ᠵᠠᠬᠢᠳᠠᠯ ᠰᠣᠷᠪᠤᠯᠵᠢᠯᠠᠭ᠎ᠠ ᠶᠢᠨ ᠠᠷᠭ᠎ᠠ ᠵᠠᠮ ᠢ ᠤᠯᠠᠮ ᠨᠢᠭᠡ ᠠᠯᠬᠤᠮ ᠰᠠᠭᠠᠳ ᠦᠭᠡᠢ ᠨᠠᠪᠲᠠᠷᠡᠭᠦᠯᠵᠦ᠂ | ᠤᠯᠠᠨ ᠲᠦᠮᠡᠨ ᠤ ᠭᠤᠮᠣᠳᠠᠯ ᠱᠠᠭᠠᠷᠳᠠᠯᠭ᠎ᠠ ᠪᠠᠨ ᠢᠯᠡᠳᠬᠡᠬᠦ ᠳᠤ ᠳᠥᠭᠦᠮ ᠳᠥᠲᠡ ᠰᠠᠭᠠᠳ ᠦᠭᠡᠢ ᠨᠡᠪᠲᠡᠷᠡᠬᠦ | ᠵᠠᠮ ᠢ ᠨᠡᠭᠡᠭᠡᠵᠦ ᠥᠭᠬᠦ ᠶᠢᠨ ᠲᠥᠯᠥᠭᠡ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠡᠳ᠂ ᠲᠣᠭᠲᠠᠬᠤ ᠰᠢᠶᠠᠨ ᠤ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠶᠢ ᠪᠦᠬᠦᠯᠢ ᠴᠣᠭᠴᠠ ᠪᠠᠷ | ᠨᠢ ᠨᠡᠭᠦᠯᠭᠡᠨ᠎ᠡ᠂ ᠤᠳᠤ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠨ ᠨᠡᠶᠢᠲᠡᠯᠡᠶ᠎ᠡ᠄ | ᠨᠢᠭᠡ᠂ ᠰᠢᠨ᠎ᠡ ᠰᠠᠭᠤᠭ᠎ᠠ ᠭᠠᠵᠠᠷ | ᠲᠣᠭᠲᠠᠬᠤ ᠰᠢᠶᠠᠨ ᠤ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ︵ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠥᠪ ᠤᠨ ᠠᠰᠠᠷ ᠤᠨ ᠬᠤᠶᠢᠲᠤ ᠲᠠᠯ᠎ᠠ᠂ ᠬᠠᠤᠯᠢ ᠴᠠᠭᠠᠵᠠ ᠶᠢᠨ ᠲᠣᠪᠴᠢᠶ᠎ᠠ ᠶᠢᠨ ᠨᠢᠭᠡᠳᠦᠭᠡᠷ | ᠳᠠᠪᠬᠤᠷᠯᠢᠭ ᠤᠨ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠲᠥᠪ︶ | ᠬᠤᠶᠠᠷ᠂ ᠨᠡᠭᠦᠯᠭᠡᠬᠦ ᠴᠠᠭ | 2025 ᠣᠨ ᠤ 2 ᠳ᠋ᠤᠭᠠᠷ ᠰᠠᠷ᠎ᠠ ᠶᠢᠨ 14 ᠤ ᠡᠳᠦᠷ᠂ ᠰᠢᠶᠠᠨ ᠤ ᠵᠠᠰᠠᠭ ᠤᠨ ᠣᠷᠳᠣᠨ ᠤ ᠨᠢᠭᠡᠳᠦᠭᠡᠷ | ᠳᠠᠪᠬᠤᠷᠯᠢᠭ ᠤᠨ ᠲᠣᠭᠲᠠᠬᠤ ᠰᠢᠶᠠᠨ ᠤ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠡᠯ᠎ᠡ ᠲᠦᠷᠦᠯ ᠤᠨ ᠵᠠᠬᠢᠳᠠᠯ | ᠰᠣᠷᠪᠤᠯᠵᠢᠯᠠᠭ᠎ᠠ ᠶᠢᠨ ᠵᠦᠢᠯᠡᠰ ᠢ ᠬᠦᠯᠢᠶᠡᠨ ᠠᠪᠴᠤ ᠰᠢᠢᠳᠪᠦᠷᠢᠯᠡᠬᠦ ᠪᠠᠨ ᠲᠦᠷ ᠵᠤᠭᠰᠤᠨ᠎ᠠ᠃ ᠰᠢᠨ᠎ᠡ ᠠᠯᠪᠠᠯᠠᠬᠤ | ᠲᠤᠭᠤᠷᠢᠭ ᠨᠢ 2 ᠳ᠋ᠤᠭᠠᠷ ᠰᠠᠷ᠎ᠠ ᠶᠢᠨ 17 ᠤ ᠡᠳᠦᠷ ᠤᠨ ᠦᠳᠡ ᠶᠢᠨ ᠡᠮᠦᠨᠡᠬᠢ 9᠄ 00 ᠴᠠᠭ ᠠᠴᠠ ᠡᠬᠢᠯᠡᠨ | ᠠᠯᠪᠠᠨ ᠶᠣᠰᠣ ᠪᠠᠷ ᠠᠵᠢᠯᠯᠠᠨ᠎ᠠ᠃ | ᠭᠤᠷᠪᠠ᠂ ᠤᠴᠢᠷ ᠶᠠᠪᠤᠳᠠᠯ ᠭᠦᠢᠴᠡᠳᠭᠡᠬᠦ ᠳᠤ ᠡᠷᠬᠡᠪᠰᠢ ᠠᠩᠬᠠᠷᠬᠤ ᠵᠦᠢᠯ᠄ | ᠲᠣᠭᠲᠠᠬᠤ ᠰᠢᠶᠠᠨ ᠤ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠲᠥᠪ ᠨᠢ ᠬᠠᠮᠲᠤᠷᠠᠭᠰᠠᠨ | ᠰᠣᠷᠪᠤᠯᠵᠢᠯᠠᠭ᠎ᠠ ᠶᠢ ᠬᠦᠯᠢᠶᠡᠨ ᠠᠪᠬᠤ ᠲᠥᠪ ᠲᠠᠢ ᠨᠡᠶᠢᠯᠡᠵᠦ᠂ ᠵᠠᠬᠢᠳᠠᠯ ᠰᠣᠷᠪᠤᠯᠵᠢᠯᠠᠭ᠎ᠠ ᠶᠢ ᠬᠦᠯᠢᠶᠡᠨ ᠠᠪᠬᠤ᠂ | ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ᠂ ᠬᠥᠳᠡᠯᠮᠦᠷᠢ ᠶᠢᠨ ᠬᠥᠨᠳᠡᠯᠡᠨ ᠠᠴᠠ ᠲᠠᠰᠤᠯᠬᠤ᠂ ᠵᠠᠰᠠᠭ | ᠵᠠᠬᠢᠷᠭᠠᠨ ᠢᠶᠠᠷ ᠳᠠᠬᠢᠨ ᠵᠥᠪᠯᠡᠬᠦ᠂ ᠠᠯᠪᠠᠨ ᠭᠡᠷᠡᠴᠢᠯᠡᠭᠡ ᠬᠢᠬᠦ ᠵᠡᠷᠭᠡ ᠴᠤᠩᠬᠤᠪᠴᠢ ᠶᠢ ᠲᠥᠪᠯᠡᠷᠡᠭᠦᠯᠦᠨ | ᠠᠵᠢᠯᠯᠠᠭᠤᠯᠤᠨ᠎ᠠ᠃ | ᠳᠥᠷᠪᠡ᠂ ᠠᠵᠢᠯᠯᠠᠬᠤ ᠴᠠᠭ | ᠬᠠᠤᠯᠢ ᠪᠠᠷ ᠲᠣᠭᠲᠠᠭᠠᠭᠰᠠᠨ ᠠᠵᠢᠯᠯᠠᠬᠤ ᠡᠳᠦᠷ᠄ ᠦᠳᠡ ᠶᠢᠨ ᠡᠮᠦᠨ᠎ᠡ 9᠄ 00 ︱ 12᠄ 00᠂ | ᠦᠳᠡ ᠶᠢᠨ ᠬᠤᠶᠢᠨ᠎ᠠ 14᠄ 30 ︱ 17᠄ 30᠃ | ᠲᠠᠪᠤ᠂ ᠬᠠᠷᠢᠯᠴᠠᠬᠤ ᠠᠷᠭ᠎ᠠ ᠬᠡᠯᠪᠡᠷᠢ | ᠬᠠᠷᠢᠯᠴᠠᠬᠤ ᠤᠲᠠᠰᠤ᠄ 13847158282᠂ 15598006660 | ᠲᠠᠨ ᠤ ᠠᠭᠤᠴᠢᠯᠠᠯ ᠢ ᠬᠦᠰᠡᠶ᠎ᠡ︕ᠬᠠᠷᠢᠯᠴᠠᠨ ᠳᠠᠮᠵᠢᠭᠤᠯᠬᠤ ᠶᠢ ᠬᠦᠰᠡᠶ᠎ᠡ︕ | ᠡᠭᠦᠨ ᠤ ᠲᠤᠯᠠ ᠣᠨᠴᠠᠭᠠᠶᠢᠯᠠᠨ ᠵᠠᠷᠯᠠᠪᠠ᠃ | ᠲᠣᠭᠲᠠᠬᠤ ᠰᠢᠶᠠᠨ ᠤ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ | 2025 ᠣᠨ ᠤ 2 ᠳ᠋ᠤᠭᠠᠷ ᠰᠠᠷ᠎ᠠ ᠶᠢᠨ 13 ᠤ ᠡᠳᠦᠷ | ᠢᠷᠡᠯᠳᠡ᠄ ᠲᠤᠭᠳᠠᠬᠤ ᠰᠢᠶᠠᠨ ᠤ ᠵᠠᠰᠠᠭ ᠤᠨ ᠤᠷᠳᠦᠨ ᠤ ᠰᠦᠯᠵᠢᠶ᠎ᠡ |