ᠲᠦᠷᠦᠭᠦᠬᠡᠨ᠂ ᠣᠯᠠᠨ ᠨᠡᠶᠢᠲᠡ ᠶᠢᠨ ᠠᠮᠤᠷ ᠲᠦᠪᠰᠢᠨ ᠤ ᠸᠢᠳᠢᠤ᠋ ᠰᠢᠰᠲ᠋ᠧᠮ ᠤᠨ ᠬᠠᠮᠢᠶᠠᠷᠤᠯᠲᠠ ᠶᠢ | ᠵᠢᠷᠤᠮᠵᠢᠭᠤᠯᠵᠤ᠂ ᠣᠯᠠᠨ ᠨᠡᠶᠢᠲᠡ ᠶᠢᠨ ᠠᠮᠤᠷ ᠲᠦᠪᠰᠢᠨ ᠢ ᠬᠠᠮᠠᠭᠠᠯᠠᠨ᠂ ᠬᠤᠪᠢ ᠬᠥᠮᠥᠨ ᠤ ᠨᠢᠭᠤᠴᠠ ᠪᠠ | ᠬᠤᠪᠢ ᠬᠥᠮᠥᠨ ᠤ ᠮᠡᠳᠡᠭᠡ ᠵᠠᠩᠭᠢ ᠶᠢᠨ ᠡᠷᠬᠡ ᠠᠰᠢᠭ ᠢ ᠬᠠᠮᠠᠭᠠᠯᠠᠬᠤ ᠶᠢᠨ ᠲᠥᠯᠥᠭᠡ᠂ ᠲᠥᠷᠥ ᠶᠢᠨ ᠶᠠᠪᠤᠳᠠᠯ ᠤᠨ | ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ ᠲᠤ ᠭᠠᠷ ᠤᠨ | ᠥᠰᠥᠭ ᠵᠢᠷᠤᠵᠤ᠂ ︽ᠣᠯᠠᠨ ᠨᠡᠶᠢᠲᠡ ᠶᠢᠨ ᠠᠮᠤᠷ ᠲᠦᠪᠰᠢᠨ ᠤ ᠸᠢᠳᠢᠤ᠋ ᠵᠢᠷᠤᠭ ᠳᠦᠷᠰᠦᠲᠦ ᠮᠡᠳᠡᠭᠡ ᠵᠠᠩᠭᠢ ᠶᠢᠨ | ᠰᠢᠰᠲ᠋ᠧᠮ ᠤᠨ ᠬᠠᠮᠢᠶᠠᠷᠤᠯᠲᠠ ᠶᠢᠨ ᠳᠦᠷᠢᠮ︾ ᠢ ᠨᠡᠶᠢᠳᠡᠯᠡᠵᠡᠢ᠂ ︽ᠳᠦᠷᠢᠮ︾ ᠨᠢ ᠨᠡᠶᠢᠲᠡ 34 ᠵᠦᠢᠯ ᠲᠠᠢ᠂ | 4 ᠳ᠋ᠤᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ | ᠭᠤᠣᠯᠳᠠᠯᠭ᠎ᠠ ᠨᠢ ᠳᠣᠣᠷᠠᠬᠢ ᠮᠡᠲᠦ᠄ | ᠪᠦᠲᠦᠭᠡᠨ ᠪᠠᠶᠢᠭᠤᠯᠤᠯᠲᠠ ᠶᠢ ᠴᠢᠩᠭ᠎ᠠ ᠵᠢᠷᠤᠮᠵᠢᠭᠤᠯᠵᠤ᠂ ᠬᠠᠤᠯᠢ ᠪᠤᠰᠤ ᠪᠠᠷ ᠳᠤᠷ᠎ᠠ ᠪᠠᠷ ᠢᠶᠠᠨ ᠪᠠᠶᠢᠭᠤᠯᠬᠤ | ᠶᠢ ᠡᠷᠡᠰ ᠴᠠᠭᠠᠵᠢᠯᠠᠨ᠎ᠠ | 1. ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ | ᠨᠢᠭᠡᠳᠦᠯᠲᠡᠢ ᠲᠥᠯᠦᠪᠵᠢᠭᠦᠯᠭᠡ ᠪᠠᠨ ᠴᠢᠩᠭᠠᠳᠬᠠᠵᠤ᠂ ᠳᠠᠪᠬᠤᠷᠳᠠᠭᠤᠯᠤᠨ ᠪᠦᠲᠦᠭᠡᠨ ᠪᠠᠶᠢᠭᠤᠯᠬᠤ ᠠᠴᠠ | ᠵᠠᠶᠢᠯᠠᠰᠬᠢᠵᠦ᠂ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠵᠡᠩᠨᠡᠯᠲᠡ ᠬᠠᠮᠢᠶᠠᠷᠤᠯᠲᠠ ᠶᠢᠨ | ᠨᠢᠭᠡᠴᠢ ᠨᠦᠭᠦᠳ ᠲᠥᠯᠦᠪᠵᠢᠭᠦᠯᠭᠡ᠂ ᠪᠠᠷᠢᠮᠵᠢᠶ᠎ᠠ ᠶᠣᠰᠣᠭᠠᠷ ᠣᠯᠠᠨ ᠨᠡᠶᠢᠲᠡ ᠶᠢᠨ ᠠᠮᠤᠷ ᠲᠦᠪᠰᠢᠨ ᠤ ᠸᠢᠳᠢᠤ᠋ | ᠰᠢᠰᠲ᠋ᠧᠮ ᠢ ᠪᠠᠶᠢᠭᠤᠯᠬᠤ ᠬᠡᠷᠡᠭᠲᠡᠢ᠃ | 2. ᠡᠵᠡᠩᠨᠡᠯᠲᠡ ᠬᠠᠮᠢᠶᠠᠷᠤᠯᠲᠠ ᠶᠢᠨ ᠬᠠᠷᠢᠭᠤᠴᠠᠯᠭ᠎ᠠ ᠲᠠᠢ᠂ ᠠᠶᠤᠯᠭᠦᠢ ᠶᠢᠨ ᠰᠡᠷᠭᠡᠶᠢᠯᠡᠯᠲᠡ ᠶᠢᠨ | ᠡᠭᠦᠷᠭᠡ ᠲᠠᠢ ᠰᠠᠯᠠᠭ᠎ᠠ ᠮᠥᠴᠢᠷ᠂ ᠨᠢᠭᠡᠴᠢ ᠪᠤᠶᠤ ᠬᠤᠪᠢ ᠬᠥᠮᠥᠨ ᠤᠯᠠᠨ ᠨᠡᠶᠢᠲᠡ ᠶᠢᠨ ᠠᠮᠤᠷ ᠲᠦᠪᠰᠢᠨ ᠢ | ᠬᠠᠮᠠᠭᠠᠯᠠᠬᠤ ᠳᠤ ᠱᠠᠭᠠᠷᠳᠠᠯᠭ᠎ᠠ ᠲᠠᠢ ᠪᠦᠲᠦᠭᠡᠨ ᠪᠠᠶᠢᠭᠤᠯᠬᠤ ᠠᠴᠠ ᠪᠤᠰᠤᠳ ᠶᠠᠮᠠᠷᠪᠠ ᠨᠢᠭᠡᠴᠢ ᠪᠤᠶᠤ ᠬᠤᠪᠢ | ᠬᠥᠮᠥᠨ ᠤᠯᠠᠨ ᠨᠡᠶᠢᠲᠡ ᠶᠢᠨ ᠲᠠᠯᠠᠪᠤᠷ ᠲᠤ ᠵᠢᠷᠤᠭ ᠳᠦᠷᠰᠦ ᠴᠤᠭᠯᠠᠭᠤᠯᠬᠤ ᠪᠡᠯᠡᠳᠭᠡᠮᠵᠢ ᠲᠥᠬᠦᠭᠡᠷᠦᠮᠵᠢ | ᠤᠭᠰᠠᠷᠠᠵᠤ ᠪᠣᠯᠬᠤ ᠦᠭᠡᠢ᠃ | 3. ᠠᠶᠢᠯ ᠪᠠᠭᠤᠳᠠᠯ᠂ ᠪᠠᠶᠢᠷᠢ᠂ ᠬᠤᠪᠴᠠᠰᠤ ᠰᠣᠯᠢᠬᠤ ᠥᠷᠥᠭᠡ ᠵᠡᠷᠭᠡ ᠪᠤᠰᠤᠳ ᠤᠨ ᠨᠢᠭᠤᠴᠠ ᠶᠢ | ᠰᠡᠭᠦᠳᠡᠷᠯᠡᠬᠦ᠂ ᠠᠵᠢᠭᠯᠠᠬᠤ᠂ ᠬᠤᠯᠠᠭᠠᠶᠢᠯᠠᠨ ᠰᠣᠨᠣᠰᠴᠤ ᠳᠡᠶᠢᠯᠬᠦ ᠭᠠᠵᠠᠷ ᠣᠷᠣᠨ ᠳᠤ ᠵᠢᠷᠤᠭ ᠳᠦᠷᠰᠦ | ᠴᠤᠭᠯᠠᠭᠤᠯᠬᠤ ᠪᠡᠯᠡᠳᠭᠡᠮᠵᠢ ᠲᠥᠬᠦᠭᠡᠷᠦᠮᠵᠢ ᠤᠭᠰᠠᠷᠠᠬᠤ ᠶᠢ ᠡᠷᠡᠰ ᠴᠠᠭᠠᠵᠠᠯᠠᠨ᠎ᠠ᠃ | 4. ᠴᠡᠷᠢᠭ ᠤᠨ ᠶᠠᠪᠤᠳᠠᠯ ᠤᠨ ᠬᠤᠷᠢᠭᠠᠲᠠᠢ ᠣᠷᠣᠨ᠂ ᠴᠡᠷᠢᠭ ᠤᠨ ᠶᠠᠪᠤᠳᠠᠯ ᠤᠨ ᠬᠠᠮᠢᠶᠠᠷᠤᠯᠲᠠ ᠶᠢᠨ | ᠣᠷᠣᠨ ᠵᠢᠴᠢ ᠲᠦᠷᠦ ᠶᠢᠨ ᠪᠠᠶᠢᠭᠤᠯᠭ᠎ᠠ ᠵᠡᠷᠭᠡ ᠨᠢᠭᠤᠴᠠ ᠳᠤ ᠬᠤᠯᠪᠣᠭᠳᠠᠬᠤ ᠨᠢᠭᠡᠴᠢ ᠶᠢᠨ ᠡᠷᠬᠢᠨ ᠲᠣᠭᠤᠷᠢᠨ ᠳᠤ | ᠵᠢᠷᠤᠭ ᠳᠦᠷᠰᠦ ᠴᠤᠭᠯᠠᠭᠤᠯᠬᠤ ᠪᠡᠯᠡᠳᠭᠡᠮᠵᠢ ᠲᠥᠬᠦᠭᠡᠷᠦᠮᠵᠢ ᠤᠭᠰᠠᠷᠠᠬᠤ ᠳᠤ ᠬᠦᠷᠪᠡᠯ᠂ ᠤᠷᠢᠳᠠᠪᠠᠷ | ᠨᠢᠭᠤᠴᠠ ᠳᠤ ᠬᠤᠯᠪᠣᠭᠳᠠᠬᠤ ᠬᠤᠯᠪᠣᠭᠳᠠᠯ ᠪᠦᠬᠦᠢ ᠨᠢᠭᠡᠴᠢ ᠶᠢᠨ ᠵᠥᠪᠰᠢᠶᠡᠷᠡᠯ ᠢ ᠣᠯᠬᠤ ᠬᠡᠷᠡᠭᠲᠡᠢ᠃ | ᠡᠯ᠎ᠡ ᠲᠠᠯ᠎ᠠ ᠶᠢᠨ ᠬᠢᠨ ᠤ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠬᠠᠮᠢᠶᠠᠷᠤᠯᠲᠠ ᠶᠢᠨ ᠡᠭᠦᠷᠭᠡ ᠶᠢ | ᠪᠤᠳᠠᠶᠢᠳᠠᠶᠢᠵᠢᠭᠤᠯᠤᠨᠠ | ᠣᠯᠠᠨ ᠨᠡᠶᠢᠲᠡ ᠶᠢᠨ ᠠᠮᠤᠷ ᠲᠦᠪᠰᠢᠨ ᠤ ᠸᠢᠳᠢᠤ᠋ ᠰᠢᠰᠲ᠋ᠧᠮ ᠤᠨ ᠪᠠᠶᠢᠭᠤᠯᠤᠯᠲᠠ ᠶᠢᠨ ᠱᠠᠭᠠᠷᠳᠠᠯᠭ᠎ᠠ᠂ | ᠣᠯᠠᠨ ᠨᠡᠶᠢᠲᠡ ᠶᠢᠨ ᠠᠮᠤᠷ ᠲᠦᠪᠰᠢᠨ ᠤ ᠸᠢᠳᠢᠤ᠋ ᠰᠢᠰᠲ᠋ᠧᠮ ᠤᠨ ᠬᠠᠮᠢᠶᠠᠷᠤᠯᠲᠠ ᠶᠢᠨ ᠨᠢᠭᠡᠴᠢ ᠶᠢᠨ ᠠᠵᠢᠯᠯᠠᠭᠠᠨ ᠤ | ᠠᠮᠤᠷ ᠲᠦᠪᠰᠢᠨ ᠤ ᠡᠭᠦᠷᠭᠡ ᠬᠠᠷᠢᠭᠤᠴᠠᠯᠭ᠎ᠠ ᠵᠢᠴᠢ ᠸᠢᠳᠢᠤ᠋ ᠵᠢᠷᠤᠭ ᠳᠦᠷᠰᠦᠲᠦ ᠮᠡᠳᠡᠭᠡ ᠵᠠᠩᠭᠢ ᠶᠢ ᠬᠡᠷᠡᠭᠯᠡᠬᠦ | ᠱᠠᠭᠠᠷᠳᠠᠯᠭ᠎ᠠ ᠶᠢ ᠲᠤᠳᠤᠷᠬᠠᠶᠢᠯᠠᠵᠦ᠂ ᠴᠠᠬᠢᠯᠭᠠᠨ ᠬᠤᠯᠪᠣᠭᠠᠨ ᠤ ᠲᠤᠬᠠᠶᠢᠯᠠᠭᠰᠠᠨ ᠠᠵᠢᠯ ᠤᠨ ᠡᠵᠡᠩᠨᠡᠭᠴᠢ ᠶᠢᠨ | ᠸᠢᠳᠢᠤ᠋ ᠵᠢᠷᠤᠭ ᠳᠦᠷᠰᠦᠲᠦ ᠮᠡᠳᠡᠭᠡ ᠵᠠᠩᠭᠢ ᠶᠢ ᠳᠠᠮᠵᠢᠭᠤᠯᠬᠤ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ | ᠡᠭᠦᠷᠭᠡ ᠵᠢᠴᠢ ᠵᠢᠷᠤᠭᠯᠠᠨ ᠲᠥᠯᠥᠪᠯᠡᠬᠦ᠂ ᠪᠠᠷᠢᠯᠭ᠎ᠠ ᠪᠠᠷᠢᠬᠤ᠂ ᠰᠢᠯᠭᠠᠨ ᠪᠠᠶᠢᠴᠠᠭᠠᠬᠤ᠂ ᠰᠢᠯᠭᠠᠨ ᠠᠪᠬᠤ᠂ | ᠬᠠᠮᠠᠭᠠᠯᠠᠬᠤ ᠵᠡᠷᠭᠡ ᠨᠢᠭᠡᠴᠢ ᠨᠢ ᠸᠢᠳᠢᠤ᠋ ᠵᠢᠷᠤᠭ ᠳᠦᠷᠰᠦᠲᠦ ᠮᠡᠳᠡᠭᠡ ᠵᠠᠩᠭᠢ ᠶᠢᠨ ᠨᠢᠭᠤᠴᠠ ᠶᠢ ᠬᠠᠮᠠᠭᠠᠯᠠᠬᠤ | ᠡᠭᠦᠷᠭᠡ ᠲᠠᠢ᠃ | ᠬᠠᠮᠠᠭᠠᠯᠠᠯᠳᠠ ᠶᠢᠨ ᠬᠦᠴᠦᠨ ᠢᠶᠠᠨ ᠴᠢᠩᠭᠠᠳᠬᠠᠵᠦ᠂ ᠬᠤᠪᠢ ᠬᠥᠮᠥᠨ ᠤ ᠮᠡᠳᠡᠭᠡ ᠵᠠᠩᠭᠢ ᠶᠢᠨ ᠠᠮᠤᠷ | ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ | 1. ᠬᠠᠳᠠᠭᠠᠯᠠᠬᠤ ᠬᠤᠭᠤᠴᠠᠭ᠎ᠠ ᠳᠦᠭᠦᠷᠦᠭᠰᠡᠨ ᠤ ᠳᠠᠷᠠᠭ᠎ᠠ ᠰᠢᠢᠳᠪᠦᠷᠢᠯᠡᠬᠦ ᠵᠣᠷᠢᠯᠭ᠎ᠠ ᠪᠠᠨ ᠨᠢᠭᠡᠨᠲᠡ | ᠪᠡᠶᠡᠯᠡᠭᠦᠯᠦᠭᠰᠡᠨ ᠸᠢᠳᠢᠤ᠋ ᠵᠢᠷᠤᠭ ᠳᠦᠷᠰᠦᠲᠦ ᠮᠡᠳᠡᠭᠡ ᠵᠠᠩᠭᠢ ᠶᠢ ᠬᠠᠰᠤᠵᠤ ᠬᠠᠶᠠᠬᠤ ᠬᠡᠷᠡᠭᠲᠡᠢ᠃ | 2. ᠲᠥᠷᠥ ᠶᠢᠨ ᠪᠠᠶᠢᠭᠤᠯᠭ᠎ᠠ᠂ ᠬᠤᠪᠢ ᠬᠥᠮᠥᠨ ᠤ ᠸᠢᠳᠢᠤ᠋ ᠵᠢᠷᠤᠭ ᠳᠦᠷᠰᠦᠲᠦ ᠮᠡᠳᠡᠭᠡ ᠵᠠᠩᠭᠢ ᠶᠢ | ᠪᠠᠶᠢᠴᠠᠭᠠᠨ ᠦᠵᠡᠬᠦ ᠡᠷᠬᠡ ᠮᠡᠳᠡᠯ᠂ ᠲᠠᠰ ᠳᠠᠷᠠᠭᠠᠯᠠᠯ ᠢ ᠴᠢᠩᠭ᠎ᠠ ᠵᠢᠷᠤᠮᠵᠢᠭᠤᠯᠤᠨ᠎ᠠ᠃ | 3. ᠸᠢᠳᠢᠤ᠋ ᠵᠢᠷᠤᠭ ᠳᠦᠷᠰᠦᠲᠦ ᠮᠡᠳᠡᠭᠡ ᠵᠠᠩᠭᠢ ᠶᠢ ᠢᠯᠡ ᠪᠠᠷ ᠳᠠᠮᠵᠢᠭᠤᠯᠬᠤ ᠳᠠᠭᠠᠨ ᠬᠤᠪᠢ ᠬᠥᠮᠥᠨ᠂ | ᠵᠤᠬᠢᠶᠠᠨ ᠪᠠᠶᠢᠭᠤᠯᠤᠯᠳᠠ ᠶᠢᠨ ᠬᠠᠮᠢᠶ᠎ᠠ ᠪᠦᠬᠦᠢ ᠮᠡᠳᠡᠭᠡ ᠵᠠᠩᠭᠢ ᠶᠢ ᠴᠢᠩᠭ᠎ᠠ ᠬᠠᠮᠠᠭᠠᠯᠠᠬᠤ ᠬᠡᠷᠡᠭᠲᠡᠢ᠃ | 4. ᠣᠯᠠᠨ ᠨᠡᠶᠢᠲᠡ ᠶᠢᠨ ᠪᠤᠰᠤ ᠲᠠᠯᠠᠪᠤᠷ ᠲᠤ ᠵᠢᠷᠤᠭ ᠳᠦᠷᠰᠦ ᠴᠤᠭᠯᠠᠭᠤᠯᠬᠤ ᠪᠡᠯᠡᠳᠭᠡᠮᠵᠢ ᠲᠥᠬᠦᠭᠡᠷᠦᠮᠵᠢ | ᠤᠭᠰᠠᠷᠠᠬᠤ ᠳᠤ ᠣᠯᠠᠨ ᠨᠡᠶᠢᠲᠡ ᠶᠢᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠬᠤ ᠪᠤᠶᠤ ᠪᠤᠰᠤᠳ | ᠬᠦᠮᠦᠨ ᠤ ᠬᠠᠤᠯᠢ ᠶᠣᠰᠣᠨ ᠤ ᠡᠷᠬᠡ ᠠᠰᠢᠭ ᠲᠤ ᠬᠠᠯᠳᠠᠵᠤ ᠪᠣᠯᠬᠤ ᠦᠭᠡᠢ᠃ | ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠴᠢᠩᠳᠠᠯᠠᠨ᠎ᠠ | 1. ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠢᠯᠤᠭᠤᠳᠬᠤ ᠪᠠ ᠬᠢᠨᠠᠯᠲᠠ ᠲᠠᠯᠪᠢᠵᠤ ᠬᠠᠮᠢᠶᠠᠷᠬᠤ | ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠳᠠᠩᠰᠠᠯᠠᠬᠤ ᠪᠠ ᠢᠯᠡᠴᠢᠯᠡᠨ ᠮᠡᠳᠡᠭᠦᠯᠬᠦ ᠳᠦᠷᠢᠮ ᠢ ᠪᠠᠶᠢᠭᠤᠯᠤᠨ᠎ᠠ | ᠃ | 2. ᠬᠠᠤᠯᠢ ᠪᠤᠰᠤ ᠪᠠᠷ ᠵᠢᠷᠤᠭ ᠳᠦᠷᠰᠦ ᠴᠤᠭᠯᠠᠭᠤᠯᠬᠤ ᠪᠡᠯᠡᠳᠭᠡᠮᠵᠢ ᠲᠥᠬᠦᠭᠡᠷᠦᠮᠵᠢ ᠤᠭᠰᠠᠷᠠᠭᠰᠠᠨ᠂ | ᠡᠰᠡᠬᠦᠯ᠎ᠡ ᠬᠠᠤᠯᠢ ᠪᠤᠰᠤ ᠪᠠᠷ ᠸᠢᠳᠢᠤ᠋ ᠵᠢᠷᠤᠭ ᠳᠦᠷᠰᠦ ᠶᠢᠨ ᠮᠡᠳᠡᠭᠡ ᠵᠠᠩᠭᠢ ᠶᠢ ᠬᠠᠩᠭᠠᠭᠰᠠᠨ᠂ ᠢᠯᠡ ᠪᠠᠷ | ᠤᠯᠠᠮᠵᠢᠯᠠᠨ ᠲᠠᠷᠬᠠᠭᠠᠭᠰᠠᠨ ᠪᠠᠶᠢᠪᠠᠯ᠂ ᠪᠡᠯᠡᠳᠬᠡᠮᠵᠢ ᠲᠥᠬᠦᠭᠡᠷᠦᠮᠵᠢ ᠶᠢ ᠨᠢ ᠬᠤᠷᠢᠶᠠᠨ ᠠᠪᠴᠤ᠂ ᠸᠢᠳᠢᠤ᠋ ᠵᠢᠷᠤᠭ | ᠲᠦᠷᠰᠦᠳᠦ ᠮᠡᠳᠡᠭᠡ ᠵᠠᠩᠭᠢ ᠶᠢ ᠬᠠᠰᠤᠵᠤ᠂ ᠵᠣᠭᠤᠰ ᠢᠶᠠᠷ ᠲᠣᠷᠭᠠᠨ᠎ᠠ︔ ᠪᠤᠰᠤᠳ ᠤᠨ ᠨᠢᠭᠤᠴᠠ ᠶᠢ | ᠬᠤᠯᠠᠭᠠᠶᠢᠯᠠᠨ ᠦᠵᠡᠭᠰᠡᠨ᠂ ᠬᠤᠯᠠᠭᠠᠶᠢᠯᠠᠨ ᠰᠡᠭᠦᠳᠡᠷᠯᠡᠭᠰᠡᠨ᠂ ᠬᠤᠯᠠᠭᠠᠶᠢᠯᠠᠨ ᠰᠣᠨᠣᠰᠤᠭᠰᠠᠨ ᠪᠠᠶᠢᠪᠠᠯ᠂ ᠬᠠᠤᠯᠢ | ᠶᠣᠰᠣᠭᠠᠷ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠭᠡᠯ ᠥᠭᠭᠦᠨ᠎ᠡ︔ ᠬᠠᠤᠯᠢ ᠪᠤᠰᠤ ᠪᠠᠷ ᠤᠯᠤᠰ ᠤᠨ | ᠨᠢᠭᠤᠴᠠ᠂ ᠴᠡᠷᠢᠭ ᠤᠨ ᠨᠢᠭᠤᠴᠠ ᠶᠢ ᠣᠯᠣᠭᠰᠠᠨ ᠪᠠᠶᠢᠪᠠᠯ᠂ ᠬᠤᠯᠪᠣᠭᠳᠠᠯ ᠪᠦᠬᠦᠢ ᠬᠠᠤᠯᠢ ᠴᠠᠭᠠᠵᠠ ᠶᠢᠨ | ᠲᠣᠭᠲᠠᠭᠠᠯ ᠶᠣᠰᠣᠭᠠᠷ ᠰᠢᠢᠳᠭᠡᠨ᠎ᠡ︔ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ | ᠬᠠᠷᠢᠭᠤᠴᠠᠯᠭ᠎ᠠ ᠨᠡᠬᠡᠮᠵᠢᠯᠡᠨ᠎ᠡ᠃ | 3. ᠡᠳᠦᠷ ᠲᠤᠳᠦᠮ ᠤᠨ ᠬᠠᠮᠢᠶᠠᠷᠤᠯᠳᠠ ᠪᠠ ᠪᠠᠶᠢᠴᠠᠭᠠᠬᠤ ᠡᠭᠦᠷᠭᠡ ᠪᠠᠨ ᠭᠦᠢᠴᠡᠳᠬᠡᠭᠰᠡᠨ ᠦᠭᠡᠢ ᠪᠥᠭᠡᠳ | ᠬᠦᠨᠳᠦ ᠨᠣᠴᠢᠲᠠᠢ ᠤᠷᠰᠢᠭ ᠲᠠᠲᠠᠭᠰᠠᠨ ᠡᠵᠡᠩᠨᠡᠯᠲᠡ ᠬᠠᠮᠢᠶᠠᠷᠤᠯᠲᠠ ᠶᠢᠨ ᠨᠢᠭᠡᠴᠢ ᠪᠤᠶᠤ ᠬᠤᠪᠢ ᠬᠥᠮᠥᠨ ᠢ | ᠵᠣᠭᠤᠰ ᠢᠶᠠᠷ ᠲᠣᠷᠭᠠᠬᠤ ᠪᠠᠷ ᠰᠢᠢᠳᠭᠡᠵᠦ᠂ ᠤᠢᠢᠯᠠ ᠪᠠᠶᠢᠳᠠᠯ ᠤᠨ ᠬᠢᠨᠢ ᠬᠦᠨᠳᠦ ᠬᠥᠩᠭᠡᠨ ᠢ ᠦᠨᠳᠦᠰᠦᠯᠡᠵᠦ | ᠵᠠᠷᠯᠢᠭᠳᠠᠵᠤ ᠪᠠᠶᠢᠭᠠᠳ ᠲᠤᠬᠠᠶᠢᠯᠠᠭᠰᠠᠨ ᠠᠵᠢᠯ ᠢ ᠨᠢ ᠲᠦᠷ ᠵᠣᠭᠰᠤᠭᠠᠬᠤ ᠪᠤᠶᠤ ᠠᠵᠢᠯ ᠢ ᠨᠢ ᠵᠣᠭᠰᠣᠭᠠᠨ | ᠴᠡᠭᠴᠡᠯᠡᠭᠦᠯᠵᠦ᠂ ᠲᠤᠬᠠᠶᠢᠯᠠᠭᠰᠠᠨ ᠠᠵᠢᠯ ᠤᠨ ᠵᠥᠪᠰᠢᠶᠡᠷᠡᠯ ᠪᠤᠶᠤ ᠡᠵᠡᠩᠨᠡᠯᠲᠡ ᠶᠢᠨ ᠦᠨᠡᠮᠯᠡᠯ ᠢ ᠨᠢ ᠬᠤᠷᠢᠶᠠᠨ | ᠠᠪᠴᠤ ᠬᠦᠴᠦᠨ ᠤᠶᠢᠭᠡᠢ ᠪᠣᠯᠭᠠᠨ᠎ᠠ᠃ | 4. ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢ ᠳᠣᠲᠣᠭᠠᠳᠤ ᠶᠢᠨ ᠬᠢᠨᠠᠯᠲᠠ ᠬᠠᠮᠢᠶᠠᠷᠤᠯᠳᠠ ᠪᠠᠨ | ᠴᠢᠩᠭᠠᠳᠬᠠᠬᠤ ᠶᠢ ᠱᠠᠭᠠᠷᠳᠠᠬᠤ ᠶᠢᠨ ᠬᠠᠮᠲᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠪᠤᠰᠤᠳ ᠲᠦᠷᠦ ᠶᠢᠨ | ᠪᠠᠶᠢᠭᠤᠯᠭ᠎ᠠ ᠵᠢᠴᠢ ᠠᠵᠢᠯᠲᠠᠨ ᠤ ᠬᠠᠤᠯᠢ ᠲᠣᠭᠲᠠᠭᠠᠯ ᠢ ᠵᠥᠷᠢᠴᠡᠭᠰᠡᠨ ᠠᠵᠢᠯᠯᠠᠭ᠎ᠠ ᠳᠤ ᠵᠣᠬᠢᠴᠠᠩᠭᠤᠢ ᠬᠠᠤᠯᠢ ᠶᠢᠨ | ᠬᠠᠷᠢᠭᠤᠴᠠᠯᠭ᠎ᠠ ᠲᠣᠭᠲᠠᠭᠠᠵᠠᠢ᠃ | ᠢᠷᠡᠯᠲᠡ᠄ ᠰᠣᠨᠢᠨ ᠮᠡᠳᠡᠭᠡᠨ ᠤ ᠨᠡᠪᠲᠡᠷᠡᠭᠦᠯᠭᠡ | |