︽ᠰᠢᠨ᠎ᠡ ᠴᠠᠭ ᠦᠶ᠎ᠡ ᠶᠢᠨ ᠰᠠᠶᠢᠨ ᠣᠷᠣᠨ ᠰᠠᠭᠤᠴᠠ ᠶᠢᠨ ᠪᠠᠷᠢᠯᠭ᠎ᠠ ᠶᠢᠨ ᠵᠢᠷᠤᠭ ᠲᠦᠯᠦᠪᠯᠡᠯᠭᠡ ᠶᠢᠨ ᠵᠦᠭᠯᠡᠭᠦᠷ︾ ᠢ ᠨᠡᠶᠢᠳᠡᠯᠡᠪᠡ
ᠨᠡᠶᠢᠲᠡᠯᠡᠭᠰᠡᠨ ᠴᠠᠭ᠄
2025/2/14
       ︽ᠰᠠᠶᠢᠨ ᠭᠡᠷ ᠪᠠᠶᠢᠰᠢᠩ︾ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢᠨ ᠬᠠᠮᠢᠶ᠎ᠠ ᠪᠦᠬᠦᠢ ᠠᠵᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠬᠤ ᠶᠢᠨ ᠲᠥᠯᠥᠭᠡ᠂ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ︵ᠳᠣᠷᠣᠭᠰᠢ ︽ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠢᠨᠵᠢᠯᠡᠭᠡ︾ ᠭᠡᠵᠦ ᠲᠣᠪᠴᠢᠯᠠᠨ᠎ᠠ︶ ᠲᠦᠷᠦᠭᠦᠯᠡᠨ ᠪᠥᠬᠦ ᠤᠯᠤᠰ ᠤᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠰᠢᠯᠢᠳᠡᠭ ᠲᠤᠰᠬᠠᠢ ᠮᠡᠷᠭᠡᠵᠢᠯᠲᠡᠨ ᠤ ᠪᠦᠯᠬᠦᠮ ᠪᠠ ᠣᠷᠣᠨ ᠰᠠᠭᠤᠴᠠ ᠶᠢᠨ ᠠᠵᠤ ᠦᠢᠯᠡᠰ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠥᠬᠦ ᠠᠵᠤ ᠦᠢᠯᠡᠰ ᠤᠨ ᠬᠡᠯᠬᠢᠶ᠎ᠡ ᠶᠢᠨ ᠪᠦᠲᠦᠭᠡᠨ ᠪᠠᠶᠢᠭᠤᠯᠤᠯᠲᠠ ᠶᠢᠨ ᠨᠢᠭᠡᠴᠢ ᠶᠢ ᠵᠣᠬᠢᠶᠠᠨ ᠪᠠᠶᠢᠭᠤᠯᠵᠤ᠂ TCECS 1800 — 2024 ︽ᠰᠠᠶᠢᠨ ᠣᠷᠣᠨ ᠰᠠᠭᠤᠴᠠ ᠶᠢᠨ ᠮᠡᠷᠭᠡᠵᠢᠯ ᠤᠨ ᠵᠢᠯᠤᠭᠤᠳᠬᠤ ᠳᠦᠷᠢᠮ︾ ᠢ ᠭᠤᠤᠯᠴᠢᠯᠠᠨ ᠨᠠᠶᠢᠷᠠᠭᠤᠯᠬᠤ ᠶᠢᠨ ᠬᠠᠮᠲᠤ᠂ ᠰᠢᠨ᠎ᠡ ᠴᠠᠭ ᠦᠶ᠎ᠡ ᠶᠢᠨ ᠣᠷᠣᠨ ᠰᠠᠭᠤᠴᠠ ᠶᠢᠨ ᠬᠥᠭᠵᠢᠯᠲᠡ ᠪᠠ ᠵᠠᠬ᠎ᠠ ᠳᠡᠯᠭᠡᠭᠦᠷ ᠤᠨ ᠬᠡᠷᠡᠭᠴᠡᠭᠡ ᠲᠠᠢ ᠤᠶᠠᠯᠳᠤᠭᠤᠯᠤᠨ᠂ ᠵᠢᠷᠤᠭ ᠲᠥᠯᠥᠪᠯᠡᠭᠡ ᠶᠢᠨ ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠬᠤ ᠪᠠ ᠪᠠᠷᠢᠮᠵᠢᠶᠠᠲᠤ ᠰᠢᠨᠵᠢᠯᠡᠬᠦ ᠤᠬᠠᠭᠠᠨ ᠮᠡᠷᠭᠡᠵᠢᠯ ᠢᠶᠠᠷ ᠴᠢᠳᠠᠪᠤᠷᠢ ᠣᠯᠭᠤᠬᠤ ᠶᠢ ᠳᠣᠪᠤᠶᠢᠯᠭᠠᠵᠤ᠂ ︽ᠰᠢᠨ᠎ᠡ ᠴᠠᠭ ᠦᠶ᠎ᠡ ᠶᠢᠨ ᠰᠠᠶᠢᠨ ᠣᠷᠣᠨ ᠰᠠᠭᠤᠴᠠ ᠶᠢᠨ ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠵᠦᠭᠯᠡᠭᠦᠷ︾ ︵ᠳᠣᠷᠣᠭᠰᠢ ︽ᠵᠢᠷᠤᠭ ᠲᠥᠯᠥᠪᠯᠡᠭᠡ ᠶᠢᠨ ᠵᠦᠭᠯᠡᠭᠦᠷ︾ ᠭᠡᠵᠦ ᠲᠣᠪᠴᠢᠯᠠᠨ᠎ᠠ︶ ᠢ ᠨᠠᠶᠢᠷᠠᠭᠤᠯᠤᠨ ᠵᠣᠬᠢᠶᠠᠵᠤ᠂ 2024 ᠣᠨ ᠤ 12 ᠳ᠋ᠤᠭᠠᠷ ᠰᠠᠷ᠎ᠠ ᠳᠤ ᠵᠢᠩᠬᠢᠨᠢ ᠪᠠᠷ ᠨᠡᠶᠢᠲᠡᠯᠡᠪᠡ᠃      ︽ᠵᠢᠷᠤᠭ ᠲᠥᠯᠥᠪᠯᠡᠭᠡ ᠶᠢᠨ ᠵᠦᠭᠯᠡᠭᠦᠷ︾ ᠨᠢ ᠤᠯᠠᠮᠵᠢᠯᠠᠯᠲᠤ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠵᠠᠭᠪᠤᠷ ᠢ ᠬᠤᠪᠢᠷᠠᠭᠤᠯᠬᠤ᠂ ᠣᠷᠣᠨ ᠰᠠᠭᠤᠴᠠ ᠶᠢᠨ ᠴᠢᠨᠠᠷ ᠴᠢᠨᠰᠠᠭ᠎ᠠ ᠶᠢᠨ ᠲᠠᠰ ᠳᠡᠪᠰᠢᠬᠦ ᠶᠢ ᠠᠬᠢᠭᠤᠯᠬᠤ ᠵᠢᠴᠢ ᠣᠷᠣᠨ ᠰᠠᠭᠤᠴᠠ ᠶᠢᠨ ᠦᠷᠭᠦᠯᠵᠢᠯᠡᠬᠦ ᠬᠥᠭᠵᠢᠯᠲᠡ ᠶᠢᠨ ᠴᠢᠭᠯᠡᠯ ᠢ ᠪᠡᠶᠡᠯᠡᠭᠦᠯᠬᠦ ᠳᠤ ᠬᠠᠨᠳᠤᠭᠤᠯᠤᠨ᠂ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠨ ᠳᠠᠬᠢ ᠰᠢᠯᠢᠳᠡᠭ ᠲᠤᠰᠬᠠᠢ ᠮᠡᠷᠭᠡᠵᠢᠯᠲᠡᠨ ᠪᠣᠯᠣᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠬᠦᠴᠦᠨ ᠢ ᠬᠤᠷᠠᠮᠳᠤᠭᠤᠯᠵᠤ᠂ ᠢᠷᠡᠭᠡᠳᠦᠢ ᠳᠤ ᠬᠠᠨᠳᠤᠭᠤᠯᠤᠭᠰᠠᠨ ᠮᠠᠨ ᠤ ᠤᠯᠤᠰ ᠤᠨ ᠰᠢᠨ᠎ᠡ ᠴᠠᠭ ᠦᠶ᠎ᠡ ᠶᠢᠨ ᠰᠠᠶᠢᠨ ᠣᠷᠣᠨ ᠰᠠᠭᠤᠴᠠ ᠶᠢᠨ ᠪᠦᠬᠦᠯᠢ ᠴᠣᠭᠴᠠ ᠶᠢᠨ ᠰᠢᠢᠳᠪᠦᠷᠢᠯᠡᠬᠦ ᠲᠥᠰᠥᠯ ᠢ ᠬᠠᠮᠲᠤ ᠪᠠᠷ ᠬᠠᠶᠢᠨ ᠰᠦᠪᠡᠭᠴᠢᠯᠡᠵᠡᠢ᠃      ᠰᠢᠨ᠎ᠡ ᠬᠤᠪᠢᠷᠠᠯᠲᠠ — ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠯᠳᠤᠬᠤ ᠪᠣᠳᠣᠯᠭ᠎ᠠ ᠲᠠᠢ ᠵᠤᠬᠢᠴᠠᠯᠳᠤᠨ᠎ᠠ      ︽ᠵᠢᠷᠤᠭ ᠲᠥᠯᠥᠪᠯᠡᠭᠡ ᠶᠢᠨ ᠵᠦᠭᠯᠡᠭᠦᠷ︾ ᠨᠢ ᠮᠠᠨ ᠤ ᠤᠯᠤᠰ ᠤᠨ ᠨᠡᠶᠢᠭᠡᠮ ᠤᠨ ᠠᠵᠤ ᠠᠬᠤᠢ ᠬᠢᠭᠡᠳ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠯᠳᠤᠬᠤ ᠪᠣᠳᠣᠯᠭ᠎ᠠ ᠶᠢᠨ ᠲᠣᠭᠤᠷᠢᠨ ᠳᠤ᠂ ᠣᠷᠣᠨ ᠰᠠᠭᠤᠴᠠ ᠶᠢᠨ ᠬᠥᠭᠵᠢᠯᠲᠡ ᠶᠢᠨ ᠰᠢᠨ᠎ᠡ ᠱᠠᠲᠤᠨ ᠳᠤ ᠰᠠᠭᠤᠷᠢᠯᠠᠵᠤ᠂ ᠨᠡᠶᠢᠭᠡᠮ ᠤᠨ ᠠᠵᠤ ᠠᠬᠤᠢ᠂ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ᠂ ᠬᠤᠲᠠ ᠶᠢᠨ ᠰᠢᠨᠡᠴᠢᠯᠡᠯᠲᠡ᠂ ᠨᠡᠶᠢᠭᠡᠮ ᠤᠨ ᠨᠠᠰᠤᠵᠢᠯᠲᠠ᠂ ᠣᠷᠣᠨ ᠰᠠᠭᠤᠴᠠ ᠶᠢᠨ ᠪᠠᠲᠤᠯᠠᠭ᠎ᠠ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠵᠢᠴᠢ ᠣᠷᠣᠨ ᠰᠠᠭᠤᠴᠠ ᠶᠢᠨ ᠠᠵᠤ ᠦᠢᠯᠡᠰ ᠤᠨ ᠬᠡᠯᠪᠡᠷᠢ ᠶᠢᠨ ᠬᠤᠪᠢᠷᠠᠭᠤᠯᠤᠯᠲᠠ ᠵᠡᠷᠭᠡ ᠠᠯᠢ ᠣᠯᠠᠨ ᠨᠡᠶᠢᠭᠡᠮ ᠤᠨ ᠠᠵᠤ ᠠᠬᠤᠢ ᠬᠢᠭᠡᠳ ᠠᠵᠢᠯ ᠲᠥᠷᠥᠯ ᠤᠨ ᠬᠥᠭᠵᠢᠯᠲᠡ ᠶᠢᠨ ᠰᠡᠳᠦᠪ ᠢ ᠪᠦᠬᠦ ᠲᠠᠯ᠎ᠠ ᠪᠠᠷ ᠨᠢᠭᠡᠳᠦᠯᠲᠡᠢ ᠲᠥᠯᠥᠪᠯᠡᠵᠦ᠂ ᠴᠢᠨᠠᠷ ᠰᠠᠶᠢᠲᠠᠢ ᠪᠥᠭᠡᠳ ᠦᠷᠭᠦᠯᠵᠢᠯᠡᠨ ᠬᠥᠭᠵᠢᠭᠦᠯᠬᠦ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠣᠨᠣᠯᠵᠢᠬᠤᠨ᠂ ᠰᠢᠨ᠎ᠡ ᠠᠷᠭ᠎ᠠ ᠪᠠ ᠰᠢᠨ᠎ᠡ ᠬᠠᠩᠭᠠᠯᠭ᠎ᠠ ᠪᠠᠷ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠬᠤ ᠦᠢᠯᠡᠳᠦᠯ ᠢ ᠴᠢᠩᠭᠠᠷᠠᠭᠤᠯᠵᠤ᠂ ᠪᠠᠷᠠᠭᠠᠯᠬᠢᠯᠠᠯ ᠤᠨ ᠴᠢᠨᠠᠷᠲᠠᠢ ᠪᠣᠳᠣᠯᠬᠢᠯᠠᠯ ᠢ ᠴᠢᠩᠭᠠᠳᠬᠠᠨ᠂ ᠤᠯᠠᠮᠵᠢᠯᠠᠯᠲᠤ ᠣᠷᠣᠨ ᠰᠠᠭᠤᠴᠠ ᠶᠢᠨ ᠠᠵᠤ ᠦᠢᠯᠡᠰ ᠢ ᠤᠳᠤᠬᠢᠴᠢᠯᠠᠭᠰᠠᠨ ᠣᠷᠣᠨ ᠰᠠᠭᠤᠴᠠ ᠶᠢᠨ ᠠᠵᠤ ᠦᠢᠯᠡᠰ ᠳᠠᠰᠢ ᠬᠡᠯᠪᠡᠷᠢ ᠬᠤᠪᠢᠷᠠᠭᠤᠯᠤᠨ ᠲᠠᠰ ᠳᠡᠪᠰᠢᠬᠦ ᠶᠢ ᠢᠳᠡᠪᠬᠢᠲᠡᠢ ᠠᠬᠢᠭᠤᠯᠤᠨ᠎ᠠ᠃      ᠰᠢᠨ᠎ᠡ ᠡᠷᠡᠮᠡᠯᠵᠢᠯ — ᠰᠠᠶᠢᠨ ᠴᠢᠳᠠᠪᠬᠢᠳᠦ ᠪᠦᠳᠦᠭᠡᠨ ᠪᠠᠶᠢᠭᠤᠯᠤᠯᠲᠠ ᠶᠢᠨ ᠰᠢᠨ᠎ᠡ ᠰᠢᠰᠲ᠋ᠧᠮ ᠢ ᠪᠠᠶᠢᠭᠤᠯᠤᠨ᠎ᠠ      ︽ᠵᠢᠷᠤᠭ ᠲᠥᠯᠥᠪᠯᠡᠭᠡ ᠶᠢᠨ ᠵᠦᠭᠯᠡᠭᠦᠷ︾ ᠨᠢ ᠠᠮᠤᠷ ᠲᠦᠪᠰᠢᠨ᠂ ᠲᠠᠭᠠᠯᠠᠮᠵᠢᠲᠠᠢ᠂ ᠪᠣᠬᠢᠷᠲᠤᠯ ᠦᠭᠡᠢ᠂ ᠤᠶᠤᠨᠴᠢ ︽ᠰᠠᠶᠢᠨ ᠭᠡᠷ ᠪᠠᠶᠢᠰᠢᠩ︾ ᠤᠨ ᠳᠡᠭᠡᠳᠦ ᠳᠠᠪᠬᠤᠷᠭ᠎ᠠ ᠶᠢᠨ ᠵᠢᠷᠤᠭ ᠲᠥᠯᠥᠪᠯᠡᠭᠡ ᠶᠢᠨ ᠴᠢᠭᠯᠡᠯ ᠳᠤ ᠰᠠᠭᠤᠷᠢᠯᠠᠵᠤ᠂ ᠣᠳᠣ ᠶᠢᠨ ᠪᠠᠶᠢᠭ᠎ᠠ ᠰᠢᠨ᠎ᠡ ᠴᠠᠭ ᠦᠶ᠎ᠡ ᠶᠢᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠪᠠᠷᠢᠮᠵᠢᠶ᠎ᠠ ᠶᠢ ᠨᠥᠬᠦᠪᠦᠷᠢᠯᠡᠨ ᠲᠡᠭᠦᠯᠳᠡᠷᠵᠢᠭᠦᠯᠬᠦ ᠪᠠᠷ ᠪᠠᠷᠠᠬᠤ ᠦᠭᠡᠢ᠂ ᠨᠡᠩ ᠴᠤ ᠢᠷᠡᠭᠡᠳᠦᠢ ᠶᠢ ᠪᠣᠳᠣᠯᠬᠢᠯᠠᠵᠤ᠂ ᠮᠠᠨ ᠤ ᠤᠯᠤᠰ ᠤᠨ ᠣᠳᠣᠬᠠᠨ ᠤ ᠣᠷᠣᠨ ᠰᠠᠭᠤᠴᠠ ᠳᠤ ᠨᠡᠶᠢᠳᠡᠮ ᠣᠷᠣᠰᠢᠵᠤ ᠪᠠᠶᠢᠭ᠎ᠠ ᠪᠠᠷᠢᠯᠭ᠎ᠠ ᠶᠢᠨ ᠠᠮᠢ ᠨᠠᠰᠤ ᠣᠬᠤᠷ᠂ ᠠᠵᠤ ᠦᠢᠯᠡᠰ ᠤᠨ ᠬᠢᠷᠢ ᠲᠦᠪᠰᠢᠨ ᠳᠣᠣᠷ᠎ᠠ᠂ ᠴᠢᠳᠠᠮᠵᠢ ᠴᠢᠨᠠᠷ ᠴᠢᠨᠰᠠᠭ᠎ᠠ ᠳᠣᠣᠷ᠎ᠠ᠂ ᠠᠵᠢᠯᠯᠠᠭᠤᠯᠵᠤ ᠪᠠᠲᠤᠯᠠᠬᠤ ᠡᠨᠧᠷᠭᠢ ᠶᠢᠨ ᠬᠤᠷᠣᠭᠳᠠᠭᠤᠯᠤᠯ ᠥᠨᠳᠥᠷ ᠵᠢᠴᠢ ᠠᠷᠠᠳ ᠣᠯᠠᠨ ᠤ ᠲᠥᠷᠥᠭᠳᠡᠯ ᠤᠨ ᠬᠡᠮᠵᠢᠶ᠎ᠡ ᠪᠠᠷ ᠠᠨᠠᠢ ᠵᠡᠷᠭᠡ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠦᠶᠢᠯᠡᠰᠵᠢᠭᠰᠡᠨ᠂ ᠪᠠᠷᠢᠯᠭ᠎ᠠ ᠶᠢ ᠣᠷᠳᠣ ᠨᠠᠰᠤᠯᠠᠭᠤᠯᠤᠭᠰᠠᠨ᠂ ᠶᠠᠰᠤ ᠴᠢᠨᠠᠷ ᠢ ᠰᠢᠯᠢᠳᠡᠭᠵᠢᠭᠦᠯᠦᠭᠰᠡᠨ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠪᠣᠯᠭᠠᠬᠤ ᠪᠠᠷ ᠭᠤᠣᠯ ᠪᠣᠯᠭᠠᠭᠰᠠᠨ ᠪᠦᠬᠦᠯᠢ ᠴᠣᠭᠴᠠ ᠶᠢᠨ ᠮᠡᠷᠭᠡᠵᠢᠯ ᠤᠨ ᠰᠢᠢᠳᠪᠦᠷᠢᠯᠡᠬᠦ ᠲᠥᠰᠥᠯ ᠢ ᠪᠠᠶᠢᠭᠤᠯᠵᠤ᠂ ᠰᠢᠨ᠎ᠡ ᠬᠡᠪ ᠵᠠᠭᠪᠤᠷ᠂ ᠰᠢᠨ᠎ᠡ ᠪᠠᠷᠢᠮᠵᠢᠶ᠎ᠠ ᠪᠠ ᠰᠢᠨ᠎ᠡ ᠰᠢᠰᠲ᠋ᠧᠮ ᠢ ᠬᠠᠮᠤᠷᠬᠤ ᠪᠠᠷ ᠵᠣᠷᠢᠯᠭ᠎ᠠ ᠪᠠᠨ ᠪᠣᠯᠭᠠᠵᠠᠢ᠃      ︽ᠵᠢᠷᠤᠭ ᠲᠥᠯᠥᠪᠯᠡᠭᠡ ᠶᠢᠨ ᠵᠦᠭᠯᠡᠭᠦᠷ︾ ᠨᠢ ᠤᠯᠠᠨ ᠲᠠᠯ᠎ᠠ ᠠᠴᠠ ᠰᠢᠨ᠎ᠡ ᠮᠠᠶ᠋ᠢᠭ ᠤᠨ ᠣᠷᠣᠨ ᠰᠠᠭᠤᠴᠠ ᠶᠢᠨ ᠴᠢᠳᠠᠪᠬᠢ ᠶᠢᠨ ᠰᠢᠰᠲ᠋ᠧᠮ ᠢ ᠰᠢᠰᠲ᠋ᠧᠮ ᠲᠠᠢ ᠪᠠᠶᠢᠭᠤᠯᠪᠠ᠂ ᠡᠭᠦᠨ ᠳᠤ ᠠᠵᠤ ᠦᠢᠯᠡᠰᠵᠢᠭᠦᠯᠦᠭᠰᠡᠨ᠂ ᠪᠠᠷᠢᠯᠭ᠎ᠠ ᠶᠢ ᠤᠷᠳᠤ ᠨᠠᠰᠤᠯᠠᠭᠤᠯᠤᠭᠰᠠᠨ᠂ ᠶᠠᠰᠤ ᠴᠢᠨᠠᠷ ᠢ ᠰᠢᠯᠢᠳᠡᠭᠵᠢᠭᠦᠯᠦᠭᠰᠡᠨ ᠪᠠ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠪᠣᠯᠭᠠᠭᠰᠠᠨ ᠵᠡᠷᠭᠡ ᠪᠠᠭᠲᠠᠨ᠎ᠠ᠃      ᠠᠵᠤ ᠦᠢᠯᠡᠰᠵᠢᠭᠦᠯᠦᠯᠲᠡ ᠶᠢᠨ ᠪᠦᠲᠦᠭᠡᠨ ᠪᠠᠶᠢᠭᠤᠯᠬᠤ᠄ ᠬᠡᠪ ᠵᠠᠭᠪᠤᠷ ᠢ ᠵᠣᠬᠢᠴᠠᠭᠤᠯᠬᠤ᠂ ᠰᠢᠰᠲ᠋ᠧᠮ ᠲᠠᠢ ᠬᠠᠮᠵᠢᠯᠴᠠᠬᠤ᠂ ᠳᠤᠭᠠᠴᠠᠯᠠᠭᠰᠠᠨ ᠮᠡᠷᠭᠡᠵᠢᠯ ᠵᠢᠴᠢ SI ᠰᠢᠰᠲ᠋ᠧᠮ ᠬᠢᠭᠡᠳ ᠪᠠᠶᠢᠭᠤᠯᠬᠤ ᠠᠷᠭ᠎ᠠ ᠮᠠᠶ᠋ᠢᠭ ᠤᠨ ᠴᠢᠬᠤᠯᠠ ᠴᠢᠨᠠᠷ ᠢ ᠴᠢᠬᠤᠯᠠᠴᠢᠯᠠᠨ᠎ᠠ᠃ ᠡᠳᠡᠭᠡᠷ ᠠᠷᠭ᠎ᠠ ᠪᠠᠷᠢᠯ ᠢᠶᠠᠷ ᠳᠠᠮᠵᠢᠭᠤᠯᠤᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢ ᠬᠡᠪᠴᠢᠶᠡᠵᠢᠭᠦᠯᠬᠦ᠂ ᠪᠠᠷᠢᠮᠵᠢᠶᠠᠵᠢᠭᠤᠯᠬᠤ ᠪᠠ ᠠᠵᠤ ᠦᠢᠯᠡᠳᠪᠦᠷᠢᠵᠢᠭᠦᠯᠬᠦ ᠶᠢ ᠪᠡᠶᠡᠯᠡᠭᠦᠯᠵᠦ᠂ ᠦᠢᠯᠡᠳᠪᠦᠷᠢᠯᠡᠯ ᠤᠨ ᠦᠷ᠎ᠡ ᠪᠦᠲᠦᠮᠵᠢ ᠶᠢ ᠪᠦᠲᠦᠮᠵᠢᠲᠡᠶ ᠪᠠᠷ ᠳᠡᠭᠡᠭᠰᠢᠯᠡᠭᠦᠯᠵᠦ᠂ ᠪᠠᠷᠢᠯᠭ᠎ᠠ ᠶᠢᠨ ᠶᠠᠰᠤ ᠴᠢᠨᠠᠷ ᠢ ᠦᠨᠡᠨ ᠬᠦ ᠪᠠᠲᠤᠯᠠᠵᠤ ᠴᠢᠳᠠᠨ᠎ᠠ᠃      ᠪᠠᠷᠢᠯᠭ᠎ᠠ ᠶᠢᠨ ᠣᠷᠳᠣ ᠨᠠᠰᠤᠯᠠᠬᠤ᠄ ᠠᠮᠤᠷ ᠲᠦᠪᠰᠢᠨ ᠤ ᠴᠢᠳᠠᠪᠬᠢ᠂ ᠳᠠᠭᠠᠭᠠᠮᠠᠭᠠᠢ ᠴᠢᠳᠠᠪᠬᠢ᠂ ᠪᠥᠬᠦ ᠠᠮᠢ ᠨᠠᠰᠤᠨ ᠤ ᠬᠤᠭᠤᠴᠠᠭᠠᠨ ᠤ ᠲᠤᠯᠭᠠᠭᠤᠷᠢ ᠴᠣᠭᠴᠠ ᠶᠢᠨ ᠴᠢᠳᠠᠪᠬᠢ ᠵᠡᠷᠭᠡ ᠲᠠᠯ᠎ᠠ ᠠᠴᠠ ᠡᠭᠦᠰᠴᠦ᠂ ᠠᠮᠢᠳᠤᠯᠢᠭ ᠣᠷᠳᠣ ᠨᠠᠰᠤᠯᠠᠬᠤ ᠴᠢᠳᠠᠪᠬᠢ᠂ ᠠᠮᠤᠷ ᠲᠦᠪᠰᠢᠨ ᠤ ᠳᠠᠭᠠᠭᠠᠮᠠᠭᠠᠢ ᠴᠢᠳᠠᠪᠬᠢ᠂ ᠭᠠᠮᠰᠢᠭ ᠠᠴᠠ ᠰᠡᠷᠭᠡᠶᠢᠯᠡᠬᠦ ᠤᠶᠠᠨ ᠬᠠᠲᠠᠨ ᠴᠢᠨᠠᠷ ᠪᠠ ᠲᠥᠬᠦᠭᠡᠷᠦᠮᠵᠢ ᠶᠢᠨ ᠪᠠᠲᠤᠯᠠᠭ᠎ᠠ ᠵᠡᠷᠭᠡ ᠱᠠᠭᠠᠷᠳᠠᠯᠭ᠎ᠠ ᠶᠢ ᠳᠤᠷᠠᠳᠤᠭᠰᠠᠨ ᠪᠠᠶᠢᠨ᠎ᠠ᠃ ᠡᠲᠡᠭᠡᠷ ᠱᠠᠭᠠᠷᠳᠠᠯᠭ᠎ᠠ ᠨᠢ ᠪᠠᠷᠢᠯᠭ᠎ᠠ ᠶᠢᠨ ᠬᠡᠷᠡᠭᠯᠡᠭᠡᠨ ᠤ ᠠᠮᠢ ᠨᠠᠰᠤ ᠶᠢ ᠤᠷᠲᠤᠳᠬᠠᠵᠤ᠂ ᠬᠠᠮᠠᠭᠠᠯᠠᠯᠲᠠ ᠶᠢᠨ ᠥᠪᠡᠷ ᠤᠨ ᠥᠷᠲᠡᠭ ᠢ ᠪᠠᠭᠤᠷᠠᠭᠤᠯᠤᠨ᠂ ᠣᠷᠣᠨ ᠰᠠᠭᠤᠴᠠ ᠶᠢᠨ ᠡᠳ᠋ ᠬᠥᠷᠥᠩᠭᠡ ᠶᠢᠨ ᠥᠷᠲᠡᠭ ᠢ ᠳᠡᠭᠡᠭᠰᠢᠯᠡᠭᠦᠯᠬᠦ ᠶᠢᠨ ᠲᠥᠯᠥᠭᠡ ᠶᠤᠮ᠃      ᠴᠢᠨᠠᠷ ᠴᠢᠨᠰᠠᠭ᠎ᠠ ᠶᠢ ᠰᠢᠯᠢᠳᠡᠭᠵᠢᠭᠦᠯᠬᠦ᠄ ᠨᠠᠰᠤᠲᠠᠶᠢᠴᠤᠳ ᠲᠤ ᠲᠣᠬᠢᠷᠠᠬᠤ ᠨᠡᠶᠢᠳᠡᠮ ᠬᠡᠷᠡᠭᠯᠡᠬᠦ ᠴᠢᠳᠠᠮᠵᠢ᠂ ᠣᠷᠳᠣ ᠬᠤᠭᠤᠴᠠᠭᠠᠨ ᠤ ᠬᠠᠮᠠᠭᠠᠯᠠᠯᠲᠠ ᠶᠢᠨ ᠴᠢᠳᠠᠮᠵᠢ᠂ ᠣᠶᠤᠨ ᠤᠬᠠᠭᠠᠨ ᠳᠥᠭᠦᠮ ᠳᠥᠲᠡ ᠴᠢᠳᠠᠮᠵᠢ ᠵᠢᠴᠢ ᠦᠢᠯᠡᠴᠢᠯᠡᠭᠡᠨ ᠤ ᠥᠨᠳᠥᠷ ᠪᠦᠲᠦᠮᠵᠢᠲᠡᠶ ᠴᠢᠳᠠᠮᠵᠢ ᠶᠢ ᠴᠢᠬᠤᠯᠠᠴᠢᠯᠠᠨ᠎ᠠ᠃ ᠡᠲᠡᠭᠡᠷ ᠴᠢᠳᠠᠮᠵᠢ ᠶᠢ ᠳᠡᠭᠡᠭᠰᠢᠯᠡᠭᠦᠯᠬᠦ ᠪᠠᠷ ᠳᠠᠮᠵᠢᠭᠤᠯᠤᠨ᠂ ᠠᠳᠠᠯᠢ ᠪᠤᠰᠤ ᠨᠠᠰᠤᠨ ᠤ ᠰᠠᠭᠤᠭᠠᠯᠢ ᠠᠷᠠᠳ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠣᠷᠣᠨ ᠰᠠᠭᠤᠴᠠ ᠶᠢᠨ ᠲᠠᠭᠠᠯᠠᠮᠵᠢᠲᠠᠢ ᠴᠢᠨᠠᠷ ᠪᠠ ᠲᠥᠬᠦᠮ ᠴᠢᠨᠠᠷ ᠢ ᠳᠡᠭᠡᠭᠰᠢᠯᠡᠭᠦᠯᠦᠨ᠎ᠡ᠃      ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠪᠣᠯᠭᠠᠬᠤ᠄ ᠣᠷᠴᠢᠨ ᠲᠣᠭᠤᠷᠢᠨ ᠤ ᠴᠢᠳᠠᠮᠵᠢ᠂ ᠬᠡᠷᠡᠭᠯᠡᠭᠡᠨ ᠤ ᠴᠢᠳᠠᠮᠵᠢ᠂ ᠠᠵᠤ ᠠᠬᠤᠢ ᠶᠢᠨ ᠴᠢᠳᠠᠮᠵᠢ ᠵᠡᠷᠭᠡ ᠲᠠᠯ᠎ᠠ ᠠᠴᠠ ᠭᠠᠷᠳᠠᠵᠤ᠂ ᠭᠠᠵᠠᠷ ᠣᠷᠣᠨ ᠤ ᠬᠠᠮᠲᠤ ᠣᠷᠣᠰᠢᠬᠤ ᠪᠠ ᠬᠥᠮᠥᠨ ᠨᠡᠶᠢᠭᠡᠮ ᠤᠨ ᠵᠣᠬᠢᠴᠠᠩᠭᠤᠢ ᠪᠠᠶᠢᠬᠤ᠂ ᠪᠦᠬᠦᠯᠢ ᠨᠠᠰᠤᠨ ᠤ ᠣᠷᠣᠰᠢᠨ ᠰᠠᠭᠤᠬᠤ ᠳᠤ ᠲᠣᠬᠢᠷᠠᠮᠵᠢᠲᠠᠢ ᠪᠠᠶᠢᠬᠤ ᠪᠠ ᠣᠷᠴᠢᠨ ᠲᠣᠭᠤᠷᠢᠨ ᠤ ᠴᠢᠳᠠᠮᠵᠢ᠂ ᠲᠠᠭᠠᠯᠠᠮᠵᠢᠲᠠᠢ ᠡᠷᠡᠭᠦᠯ ᠪᠠᠶᠢᠬᠤ ᠪᠠ ᠬᠡᠷᠡᠭᠯᠡᠭᠡᠨ ᠤ ᠴᠢᠳᠠᠮᠵᠢ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠪᠠᠭᠠᠰᠬᠠᠬᠤ ᠪᠠ ᠠᠮᠢ ᠠᠬᠤᠢ ᠶᠢᠨ ᠣᠷᠴᠢᠯ ᠵᠡᠷᠭᠡ ᠱᠠᠭᠠᠷᠳᠠᠯᠭ᠎ᠠ ᠶᠢ ᠳᠤᠷᠠᠳᠪᠠ᠃ ᠡᠲᠡᠭᠡᠷ ᠱᠠᠭᠠᠷᠳᠠᠯᠭ᠎ᠠ ᠨᠢ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠪᠣᠯᠣᠨ ᠪᠠᠶᠢᠭᠠᠯᠢ ᠶᠢᠨ ᠣᠷᠴᠢᠨ ᠲᠣᠭᠤᠷᠢᠨ ᠤ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠶᠢ ᠪᠡᠶᠡᠯᠡᠭᠦᠯᠵᠦ᠂ ᠡᠨᠧᠷᠭᠢ ᠶᠢᠨ ᠬᠤᠷᠣᠭᠳᠠᠯ ᠢ ᠪᠠᠭᠠᠰᠬᠠᠨ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠪᠠᠭᠠᠰᠬᠠᠬᠤ ᠶᠢᠨ ᠲᠥᠯᠥᠭᠡ ᠶᠤᠮ᠃      ᠰᠢᠨ᠎ᠡ ᠬᠡᠪ ᠵᠠᠭᠪᠤᠷ — ᠦᠷᠭᠦᠯᠵᠢᠯᠡᠨ ᠬᠡᠯᠪᠡᠷᠢ ᠬᠤᠪᠢᠷᠠᠭᠤᠯᠬᠤ ᠰᠢᠨ᠎ᠡ ᠬᠠᠷᠠᠯᠲᠠ ᠳᠤ ᠵᠤᠷᠢᠭᠤᠯᠪᠠ      ︽ᠵᠢᠷᠤᠭ ᠲᠥᠯᠥᠪᠯᠡᠭᠡ ᠶᠢᠨ ᠵᠦᠭᠯᠡᠭᠦᠷ︾ ᠨᠢ ᠰᠢᠨ᠎ᠡ ᠴᠠᠭ ᠦᠶ᠎ᠡ ᠶᠢᠨ ᠰᠠᠶᠢᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠬᠦ ᠠᠷᠭ᠎ᠠ ᠵᠠᠮ ᠤᠨ ᠰᠢᠨ᠎ᠡ ᠴᠢᠭᠯᠡᠯ ᠢ ᠡᠭᠦᠳᠪᠡ᠃ ᠪᠠᠶᠢᠯᠳᠤᠬᠤ ᠪᠣᠳᠣᠯᠭ᠎ᠠ ᠶᠢᠨ ᠲᠠᠯ᠎ᠠ ᠪᠠᠷ᠂ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠬᠡᠯᠪᠡᠷᠢ ᠬᠤᠪᠢᠷᠠᠭᠤᠯᠬᠤ ᠶᠢ ᠴᠢᠬᠤᠯᠠᠴᠢᠯᠠᠨ᠎ᠠ︔ ᠶᠠᠰᠤ ᠴᠢᠨᠠᠷ ᠤᠨ ᠲᠠᠯ᠎ᠠ ᠪᠠᠷ᠂ ᠣᠷᠣᠨ ᠰᠠᠭᠤᠴᠠ ᠶᠢᠨ ᠦᠢᠯᠡᠳᠬᠦᠨ ᠤ ᠶᠠᠰᠤ ᠴᠢᠨᠠᠷ ᠤᠨ ᠳᠡᠭᠡᠭᠰᠢᠯᠡᠯᠲᠡ ᠪᠠ ᠬᠠᠩᠭᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠎ᠡ︔ ᠠᠵᠤ ᠦᠢᠯᠡᠰ ᠤᠨ ᠲᠠᠯ᠎ᠠ ᠪᠠᠷ᠂ ᠠᠵᠤ ᠦᠢᠯᠡᠰ ᠤᠨ ᠲᠡᠰ ᠳᠡᠪᠰᠢᠬᠦ ᠪᠠ ᠰᠢᠨ᠎ᠡ ᠠᠵᠤ ᠦᠢᠯᠡᠰ ᠢ ᠪᠣᠶᠢᠵᠢᠭᠤᠯᠬᠤ ᠶᠢ ᠠᠩᠬᠠᠷᠤᠨ᠎ᠠ᠃ ᠴᠢᠨᠠᠷ ᠰᠠᠶᠢᠲᠠᠢ ᠦᠷᠭᠦᠯᠵᠢᠯᠡᠬᠦ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠢᠰᠲ᠋ᠧᠮ ᠢ ᠪᠠᠶᠢᠭᠤᠯᠬᠤ ᠪᠠ ᠠᠵᠤ ᠦᠢᠯᠡᠰ ᠤᠨ ᠬᠡᠯᠪᠡᠷᠢ ᠬᠤᠪᠢᠷᠠᠭᠤᠯᠬᠤ ᠵᠡᠷᠭᠡ ᠲᠠᠯ᠎ᠠ ᠪᠠᠷ ᠬᠡᠷᠡᠭᠵᠢᠭᠦᠯᠬᠦ ᠠᠷᠭ᠎ᠠ ᠵᠠᠮ ᠢ ᠲᠣᠳᠣᠷᠬᠠᠢ ᠪᠣᠯᠭᠠᠨ᠎ᠠ᠃ ︽ᠪᠠᠷᠢᠮᠵᠢᠶ᠎ᠠ ᠲᠣᠭᠲᠠᠭᠠᠬᠤ᠂ ᠥᠯᠢᠭᠡᠷ ᠳᠠᠭᠤᠷᠢᠶᠠᠯ ᠢ ᠠᠳᠬᠤᠬᠤ᠂ ᠰᠢᠰᠲ᠋ᠧᠮ ᠢ ᠪᠠᠶᠢᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠢ ᠴᠢᠩᠭᠠᠳᠬᠠᠬᠤ︾ ᠠᠵᠢᠯ ᠤᠨ ᠳᠤᠮᠳᠠ᠂ ᠵᠢᠷᠤᠭ ᠲᠦᠯᠦᠪᠯᠡᠯᠭᠡ ᠶᠢᠨ ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠬᠤ ᠪᠠ ᠪᠠᠷᠢᠮᠵᠢᠶᠠᠲᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠴᠢᠳᠠᠪᠤᠷᠢ ᠣᠯᠭᠤᠬᠤ ᠶᠢ ᠳᠣᠪᠤᠶᠢᠯᠭᠠᠵᠤ᠂ ᠰᠢᠨ᠎ᠡ ᠴᠠᠭ ᠦᠶ᠎ᠡ ᠶᠢᠨ ᠰᠠᠶᠢᠨ ᠣᠷᠣᠨ ᠰᠠᠭᠤᠴᠠ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠳᠤ ᠪᠥᠬᠦ ᠲᠠᠯ᠎ᠠ ᠪᠠᠷ ᠬᠦᠴᠦᠨ ᠨᠡᠮᠡᠷᠢᠯᠡᠨ᠎ᠡ ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1