ᠠᠭᠤᠯᠠᠨ ᠶᠡᠭᠦᠷᠡᠯᠳᠡ ᠠᠴᠠ ᠬᠡᠷᠬᠢᠨ ᠥᠪᠡᠷ ᠢ ᠪᠠᠨ ᠠᠪᠤᠷᠠᠬᠤ ᠪᠤᠢ︖
ᠨᠡᠶᠢᠲᠡᠯᠡᠭᠰᠡᠨ ᠴᠠᠭ᠄
2025/2/12
      ᠠᠭᠤᠯᠠᠨ ᠶᠡᠭᠦᠷᠡᠯᠳᠡ ᠨᠢ ᠶᠡᠷᠦ ᠳᠡᠭᠡᠨ ᠭᠡᠨᠡᠳᠲᠡ ᠪᠠᠷ᠂ ᠳᠣᠭᠰᠢᠨ ᠰᠢᠷᠦᠭᠦᠨ᠂ ᠡᠪᠳᠡᠯᠡᠭᠡ ᠶᠡᠭᠡ᠂ ᠬᠦᠨᠳᠦ ᠶᠡᠭᠡ ᠬᠥᠮᠥᠨ ᠬᠠᠷ᠎ᠠ ᠦᠬᠦᠵᠦ ᠰᠢᠷᠬᠠᠲᠤᠬᠤ ᠪᠠ ᠡᠳ᠋ ᠬᠥᠷᠥᠩᠭᠡ ᠬᠤᠬᠢᠷᠠᠬᠤ ᠪᠠᠶᠢᠳᠠᠯ ᠭᠠᠷᠳᠠᠭ᠃ ᠠᠭᠤᠯᠠᠨ ᠶᠡᠭᠦᠷᠡᠯᠳᠡ ᠨᠢ ᠶᠠᠮᠠᠷ ᠭᠠᠵᠠᠷ ᠣᠷᠣᠨ ᠳᠤ ᠠᠮᠠᠷᠬᠠᠨ ᠡᠭᠦᠰᠳᠡᠭ ᠪᠣᠶ︖ ᠡᠭᠦᠰᠬᠦ ᠠᠴᠠ ᠡᠮᠦᠨ᠎ᠡ ᠶᠠᠮᠠᠷ ᠰᠢᠨᠵᠢ ᠲᠡᠮᠳᠡᠭ ᠲᠠᠢ ᠪᠣᠢ︖ ᠡᠭᠦᠰᠦᠭᠰᠡᠨ ᠤ ᠳᠠᠷᠠᠭ᠎ᠠ ᠬᠡᠷᠬᠢᠨ ᠥᠪᠡᠷ ᠢ ᠪᠠᠨ ᠠᠪᠤᠷᠠᠬᠤ ᠪᠤᠶ︖      ᠶᠠᠮᠠᠷ ᠭᠠᠵᠠᠷ ᠤᠷᠤᠨ ᠳᠤ ᠠᠮᠠᠷᠬᠠᠨ ᠠᠭᠤᠯᠠᠨ ᠶᠡᠭᠦᠷᠡᠯᠳᠡ ᠡᠭᠦᠰᠳᠡᠭ ᠪᠣᠢ︖      ᠶᠡᠭᠦᠷᠡᠯᠳᠡ ᠨᠢ ᠶᠡᠷᠦ ᠳᠡᠭᠡᠨ ᠴᠢᠯᠠᠭᠤᠯᠢᠭ ᠨᠢ ᠨᠡᠯᠢᠶᠡᠳ ᠰᠢᠢᠷᠡᠮᠡᠭᠡᠢ᠂ ᠭᠠᠵᠠᠷ ᠤᠨ ᠪᠠᠶᠢᠴᠠ ᠲᠦᠯᠬᠢᠭᠡᠨ ᠦᠨᠳᠦᠷ᠂ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠨᠢ ᠨᠡᠯᠢᠶᠡᠳ ᠠᠨᠠᠢ ᠭᠠᠵᠠᠷ ᠣᠷᠣᠨ ᠳᠤ ᠡᠭᠦᠰᠳᠡᠭ᠃ ᠠᠭᠤᠯᠠᠷᠬᠠᠭ ᠭᠠᠵᠠᠷ ᠤᠨ ᠳᠣᠪᠣᠷᠬᠠᠭ ᠪᠠ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠣᠯᠠᠰᠢᠷᠠᠭᠰᠠᠨ ᠭᠠᠵᠠᠷ ᠣᠷᠣᠨ ᠪᠣᠯ ᠴᠥᠮ ᠶᠡᠭᠦᠷᠡᠯᠳᠡ ᠣᠯᠠᠨ ᠡᠭᠦᠰᠳᠡᠭ ᠭᠠᠵᠠᠷ ᠣᠷᠣᠨ ᠪᠣᠯᠣᠨ᠎ᠠ᠃      ᠶᠡᠭᠦᠷᠡᠯᠳᠡ ᠡᠭᠦᠰᠬᠡᠬᠦ ᠭᠤᠣᠯ ᠡᠯᠧᠮᠧᠨ᠋ᠲ ᠭᠡᠪᠡᠯ᠄ ᠭᠠᠵᠠᠷ ᠬᠥᠳᠡᠯᠦᠯᠲᠡ᠂ ᠪᠣᠷᠣᠭᠠᠨ ᠣᠷᠣᠬᠤ ᠪᠠ ᠴᠠᠰᠤ ᠬᠠᠶᠢᠯᠬᠤ᠂ ᠭᠤᠣᠯ ᠮᠥᠷᠡᠨ᠂ ᠦᠶᠡᠷ ᠤᠰᠤᠳᠠᠯ ᠵᠡᠷᠭᠡ︔ ᠭᠠᠵᠠᠷ ᠤᠨ ᠭᠠᠳᠠᠷᠭᠤ ᠶᠢᠨ ᠨᠠᠯᠠᠤ ᠪᠠᠯ ᠢ ᠲᠠᠰᠤᠷᠠᠯᠲᠠ ᠦᠭᠡᠢ ᠤᠷᠤᠰᠬᠠᠬᠤ︔ ᠬᠥᠮᠥᠨ ᠲᠥᠷᠥᠯᠬᠢᠲᠡᠨ ᠤ ᠪᠠᠷᠢᠯᠭ᠎ᠠ ᠶᠢᠨ ᠠᠵᠢᠯᠯᠠᠭ᠎ᠠ᠂ ᠵᠢᠱᠢᠶᠡᠯᠡᠪᠡᠯ ᠪᠡᠯ ᠤᠨ ᠢᠷᠤᠭᠠᠷ ᠢ ᠮᠠᠯᠲᠠᠬᠤ᠂ ᠳᠡᠯᠪᠡᠴᠢᠬᠦ᠂ ᠦᠶᠡᠷ ᠭᠠᠳᠠᠭᠰᠢᠯᠠᠭᠤᠯᠬᠤ᠂ ᠠᠭᠤᠷᠬᠠᠢ ᠨᠡᠭᠡᠭᠡᠬᠦ ᠵᠡᠷᠭᠡ︔ ᠲᠡᠯᠡᠶ ᠶᠢᠨ ᠢᠰᠬᠡᠷᠦᠯᠲᠡ᠂ ᠳᠣᠭᠰᠢᠨ ᠰᠠᠯᠬᠢᠨ ᠤ ᠲᠦᠯᠬᠢᠭᠡᠨ ᠨᠢ ᠪᠠᠰᠠ ᠶᠡᠭᠦᠷᠡᠯᠳᠡ ᠡᠭᠦᠰᠬᠡᠵᠦ ᠮᠡᠳᠡᠨ᠎ᠡ᠃      ᠪᠦᠷᠢᠳᠬᠡᠯ ᠢ ᠦᠨᠳᠦᠰᠦᠯᠡᠪᠡᠯ᠂ 80% ᠠᠴᠠ ᠳᠡᠭᠡᠭᠰᠢᠬᠢ ᠶᠡᠭᠦᠷᠡᠯᠳᠡ᠂ ᠨᠤᠷᠠᠯᠲᠠ ᠨᠢ ᠪᠣᠷᠣᠭᠠᠨ ᠤ ᠤᠯᠠᠷᠢᠯ ᠳᠤ ᠡᠭᠦᠰᠳᠡᠭ᠂ ᠢᠯᠠᠩᠭᠤᠶ᠎ᠠ ᠪᠣᠷᠣᠭᠠᠨ ᠣᠷᠣᠬᠤ ᠶᠠᠪᠤᠴᠠ ᠪᠤᠶᠤ ᠪᠣᠷᠣᠭᠠᠨ ᠤ ᠳᠠᠷᠠᠭᠠᠬᠢ ᠬᠡᠰᠡᠭ ᠬᠤᠭᠤᠴᠠᠭᠠᠨ ᠳᠤ ᠬᠠᠮᠤᠭ ᠤᠨ ᠠᠮᠠᠷᠬᠠᠨ ᠠᠭᠤᠯᠠ ᠨᠤᠷᠠᠳᠠᠭ᠃      ᠶᠡᠭᠦᠷᠡᠯᠳᠡ ᠶᠢᠨ ᠤᠷᠢᠲᠠᠯ ᠰᠢᠨᠵᠢ ᠨᠢ ᠶᠠᠭᠤ ᠪᠤᠢ︖      ᠶᠡᠭᠦᠷᠡᠯᠳᠡ ᠠᠴᠠ ᠡᠮᠦᠨ᠎ᠡ᠂ ᠣᠯᠠᠨ ᠵᠢᠯ ᠪᠥᠭᠯᠡᠷᠡᠭᠰᠡᠨ ᠪᠤᠯᠠᠭ ᠤᠨ ᠤᠰᠤ ᠳᠠᠬᠢᠨ ᠠᠮᠢᠯᠠᠬᠤ︔ ᠪᠤᠯᠠᠭ ᠂ ᠬᠤᠳᠳᠤᠭ ᠭᠡᠨᠡᠳᠲᠡ ᠬᠠᠳᠠᠬᠤ︔ ᠬᠤᠳᠳᠤᠭ ᠤᠨ ᠤᠰᠤᠨ ᠲᠦᠪᠰᠢᠨ ᠭᠡᠨᠡᠳᠲᠡ ᠪᠠᠷ ᠬᠤᠪᠢᠷᠠᠬᠤ ᠵᠡᠷᠭᠡ ᠬᠡᠪ ᠤᠨ ᠪᠤᠰᠤ ᠦᠵᠡᠭᠳᠡᠯ ᠢᠯᠡᠷᠡᠨ᠎ᠡ᠃      ᠶᠡᠭᠦᠷᠡᠯᠳᠡ ᠠᠴᠠ ᠡᠮᠦᠨ᠎ᠡ᠂ ᠰᠢᠷᠣᠢ ᠭᠠᠵᠠᠷ ᠭᠦᠳᠦᠶᠢᠬᠦ ᠦᠵᠡᠭᠳᠡᠯ ᠭᠠᠷᠳᠠᠭ᠂ ᠡᠨᠡ ᠪᠣᠯ ᠶᠡᠭᠦᠷᠡᠯᠳᠡ ᠶᠢᠨ ᠲᠦᠯᠬᠢᠯᠴᠡᠬᠦ ᠰᠢᠬᠠᠯᠳᠤᠬᠤ ᠦᠵᠡᠭᠳᠡᠯ ᠢᠯᠡᠷᠬᠡᠢ ᠪᠤᠯᠤᠭᠰᠠᠨ ᠢ ᠬᠠᠷᠠᠭᠤᠯᠵᠦ ᠪᠠᠶᠢᠨ᠎ᠠ᠃      ᠶᠡᠭᠦᠷᠡᠯᠳᠡ ᠠᠴᠠ ᠡᠮᠦᠨ᠎ᠡ᠂ ᠴᠢᠯᠠᠭᠤᠯᠢᠭ ᠠᠩ ᠭᠠᠷᠬᠤ ᠪᠤᠶᠤ ᠬᠡᠷᠴᠢᠭᠳᠡᠨ ᠰᠢᠬᠠᠭᠳᠠᠭᠰᠠᠨ ᠲᠠᠭᠤ ᠭᠠᠷᠤᠨ᠎ᠠ ᠂ ᠡᠨᠡ ᠨᠢ ᠭᠦᠨ ᠬᠡᠰᠡᠭ ᠤᠨ ᠳᠦᠷᠰᠦ ᠬᠤᠪᠢᠷᠠᠬᠤ ᠪᠠ ᠬᠠᠭᠠᠷᠠᠬᠤ ᠪᠤᠯᠤᠭᠰᠠᠨ ᠶᠢ ᠬᠠᠷᠠᠭᠤᠯᠵᠤ ᠪᠠᠶᠢᠨ᠎ᠠ᠃      ᠶᠡᠭᠦᠷᠡᠯᠳᠡ ᠠᠴᠠ ᠡᠮᠦᠨ᠎ᠡ᠂ ᠶᠡᠭᠦᠷᠡᠯᠳᠡ ᠶᠢᠨ ᠴᠤᠭᠴᠠ ᠶᠢᠨ ᠳᠥᠷᠪᠡᠨ ᠲᠠᠯ᠎ᠠ ᠶᠢᠨ ᠴᠢᠯᠠᠭᠤᠯᠢᠭ᠂ ᠰᠢᠷᠣᠢ ᠳᠤ ᠵᠢᠵᠢᠭ ᠬᠡᠯᠪᠡᠷᠢ ᠶᠢᠨ ᠨᠤᠷᠠᠯᠲᠠ ᠶᠢᠨ ᠦᠵᠡᠭᠳᠡᠯ ᠢᠯᠡᠷᠡᠨ᠎ᠡ᠃       ᠶᠡᠭᠦᠷᠡᠯᠳᠡ ᠶᠢᠨ ᠦᠶ᠎ᠡ ᠳᠤ᠂ ᠬᠥᠨᠳᠡᠯᠡᠨ ᠪᠠ ᠭᠤᠯᠳᠤ ᠴᠢᠭᠯᠡᠯ ᠤᠨ ᠰᠠᠴᠤᠷᠠᠭ ᠬᠡᠯᠪᠡᠷᠢᠲᠦ ᠠᠩ ᠭᠠᠷᠤᠨ᠎ᠠ᠂ ᠡᠨᠡ ᠨᠢ ᠶᠡᠭᠦᠷᠡᠯᠳᠡ ᠶᠢᠨ ᠴᠤᠭᠴᠠ ᠲᠦᠯᠬᠢᠬᠦ ᠶᠢᠨ ᠬᠠᠮᠲᠤ ᠬᠠᠷᠰᠢ ᠰᠠᠭᠠᠳ ᠲᠤ ᠤᠴᠠᠷᠠᠵᠤ᠂ ᠨᠢᠭᠡᠨᠲᠡ ᠶᠡᠭᠦᠷᠡᠬᠦ ᠪᠠᠶᠢᠳᠠᠯ ᠳᠤ ᠣᠷᠣᠭᠰᠠᠨ ᠢ ᠬᠠᠷᠠᠭᠤᠯᠵᠤ ᠪᠠᠶᠢᠨ᠎ᠠ᠃      ᠶᠡᠭᠦᠷᠡᠯᠳᠡ ᠡᠭᠦᠰᠦᠭᠰᠡᠨ ᠤ ᠲᠠᠷᠠᠭ᠎ᠠ ᠠᠩ ᠨᠢ ᠲᠦᠷᠭᠡᠨ ᠥᠷᠭᠡᠳᠴᠦ᠂ ᠠᠩ ᠵᠠᠪᠰᠠᠷ ᠠᠴᠠ ᠬᠠᠯᠠᠭᠤᠨ ᠪᠤᠶᠤ ᠬᠦᠢᠲᠡᠨ ᠠᠭᠤᠷ ᠭᠠᠷᠴᠤ ᠢᠷᠡᠨ᠎ᠡ᠃      ᠠᠮᠢᠲᠠᠨ ᠤ ᠭᠡᠯᠮᠡᠭᠳᠡᠯ ᠬᠡᠪ ᠤᠨ ᠪᠤᠰᠤ ᠪᠤᠯᠵᠦ᠂ ᠤᠷᠭᠤᠮᠠᠯ ᠳᠤ ᠬᠡᠪ ᠤᠨ ᠪᠤᠰᠤ ᠦᠵᠡᠭᠳᠡᠯ ᠢᠯᠡᠷᠡᠨ᠎ᠡ᠃ ᠵᠢᠱᠢᠶᠡᠯᠡᠪᠡᠯ᠂ ᠭᠠᠭ᠋ᠠᠢ᠂ ᠨᠣᠬᠠᠢ᠂ ᠦᠬᠡᠷ ᠮᠡᠲᠦ ᠶᠢᠨ ᠠᠮᠢᠲᠠᠨ ᠠᠶᠤᠨ ᠭᠡᠯᠮᠡᠭᠳᠡᠵᠦ᠂ ᠬᠤᠯᠤᠭᠠᠨ᠎ᠠ ᠨᠦᠬᠡᠨ ᠳᠡᠭᠡᠨ ᠤᠷᠤᠬᠤ ᠦᠭᠡᠢ᠂ ᠮᠣᠳᠣ ᠬᠤᠪᠠᠭ᠋ᠠᠶᠢᠷᠠᠬᠤ ᠪᠤᠶᠤ ᠬᠠᠵᠠᠶᠢᠬᠤ ᠵᠡᠷᠭᠡ ᠪᠣᠯᠣᠨ᠎ᠠ᠃       ᠶᠡᠭᠦᠷᠡᠯᠳᠡ ᠳᠤ ᠬᠡᠷᠬᠢᠨ ᠥᠪᠡᠷ ᠢ ᠪᠠᠨ ᠠᠪᠤᠷᠠᠬᠤ ᠪᠤᠢ︖      ᠯᠠᠪᠳᠠᠭᠤᠨ ᠲᠣᠭᠲᠠᠭᠤᠨ ᠪᠠᠶᠢᠵᠤ᠂ ᠡᠭᠴᠡ ᠴᠢᠭᠯᠡᠯ ᠪᠤᠶᠤ ᠶᠡᠭᠦᠷᠡᠯᠳᠡ ᠶᠢᠨ ᠴᠢᠭᠯᠡᠯ ᠤᠨ ᠬᠤᠶᠠᠷ ᠬᠠᠵᠠᠭᠤ ᠲᠡᠶᠢᠰᠢ ᠪᠠᠨ ᠪᠡᠶ᠎ᠡ ᠵᠠᠶᠢᠯᠠᠬᠤ ᠬᠠᠮᠲᠤ ᠡᠷᠬᠢᠨ ᠲᠣᠭᠤᠷᠢᠨ ᠤ ᠠᠮᠤᠷ ᠲᠦᠪᠰᠢᠨ ᠭᠠᠵᠠᠷ ᠢ ᠡᠷᠢᠵᠦ ᠵᠠᠶᠢᠯᠠᠨ᠎ᠠ᠃       ᠳᠤᠲᠠᠭᠠᠬᠤ ᠶᠢᠨ ᠠᠷᠭ᠎ᠠ ᠦᠭᠡᠢ ᠦᠶ᠎ᠡ ᠳᠤ᠂ ᠬᠠᠵᠠᠭᠤ ᠬᠠᠪᠢ ᠶᠢᠨ ᠮᠣᠳᠣ ᠵᠡᠷᠭᠡ ᠲᠣᠭᠲᠠᠮᠠᠯ ᠪᠣᠳᠠᠰ ᠲᠠᠢ ᠵᠢᠭᠤᠷᠠᠯᠳᠤᠵᠤ ᠤᠷᠤᠰᠬᠠᠭᠳᠠᠬᠤ ᠠᠴᠠ ᠰᠡᠷᠭᠡᠶᠢᠯᠡᠬᠦ ᠬᠡᠷᠡᠭᠲᠡᠢ᠃      ᠬᠠᠳᠠᠭᠤ ᠪᠡᠶᠡᠳᠦ ᠪᠤᠳᠠᠰ ᠠᠴᠠ ᠲᠠᠯᠳᠠᠯᠠᠬᠤ ᠦᠶ᠎ᠡ ᠳᠤ᠂ ᠲᠣᠯᠣᠭᠠᠢ ᠪᠠᠨ ᠰᠠᠶᠢᠲᠤᠷ ᠬᠠᠮᠠᠭᠠᠯᠠᠵᠦ᠂ ᠭᠠᠮᠰᠢᠭ ᠠᠴᠠ ᠵᠠᠶᠢᠯᠠᠬᠤ ᠲᠠᠯᠠᠪᠤᠷ ᠢ ᠶᠡᠭᠦᠷᠡᠯᠳᠡ ᠶᠢᠨ ᠲᠡᠭᠡᠳᠦ ᠪᠤᠶᠤ ᠲᠤᠤᠷᠠᠳᠦ ᠲᠠᠯ᠎ᠠ ᠳᠤ ᠰᠤᠩᠭᠤᠵᠤ ᠪᠣᠯᠬᠤ ᠦᠭᠡᠢ᠃      ᠶᠡᠭᠦᠷᠡᠯᠳᠡ ᠶᠢᠨ ᠳᠠᠷᠠᠭ᠎ᠠ᠂ ᠳᠠᠷᠤᠶᠢᠬᠠᠨ ᠭᠡᠷ ᠲᠡᠭᠡᠨ ᠬᠠᠷᠢᠵᠤ ᠪᠣᠯᠬᠤ ᠦᠭᠡᠢ᠃ ᠶᠡᠭᠦᠷᠡᠯᠳᠡ ᠶᠡᠷᠦᠨᠢ ᠦᠷᠭᠦᠯᠵᠢᠯᠡᠨ ᠡᠭᠦᠰᠴᠦ᠂ ᠬᠥᠩᠭᠡᠨ ᠬᠠᠭᠤᠳᠠᠮ ᠢᠶᠠᠷ ᠭᠡᠷ ᠲᠡᠭᠡᠨ ᠬᠠᠷᠢᠪᠠᠯ ᠬᠤᠶᠠᠳᠠᠭᠢ ᠤᠳᠠᠭᠠᠨ ᠤ ᠶᠡᠭᠦᠷᠡᠯᠳᠡ ᠶᠢᠨ ᠬᠥᠨᠥᠭᠡᠯ ᠳᠤ ᠤᠴᠠᠷᠠᠵᠤ ᠮᠡᠳᠡᠨ᠎ᠡ᠃      ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠤᠶᠤ ᠨᠢᠭᠡᠴᠢ ᠳᠤ ᠭᠠᠮᠰᠢᠭ ᠤᠨ ᠪᠠᠶᠢᠳᠠᠯ ᠢ ᠳᠠᠷᠤᠢ ᠲᠦᠷᠭᠡᠨ ᠮᠡᠳᠡᠭᠦᠯᠬᠦ ᠨᠢ ᠭᠠᠮᠰᠢᠭ ᠤᠨ ᠬᠤᠬᠢᠷᠠᠯ ᠢ ᠪᠠᠭᠠᠰᠬᠠᠬᠤ ᠳᠤ ᠲᠤᠶᠢᠯ ᠤᠨ ᠴᠢᠬᠤᠯᠠ ᠠᠴᠢ ᠬᠤᠯᠪᠤᠭᠳᠠᠯ ᠲᠠᠢ ᠶᠤᠮ᠃ ᠢᠷᠡᠯᠲᠡ᠄ ᠰᠢᠨᠬᠤᠸᠠ ᠬᠠᠷᠠᠭᠠᠰᠤ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1