ᠲᠣᠭᠲᠠᠬᠤ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ᠂ ᠲᠤᠬᠠᠶᠢᠯᠠᠭᠰᠠᠨ | ᠠᠵᠢᠯ ᠢᠶᠠᠨ ᠭᠦᠢᠴᠡᠳᠬᠡᠬᠦ ᠪᠠᠷ ᠢᠷᠡᠭᠰᠡᠨ ᠤᠯᠠᠨ ᠲᠦᠮᠡᠨ ᠲᠠᠰᠤᠷᠠᠯᠳᠡ ᠦᠭᠡᠢ ᠴᠤᠪᠤᠷᠠᠵᠤ᠂ ᠠᠵᠢᠯᠲᠠᠨ | ᠶᠠᠭᠠᠷᠠᠯᠳᠤᠬᠤ ᠠᠴᠠ ᠪᠢᠰᠢ ᠰᠠᠮᠠᠭᠤᠷᠠᠬᠤ ᠦᠭᠡᠢ ᠪᠠᠶᠢᠵᠦ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ | ᠦᠢᠯᠡᠴᠢᠯᠡᠭᠡᠨ ᠤ ᠠᠵᠢᠯ ᠳᠤ ᠣᠷᠣᠯᠴᠠᠵᠤ᠂ ᠨᠢᠭᠡ ᠲᠠᠯ᠎ᠠ ᠪᠠᠷ ᠤᠯᠠᠨ ᠲᠦᠮᠡᠨ ᠢ ᠬᠠᠯᠠᠭᠤᠮᠰᠤᠭ ᠢᠶᠠᠷ | ᠬᠦᠯᠢᠴᠡᠩᠭᠦᠢ ᠪᠠᠷ ᠬᠦᠯᠢᠶᠡᠨ ᠠᠪᠴᠤ᠂ ᠨᠦᠭᠦᠭᠡ ᠲᠠᠯ᠎ᠠ ᠪᠠᠷ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠢᠶᠠᠨ | ᠪᠣᠯᠪᠠᠰᠤᠷᠠᠩᠭᠤᠢ ᠭᠦᠢᠴᠡᠳᠬᠡᠵᠦ᠂ ᠶᠡᠭᠡ ᠲᠢᠩᠬᠢᠮ ᠳᠤ ᠮᠠᠰᠢ ᠬᠠᠯᠠᠭᠤᠨ ᠳᠤᠯᠠᠭᠠᠨ ᠪᠠᠶᠢᠯ᠎ᠠ᠃ | | | | | ︽ᠥᠨᠥᠳᠥᠷ ᠪᠣᠯ ᠪᠠᠶᠠᠷ ᠤᠨ ᠳᠠᠷᠠᠭᠠᠬᠢ ᠠᠵᠢᠯ ᠳᠤ ᠭᠠᠷᠬᠤ ᠭᠤᠷᠪᠠᠳᠤᠭᠠᠷ ᠡᠳᠦᠷ ᠪᠣᠯᠣᠨ᠎ᠠ᠂ ᠰᠢᠶᠠᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠠᠵᠢᠯᠲᠠᠨ ᠪᠣᠯᠤᠭᠰᠠᠨ ᠤ ᠬᠤᠪᠢ ᠳᠤ ᠪᠢᠳᠡ ᠨᠢᠭᠡᠨᠲᠡ | ᠠᠮᠠᠷᠠᠯᠲᠠ ᠶᠢᠨ ᠬᠤᠭᠤᠴᠠᠭᠠᠨ ᠤ ᠵᠠᠭᠪᠤᠷ ᠠᠴᠠ ᠠᠵᠢᠯ ᠤᠨ ᠵᠠᠭᠪᠤᠷ ᠲᠤ ᠰᠢᠯᠵᠢᠨ ᠣᠷᠣᠵᠤ᠂ ᠰᠡᠳᠬᠢᠯ | ᠰᠠᠨᠠᠭ᠎ᠠ ᠪᠠᠨ ᠣᠷᠣᠨ ᠪᠠᠶᠢᠷᠢ ᠳᠤᠨᠢ ᠣᠷᠣᠭᠤᠯᠤᠭᠰᠠᠨ ᠪᠠᠶᠢᠨ᠎ᠠ᠂ ᠰᠢᠨ᠎ᠡ ᠨᠢᠭᠡ ᠵᠢᠯ ᠳᠤ ᠪᠢᠳᠡ ᠠᠵᠤ | ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠶᠢᠯᠠᠯ ᠤᠨ ᠣᠯᠠᠨ | ᠲᠦᠮᠡᠨ ᠤ ︽ᠳᠣᠲᠣᠨᠣ ᠬᠥᠮᠥᠨ︾ ᠪᠠ ︽ᠦᠢᠯᠡᠴᠢᠯᠡᠭᠴᠢ︾ ᠪᠣᠯᠬᠤ ᠪᠠᠷ ᠴᠢᠷᠮᠠᠶᠢᠵᠤ᠂ ᠥᠩᠭᠡᠷᠡᠭᠰᠡᠨ ᠲᠠᠢ ᠪᠠᠨ | ᠠᠳᠠᠯᠢ ᠪᠠᠷ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠠᠵᠤ ᠠᠬᠤᠶᠢᠯᠠᠯ ᠳᠤ ᠲᠥᠬᠦᠮ ᠳᠣᠲᠣᠨᠣ ᠦᠢᠯᠡᠴᠢᠯᠡᠭᠡ | ᠬᠠᠩᠭᠠᠨ᠎ᠠ︾ ᠭᠡᠵᠦ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠠᠵᠤ ᠠᠬᠤᠶᠢᠯᠠᠯ ᠨᠡᠭᠡᠭᠡᠨ | ᠡᠷᠬᠢᠯᠡᠬᠦ ᠴᠤᠩᠬᠤᠪᠴᠢ ᠶᠢᠨ ᠠᠵᠢᠯᠲᠠᠨ ᠬᠡᠯᠡᠪᠡ᠃ | ᠰᠢᠨ᠎ᠡ ᠵᠢᠯ ᠤᠨ ᠡᠬᠢᠨ ᠳᠤ᠂ ᠴᠠᠭᠠᠨ ᠰᠠᠷ᠎ᠠ ᠶᠢᠨ ᠠᠮᠠᠷᠠᠯᠲᠠ ᠶᠢᠨ ᠳᠠᠷᠠᠭ᠎ᠠ ᠣᠯᠠᠨ ᠲᠦᠮᠡᠨ ᠤ | ᠲᠤᠬᠠᠶᠢᠯᠠᠭᠰᠠᠨ ᠠᠵᠢᠯ ᠢ ᠭᠦᠢᠴᠡᠳᠬᠡᠬᠦ ᠬᠡᠷᠡᠭᠴᠡᠭᠡ ᠪᠠᠭ᠎ᠠ ᠣᠷᠭᠢᠯ ᠳᠤ ᠬᠦᠷᠴᠦ᠂ ᠰᠢᠶᠠᠨ ᠤ ᠵᠠᠰᠠᠭ ᠤᠨ | ᠶᠠᠪᠤᠳᠠᠯ ᠤᠨ ᠲᠣᠪᠴᠢᠶ᠎ᠠ ᠶᠢᠨ ᠬᠢᠨ ᠮᠠᠨ ᠤ ᠰᠢᠶᠠᠨ ᠤ ᠤᠯᠠᠨ ᠲᠦᠮᠡᠨ ᠤ ᠬᠡᠷᠡᠭ ᠶᠠᠪᠤᠳᠠᠯ ᠢ ᠰᠢᠢᠳᠪᠦᠷᠢᠯᠡᠬᠦ | ᠳᠠᠪᠲᠠᠮᠵᠢ ᠳᠤ ᠴᠢᠭᠯᠡᠭᠦᠯᠦᠨ᠂ ᠤᠷᠢᠳᠴᠢᠯᠠᠨ ᠲᠣᠬᠢᠷᠠᠭᠤᠯᠤᠨ ᠪᠠᠶᠢᠷᠢᠯᠠᠭᠤᠯᠵᠤ᠂ ᠥᠨᠳᠥᠷ ᠳᠠᠪᠲᠠᠮᠵᠢᠲᠤ ᠬᠡᠷᠡᠭ | ᠶᠠᠪᠤᠳᠠᠯ ᠢ ᠰᠢᠢᠳᠪᠦᠷᠢᠯᠡᠬᠦ ᠴᠤᠩᠬᠤᠪᠴᠢ ᠳᠤ ᠬᠥᠮᠥᠨ ᠨᠡᠮᠡᠬᠦ᠂ ᠠᠵᠢᠯ ᠤᠨ ᠪᠠᠶᠢᠷᠢ ᠳᠤ ᠤᠷᠢᠳᠴᠢᠯᠠᠨ ᠬᠦᠷᠬᠦ ᠵᠡᠷᠭᠡ | ᠠᠷᠭ᠎ᠠ ᠬᠡᠮᠵᠢᠶ᠎ᠡ ᠠᠪᠴᠤ᠂ ᠠᠵᠢᠯᠲᠠᠳ ᠢ ᠵᠣᠬᠢᠶᠠᠨ ᠪᠠᠶᠢᠭᠤᠯᠤᠨ ᠵᠠᠰᠠᠭ ᠤᠨ ᠶᠠᠪᠤᠳᠠᠯ ᠤᠨ ᠶᠡᠭᠡ ᠲᠢᠩᠬᠢᠮ ᠤᠨ | ᠡᠷᠡᠭᠦᠯ ᠬᠠᠮᠠᠭᠠᠯᠠᠯ᠂ ᠰᠦᠯᠵᠢᠶᠡᠨ ᠤ ᠲᠥᠬᠦᠭᠡᠷᠦᠮᠵᠢ᠂ ᠨᠣᠮᠧᠷ ᠳᠠᠭᠤᠳᠠᠬᠤ ᠲᠥᠬᠦᠭᠡᠷᠦᠮᠵᠢ ᠵᠡᠷᠭᠡ ᠶᠢ ᠨᠢᠭᠡᠳ | ᠨᠢᠭᠡ ᠪᠠᠷ ᠪᠠᠶᠢᠴᠠᠭᠠᠵᠤ᠂ ᠦᠢᠯᠡᠴᠢᠯᠡᠭᠡᠨ ᠤ ᠶᠠᠰᠤ ᠴᠢᠨᠠᠷ ᠪᠣᠯᠣᠨ ᠦᠢᠯᠡᠴᠢᠯᠡᠭᠡᠨ ᠤ ᠦᠷ᠎ᠡ ᠪᠦᠲᠦᠮᠵᠢ ᠶᠢ ᠪᠦᠬᠦ | ᠬᠦᠴᠦᠨ ᠢᠶᠠᠷ ᠢᠶᠠᠨ ᠪᠠᠲᠤᠯᠠᠪᠠ᠃ | ᠰᠢᠨ᠎ᠡ ᠨᠢᠭᠡᠨ ᠵᠢᠯ᠂ ᠰᠢᠨ᠎ᠡ ᠠᠶᠠᠨ ᠵᠠᠮ ᠳᠤ ᠰᠢᠶᠠᠨ ᠤ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ | ᠲᠣᠪᠴᠢᠶ᠎ᠠ ᠶᠢᠨ ᠺᠠᠳ᠋ᠷ ᠠᠵᠢᠯᠲᠠᠨ ᠠᠵᠢᠯᠴᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ | ᠤᠳᠤᠷᠢᠳᠤᠯᠭ᠎ᠠ ᠳᠣᠣᠷ᠎ᠠ᠂ ᠪᠤᠰᠢᠭᠤᠬᠠᠨ ᠰᠡᠳᠬᠢᠯ ᠢᠶᠠᠨ ᠬᠤᠷᠢᠶᠠᠭᠠᠳ ᠪᠠᠶᠢᠳᠠᠯ ᠢᠶᠠᠨ ᠲᠣᠬᠢᠷᠠᠭᠤᠯᠵᠤ᠂ | ᠠᠩᠬᠠᠷᠤᠯ ᠢᠶᠠᠨ ᠲᠦᠪᠯᠡᠷᠡᠭᠦᠯᠵᠦ᠂ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠲᠤᠰᠢᠶᠠᠭᠰᠠᠨ ᠭᠤᠣᠯᠳᠠᠯᠭ᠎ᠠ ᠲᠠᠢ | ᠠᠵᠢᠯ ᠲᠠᠢ ᠨᠢᠭᠲᠠ ᠤᠶᠠᠯᠳᠤᠭᠤᠯᠤᠨ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠣᠨ ᠠᠵᠢᠯ ᠤᠨ ᠱᠠᠭᠠᠷᠳᠠᠯᠭ᠎ᠠ ᠶᠢ ᠲᠡᠷᠡ ᠬᠡᠪ ᠢᠶᠠᠷ ᠨᠢ | ᠨᠠᠶᠢᠳᠠᠪᠤᠷᠢᠵᠢᠭᠤᠯᠵᠤ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ᠂ ᠨᠡᠩ ᠯᠠᠪᠳᠠᠭᠤᠨ ᠪᠠᠲᠤᠲᠠᠢ ᠠᠵᠢᠯ ᠢᠶᠠᠷ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡ ᠪᠣᠯᠣᠨ ᠲᠣᠮᠣ ᠳ᠋ᠠᠶᠢᠲ᠋ᠠ ᠶᠢᠨ | ᠬᠠᠮᠢᠶᠠᠷᠤᠯᠲᠠ ᠶᠢᠨ ᠠᠵᠢᠯ ᠢ ᠰᠡᠳᠬᠢᠯ ᠰᠠᠨᠠᠭ᠎ᠠ ᠪᠠᠨ ᠲᠥᠪᠯᠡᠷᠡᠭᠦᠯᠦᠨ ᠰᠠᠶᠢᠲᠤᠷ ᠠᠳᠬᠤᠵᠤ᠂ ᠰᠢᠨ᠎ᠡ ᠪᠠᠶᠢᠳᠠᠯ ᠢ | ᠴᠢᠷᠮᠠᠶᠢᠨ ᠡᠭᠦᠳᠴᠦ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ | ᠬᠤᠪᠢ ᠨᠡᠮᠡᠷᠢ ᠦᠵᠡᠭᠦᠯᠬᠦ ᠪᠤᠯᠤᠨ᠎ᠠ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ |