠶᠢᠨ ᠠᠬᠢᠴᠠ ᠶᠢᠨ ᠲᠦᠷᠭᠡᠳᠬᠦ ᠶᠢ ᠳᠠᠭᠠᠯᠳᠤᠨ᠂ ᠮᠠᠰᠢ ᠣᠯᠠᠨ ᠬᠠᠭᠤᠴᠢᠨ ᠤᠷᠤᠨ ᠰᠠᠭᠤᠴᠠ ᠶᠢᠨ ᠲᠣᠭᠤᠷᠢᠭ ᠪᠠ ᠣᠷᠣᠨ ᠪᠦᠰᠡ ᠳᠤ ᠣᠷᠣᠨ ᠵᠠᠢ ᠶᠢᠨ ᠠᠰᠢᠭᠯᠠᠯᠲᠠ ᠶᠢᠨ ᠦᠷ᠎ᠡ ᠪᠦᠲᠦᠮᠵᠢ ᠳᠣᠣᠷ᠎ᠠ᠂ ᠰᠠᠭᠤᠷᠢ ᠲᠥᠬᠦᠭᠡᠷᠦᠮᠵᠢ ᠬᠤᠴᠤᠷᠤᠩᠭᠤᠢ᠂ ᠣᠷᠣᠨ ᠰᠠᠭᠤᠴᠠ ᠶᠢᠨ ᠣᠷᠴᠢᠨ ᠨᠥᠬᠦᠴᠡᠯ ᠠᠨᠠᠢ ᠵᠡᠷᠭᠡ ᠠᠰᠠᠭᠤᠳᠠᠯ ᠲᠤᠯᠭᠠᠷᠠᠵᠤ᠂ ᠰᠢᠨᠡᠴᠢᠯᠡᠨ ᠥᠭᠡᠷᠡᠴᠢᠯᠡᠬᠦ ᠴᠢᠬᠤᠯᠠᠲᠠᠢ ᠪᠠᠶᠢᠨ᠎ᠠ᠃      ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ︽ᠤᠷᠢᠳ ᠢᠶᠠᠷ ᠪᠡᠶ᠎ᠡ ᠶᠢᠨ ᠪᠠᠶᠢᠴᠠᠭᠠᠯᠲᠠ ᠬᠢᠵᠦ᠂ ᠳᠠᠷᠠᠭ᠎ᠠ ᠨᠢ ᠰᠢᠨᠡᠴᠢᠯᠡᠯᠳᠡ ᠬᠢᠬᠦ᠂ ᠪᠡᠶ᠎ᠡ ᠶᠢᠨ ᠪᠠᠶᠢᠴᠠᠭᠠᠯᠲᠠ ᠬᠢᠬᠦ ᠦᠭᠡᠢ ᠪᠤᠯ ᠰᠢᠨᠡᠴᠢᠯᠡᠯᠳᠡ ᠬᠢᠵᠦ ᠪᠤᠯᠬᠤ ᠦᠭᠡᠢ︾ ᠵᠠᠷᠴᠢᠮ ᠢ ᠪᠠᠷᠢᠮᠲᠠᠯᠠᠨ᠂ ᠬᠤᠲᠠ ᠶᠢᠨ ᠪᠡᠶ᠎ᠡ ᠶᠢᠨ ᠪᠠᠶᠢᠴᠠᠭᠠᠯᠲᠠ ᠪᠠ ᠬᠤᠲᠠ ᠶᠢᠨ ᠰᠢᠨᠡᠴᠢᠯᠡᠯᠲᠡ ᠶᠢ ᠨᠢᠭᠡ ᠴᠣᠭᠴᠠᠵᠢᠭᠤᠯᠤᠨ ᠠᠬᠢᠭᠤᠯᠬᠤ ᠲᠣᠭᠲᠠᠴᠠ ᠶᠢ ᠪᠠᠶᠢᠭᠤᠯᠤᠨ᠎ᠠ᠃ ᠬᠤᠳᠠ ᠶᠢᠨ ᠪᠡᠶ᠎ᠡ ᠶᠢᠨ ᠪᠠᠶᠢᠴᠠᠭᠠᠯᠲᠠ ᠪᠠᠷ ᠳᠠᠮᠵᠢᠭᠤᠯᠤᠨ᠂ ᠠᠷᠠᠳ ᠤᠯᠠᠨ ᠤ ᠳᠡᠷᠭᠡᠳᠡᠬᠢ ᠪᠠᠴᠢᠮ ᠬᠦᠴᠢᠷ ᠵᠣᠪᠠᠭᠤᠷᠢ ᠲᠠᠢ ᠠᠰᠠᠭᠤᠳᠠᠯ ᠢ ᠡᠷᠢᠵᠦ᠂ ᠬᠤᠳᠠ ᠶᠢᠨ ᠥᠷᠢᠰᠦᠯᠳᠦᠬᠦ ᠬᠦᠴᠦᠨ᠂ ᠳᠠᠭᠠᠭᠠᠴᠠ ᠪᠣᠯᠣᠨ ᠦᠷᠭᠦᠯᠵᠢᠯᠡᠬᠦ ᠬᠥᠭᠵᠢᠯᠲᠡ ᠶᠢ ᠨᠥᠯᠥᠭᠡᠯᠡᠬᠦ ᠲᠤᠳᠠᠭᠳᠠᠯ ᠪᠠᠭᠤᠷᠠᠢ ᠲᠠᠯ᠎ᠠ ᠶᠢ ᠡᠷᠢᠵᠦ ᠭᠠᠷᠭᠠᠬᠤ ᠶᠢᠨ ᠬᠠᠮᠲᠤ ᠡᠳᠡᠭᠡᠷ ᠠᠰᠠᠭᠤᠳᠠᠯ ᠢ ᠰᠢᠨᠡᠴᠢᠯᠡᠨ ᠥᠭᠡᠷᠡᠴᠢᠯᠡᠬᠦ ᠠᠵᠢᠯ ᠤᠨ ᠭᠤᠣᠯᠳᠠᠯᠭ᠎ᠠ ᠪᠣᠯᠭᠠᠬᠤ ᠬᠡᠷᠡᠭᠲᠡᠢ᠃      ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 2024 ᠣᠨ ᠳᠤ᠂ ᠬᠤᠲᠠ ᠪᠠᠯᠭᠠᠰᠤᠨ ᠤ ᠬᠠᠭᠤᠴᠢᠨ ᠤᠷᠤᠨ ᠰᠠᠭᠤᠴᠠ ᠶᠢᠨ ᠲᠣᠭᠤᠷᠢᠭ ᠢ 5.6 ᠲᠦᠮᠡ᠂ ᠤᠷᠤᠨ ᠰᠠᠭᠤᠴᠠ ᠶᠢᠨ ᠲᠣᠭᠤᠷᠢᠭ ᠤᠨ ᠳᠣᠲᠣᠷᠠᠬᠢ ᠡᠯ᠎ᠡ ᠲᠥᠷᠥᠯ ᠤᠨ ᠬᠠᠭᠤᠴᠢᠷᠠᠭᠰᠠᠨ ᠬᠤᠭᠤᠯᠠᠢ ᠱᠤᠭᠤᠮ ᠢ 5 ᠲᠦᠮᠡᠨ ᠺᠢᠯᠣᠮᠧᠲᠷ ᠠᠴᠠ ᠳᠡᠭᠡᠭᠰᠢ ᠰᠢᠨᠡᠳᠬᠡᠨ ᠵᠠᠰᠠᠵᠤ᠂ 2.5 ᠲᠦᠮᠡ ᠭᠠᠷᠤᠢ ᠴᠠᠬᠢᠯᠭᠠᠨ ᠱᠠᠲᠤ ᠨᠡᠮᠡᠨ ᠤᠭᠰᠠᠷᠠᠵᠤ᠂ ᠲᠡᠷᠭᠡᠨ ᠵᠤᠭᠰᠤᠭᠠᠯ 50 ᠲᠦᠮᠡ ᠠᠴᠠ ᠳᠡᠭᠡᠭᠰᠢ ᠨᠡᠮᠡᠵᠦ ᠲᠣᠬᠢᠷᠠᠭᠤᠯᠪᠠ᠃ ᠪᠦᠬᠦ ᠤᠯᠤᠰ ᠤᠨ 106 ᠪᠦᠷᠢᠨ ᠪᠦᠲᠦᠨ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠢᠳᠡᠪᠬᠢᠲᠡᠢ ᠦᠷ᠎ᠡ ᠪᠦᠲᠦᠮᠵᠢ ᠣᠯᠵᠤ᠂ 19 ᠮᠤᠵᠢ ︵ᠬᠤᠳᠠ︶ ᠳᠤ 37 ᠬᠤᠳᠠ ᠶᠢᠨ ᠬᠡᠦᠬᠡᠳ ᠤᠨ ᠨᠦᠬᠦᠷᠰᠡᠭ ᠣᠷᠣᠨ ᠪᠦᠰᠡ ᠶᠢᠨ ᠪᠦᠲᠦᠭᠡᠨ ᠪᠠᠶᠢᠭᠤᠯᠤᠯᠲᠠ ᠶᠢᠨ ᠦᠯᠢᠭᠡᠷ ᠳᠠᠭᠤᠷᠢᠶᠠᠯ ᠢ ᠪᠤᠢ ᠪᠣᠯᠭᠠᠵᠤ᠂ 386 ᠬᠤᠳᠠ ᠳᠤ 2254 ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠬᠦᠭᠡᠷᠦᠮᠵᠢ ᠶᠢ ᠰᠢᠨ᠎ᠡ ᠪᠠᠷ ᠪᠠᠶᠢᠭᠤᠯᠪᠠ᠃      ᠡᠭᠦᠨ ᠤ ᠬᠠᠮᠲᠤ᠂ ︽ᠬᠤᠶᠠᠷ ᠢ ᠴᠢᠬᠤᠯᠠᠴᠢᠯᠠᠬᠤ︾ ︽ᠬᠤᠶᠠᠷ ᠢ ᠰᠢᠨᠡᠴᠢᠯᠡᠬᠦ︾ ᠶᠢᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠳᠣᠣᠷ᠎ᠠ᠂ ᠭᠠᠵᠠᠷ ᠳᠣᠣᠷᠠᠬᠢ ᠬᠤᠭᠤᠯᠠᠢ ᠲᠣᠣᠷ ᠢ ᠪᠦᠲᠦᠭᠡᠨ ᠪᠠᠶᠢᠭᠤᠯᠤᠨ ᠥᠭᠡᠷᠡᠴᠢᠯᠡᠵᠦ᠂ ᠬᠠᠭᠤᠴᠢᠨᠷᠠᠭᠰᠠᠨ ᠰᠢᠲᠠᠮᠠᠬᠠᠢ ᠬᠡᠢ ᠶᠢᠨ ᠬᠤᠭᠤᠯᠠᠢ ᠲᠤᠤᠷ ᠢ 6.1 ᠲᠦᠮᠡᠨ ᠺᠢᠯᠣᠮᠧᠲᠷ ᠰᠢᠨᠡᠴᠢᠯᠡᠨ ᠦᠭᠡᠷᠡᠴᠢᠯᠡᠵᠦ᠂ ᠪᠥᠬᠦ ᠵᠢᠯ ᠳᠤ ᠡᠯ᠎ᠡ ᠲᠥᠷᠥᠯ ᠤᠨ ᠬᠤᠭᠤᠯᠠᠢ ᠲᠣᠣᠷ ᠢ ᠨᠡᠶᠢᠲᠡ 16.3 ᠲᠦᠮᠡᠨ ᠺᠢᠯᠣᠮᠧᠲᠷ ᠪᠦᠲᠦᠭᠡᠨ ᠪᠠᠶᠢᠭᠤᠯᠤᠨ ᠥᠭᠡᠷᠡᠴᠢᠯᠡᠵᠦ᠂ ᠶᠡᠷᠦᠩᠬᠡᠶᠢᠯᠡᠭᠰᠡᠨ ᠬᠤᠭᠤᠯᠠᠢ ᠬᠤᠩᠭᠢᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠨᠡᠶᠢᠲᠡ 201 ᠺᠢᠯᠣᠮᠧᠲᠷ ᠰᠢᠨ᠎ᠡ ᠪᠠᠷ ᠠᠵᠢᠯ ᠡᠬᠢᠯᠡᠭᠦᠯᠵᠦ᠂ ᠲᠥᠬᠦᠭᠡᠷᠦᠮᠵᠢ ᠶᠢ 117 ᠲᠦᠮᠡᠨ ᠰᠠᠤᠷᠢ ᠰᠢᠨᠡᠳᠬᠡᠪᠡ᠃ ᠡᠭᠦᠨ ᠤ ᠬᠠᠮᠲᠤ᠂ ᠪᠢᠴᠢᠯ ᠴᠡᠴᠡᠷᠯᠢᠭ ᠪᠠ ᠬᠤᠲᠠ ᠶᠢᠨ ᠨᠤᠭᠤᠭᠠᠷᠠᠭᠤᠯᠤᠯᠳᠠ ᠶᠢᠨ ᠪᠦᠲᠦᠭᠡᠨ ᠪᠠᠶᠢᠭᠤᠯᠤᠯᠲᠠ ᠴᠤ ᠢᠯᠡᠳᠲᠡ ᠦᠷ᠎ᠡ ᠪᠦᠲᠦᠮᠵᠢ ᠣᠯᠵᠤ᠂ 6000 ᠭᠠᠷᠤᠢ ᠪᠢᠴᠢᠯ ᠴᠡᠴᠡᠷᠯᠢᠭ᠂ 6000 ᠭᠠᠷᠤᠢ ᠺᠢᠯᠣᠮᠧᠲᠷ ᠨᠣᠭᠤᠭᠠᠨ ᠵᠠᠮ ᠢ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠵᠤ᠂ 1.7 ᠲᠦᠮᠡᠨ ᠾᠧᠺᠲ᠋ᠠᠷ ᠵᠦᠯᠭᠡ ᠶᠢ ᠡᠭᠡᠯᠵᠢᠯᠡᠨ ᠨᠡᠭᠡᠭᠡᠯᠳᠡ ᠬᠢᠪᠡ᠃      ᠱᠠᠩᠬᠠᠢ ᠶᠢᠨ ᠢ ᠵᠢᠦᠢ ᠭᠡᠷ ᠪᠠᠶᠢᠰᠢᠩ ᠭᠠᠵᠠᠷ ᠬᠥᠷᠥᠩᠭᠡ ᠶᠢᠨ ᠰᠤᠳᠤᠯᠭᠠᠨ ᠤ ᠬᠦᠷᠢᠶᠡᠯᠡᠩ ᠤᠨ ᠳᠡᠳ᠋ ᠳᠠᠷᠤᠭ᠎ᠠ ᠶᠠᠨ ᠶᠦᠸᠧ ᠶᠢᠨ ᠢᠯᠡᠷᠬᠡᠶᠢᠯᠡᠬᠦ ᠳᠡᠭᠡᠨ᠂ ᠬᠤᠲᠠ ᠶᠢᠨ ᠬᠥᠭᠵᠢᠯᠲᠡ ᠨᠢᠭᠡᠨᠲᠡ ᠨᠡᠮᠡᠭᠳᠡᠯ ᠤᠨ ᠬᠡᠮᠵᠢᠶ᠎ᠡ ᠶᠢ ᠥᠷᠭᠡᠳᠬᠡᠵᠦ ᠪᠠᠶᠢᠭᠰᠠᠨ ᠠᠴᠠ ᠪᠠᠨ ᠬᠠᠳᠠᠭᠠᠯᠠᠯᠲᠠ ᠶᠢᠨ ᠬᠡᠮᠵᠢᠶ᠎ᠡ ᠶᠢ ᠰᠢᠯᠢᠳᠡᠭᠵᠢᠭᠦᠯᠬᠦ ᠱᠠᠲᠤᠨ ᠳᠤ ᠣᠷᠣᠭᠰᠠᠨ ᠪᠠᠶᠢᠨ᠎ᠠ᠃ ︽ᠬᠤᠳᠠ ᠶᠢᠨ ᠡᠪᠡᠳᠴᠢᠨ︾  ᠢ ᠰᠢᠢᠳᠪᠦᠷᠢᠯᠡᠵᠦ᠂ ᠲᠤᠳᠠᠭᠳᠠᠯ ᠢ ᠨᠥᠬᠦᠪᠦᠷᠢᠯᠡᠬᠦ ᠳᠤ ᠬᠤᠳᠠ ᠶᠢᠨ ᠰᠢᠨᠡᠴᠢᠯᠡᠯᠲᠡ ᠶᠢ ᠵᠠᠪᠠᠯ ᠬᠢᠬᠦ ᠬᠡᠷᠡᠭᠲᠡᠢ᠃ ᠣᠳᠣᠬᠠᠨ ᠳᠤ᠂ ᠬᠤᠳᠠ ᠶᠢᠨ ᠰᠢᠨᠡᠴᠢᠯᠡᠯᠲᠡ ᠨᠢ ᠨᠢᠭᠡᠨᠲᠡ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠴᠢᠬᠤᠯᠠ ᠭᠠᠷᠳᠠᠴᠠ ᠪᠤᠯᠵᠠᠢ᠂ ᠡᠨᠡ ᠨᠢ ᠰᠢᠨ᠎ᠡ ᠨᠢᠭᠡ ᠡᠭᠡᠯᠵᠢ ᠶᠢᠨ ᠠᠵᠤ ᠠᠬᠤᠢ ᠶᠢᠨ ᠲᠣᠭᠲᠠᠭᠤᠨ ᠢᠶᠠᠷ ᠨᠡᠮᠡᠭᠳᠡᠬᠦ ᠲᠠᠯ᠎ᠠ ᠪᠠᠷ᠂ ᠬᠤᠳᠠ ᠶᠢᠨ ᠰᠢᠨᠡᠴᠢᠯᠡᠯᠲᠡ ᠨᠢ ᠨᠡᠩ ᠶᠡᠭᠡ ᠤᠳᠤᠷᠢᠳᠤᠮᠵᠢ ᠶᠢᠨ ᠦᠢᠯᠡᠳᠦᠯ ᠢ ᠪᠠᠳᠠᠷᠠᠭᠤᠯᠬᠤ ᠶᠢ ᠬᠠᠷᠠᠭᠤᠯᠵᠤ ᠪᠠᠶᠢᠬᠤ ᠪᠥᠭᠡᠳ ᠬᠤᠳᠠ ᠶᠢᠨ ᠰᠢᠨᠡᠴᠢᠯᠡᠯᠲᠡ ᠶᠢᠨ ᠦᠷᠭᠦᠯᠵᠢᠯᠡᠨ ᠬᠦᠴᠦᠯᠡᠬᠦ ᠶᠢ ᠬᠠᠷᠠᠭᠤᠯᠵᠤ ᠪᠠᠶᠢᠨ᠎ᠠ᠃ ︽ᠳᠠᠷᠠᠭᠠᠴᠢ ᠶᠢᠨ ᠱᠠᠲᠤᠨ ᠤ ᠬᠤᠲᠠ ᠶᠢᠨ ᠰᠢᠨᠡᠴᠢᠯᠡᠯᠲᠡ ᠶᠢ ᠬᠡᠷᠡᠭᠵᠢᠭᠦᠯᠬᠦ ᠶᠠᠪᠤᠴᠠ ᠳᠠᠬᠢ ᠶᠡᠷᠦᠩᠬᠡᠶᠢᠯᠡᠭᠰᠡᠨ ᠴᠢᠨᠠᠷᠲᠠᠢ᠂ ᠰᠢᠰᠲ᠋ᠧᠮᠲᠦ ᠴᠢᠨᠠᠷᠲᠠᠢ ᠣᠨᠴᠠᠯᠢᠭ ᠤᠯᠠᠮ ᠨᠢᠭᠡ ᠠᠯᠬᠤᠮ ᠴᠢᠩᠭᠠᠷᠠᠵᠤ᠂ ᠤᠯᠠᠨ ᠵᠦᠢᠯ ᠤᠨ ᠣᠷᠣᠨ ᠵᠠᠢ ᠶᠢᠨ ᠰᠢᠨᠡᠴᠢᠯᠡᠯᠲᠡ ᠶᠢ ᠦᠷᠭᠦᠯᠵᠢᠯᠡᠨ ᠠᠬᠢᠭᠤᠯᠵᠠᠢ᠂ ᠢᠯᠠᠩᠭᠤᠶ᠎ᠠ ᠡᠭᠦᠨ ᠠᠴᠠ ᠡᠮᠦᠨ᠎ᠡ ᠨᠡᠯᠢᠶᠡᠳ ᠪᠣᠯᠪᠠᠰᠤᠷᠠᠩᠭᠤᠢ ᠪᠣᠯᠤᠭᠰᠠᠨ᠂ ᠬᠤᠳᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢᠨ ᠴᠢᠬᠤᠯᠠ ᠪᠦᠷᠢᠯᠳᠦᠭᠦᠨ ᠬᠡᠰᠡᠭ ᠪᠣᠯᠤᠭᠰᠠᠨ ᠭᠤᠷᠪᠠᠨ ᠲᠣᠭᠤᠷᠢᠭ ᠨᠢᠭᠡ ᠲᠣᠰᠬᠤᠨ ︵ᠬᠠᠭᠤᠴᠢᠨ ᠲᠣᠭᠤᠷᠢᠭ᠂ ᠬᠠᠭᠤᠴᠢᠨ ᠦᠢᠯᠡᠳᠪᠦᠷᠢ ᠶᠢᠨ ᠲᠣᠭᠤᠷᠢᠭ᠂ ᠬᠠᠭᠤᠴᠢᠨ ᠵᠡᠭᠡᠯᠢ ᠲᠣᠭᠤᠷᠢᠭ ᠪᠣᠯᠣᠨ ᠬᠤᠳᠠ ᠶᠢᠨ ᠳᠤᠮᠳᠠᠬᠢ ᠲᠣᠰᠬᠤᠨ ︶ ᠤ ᠥᠭᠡᠷᠡᠴᠢᠯᠡᠯᠲᠡ ᠢ ᠥᠷᠨᠢᠭᠦᠯᠬᠦ ᠶᠢᠨ ᠬᠠᠮᠲᠤ ᠤᠯᠠᠨ ᠲᠠᠪᠬᠤᠷᠭ᠎ᠠ ᠶᠢᠨ ᠰᠢᠨᠡᠴᠢᠯᠡᠯᠲᠡ ᠶᠢᠨ ᠦᠷ᠎ᠡ ᠠᠰᠢᠭ ᠢ ᠬᠠᠮᠲᠤ ᠳᠤᠨᠢ ᠬᠠᠷᠠᠭᠠᠯᠵᠠᠬᠤ ᠶᠢ ᠨᠡᠩ ᠴᠢᠬᠤᠯᠠᠴᠢᠯᠠᠵᠤ᠂ ᠤᠷᠳᠤ ᠬᠤᠭᠤᠴᠠᠭᠠᠨ ᠤ ᠦᠵᠡᠯ ᠢ ᠪᠠᠷᠢᠮᠲᠠᠯᠠᠨ᠎ᠠ︾ ᠭᠡᠵᠦ ᠳᠤᠮᠳᠠᠳᠤ ᠤᠯᠤᠰ ᠤᠨ ᠵᠦᠩ ᡁᠢ ᠰᠤᠳᠤᠯᠭᠠᠨ ᠤ ᠬᠦᠷᠢᠶᠡᠯᠡᠩ ᠤᠨ ᠦ᠋ ᠵᠢᠶᠠᠨ ᠴᠢᠨ ᠬᠡᠯᠡᠪᠡ᠃      ᠪᠥᠬᠦ ᠤᠯᠤᠰ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠬᠤᠷᠠᠯᠳᠤᠭᠠᠨ ᠤ ᠪᠠᠶᠢᠷᠢᠯᠠᠭᠤᠯᠤᠯᠲᠠ ᠶᠢ ᠦᠨᠳᠦᠰᠦᠯᠡᠪᠡᠯ᠂ 2025 ᠣᠨ ᠳᠤ ᠮᠠᠨ ᠤ ᠤᠯᠤᠰ ᠨᠢᠭᠡ ᠪᠦᠯᠦᠭ ᠬᠤᠲᠠ ᠶᠢᠨ ᠰᠢᠨᠡᠴᠢᠯᠡᠯᠳᠡ ᠶᠢᠨ ᠲᠥᠷᠥᠯ ᠵᠦᠢᠯ ᠢ ᠲᠥᠯᠥᠪᠯᠡᠨ ᠬᠡᠷᠡᠭᠵᠢᠭᠦᠯᠦᠨ᠎ᠡ᠂ 2000 ᠣᠨ ᠤ ᠵᠢᠯ ᠤᠨ ᠡᠴᠦᠰ ᠠᠴᠠ ᠡᠮᠦᠨ᠎ᠡ ᠪᠠᠶᠢᠭᠤᠯᠤᠭᠰᠠᠨ ᠬᠤᠲᠠ ᠪᠠᠯᠭᠠᠰᠤᠨ ᠤ ᠬᠠᠭᠤᠴᠢᠷᠠᠭᠰᠠᠨ ᠤᠷᠤᠨ ᠰᠠᠭᠤᠴᠠ ᠶᠢᠨ ᠲᠣᠭᠤᠷᠢᠭ ᠢ ᠰᠢᠨᠡᠴᠢᠯᠡᠨ ᠥᠭᠡᠷᠡᠴᠢᠯᠡᠬᠦ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠵᠦ᠂ ᠨᠢᠭᠡᠨᠲᠡ ᠪᠠᠶᠢᠴᠠᠭᠠᠵᠤ ᠭᠠᠷᠭᠠᠭᠰᠠᠨ ᠬᠠᠭᠤᠴᠢᠷᠠᠭᠰᠠᠨ ᠰᠢᠲᠠᠮᠠᠬᠠᠢ ᠬᠡᠢ ᠶᠢᠨ ᠬᠤᠭᠤᠯᠠᠢ ᠶᠢ ᠰᠢᠨᠡᠴᠢᠯᠡᠨ ᠥᠭᠡᠷᠡᠴᠢᠯᠡᠬᠦ ᠡᠭᠦᠷᠭᠡ ᠶᠢ ᠦᠨᠳᠦᠰᠦᠨ ᠳᠡᠭᠡᠨ ᠪᠡᠶᠡᠯᠡᠭᠦᠯᠬᠦ ᠶᠢᠨ ᠬᠠᠮᠲᠤ ᠰᠢᠶᠠᠨ ᠤ ᠱᠠᠲᠤᠨ ᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠣᠭᠤᠷᠢᠭ ᠤᠨ ᠪᠣᠬᠢᠷ ᠦᠮᠡᠬᠡᠢ ᠤᠰᠤᠨ ᠴᠣᠭᠴᠠ ᠶᠢ ᠦᠨᠳᠦᠰᠦᠨ ᠳᠡᠭᠡᠨ ᠠᠷᠢᠯᠭᠠᠨ᠎ᠠ᠃ ᠡᠭᠦᠨ ᠤ ᠵᠡᠷᠭᠡᠴᠡᠭᠡᠪᠡᠷ᠂ ᠪᠦᠷᠢᠨ ᠪᠦᠲᠦᠨ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ᠂ ᠨᠢᠭᠡᠨᠲᠡ ᠪᠠᠶᠢᠭ᠎ᠠ ᠪᠠᠷᠢᠯᠭ᠎ᠠ ᠶᠢ ᠥᠭᠡᠷᠡᠴᠢᠯᠡᠨ ᠠᠰᠢᠭᠯᠠᠬᠤ ᠪᠠ ᠬᠠᠭᠤᠴᠢᠨ ᠵᠡᠭᠡᠯᠢ ᠲᠣᠭᠤᠷᠢᠭ ᠢ ᠰᠢᠨᠡᠴᠢᠯᠡᠨ ᠥᠭᠡᠷᠡᠴᠢᠯᠡᠬᠦ ᠵᠡᠷᠭᠡ ᠠᠯᠢ ᠤᠯᠠᠨ ᠠᠷᠠᠳ ᠤᠨ ᠠᠮᠢᠳᠤᠷᠠᠯ ᠤᠨ ᠢᠨᠵᠧᠨᠧᠷᠢᠩ ᠪᠠ ᠬᠥᠭᠵᠢᠯᠲᠡ ᠶᠢᠨ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠦᠨ᠎ᠡ᠃ᠭᠡᠬᠦ ᠳᠡᠭᠡᠨ ᠬᠤᠳᠠ ᠶᠢᠨ ᠰᠢᠨᠡᠴᠢᠯᠡᠯᠲᠡ᠂ ᠪᠡᠯᠡ ᠮᠥᠩᠭᠦ ᠵᠡᠷᠭᠡ ᠡᠯᠧᠮᠧᠨ᠋ᠲ ᠲᠤ ᠠᠪᠴᠤ ᠬᠡᠯᠡᠪᠡᠯ ᠪᠠᠳᠤᠯᠠᠭ᠎ᠠ ᠨᠢ ᠴᠦ ᠴᠢᠬᠤᠯᠠ ᠠᠴᠠ ᠴᠢᠬᠤᠯᠠ ᠵᠦᠢᠯ ᠪᠣᠯᠬᠤ ᠶᠤᠮ᠃ ᠬᠤᠷᠠᠯ ᠠᠴᠠ᠂ ᠭᠠᠵᠠᠷ ᠬᠡᠷᠡᠭᠯᠡᠬᠦ᠂ ᠪᠡᠯᠡ ᠮᠥᠩᠭᠦ ᠵᠡᠷᠭᠡ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠨᠥᠭᠡᠴᠡ ᠦᠷ᠎ᠡ ᠠᠰᠢᠭ ᠢᠶᠠᠷ ᠳᠣᠣᠷ᠎ᠠ ᠭᠠᠵᠠᠷ ᠢ ᠠᠮᠢᠯᠠᠭᠤᠯᠤᠨ ᠠᠰᠢᠭᠯᠠᠵᠤ᠂ ᠡᠳ᠋ ᠤᠨ ᠵᠠᠰᠠᠭ᠂ ᠮᠥᠩᠭᠦᠨ ᠭᠦᠢᠯᠭᠡᠭᠡᠨ ᠤ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠡᠷᠡᠭᠯᠡᠵᠦ᠂ ᠵᠠᠬ᠎ᠠ ᠳᠡᠯᠭᠡᠭᠦᠷᠴᠢᠯᠡᠭᠰᠡᠨ ᠪᠡᠯᠡ ᠮᠥᠩᠭᠦ ᠴᠤᠭᠯᠠᠭᠤᠯᠬᠤ ᠵᠠᠭᠪᠤᠷ ᠢ ᠲᠡᠭᠦᠯᠳᠡᠷᠵᠢᠭᠦᠯᠵᠦ᠂ ᠨᠡᠶᠢᠭᠡᠮ ᠤᠨ ᠬᠥᠷᠥᠩᠭᠡ ᠶᠢ ᠬᠤᠳᠠ ᠶᠢᠨ ᠰᠢᠨᠡᠴᠢᠯᠡᠯᠲᠡ ᠳᠤ ᠣᠷᠣᠯᠴᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠡᠭᠦᠨ ᠤ ᠲᠤᠬᠠᠢ ᠴᠢᠩᠬᠤᠸᠠ ᠶᠡᠭᠡ ᠰᠤᠷᠭᠠᠭᠤᠯᠢ ᠶᠢᠨ ᠳᠤᠮᠳᠠᠳᠤ ᠤᠯᠤᠰ ᠤᠨ ᠬᠥᠭᠵᠢᠯᠲᠡ ᠶᠢᠨ ᠲᠥᠯᠦᠪᠵᠢᠭᠦᠯᠭᠡ ᠶᠢᠨ ᠰᠤᠳᠤᠯᠭᠠᠨ ᠤ ᠬᠦᠷᠢᠶᠡᠯᠡᠩ ᠤᠨ ᠪᠠᠶᠢᠩᠭᠤ ᠶᠢᠨ ᠳᠡᠳ᠋ ᠵᠠᠬᠢᠷᠤᠯ ᠳ᠋ᠦᠩ ᠢᠦᠢ ᠢᠯᠡᠷᠬᠡᠶᠢᠯᠡᠬᠦ ᠳᠡᠭᠡᠨ᠂ ᠬᠤᠲᠠ ᠶᠢᠨ ᠰᠢᠨᠡᠴᠢᠯᠡᠯᠲᠡ ᠳᠤ ᠯᠤᠲᠤ ᠶᠡᠭᠡ ᠵᠠᠬ᠎ᠠ ᠳᠡᠯᠭᠡᠭᠦᠷ ᠤᠨ ᠳᠠᠯᠳᠠ ᠬᠦᠴᠦᠨ ᠠᠭᠤᠯᠤᠭᠳᠠᠵᠤ ᠪᠠᠶᠢᠨ᠎ᠠ᠂ ᠵᠥᠪᠬᠡᠨ ᠵᠠᠰᠠᠭ ᠤᠨ ᠣᠷᠳᠣᠨ ᠤ ᠣᠷᠣᠭᠤᠯᠤᠯᠲᠠ ᠳᠤ ᠲᠦᠰᠢᠭᠯᠡᠭᠡᠳ ᠪᠣᠯᠬᠤ ᠦᠭᠡᠢ᠂ ᠵᠠᠰᠠᠭ ᠤᠨ ᠣᠷᠳᠣᠨ ᠬᠥᠲᠥᠯᠥᠨ ᠵᠢᠯᠤᠭᠤᠳᠬᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ᠂ ᠣᠯᠠᠨ ᠨᠡᠶᠢᠲᠡ ᠪᠠᠷ ᠢᠶᠠᠨ ᠣᠷᠣᠯᠴᠠᠬᠤ ᠦᠷᠭᠦᠯᠵᠢᠯᠡᠬᠦ ᠵᠠᠭᠪᠤᠷ ᠢ ᠪᠠᠶᠢᠭᠤᠯᠤᠨ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ ᠤᠨ ᠢᠳᠡᠪᠬᠢᠵᠢᠯ ᠢ ᠭᠦᠢᠴᠡᠳ ᠳᠠᠶᠢᠴᠢᠯᠠᠬᠤ ᠬᠡᠷᠡᠭᠲᠡᠢ ᠭᠡᠵᠡᠢ᠃       ᠳᠠᠷᠠᠭᠠᠴᠢ ᠶᠢᠨ ᠱᠠᠲᠤᠨ ᠳᠤ᠂ ᠬᠤᠳᠠ ᠶᠢᠨ ᠰᠢᠨᠡᠴᠢᠯᠡᠯᠳᠡ ᠶᠢᠨ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠬᠥᠳᠡᠯᠭᠡᠬᠦ ᠬᠦᠴᠦᠨ ᠢ ᠦᠨᠡᠨᠬᠦ ᠪᠠᠳᠠᠷᠠᠭᠤᠯᠬᠤ ᠶᠢᠨ ᠲᠥᠯᠥᠭᠡ᠂ ᠡᠯ᠎ᠡ ᠰᠠᠯᠠᠭ᠎ᠠ ᠮᠥᠴᠢᠷ ᠠᠴᠠ ᠡᠯ᠎ᠡ ᠭᠠᠵᠠᠷ ᠣᠷᠣᠨ ᠬᠦᠷᠲᠡᠯ᠎ᠡ ᠨᠡᠩ ᠤᠯᠠᠨ ᠳᠡᠮᠵᠢᠯᠭᠡ ᠶᠢᠨ ᠴᠢᠨᠠᠷᠲᠠᠢ ᠲᠦᠷᠦ ᠶᠢᠨ ᠪᠣᠳᠣᠯᠭ᠎ᠠ ᠶᠢ ᠲᠣᠭᠲᠠᠭᠠᠵᠤ᠂ ᠬᠤᠳᠠ ᠶᠢᠨ ᠰᠢᠨᠡᠴᠢᠯᠡᠯᠲᠡ ᠶᠢ ᠤᠯᠠᠨ ᠵᠠᠭᠪᠤᠷ ᠤᠨ ᠰᠢᠨ᠎ᠡ ᠶᠢ ᠡᠭᠦᠳᠬᠦ᠂ ᠤᠯᠠᠨ ᠲᠣᠭᠲᠠᠴᠠ ᠶᠢᠨ ᠳᠡᠮᠵᠢᠯᠭᠡ ᠦᠵᠡᠭᠦᠯᠬᠦ᠂ ᠤᠯᠠᠨ ᠡᠯᠧᠮᠧᠨ᠋ᠲ ᠤᠨ ᠪᠠᠲᠤᠯᠠᠭ᠎ᠠ᠂ ᠤᠯᠠᠨ ᠭᠤᠣᠯ ᠴᠣᠭᠴᠠ ᠣᠷᠣᠯᠴᠠᠬᠤ ᠰᠢᠨ᠎ᠡ ᠬᠥᠭᠵᠢᠯᠲᠡ ᠶᠢᠨ ᠴᠠᠭ ᠦᠶ᠎ᠡ ᠳᠤ ᠣᠷᠣᠭᠤᠯᠬᠤ ᠶᠢ ᠠᠬᠢᠭᠤᠯᠬᠤ ᠶᠠᠪᠤᠳᠠᠯ ᠪᠤᠯᠤᠨ᠎ᠠ ᠭᠡᠵᠦ ᠦ᠋ ᠵᠢᠶᠠᠨ ᠴᠢᠨ ᠢᠯᠡᠷᠬᠡᠶᠢᠯᠡᠪᠡ᠃ ᠢᠷᠡᠯᠲᠡ᠄ ᠠᠵᠤ ᠠᠬᠤᠢ ᠶᠢᠨ ᠯᠠᠪᠯᠠᠯᠲᠠ ᠶᠢᠨ ᠰᠣᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1