ᠬᠠᠭᠤᠴᠢᠷᠠᠭᠰᠠᠨ ᠦᠷ᠎ᠡ ᠠᠰᠢᠭ ᠢᠶᠠᠷ ᠳᠣᠣᠷ᠎ᠠ ᠠᠰᠠᠷ ᠪᠠᠶᠢᠰᠢᠩ ᠤᠨ ᠠᠮᠤᠷ ᠲᠦᠪᠰᠢᠨ᠂ ᠪᠣᠬᠢᠷᠲᠤᠯ ᠦᠭᠡᠢ᠂ ᠥᠨᠳᠥᠷ ᠦᠷ᠎ᠡ ᠠᠰᠢᠭ ᠲᠠᠢ ᠠᠵᠢᠯᠯᠠᠭᠠᠨ ᠢ ᠠᠬᠢᠭᠤᠯᠤᠨ᠎ᠠ
ᠨᠡᠶᠢᠲᠡᠯᠡᠭᠰᠡᠨ ᠴᠠᠭ᠄
2025/2/12
      ᠣᠶᠢᠷ᠎ᠠ ᠶᠢᠨ ᠵᠢᠯ ᠤᠳ ᠲᠤ᠂ ᠬᠤᠲᠠ ᠶᠢᠨ ᠭᠤᠣᠯ ᠬᠡᠰᠡᠭ ᠲᠤ ᠪᠠᠶᠢᠭ᠎ᠠ ᠮᠠᠰᠢ ᠣᠯᠠᠨ ᠠᠯᠪᠠᠯᠠᠬᠤ ᠠᠰᠠᠷ ᠪᠠ ᠬᠤᠳᠠᠯᠳᠤᠭᠠᠨ ᠤ ᠠᠰᠠᠷ ᠪᠠᠶᠢᠰᠢᠩ ᠢᠳᠡᠭ ᠢᠳᠡᠭ ᠢᠶᠠᠷ ︽ᠥᠨᠳᠥᠷ ᠨᠠᠰᠤᠨ ᠤ ᠬᠤᠭᠤᠴᠠᠭ᠎ᠠ︾ ᠳᠤ ᠣᠷᠣᠵᠤ ᠂ ᠭᠠᠳᠠᠷ ᠪᠠᠶᠢᠳᠠᠯ ᠪᠠ ᠪᠡᠯᠡᠳᠭᠡᠮᠵᠢ ᠲᠥᠬᠦᠭᠡᠷᠦᠮᠵᠢ ᠬᠠᠭᠤᠴᠢᠷᠠᠬᠤ᠂ ᠠᠮᠤᠷ ᠲᠦᠪᠰᠢᠨ ᠤ ᠳᠠᠯᠳᠠ ᠬᠡᠮ ᠨᠡᠮᠡᠭᠳᠡᠬᠦ᠂ ᠣᠷᠣᠨ ᠵᠠᠢ ᠶᠢᠨ ᠪᠠᠶᠢᠷᠢᠰᠢᠯ ᠨᠢ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠬᠡᠷᠡᠭᠴᠡᠭᠡ ᠶᠢ ᠬᠠᠩᠭᠠᠵᠤ ᠳᠡᠶᠢᠯᠬᠦ ᠦᠭᠡᠢ ᠪᠣᠯᠬᠤ ᠵᠡᠷᠭᠡ ᠠᠰᠠᠭᠤᠳᠠᠯ ᠳᠤ ᠲᠤᠯᠭᠠᠷᠠᠵᠤ᠂ ᠬᠡᠰᠡᠭ ᠠᠰᠠᠷ ᠤᠨ ᠲᠦᠷᠢᠶᠡᠰᠦᠨ ᠮᠥᠩᠭᠦ ᠪᠠᠭᠤᠷᠠᠵᠤ᠂ ᠠᠮᠢᠵᠢᠷᠠᠯ ᠤᠨ ᠬᠦᠴᠦᠨ ᠪᠠᠭᠤᠷᠠᠵᠤ᠂ ᠴᠢᠨᠠᠭᠰᠢᠯᠠᠪᠠᠯ ᠣᠷᠳᠣ ᠬᠤᠭᠤᠴᠠᠭ᠎ᠠ ᠪᠠᠷ ᠬᠤᠭᠤᠰᠤᠨ ᠪᠠᠶᠢᠵᠤ᠂ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ︽ᠳᠠᠷᠤᠭᠠᠰᠤ︾ ᠪᠣᠯᠤᠭᠰᠠᠨ ᠪᠠᠶᠢᠨ᠎ᠠ᠃ ᠬᠤᠳᠠᠯᠳᠤᠭ᠎ᠠ ᠦᠢᠯᠡᠴᠢᠯᠡᠭᠡᠨ ᠤ ᠦᠢᠯᠡᠰ᠂ ᠠᠯᠪᠠᠯᠠᠬᠤ ᠲᠥᠷᠥᠯ ᠤᠨ ᠠᠰᠠᠷ ᠪᠠᠶᠢᠰᠢᠩ ᠢ ᠰᠢᠨᠡᠴᠢᠯᠡᠨ ᠥᠭᠡᠷᠡᠴᠢᠯᠡᠬᠦ ᠶᠢ ᠨᠠᠩ ᠰᠠᠶᠢᠨ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠪᠡᠭᠡᠵᠢᠩ ᠬᠤᠲᠠ ᠶᠢᠨ ᠬᠢᠨ ︽ᠬᠠᠭᠤᠴᠢᠷᠠᠭᠰᠠᠨ ᠦᠷ᠎ᠡ ᠠᠰᠢᠭ ᠢᠶᠠᠷ ᠳᠣᠣᠷ᠎ᠠ ᠠᠰᠠᠷ ᠪᠠᠶᠢᠰᠢᠩ ᠢ ᠰᠢᠨᠡᠴᠢᠯᠡᠨ ᠥᠭᠡᠷᠡᠴᠢᠯᠡᠬᠦ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ︵ᠳᠣᠷᠣᠭᠰᠢ ︽ᠬᠡᠷᠡᠭᠵᠢᠭᠦᠯᠬᠦ ᠠᠷᠭ᠎ᠠ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠵᠤ ᠂ ᠬᠠᠭᠤᠴᠢᠷᠠᠭᠰᠠᠨ ᠦᠷ᠎ᠡ ᠠᠰᠢᠭ ᠢᠶᠠᠷ ᠳᠣᠣᠷ᠎ᠠ ᠠᠰᠠᠷ ᠪᠠᠶᠢᠰᠢᠩ ᠢ ᠰᠢᠨᠡᠴᠢᠯᠡᠨ ᠥᠭᠡᠷᠡᠴᠢᠯᠡᠬᠦ ᠶᠢᠨ ᠬᠡᠷᠡᠭᠵᠢᠭᠦᠯᠬᠦ ᠱᠠᠭᠠᠷᠳᠠᠯᠭ᠎ᠠ ᠪᠠ ᠠᠯᠬᠤᠮ ᠳᠠᠷᠠᠭ᠎ᠠ ᠶᠢ ᠲᠣᠳᠣᠷᠬᠠᠶᠢᠯᠠᠨ᠂ ᠤᠷᠮᠠᠰᠢᠭᠤᠯᠬᠤ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠨᠠᠷᠢᠯᠢᠭᠵᠢᠭᠤᠯᠤᠭᠰᠠᠨ ᠨᠢ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠢᠵᠢᠷᠠᠯ ᠤᠨ ᠬᠦᠴᠦᠨ ᠢ ᠨᠡᠮᠡᠭᠳᠡᠭᠦᠯᠬᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠪᠦᠲᠦᠮᠵᠢᠲᠡᠶ ᠠᠷᠭ᠎ᠠ ᠬᠡᠮᠵᠢᠶ᠎ᠡ ᠮᠥᠨ᠃      ᠬᠠᠭᠤᠴᠢᠨ ᠠᠰᠠᠷ ᠤᠨ ᠶᠠᠰᠤ ᠴᠢᠨᠠᠷ ᠪᠠ ᠡᠨᠧᠷᠭᠢ ᠶᠢᠨ ᠠᠰᠢᠭᠯᠠᠮᠵᠢ ᠶᠢ ᠳᠡᠭᠡᠭᠰᠢᠯᠡᠭᠦᠯᠵᠦ᠂ ᠠᠮᠤᠷ ᠲᠦᠪᠰᠢᠨ ᠪᠣᠬᠢᠷᠲᠤᠯ ᠦᠭᠡᠢ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠤᠨ᠎ᠠ᠃ ᠪᠠᠷᠢᠯᠭ᠎ᠠ ᠶᠢᠨ ᠬᠡᠷᠡᠭᠯᠡᠯᠲᠡ ᠶᠢᠨ ᠵᠢᠯ ᠬᠤᠭᠤᠴᠠᠭ᠎ᠠ ᠶᠢᠨ ᠨᠡᠮᠡᠭᠳᠡᠬᠦ ᠶᠢ ᠳᠠᠭᠠᠯᠳᠤᠨ᠂ ᠬᠠᠭᠤᠴᠢᠷᠠᠭᠰᠠᠨ ᠬᠤᠳᠠᠯᠳᠤᠭ᠎ᠠ ᠠᠯᠪᠠᠯᠠᠬᠤ ᠠᠰᠠᠷ ᠨᠢ ᠠᠮᠤᠷ ᠲᠦᠪᠰᠢᠨ ᠤ ᠴᠢᠳᠠᠮᠵᠢ᠂ ᠣᠷᠣᠨ ᠵᠠᠢ ᠶᠢᠨ ᠵᠢᠷᠤᠭ ᠲᠥᠯᠥᠪᠯᠡᠭᠡ᠂ ᠪᠡᠯᠡᠳᠬᠡᠮᠵᠢ ᠲᠥᠬᠦᠭᠡᠷᠦᠮᠵᠢ ᠵᠡᠷᠭᠡ ᠲᠠᠯ᠎ᠠ ᠪᠠᠷ ᠣᠲᠣ ᠶᠢᠨ ᠬᠡᠷᠡᠭᠵᠢᠭᠦᠯᠵᠦ ᠪᠠᠶᠢᠭ᠎ᠠ ᠪᠠᠷᠢᠮᠵᠢᠶ᠎ᠠ ᠱᠠᠭᠠᠷᠳᠠᠯᠭ᠎ᠠ ᠪᠠ ᠡᠵᠡᠩᠨᠡᠯᠲᠡ ᠶᠢᠨ ᠬᠡᠷᠡᠭᠴᠡᠭᠡ ᠶᠢ ᠬᠠᠩᠭᠠᠵᠤ ᠳᠡᠶᠢᠯᠬᠦ ᠦᠭᠡᠢ ᠪᠣᠯᠵᠠᠢ᠃ ᠡᠭᠦᠨ ᠤ ᠬᠠᠮᠲᠤ᠂ ᠡᠲᠡᠭᠡᠷ ᠠᠰᠠᠷ ᠪᠠᠶᠢᠰᠢᠩ ᠨᠢ ᠠᠰᠠᠷ ᠤᠨ ᠴᠣᠭᠴᠠ᠂ ᠮᠠᠰᠢᠨ ᠴᠠᠬᠢᠯᠭᠠᠨ ᠤ ᠲᠥᠬᠦᠭᠡᠷᠦᠮᠵᠢ ᠶᠢᠨ ᠴᠢᠳᠠᠪᠬᠢ ᠬᠠᠭᠤᠴᠢᠷᠠᠭᠰᠠᠨ ᠵᠡᠷᠭᠡ ᠰᠢᠯᠲᠠᠭᠠᠨ ᠠᠴᠠ ᠪᠣᠯᠵᠤ᠂ ᠡᠨᠧᠷᠭᠢ ᠶᠢᠨ ᠬᠤᠷᠣᠭᠳᠠᠯ ᠤᠨ ᠶᠡᠷᠦᠩᠬᠡᠢ ᠬᠡᠮᠵᠢᠶ᠎ᠡ ᠨᠢ ᠶᠡᠭᠡ᠂ ᠡᠨᠧᠷᠭᠢ ᠶᠢᠨ ᠠᠰᠢᠭᠯᠠᠮᠵᠢ ᠨᠢ ᠳᠣᠣᠷ᠎ᠠ᠂ ᠪᠣᠬᠢᠷᠲᠤᠯ ᠶᠡᠬᠡᠳᠡᠢ ᠪᠤᠯᠵᠠᠢ᠃ ︽ᠬᠡᠷᠡᠭᠵᠢᠭᠦᠯᠬᠦ ᠠᠷᠭ᠎ᠠ︾ ᠳᠤ᠂ 1980 ᠣᠨ ᠠᠴᠠ ᠡᠮᠦᠨ᠎ᠡ ᠪᠠᠶᠢᠭᠤᠯᠤᠭᠰᠠᠨ᠂ ᠭᠠᠵᠠᠷ ᠬᠥᠳᠡᠯᠦᠯᠲᠡ ᠶᠢ ᠳᠠᠭᠠᠭᠠᠬᠤ ᠵᠡᠷᠭᠡ ᠠᠮᠤᠷ ᠲᠦᠪᠰᠢᠨ ᠤ ᠳᠠᠯᠳᠠ ᠭᠡᠮ ᠣᠷᠣᠰᠢᠵᠤ ᠪᠠᠶᠢᠬᠤ ᠪᠥᠭᠡᠳ ᠪᠠᠬᠢᠯᠡᠭᠡᠳᠦᠢ ᠠᠰᠠᠷ ᠪᠠᠶᠢᠰᠢᠩ᠂ ᠵᠢᠴᠢ 2005 ᠣᠨ ᠠᠴᠠ ᠡᠮᠦᠨ᠎ᠡ ᠡᠨᠧᠷᠬᠢ ᠠᠷᠪᠢᠯᠠᠬᠤ ᠥᠭᠡᠷᠡᠴᠢᠯᠡᠯᠲᠡ ᠬᠢᠭᠰᠡᠨ ᠦᠭᠡᠢ ᠪᠤᠶᠤ ᠬᠤᠶᠠᠷ ᠵᠢᠯ ᠳᠠᠷᠠᠭᠠᠯᠠᠨ ᠡᠨᠧᠷᠬᠢ ᠬᠡᠷᠡᠭᠯᠡᠭᠰᠡᠨ ᠬᠡᠮᠵᠢᠶ᠎ᠡ ᠨᠢ ᠪᠠᠷᠢᠮᠵᠢᠶ᠎ᠠ ᠶᠢᠨ 80% ᠠᠴᠠ ᠬᠡᠳᠦᠷᠡᠭᠰᠡᠨ ᠠᠰᠠᠷ ᠪᠠᠶᠢᠰᠢᠩ ᠳᠤ ᠶᠠᠰᠤ ᠴᠢᠨᠠᠷ ᠢ ᠪᠠᠶᠢᠴᠠᠭᠠᠨ ᠰᠢᠯᠭᠠᠬᠤ ᠪᠠ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠨᠡᠮᠡᠭᠳᠡᠭᠦᠯᠦᠨ᠂ ᠬᠤᠳᠠ ᠶᠢᠨ ᠬᠠᠭᠤᠴᠢᠷᠠᠭᠰᠠᠨ ᠠᠰᠠᠷ ᠪᠠᠶᠢᠰᠢᠩ ᠤᠨ ᠰᠠᠭᠤᠷᠢ ᠲᠠᠩᠰᠠ ᠬᠠᠷ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠠᠲᠠᠭᠤ ᠪᠡᠯᠡᠳᠬᠡᠮᠵᠢ ᠶᠢ ᠰᠢᠯᠢᠳᠡᠭᠵᠢᠭᠦᠯᠦᠨ᠂ ᠢᠵᠢ ᠪᠦᠷᠢᠳᠦᠭᠦᠯᠬᠦ ᠪᠡᠯᠡᠳᠬᠡᠮᠵᠢ ᠶᠢ ᠲᠡᠭᠦᠯᠳᠡᠷᠵᠢᠭᠦᠯᠵᠦ᠂ ᠠᠮᠤᠷ ᠲᠦᠪᠰᠢᠨ ᠪᠤᠰᠤ ᠲᠠᠯᠳᠠ ᠭᠡᠮ ᠢ ᠠᠷᠢᠯᠭᠠᠨ᠂ ᠡᠨᠧᠷᠬᠢ ᠠᠷᠪᠢᠯᠠᠵᠤ ᠪᠣᠬᠢᠷᠲᠤᠯ ᠦᠭᠡᠢ ᠪᠣᠯᠭᠠᠬᠤ ᠥᠭᠡᠷᠡᠴᠢᠯᠡᠯᠲᠡ ᠶᠢ ᠵᠡᠷᠭᠡ ᠳᠤᠨᠢ ᠬᠡᠷᠡᠭᠵᠢᠭᠦᠯᠵᠦ᠂ ᠠᠮᠤᠷ ᠲᠦᠪᠰᠢᠨ᠂ ᠪᠣᠬᠢᠷᠲᠤᠯ ᠦᠭᠡᠢ ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ ᠪᠠᠬᠢ ᠴᠣᠭᠴᠠᠯᠠᠨ᠎ᠠ ᠭᠡᠵᠦ ᠱᠠᠭᠠᠷᠳᠠᠵᠠᠢ᠃      ᠦᠷ᠎ᠡ ᠠᠰᠢᠭ ᠢᠶᠠᠷ ᠳᠣᠣᠷ᠎ᠠ ᠠᠰᠠᠷ ᠪᠠᠶᠢᠰᠢᠩ ᠤᠨ ᠴᠢᠳᠠᠮᠵᠢ ᠪᠠ ᠦᠷ᠎ᠡ ᠠᠰᠢᠭ ᠢ ᠰᠢᠯᠢᠳᠡᠭᠵᠢᠭᠦᠯᠵᠦ᠂ ᠦᠯᠡᠳᠡᠭᠡᠯ ᠣᠷᠣᠨ ᠵᠠᠢ ᠶᠢᠨ ᠡᠬᠢ ᠪᠠᠶᠠᠯᠢᠭ ᠢ ᠡᠷᠴᠢᠮᠵᠢᠭᠦᠯᠦᠨ ᠥᠨᠳᠥᠷ ᠪᠦᠲᠦᠮᠵᠢᠲᠡᠶ ᠪᠠᠷ ᠨᠡᠶᠢᠯᠡᠭᠦᠯᠦᠨ ᠠᠰᠢᠭᠯᠠᠬᠤ ᠶᠢ ᠠᠬᠢᠭᠤᠯᠤᠨ᠎ᠠ᠃ ᠳᠣᠣᠷ᠎ᠠ ᠠᠰᠢᠭᠯᠠᠮᠵᠢ ᠲᠠᠢ ᠠᠰᠠᠷ ᠪᠠᠶᠢᠰᠢᠩ ᠭᠡᠳᠡᠭ ᠨᠢ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠶᠡᠷᠦᠩᠬᠡᠢ ᠬᠤᠪᠢ ᠨᠡᠮᠡᠷᠢ ᠶᠢᠨ ᠨᠣᠷᠮ᠎ᠠ ᠨᠡᠯᠢᠶᠡᠳ ᠳᠣᠣᠷ᠎ᠠ ᠠᠰᠠᠷ ᠪᠠᠶᠢᠰᠢᠩ ᠢ ᠵᠢᠭᠠᠵᠤ ᠪᠠᠶᠢᠨ᠎ᠠ᠃ ︽ᠬᠡᠷᠡᠭᠵᠢᠭᠦᠯᠬᠦ ᠠᠷᠭ᠎ᠠ︾ ᠳᠤ᠂ ᠡᠯ᠎ᠡ ᠲᠣᠭᠤᠷᠢᠭ ᠤᠨ ᠬᠢᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢᠶᠠᠨ ᠦᠨᠳᠦᠰᠦᠯᠡᠨ᠂ ᠦᠷ᠎ᠡ ᠠᠰᠢᠭ ᠢᠶᠠᠷ ᠳᠣᠣᠷ᠎ᠠ ᠠᠰᠠᠷ ᠪᠠᠶᠢᠰᠢᠩ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢ ᠲᠣᠭᠲᠠᠭᠠᠬᠤ ᠶᠢᠨ ᠬᠠᠮᠲᠤ ᠴᠠᠭ ᠲᠤᠨᠢ ᠲᠣᠬᠢᠷᠠᠭᠤᠯᠤᠯᠲᠠ ᠬᠢᠵᠦ᠂ ᠦᠷ᠎ᠡ ᠠᠰᠢᠭ ᠢᠶᠠᠷ ᠳᠣᠣᠷ᠎ᠠ ᠠᠰᠠᠷ ᠤᠨ ᠰᠠᠭᠤᠷᠢ ᠲᠠᠩᠰᠠ ᠪᠠᠶᠢᠭᠤᠯᠬᠤ ᠶᠢᠨ ᠬᠠᠮᠲᠤ ᠬᠥᠳᠡᠯᠦᠩᠭᠦᠢ ᠪᠠᠷ ᠰᠢᠨᠡᠳᠬᠡᠵᠦ᠂ ᠦᠷ᠎ᠡ ᠠᠰᠢᠭ ᠢᠶᠠᠷ ᠳᠣᠣᠷ᠎ᠠ ᠠᠰᠠᠷ ᠪᠠᠶᠢᠰᠢᠩ ᠢ ᠰᠢᠨᠡᠴᠢᠯᠡᠬᠦ ᠲᠥᠯᠥᠪᠯᠡᠭᠡ ᠶᠢ ᠨᠠᠶᠢᠷᠠᠭᠤᠯᠤᠨ ᠵᠣᠬᠢᠶᠠᠵᠤ᠂ ᠥᠭᠡᠷᠡᠴᠢᠯᠡᠬᠦ ᠲᠥᠷᠥᠯ ᠵᠦᠢᠯ ᠤᠨ ᠬᠡᠷᠡᠭᠵᠢᠭᠦᠯᠬᠦ ᠶᠢ ᠲᠦᠯᠬᠢᠨ ᠠᠬᠢᠭᠤᠯᠬᠤ ᠬᠡᠷᠡᠭᠲᠡᠢ ᠭᠡᠵᠦ ᠲᠣᠳᠣᠷᠬᠠᠢ ᠲᠣᠭᠲᠠᠭᠠᠵᠠᠢ᠃ ︽ᠬᠡᠷᠡᠭᠵᠢᠭᠦᠯᠬᠦ ᠠᠷᠭ᠎ᠠ︾ ᠳᠤ ᠲᠡᠷᠭᠡᠨ ᠵᠤᠭᠰᠤᠭᠠᠯ ᠳᠤᠲᠠᠭᠳᠠᠵᠤ ᠪᠠᠶᠢᠭ᠎ᠠ ᠭᠤᠣᠯᠳᠠᠯᠭ᠎ᠠ ᠲᠠᠢ ᠣᠷᠣᠨ ᠪᠦᠰᠡ ᠳᠤ ᠳᠣᠣᠷ᠎ᠠ ᠠᠰᠢᠭᠯᠠᠮᠵᠢ ᠲᠠᠢ ᠠᠰᠠᠷ ᠪᠠᠶᠢᠰᠢᠩ ᠢ ᠲᠡᠷᠭᠡ ᠵᠣᠭᠰᠤᠭᠠᠬᠤ ᠲᠥᠬᠦᠭᠡᠷᠦᠮᠵᠢ ᠪᠣᠯᠭᠠᠨ ᠥᠭᠡᠷᠡᠴᠢᠯᠡᠨ ᠪᠠᠶᠢᠭᠤᠯᠬᠤ ᠶᠢ ᠵᠣᠷᠢᠭᠵᠢᠭᠤᠯᠬᠤ ᠶᠢᠨ ᠬᠠᠮᠲᠤ᠂ ᠠᠰᠠᠷ ᠤᠨ ᠨᠢᠭᠡᠳᠦᠭᠡᠷ ᠲᠠᠪᠬᠤᠷᠯᠢᠭ ᠢ ᠴᠢᠯᠦᠭᠡᠲᠡᠢ ᠨᠡᠭᠡᠭᠡᠵᠦ ᠬᠠᠮᠲᠤ ᠪᠠᠷ ᠡᠳ᠋ᠯᠡᠬᠦ᠂ ᠭᠡᠷ ᠤᠨ ᠳᠣᠲᠣᠨ᠎ᠠ ᠭᠠᠳᠠᠨᠠᠬᠢ ᠣᠷᠣᠨ ᠵᠠᠢ ᠶᠢ ᠬᠤᠯᠪᠣᠯᠳᠤᠭᠤᠯᠬᠤ᠂ ᠰᠣᠶᠣᠯ ᠪᠡᠶ᠎ᠡ ᠶᠢᠨ ᠲᠠᠮᠢᠷ ᠰᠤᠷᠭᠠᠨ ᠬᠥᠮᠦᠵᠢᠯ ᠤᠨ ᠴᠢᠳᠠᠮᠵᠢ ᠶᠢ ᠲᠣᠬᠢᠷᠠᠭᠤᠯᠬᠤ ᠵᠡᠷᠭᠡ ᠣᠷᠣᠨ ᠵᠠᠢ ᠶᠢ ᠨᠡᠶᠢᠯᠡᠭᠦᠯᠦᠨ ᠠᠰᠢᠭᠯᠠᠬᠤ ᠶᠢ ᠠᠬᠢᠭᠤᠯᠬᠤ ᠠᠯᠢ ᠣᠯᠠᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ ᠳᠣᠣᠷ᠎ᠠ ᠠᠰᠢᠭᠯᠠᠮᠵᠢ ᠲᠠᠢ ᠠᠰᠠᠷ ᠪᠠᠶᠢᠰᠢᠩ ᠢ ᠲᠡᠰ ᠬᠤᠪᠢᠶᠠᠨ ᠨᠡᠭᠡᠭᠡᠨ ᠬᠥᠭᠵᠢᠭᠦᠯᠬᠦ ᠶᠢ ᠵᠣᠷᠢᠭᠵᠢᠭᠤᠯᠵᠤ᠂ ᠭᠠᠵᠠᠷ ᠳᠣᠣᠷᠠᠬᠢ ᠣᠷᠣᠨ ᠵᠠᠢ ᠶᠢ ᠰᠢᠨᠵᠢᠯᠡᠬᠦ ᠤᠬᠠᠭᠠᠨᠴᠢ ᠪᠠᠷ ᠠᠰᠢᠭᠯᠠᠵᠤ᠂ ᠬᠤᠳᠠ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠲᠤᠳᠠᠭᠳᠠᠯ ᠢ ᠨᠥᠬᠦᠪᠦᠷᠢᠯᠡᠵᠦ᠂ ᠬᠤᠳᠠ ᠶᠢᠨ ᠣᠷᠣᠨ ᠵᠠᠢ ᠶᠢᠨ ᠳᠠᠷᠤᠯᠲᠠ ᠶᠢ ᠬᠥᠩᠭᠡᠷᠡᠭᠦᠯᠵᠦ᠂ ᠬᠤᠳᠠ ᠶᠢᠨ ᠴᠢᠳᠠᠮᠵᠢ ᠶᠢ ᠲᠡᠭᠦᠯᠳᠡᠷᠵᠢᠭᠦᠯᠦᠨ᠎ᠡ᠃      ᠠᠷᠠᠳ ᠤᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠭᠤᠴᠢᠷᠠᠭᠰᠠᠨ ᠦᠷ᠎ᠡ ᠠᠰᠢᠭ ᠢᠶᠠᠷ ᠳᠣᠣᠷ᠎ᠠ ᠠᠰᠠᠷ ᠪᠠᠶᠢᠰᠢᠩ ᠢ ᠥᠭᠡᠷᠡᠴᠢᠯᠡᠨ ᠵᠠᠰᠠᠬᠤ ᠶᠢ ᠵᠣᠷᠢᠭᠵᠢᠭᠤᠯᠤᠨ ᠣᠷᠣᠨ ᠰᠠᠭᠤᠴᠠ ᠶᠢᠨ ᠪᠠᠲᠤᠯᠠᠭ᠎ᠠ ᠶᠢᠨ ᠠᠵᠢᠯ ᠳᠤ ᠬᠦᠴᠦᠨ ᠨᠡᠮᠡᠷᠢᠯᠡᠨ᠎ᠡ᠃ ᠰᠢᠨ᠎ᠡ ᠬᠤᠳᠠ ᠶᠢᠨ ᠠᠷᠠᠳ᠂ ᠵᠠᠯᠠᠭᠤᠴᠤᠳ ᠵᠡᠷᠭᠡ ᠬᠠᠮᠲᠤᠯᠢᠭ ᠤᠨ ᠣᠷᠣᠨ ᠰᠠᠭᠤᠴᠠ ᠶᠢᠨ ᠬᠡᠷᠡᠭᠴᠡᠭᠡ ᠶᠢ ᠨᠡᠩ ᠰᠠᠶᠢᠨ ᠬᠠᠩᠭᠠᠵᠤ᠂ ᠲᠣᠮᠣ ᠬᠤᠳᠠ ᠶᠢᠨ ᠣᠷᠣᠨ ᠰᠠᠭᠤᠴᠠ ᠶᠢᠨ ᠲᠣᠪᠣᠶᠢᠮ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠶᠢᠨ ᠲᠥᠯᠥᠭᠡ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠲᠦᠷᠭᠡᠪᠴᠢᠯᠡᠨ ᠬᠥᠭᠵᠢᠭᠦᠯᠵᠦ᠂ ᠰᠤᠯᠠ ᠪᠠᠶᠢᠭ᠎ᠠ ᠦᠷ᠎ᠡ ᠪᠦᠲᠦᠮᠵᠢ ᠮᠠᠭᠤᠲᠠᠢ ᠬᠤᠳᠠᠯᠳᠤᠭ᠎ᠠ ᠠᠯᠪᠠᠯᠠᠬᠤ ᠠᠰᠠᠷ᠂ ᠠᠶᠠᠨᠴᠢᠳ ᠤᠨ ᠪᠠᠭᠤᠳᠠᠯ᠂ ᠬᠦᠮᠦᠷᠭᠡ᠂ ᠰᠢᠨᠵᠢᠯᠡᠬᠦ ᠤᠬᠠᠭᠠᠨ ᠤ ᠰᠤᠳᠤᠯᠤᠯ ᠰᠤᠷᠭᠠᠨ ᠬᠥᠮᠦᠵᠢᠯ ᠵᠡᠷᠭᠡ ᠣᠷᠣᠨ ᠰᠠᠭᠤᠴᠠ ᠶᠢᠨ ᠪᠤᠰᠤ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢ ᠠᠰᠢᠭᠯᠠᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠴᠤᠭᠯᠠᠭᠤᠯᠬᠤ ᠶᠢ ᠵᠣᠷᠢᠭᠵᠢᠭᠤᠯᠤᠨ᠎ᠠ ᠭᠡᠵᠦ ᠳᠤᠷᠠᠳᠤᠨ ᠭᠠᠷᠭᠠᠪᠠ᠃ ︽ᠬᠡᠷᠡᠭᠵᠢᠭᠦᠯᠬᠦ ᠠᠷᠭ᠎ᠠ︾ ᠳᠤ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠭᠤᠴᠢᠷᠠᠭᠰᠠᠨ ᠦᠷ᠎ᠡ ᠠᠰᠢᠭ ᠢᠶᠠᠷ ᠳᠣᠣᠷ᠎ᠠ ᠠᠰᠠᠷ ᠪᠠᠶᠢᠰᠢᠩ ᠢ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠪᠣᠯᠭᠠᠨ ᠥᠭᠡᠷᠡᠴᠢᠯᠡᠨ ᠪᠠᠶᠢᠭᠤᠯᠬᠤ ᠶᠢ ᠵᠣᠷᠢᠭᠵᠢᠭᠤᠯᠬᠤ ᠮᠥᠷᠲᠡᠭᠡᠨ ᠭᠠᠵᠠᠷ ᠰᠢᠷᠣᠢ ᠶᠢᠨ ᠬᠡᠷᠡᠭᠯᠡᠯᠲᠡ ᠶᠢᠨ ᠰᠢᠨᠵᠢ ᠴᠢᠨᠠᠷ ᠢ ᠬᠤᠪᠢᠷᠠᠭᠤᠯᠵᠦ ᠪᠣᠯᠬᠤ ᠦᠭᠡᠢ᠂ ᠭᠠᠵᠠᠷ ᠰᠢᠷᠣᠢ ᠶᠢᠨ ᠦᠨ᠎ᠡ ᠶᠢᠨ ᠵᠣᠭᠤᠰ ᠢ ᠨᠥᠬᠦᠵᠦ ᠲᠤᠰᠢᠶᠠᠬᠤ ᠦᠭᠡᠢ᠃ ᠡᠭᠦᠨ ᠤ ᠬᠠᠮᠲᠤ᠂ ᠣᠷᠣᠨ ᠰᠠᠭᠤᠴᠠ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ᠂ ᠪᠣᠬᠢᠷᠲᠤᠯ ᠦᠭᠡᠢ ᠂ ᠲᠥᠬᠦᠮ ᠦᠵᠡᠭᠦᠯᠬᠦ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ ︽ᠬᠡᠷᠡᠭᠵᠢᠭᠦᠯᠬᠦ ᠠᠷᠭ᠎ᠠ︾ ᠳᠤ ᠪᠠᠷᠢᠮᠵᠢᠶ᠎ᠠ ᠱᠠᠭᠠᠷᠳᠠᠯᠭ᠎ᠠ᠂ ᠬᠡᠪᠴᠢᠶᠡᠵᠢᠯ ᠬᠠᠮᠢᠶᠠᠷᠤᠯᠲᠠ ᠡᠵᠡᠮᠳᠡᠯ ᠵᠡᠷᠭᠡ ᠲᠠᠯ᠎ᠠ ᠪᠠᠷ ᠠᠯᠢ ᠣᠯᠠᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠦᠨ᠎ᠡ᠃ ᠵᠢᠱᠢᠶᠡᠯᠡᠪᠡᠯ᠂ ᠥᠭᠡᠷᠡᠴᠢᠯᠡᠭᠰᠡᠨ ᠤ ᠳᠠᠷᠠᠭᠠᠬᠢ ᠲᠥᠷᠥᠯ ᠵᠦᠢᠯ ᠤᠨ ᠨᠡᠷᠡᠨ ᠤ ᠲᠤᠰᠤᠯᠲᠠ ᠶᠢᠨ ᠴᠠᠭ᠂ ᠪᠠᠷᠢᠯᠭ᠎ᠠ ᠶᠢᠨ ᠵᠠᠢ᠂ ᠢᠵᠢ ᠪᠦᠷᠢᠳᠦᠭᠰᠡᠨ ᠲᠡᠷᠭᠡᠨ ᠵᠣᠭᠰᠣᠭᠠᠯ ᠵᠡᠷᠭᠡ ᠶᠢ ᠣᠲᠣ ᠶᠢᠨ ᠬᠡᠷᠡᠭᠵᠢᠭᠦᠯᠵᠦ ᠪᠠᠶᠢᠭ᠎ᠠ ᠪᠠᠷᠢᠮᠵᠢᠶ᠎ᠠ ᠱᠠᠭᠠᠷᠳᠠᠯᠭ᠎ᠠ ᠪᠤᠶᠤ ᠣᠳᠣᠬᠢ ᠪᠠᠶᠢᠳᠠᠯ ᠠᠴᠠ ᠳᠣᠣᠷ᠎ᠠ ᠪᠠᠶᠢᠯᠭᠠᠵᠤ ᠪᠣᠯᠬᠤ ᠦᠭᠡᠢ︔ ᠬᠠᠷᠰᠢ ᠰᠠᠭᠠᠳ ᠦᠭᠡᠢ ᠪᠡᠯᠡᠳᠬᠡᠮᠵᠢ᠂ ᠴᠠᠬᠢᠯᠭᠠᠨ ᠱᠠᠲᠤ᠂ ᠰᠠᠯᠬᠢᠨ ᠵᠠᠮ ᠵᠡᠷᠭᠡ ᠳᠠᠭᠠᠯᠲᠠ ᠪᠡᠯᠡᠳᠬᠡᠮᠵᠢ ᠪᠠ ᠭᠡᠷ ᠤᠨ ᠭᠠᠳᠠᠨᠠᠬᠢ ᠨᠡᠭᠡᠭᠡᠯᠲᠡᠲᠤ ᠴᠢᠨᠠᠷᠲᠠᠢ ᠣᠯᠠᠨ ᠨᠡᠶᠢᠲᠡ ᠶᠢᠨ ᠣᠷᠣᠨ ᠪᠦᠰᠡ ᠶᠢ ᠨᠡᠮᠡᠵᠦ ᠪᠠᠶᠢᠭᠤᠯᠬᠤ ᠴᠢᠬᠤᠯᠠᠲᠠᠢ ᠪᠠᠶᠢᠪᠠᠯ᠂ ᠰᠢᠨ᠎ᠡ ᠪᠠᠷ ᠨᠡᠮᠡᠭᠳᠡᠭᠰᠡᠨ ᠪᠠᠷᠢᠯᠭ᠎ᠠ ᠶᠢᠨ ᠬᠡᠪᠴᠢᠶ᠎ᠡ ᠶᠢ ᠪᠠᠷᠢᠯᠭ᠎ᠠ ᠶᠢᠨ ᠬᠠᠮᠢᠶᠠᠷᠤᠨ ᠡᠵᠡᠮᠳᠡᠬᠦ ᠬᠡᠪᠴᠢᠶ᠎ᠡ ᠳᠤ ᠪᠤᠳᠤᠵᠤ ᠣᠷᠣᠭᠤᠯᠬᠤ ᠦᠭᠡᠢ᠃      ᠵᠠᠰᠠᠭ ᠤᠨ ᠣᠷᠳᠣᠨ ᠠᠴᠠ ᠪᠠᠲᠤᠯᠠᠬᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ ᠶᠢ ᠪᠠᠷᠢᠮᠲᠠᠯᠠᠵᠤ᠂ ᠠᠳᠠᠯ ᠠᠬᠤᠢ ᠶᠢᠨ ᠡᠷᠬᠡᠲᠦ ᠬᠥᠮᠥᠨ ᠤ ᠰᠠᠨᠠᠭᠠᠴᠢᠯᠠᠭ᠎ᠠ ᠠᠴᠠ ᠪᠠᠨ ᠠᠰᠠᠷ ᠪᠠᠶᠢᠰᠢᠩ ᠤᠨ ᠰᠢᠨᠡᠴᠢᠯᠡᠯᠲᠡ ᠳᠤ ᠤᠷᠤᠯᠴᠠᠬᠤ ᠶᠢ ᠬᠦᠳᠦᠯᠦᠨ ᠵᠢᠯᠤᠭᠤᠳᠤᠨ᠎ᠠ᠃ ᠦᠯᠡᠳᠡᠭᠡᠯ ᠠᠰᠠᠷ ᠪᠠᠶᠢᠰᠢᠩ ᠢ ᠰᠢᠨᠡᠴᠢᠯᠡᠨ ᠥᠭᠡᠷᠡᠴᠢᠯᠡᠬᠦ ᠳᠤ ᠶᠡᠷᠦᠨᠢ ᠣᠯᠠᠨ ᠡᠰᠢᠲᠦ ᠦᠮᠴᠢᠯᠡᠯ ᠤᠨ ᠡᠷᠬᠡ ᠶᠢᠨ ᠭᠤᠣᠯ ᠴᠣᠭᠴᠠ ᠲᠠᠢ ᠬᠤᠯᠪᠣᠭᠳᠠᠳᠠᠭ᠂ ︽ᠬᠡᠷᠡᠭᠵᠢᠭᠦᠯᠬᠦ ᠠᠷᠭ᠎ᠠ︾ ᠳᠤ᠂ ᠠᠳᠠᠯ ᠠᠬᠤᠢ ᠶᠢᠨ ᠡᠷᠬᠡᠲᠦ ᠬᠥᠮᠥᠨ ᠤ ᠰᠢᠨᠡᠴᠢᠯᠡᠨ ᠥᠭᠡᠷᠡᠴᠢᠯᠡᠬᠦ ᠳᠤ ᠣᠷᠣᠯᠴᠠᠬᠤ ᠢᠳᠡᠪᠬᠢᠵᠢᠯ ᠢ ᠳᠠᠶᠢᠴᠢᠯᠠᠵᠤ᠂ ᠪᠡᠶ᠎ᠡ ᠪᠠᠨ ᠳᠠᠭᠠᠭᠠᠬᠤ᠂ ᠬᠠᠮᠲᠤᠷᠠᠯᠴᠠᠬᠤ ᠪᠤᠶᠤ ᠰᠢᠯᠵᠢᠭᠦᠯᠦᠨ ᠥᠭᠬᠦ ᠵᠡᠷᠭᠡ ᠣᠯᠠᠨ ᠠᠷᠭ᠎ᠠ ᠵᠠᠮ ᠢᠶᠠᠷ ᠳᠠᠮᠵᠢᠭᠤᠯᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠵᠣᠷᠢᠭᠵᠢᠭᠤᠯᠵᠤ᠂ ᠣᠯᠠᠨ ᠡᠰᠢᠲᠦ ᠭᠤᠣᠯ ᠴᠣᠭᠴᠠ ᠶᠢᠨ ᠪᠡᠯᠡ ᠮᠥᠩᠭᠦ᠂ ᠡᠬᠢ ᠪᠠᠶᠠᠯᠢᠭ᠂ ᠨᠠᠷᠠᠲᠤ ᠲᠡᠮᠳᠡᠭ ᠪᠠ ᠡᠵᠡᠩᠨᠡᠯᠲᠡ ᠶᠢᠨ ᠲᠠᠯ᠎ᠠ ᠶᠢᠨ ᠳᠠᠪᠠᠭᠤᠯᠢᠭ ᠢ ᠪᠠᠳᠠᠷᠠᠭᠤᠯᠤᠨ᠂ ᠦᠷ᠎ᠡ ᠠᠰᠢᠭ ᠢᠶᠠᠷ ᠳᠣᠣᠷ᠎ᠠ ᠡᠳ᠋ ᠬᠥᠷᠥᠩᠭᠡ ᠶᠢ ᠠᠮᠢᠳᠤᠯᠢᠭ ᠪᠣᠯᠭᠠᠵᠤ᠂ ᠠᠰᠠᠷ ᠪᠠᠶᠢᠰᠢᠩ ᠤᠨ ᠰᠢᠨᠡᠴᠢᠯᠡᠯᠲᠡ ᠶᠢ ᠲᠦᠯᠬᠢᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃ ᠡᠭᠦᠨ ᠤ ᠬᠠᠮᠲᠤ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠳ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠵᠦ᠂ ᠭᠠᠵᠠᠷ ᠬᠡᠷᠡᠭᠯᠡᠬᠦ ᠰᠢᠨᠵᠢ ᠴᠢᠨᠠᠷ᠂ ᠡᠷᠴᠢᠮ ᠢ ᠬᠠᠮᠢᠶᠠᠷᠤᠨ ᠡᠵᠡᠮᠳᠡᠬᠦ᠂ ᠭᠠᠵᠠᠷ ᠰᠢᠷᠣᠢ ᠶᠢ ᠬᠤᠯᠢᠯᠳᠤᠭᠤᠯᠤᠨ ᠠᠰᠢᠭᠯᠠᠬᠤ᠂ ᠠᠵᠤ ᠦᠢᠯᠡᠰ ᠲᠤ ᠵᠥᠪᠰᠢᠶᠡᠷᠡᠨ ᠣᠷᠣᠭᠤᠯᠬᠤ᠂ ᠬᠢᠨᠠᠨ ᠵᠥᠪᠰᠢᠶᠡᠷᠡᠵᠦ ᠳᠠᠩᠰᠠᠯᠠᠬᠤ ᠵᠡᠷᠭᠡ ᠲᠠᠯ᠎ᠠ ᠪᠠᠷ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠵᠦ᠂ ᠨᠡᠶᠢᠭᠡᠮ ᠤᠨ ᠬᠦᠴᠦᠨ ᠢ ᠬᠥᠲᠥᠯᠥᠨ ᠵᠢᠯᠤᠭᠤᠳᠴᠤ ᠪᠠᠶᠢᠭᠠᠳ ᠬᠠᠮᠲᠤ ᠪᠠᠷ ᠣᠷᠣᠯᠴᠠᠭᠤᠯᠵᠤ᠂ ᠤᠯᠠᠮᠵᠢᠯᠠᠯᠲᠤ ᠬᠤᠳᠠᠯᠳᠤᠭᠠᠨ ᠤ ᠲᠥᠬᠦᠭᠡᠷᠦᠮᠵᠢ ᠪᠠ ᠬᠠᠭᠤᠴᠢᠷᠠᠭᠰᠠᠨ ᠦᠷ᠎ᠡ ᠠᠰᠢᠭ ᠢᠶᠠᠷ ᠳᠣᠣᠷ᠎ᠠ ᠠᠰᠠᠷ ᠪᠠᠶᠢᠰᠢᠩ ᠢ ᠥᠭᠡᠷᠡᠴᠢᠯᠡᠨ ᠲᠠᠰ ᠳᠡᠪᠰᠢᠭᠦᠯᠬᠦ ᠶᠢ ᠲᠦᠯᠬᠢᠨ ᠠᠬᠢᠭᠤᠯᠵᠤ᠂ ᠣᠷᠣᠨ ᠪᠦᠰᠡ ᠶᠢᠨ ᠶᠡᠷᠦᠩᠬᠡᠶᠢᠯᠡᠭᠰᠡᠨ ᠥᠷᠲᠡᠭ ᠪᠠ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃      ᠬᠤᠲᠠ ᠶᠢᠨ ᠣᠷᠣᠨ ᠪᠦᠰᠡ ᠶᠢᠨ ᠪᠠᠶᠢᠷᠢᠰᠢᠯ ᠪᠠ ᠠᠵᠤ ᠦᠢᠯᠡᠰ ᠤᠨ ᠪᠦᠲᠦᠴᠡ ᠶᠢᠨ ᠬᠤᠪᠢᠷᠠᠯᠲᠠ ᠶᠢ ᠳᠠᠭᠠᠯᠳᠤᠨ᠂ ᠦᠯᠡᠳᠡᠭᠡᠯ ᠠᠰᠠᠷ ᠪᠠᠶᠢᠰᠢᠩ ᠢ ᠠᠮᠢᠳᠤᠯᠢᠭᠵᠢᠭᠤᠯᠤᠨ ᠰᠢᠨᠡᠴᠢᠯᠡᠬᠦ ᠬᠡᠷᠡᠭᠴᠡᠭᠡ ᠲᠠᠰᠤᠷᠠᠯᠲᠠ ᠦᠭᠡᠢ ᠨᠡᠮᠡᠭᠳᠡᠵᠦ ᠪᠠᠶᠢᠨ᠎ᠠ᠂ ᠬᠠᠭᠤᠴᠢᠷᠠᠭᠰᠠᠨ ᠦᠷ᠎ᠡ ᠠᠰᠢᠭ ᠢᠶᠠᠷ ᠳᠣᠣᠷ᠎ᠠ ᠠᠰᠠᠷ ᠪᠠᠶᠢᠰᠢᠩ ᠢ ᠰᠢᠨᠡᠴᠢᠯᠡᠬᠦ ᠨᠢ ᠠᠵᠤ ᠦᠢᠯᠡᠰ ᠤᠨ ᠪᠦᠲᠦᠴᠡ ᠶᠢᠨ ᠲᠠᠰ ᠳᠡᠪᠰᠢᠬᠦ ᠶᠢ ᠠᠬᠢᠭᠤᠯᠬᠤ᠂ ᠭᠠᠵᠠᠷ ᠣᠷᠣᠨ ᠤ ᠨᠡᠶᠢᠭᠡᠮ ᠪᠠ ᠠᠵᠤ ᠠᠬᠤᠢ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠨᠡᠮᠡᠭᠳᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ︽ᠬᠡᠷᠡᠭᠵᠢᠭᠦᠯᠬᠦ ᠠᠷᠭ᠎ᠠ︾ ᠶᠢ ᠳᠠᠷᠤᠮᠠᠯᠯᠠᠨ ᠲᠠᠷᠬᠠᠭᠠᠭᠰᠠᠨ ᠨᠢ ᠬᠠᠭᠤᠴᠢᠷᠠᠭᠰᠠᠨ ᠦᠷ᠎ᠡ ᠠᠰᠢᠭ ᠢᠶᠠᠷ ᠳᠣᠣᠷ᠎ᠠ ᠠᠰᠠᠷ ᠪᠠᠶᠢᠰᠢᠩ ᠢ ᠰᠢᠨᠡᠴᠢᠯᠡᠬᠦ ᠳᠤ ᠦᠨᠳᠦᠰᠦᠯᠡᠯ ᠬᠠᠩᠭᠠᠵᠤ᠂ ᠬᠠᠭᠤᠴᠢᠷᠠᠭᠰᠠᠨ ᠦᠷ᠎ᠡ ᠠᠰᠢᠭ ᠢᠶᠠᠷ ᠳᠣᠣᠷ᠎ᠠ ᠠᠰᠠᠷ ᠪᠠᠶᠢᠰᠢᠩ ᠢ ᠠᠮᠤᠷ ᠲᠦᠪᠰᠢᠨ᠂ ᠪᠣᠬᠢᠷᠲᠤᠯ ᠦᠭᠡᠢ᠂ ᠥᠨᠳᠥᠷ ᠦᠷ᠎ᠡ ᠠᠰᠢᠭ ᠲᠠᠢ ᠠᠵᠢᠯᠯᠠᠭᠤᠯᠬᠤ ᠶᠢ ᠠᠬᠢᠭᠤᠯᠬᠤ ᠳᠤ ᠠᠰᠢᠭᠲᠠᠢ ᠪᠠᠶᠢᠵᠤ᠂ ᠦᠯᠡᠳᠡᠭᠡᠯ ᠡᠳ᠋ ᠬᠥᠷᠥᠩᠭᠡ ᠶᠢ ᠪᠦᠲᠦᠮᠵᠢᠲᠡᠢ ᠠᠮᠢᠳᠤᠯᠢᠭᠵᠢᠭᠤᠯᠵᠤ᠂ ᠬᠤᠳᠠ ᠶᠢᠨ ᠴᠢᠳᠠᠪᠬᠢ ᠶᠢ ᠲᠡᠭᠦᠯᠳᠡᠷᠵᠢᠭᠦᠯᠵᠦ᠂ ᠬᠤᠳᠠ ᠶᠢᠨ ᠠᠮᠢᠵᠢᠷᠠᠯ ᠤᠨ ᠬᠦᠴᠦᠨ ᠢ ᠳᠡᠭᠡᠭᠰᠢᠯᠡᠭᠦᠯᠵᠦ᠂ ᠪᠡᠭᠡᠵᠢᠩ ᠢ ᠳᠡᠯᠡᠬᠡᠢ ᠶᠢᠨ ᠲᠡᠷᠢᠭᠦᠨ ᠤ ᠡᠶ᠎ᠡ ᠵᠣᠬᠢᠴᠠᠩᠭᠤᠢ ᠣᠷᠣᠰᠢᠨ ᠰᠠᠭᠤᠬᠤ ᠳᠤ ᠲᠣᠬᠢᠷᠠᠮᠵᠢᠲᠠᠢ ᠬᠤᠳᠠ ᠪᠣᠯᠭᠠᠨ ᠪᠦᠲᠦᠭᠡᠨ ᠪᠠᠶᠢᠭᠤᠯᠬᠤ ᠶᠢ ᠠᠬᠢᠭᠤᠯᠤᠨ᠎ᠠ᠃ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1