ᠲᠣᠭᠲᠠᠬᠤ ᠰᠢᠶᠠᠨ ᠤ ᠠᠵᠢᠯᠴᠢᠨ ᠤ ᠶᠡᠷᠦᠩᠬᠡᠢ ᠡᠪᠯᠡᠯ᠄ 2025 ᠣᠨ ᠤ ᠬᠠᠮᠲᠤ ᠪᠠᠷ ᠵᠥᠪᠳᠡᠯᠴᠡᠬᠦ ᠠᠵᠢᠯ ᠢ ᠥᠷᠨᠢᠭᠦᠯᠬᠦ ᠲᠤᠬᠠᠢ ᠰᠠᠨᠠᠭᠤᠯᠤᠮᠵᠢ
ᠨᠡᠶᠢᠲᠡᠯᠡᠭᠰᠡᠨ ᠴᠠᠭ᠄
2025/2/18
ᠲᠣᠭᠲᠠᠬᠤ ᠰᠢᠶᠠᠨ ᠤ ᠡᠯ᠎ᠡ ᠲᠥᠷᠥᠯ ᠤᠨ ᠠᠵᠤ ᠠᠬᠤᠶᠢᠯᠠᠯ ᠳᠤ᠄      ᠬᠠᠮᠲᠤ ᠪᠠᠷ ᠵᠥᠪᠳᠡᠯᠴᠡᠬᠦ ᠪᠠ ᠬᠠᠮᠲᠤ ᠶᠢᠨ ᠭᠡᠷ᠎ᠡ ᠶᠢᠨ ᠳᠦᠷᠢᠮ ᠪᠣᠯ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠨᠥᠬᠦᠴᠡᠯ ᠳᠣᠣᠷ᠎ᠠ ᠬᠥᠳᠡᠯᠮᠦᠷᠢ ᠶᠢᠨ ᠬᠠᠷᠢᠴᠠᠭ᠎ᠠ ᠶᠢ ᠲᠣᠬᠢᠷᠠᠭᠤᠯᠬᠤ ᠴᠢᠬᠤᠯᠠ ᠬᠠᠤᠯᠢ ᠴᠠᠭᠠᠵᠠ ᠶᠢᠨ ᠳᠦᠷᠢᠮ ᠮᠥ᠊ ‍ᠨ᠂ ᠪᠠᠰᠠ ᠴᠤ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠬᠤ᠂ ᠠᠵᠤ ᠠᠬᠤᠶᠢᠯᠠᠯ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ ᠴᠢᠬᠤᠯᠠ ᠠᠷᠭ᠎ᠠ ᠪᠠᠷᠢᠯ ᠮᠥᠨ᠃ ᠠᠵᠤ ᠠᠬᠤᠶᠢᠯᠠᠯ ᠪᠣᠯᠣᠨ ᠠᠵᠢᠯᠲᠠᠨ ᠠᠵᠢᠯᠴᠢᠨ ᠬᠠᠤᠯᠢ ᠶᠣᠰᠣᠭᠠᠷ ᠡᠷᠬᠡ ᠲᠡᠭᠰᠢ ᠪᠠᠷ ᠵᠥᠪᠳᠡᠯᠴᠡᠬᠦ ᠪᠠᠷ ᠲᠠᠮᠵᠢᠨ ᠬᠥᠳᠡᠯᠮᠦᠷᠢ ᠶᠢᠨ ᠬᠥᠯᠥᠰᠦ ᠣᠯᠭᠤᠮᠵᠢ᠂ ᠬᠥᠳᠡᠯᠮᠦᠷᠢ ᠶᠢᠨ ᠪᠠᠷᠢᠮᠵᠢᠶ᠎ᠠ᠂ ᠠᠰᠠᠷᠠᠮᠵᠢ ᠬᠠᠷᠠᠭᠠᠯᠵᠠᠯ ᠪᠠ ᠬᠥᠳᠡᠯᠮᠦᠷᠢ ᠶᠢᠨ ᠠᠶᠤᠯᠭᠦᠢ ᠪᠠᠶᠢᠳᠠᠯ ᠡᠷᠡᠭᠦᠯ ᠬᠠᠮᠠᠭᠠᠯᠠᠯ ᠤᠨ ᠣᠷᠴᠢᠨ ᠨᠥᠬᠦᠴᠡᠯ ᠢ ᠰᠠᠶᠢᠵᠢᠷᠠᠭᠤᠯᠬᠤ ᠵᠡᠷᠭᠡ ᠶᠢ ᠲᠣᠭᠲᠠᠭᠠᠬᠤ ᠪᠣᠯ ᠠᠵᠢᠯᠲᠠᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠪᠣᠯᠬᠤ ᠮᠥᠷᠲᠡᠭᠡᠨ ᠪᠠᠰᠠ ᠴᠤ ᠠᠵᠤ ᠠᠬᠤᠶᠢᠯᠠᠯ ᠤᠨ ᠬᠠᠤᠯᠢ ᠶᠢᠨ ᠬᠠᠷᠢᠭᠤᠴᠠᠯᠭ᠎ᠠ ᠪᠠ ᠨᠡᠶᠢᠭᠡᠮ ᠤᠨ ᠬᠠᠷᠢᠭᠤᠴᠠᠯᠭ᠎ᠠ ᠪᠣᠯᠣᠨ᠎ᠠ᠃      ᠨᠠᠮ ᠤᠨ ᠬᠤᠷᠢᠳᠤᠭᠠᠷ ᠬᠤᠭᠤᠴᠠᠭᠠᠨ ᠤ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠣᠯᠣᠨ ᠳᠤᠮᠳᠠᠳᠤ ᠤᠯᠤᠰ ᠤᠨ ᠠᠵᠢᠯᠴᠢᠨ ᠤ ᠡᠪᠯᠡᠯ ᠤᠨ ᠠᠷᠪᠠᠨ ᠨᠠᠢᠮᠠᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠶᠢᠨ ᠲᠥᠯᠥᠭᠡ᠂ ᠡᠶ᠎ᠡ ᠵᠣᠬᠢᠴᠠᠩᠭᠤᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠬᠤ ᠶᠢ ᠤᠯᠠᠮ ᠨᠢᠭᠡ ᠠᠯᠬᠤᠮ ᠠᠬᠢᠭᠤᠯᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠯᠮᠦᠷᠢ ᠶᠢᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠯᠮᠦᠷᠢ ᠶᠢᠨ ᠭᠡᠷ᠎ᠡ ᠶᠢᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯᠴᠢᠨ ᠤ ᠡᠪᠯᠡᠯ ᠤᠨ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠬᠠᠮᠲᠤ ᠶᠢᠨ ᠭᠡᠷ᠎ᠡ ᠶᠢᠨ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠴᠠᠯᠢᠩ ᠢ ᠬᠠᠮᠲᠤ ᠪᠠᠷ ᠵᠥᠪᠳᠡᠯᠴᠡᠬᠦ ᠳᠦᠷᠢᠮ ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠡᠪᠯᠡᠯ ᠤᠨ ᠬᠥᠳᠡᠯᠮᠦᠷᠢ ᠶᠢᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠪᠥᠬᠦ ᠰᠢᠶᠠᠨ ᠤ ᠡᠯ᠎ᠡ ᠲᠥᠷᠥᠯ ᠤᠨ ᠠᠵᠤ ᠠᠬᠤᠶᠢᠯᠠᠯ ᠳᠤ ᠣᠨᠴᠠᠭᠠᠶᠢᠯᠠᠨ ᠲᠤᠳᠤᠨᠤᠰᠤᠭ ᠰᠠᠨᠠᠭᠤᠯᠤᠮᠵᠢ ᠲᠠᠯᠪᠢᠶ᠎ᠠ᠄      ᠨᠢᠭᠡ᠂ ᠬᠠᠮᠲᠤ ᠪᠠᠷ ᠵᠥᠪᠳᠡᠯᠴᠡᠬᠦ ᠶᠢ ᠬᠠᠷᠠᠬᠠᠨ ᠥᠷᠨᠢᠭᠦᠯᠦᠭᠡᠳᠦᠢ᠂ ᠬᠠᠮᠲᠤ ᠶᠢᠨ ᠭᠡᠷ᠎ᠡ ᠪᠠ ᠴᠠᠯᠢᠩ ᠤᠨ ᠲᠤᠰᠬᠠᠢ ᠵᠦᠢᠯ ᠤᠨ ᠬᠠᠮᠲᠤ ᠶᠢᠨ ᠭᠡᠷ᠎ᠡ ᠶᠢᠨ ᠬᠤᠭᠤᠴᠠᠭ᠎ᠠ ᠨᠢ ᠲᠤᠯᠪᠠᠯ ᠦᠷᠭᠦᠯᠵᠢᠯᠡᠨ ᠭᠡᠷ᠎ᠡ ᠲᠣᠭᠲᠠᠬᠤ ᠪᠤᠶᠤ ᠳᠠᠭᠢᠵᠤ ᠰᠢᠨ᠎ᠡ ᠪᠠᠷ ᠭᠡᠷ᠎ᠡ ᠲᠣᠭᠲᠠᠬᠤ ᠴᠢᠬᠤᠯᠠᠲᠠᠢ ᠠᠵᠤ ᠠᠬᠤᠶᠢᠯᠠᠯ ᠨᠢ ᠠᠵᠤ ᠠᠬᠤᠶᠢᠯᠠᠯ ᠤᠨ ᠠᠵᠢᠯᠴᠢᠨ ᠤ ᠡᠪᠯᠡᠯ ᠤᠨ ᠬᠠᠮᠲᠤ ᠪᠠᠷ ᠵᠥᠪᠳᠡᠯᠴᠡᠬᠦ ᠪᠣᠯᠵᠤᠭ᠎ᠠ ᠶᠢ ᠳᠠᠷᠤᠢ ᠲᠦᠷᠭᠡᠨ ᠳᠠᠭᠠᠬᠤ ᠪᠤᠶᠤ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠤᠨ ᠠᠵᠢᠯᠴᠢᠨ ᠤ ᠡᠪᠯᠡᠯ ᠳᠤ ᠪᠣᠯᠵᠤᠭ᠎ᠠ ᠳᠤᠷᠠᠳᠴᠤ᠂ ᠬᠠᠮᠲᠤ ᠪᠠᠷ ᠵᠥᠪᠳᠡᠯᠴᠡᠬᠦ ᠠᠵᠢᠯ ᠢ ᠥᠷᠨᠢᠭᠦᠯᠬᠦ ᠬᠡᠷᠡᠭᠲᠡᠢ᠃      ᠬᠤᠶᠠᠷ᠂ ᠬᠠᠮᠲᠤ ᠪᠠᠷ ᠵᠥᠪᠳᠡᠯᠴᠡᠬᠦ ᠬᠠᠤᠯᠢ ᠳᠤ ᠲᠣᠭᠲᠠᠭᠠᠭᠰᠠᠨ ᠳᠡᠰ ᠳᠠᠷᠠᠭᠠᠯᠠᠯ ᠢ ᠴᠢᠩᠭ᠎ᠠ ᠵᠢᠷᠤᠮᠯᠠᠨ᠂ ᠲᠤᠰ ᠠᠵᠤ ᠠᠬᠤᠶᠢᠯᠠᠯ ᠤᠨ ᠪᠣᠳᠠᠲᠤ ᠪᠠᠶᠢᠳᠠᠯ ᠳᠠᠭᠠᠨ ᠰᠠᠭᠤᠷᠢᠯᠠᠨ᠂ ᠠᠵᠢᠯᠲᠠᠨ ᠠᠵᠢᠯᠴᠢᠨ ᠤ ᠲᠥᠯᠥᠭᠡᠯᠡᠭᠴᠢ ᠲᠠᠢ ᠬᠥᠳᠡᠯᠮᠦᠷᠢ ᠶᠢᠨ ᠬᠥᠯᠥᠰᠦ ᠣᠯᠭᠤᠮᠵᠢ᠂ ᠠᠵᠢᠯᠯᠠᠬᠤ ᠴᠠᠭ᠂ ᠠᠮᠠᠷᠠᠯᠲᠠ ᠪᠠ ᠠᠮᠠᠷᠠᠯᠲᠠ ᠶᠢᠨ ᠴᠢᠯᠦᠭᠡ᠂ ᠬᠥᠳᠡᠯᠮᠦᠷᠢ ᠶᠢᠨ ᠠᠮᠤᠷ ᠲᠦᠪᠰᠢᠨ ᠪᠠ ᠡᠷᠡᠭᠦᠯ ᠬᠠᠮᠠᠭᠠᠯᠠᠯ᠂ ᠡᠮᠡᠭᠲᠡᠢ ᠠᠵᠢᠯᠲᠠᠨ ᠠᠵᠢᠯᠴᠢᠨ ᠤ ᠣᠨᠴᠠᠭᠠᠶ ᠡᠷᠬᠡ ᠠᠰᠢᠭ ᠤᠨ ᠬᠠᠮᠠᠭᠠᠯᠠᠯᠲᠠ᠂ ᠠᠵᠢᠯᠲᠠᠨ ᠠᠵᠢᠯᠴᠢᠨ ᠤ ᠠᠰᠠᠷᠠᠮᠵᠢ ᠶᠢᠨ ᠵᠠᠷᠤᠳᠠᠯ ᠪᠠ ᠪᠣᠯᠪᠠᠰᠤᠷᠠᠯ ᠤᠨ ᠵᠠᠷᠤᠳᠠᠯ ᠤᠨ ᠬᠡᠷᠡᠭᠯᠡᠯᠲᠡ᠂ ᠮᠡᠷᠭᠡᠵᠢᠯ ᠤᠨ ᠠᠵᠢᠯᠴᠢᠨ ᠪᠤᠶᠤ ᠳᠡᠭᠡᠳᠦ ᠮᠡᠷᠭᠡᠵᠢᠯ ᠤᠨ ᠴᠢᠳᠠᠪᠤᠷᠢᠲᠠᠨ ᠤ ᠣᠯᠭᠤᠮᠵᠢ᠂ ᠬᠥᠳᠡᠯᠮᠦᠷᠢ ᠶᠢᠨ ᠬᠠᠮᠠᠭᠠᠯᠠᠯᠲᠠ ᠶᠢᠨ ᠠᠭᠤᠯᠭ᠎ᠠ ᠵᠡᠷᠭᠡ ᠠᠵᠢᠯᠲᠠᠨ ᠠᠵᠢᠯᠴᠢᠨ ᠤ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠤᠴᠢᠷ ᠶᠠᠪᠤᠳᠠᠯ ᠤᠨ ᠲᠤᠬᠠᠢ ᠡᠷᠬᠡ ᠲᠡᠭᠰᠢ ᠪᠠᠷ ᠵᠥᠪᠳᠡᠯᠴᠡᠨ᠎ᠡ᠃ ︽1+3︾ ᠬᠠᠮᠲᠤ ᠶᠢᠨ ᠭᠡᠷ᠎ᠡ ︵ᠶᠡᠷᠦᠩᠬᠡᠶᠢᠯᠡᠭᠰᠡᠨ ᠬᠠᠮᠲᠤ ᠶᠢᠨ ᠭᠡᠷ᠎ᠡ + ᠴᠠᠯᠢᠩ ᠤᠨ ᠲᠤᠰᠬᠠᠢ ᠵᠦᠢᠯ᠂ ᠡᠮᠡᠭᠲᠡᠢ ᠠᠵᠢᠯᠲᠠᠨ ᠠᠵᠢᠯᠴᠢᠨ ᠤ ᠣᠨᠴᠠᠭᠠᠶ ᠡᠷᠬᠡ ᠠᠰᠢᠭ ᠢ ᠬᠠᠮᠠᠭᠠᠯᠠᠬᠤ ᠲᠤᠰᠬᠠᠢ ᠵᠦᠢᠯ᠂ ᠬᠥᠳᠡᠯᠮᠦᠷᠢ ᠶᠢᠨ ᠡᠷᠡᠭᠦᠯ ᠬᠠᠮᠠᠭᠠᠯᠠᠯ ᠤᠨ ᠠᠶᠤᠯᠭᠦᠢ ᠶᠢᠨ ᠲᠤᠰᠬᠠᠢ ᠵᠦᠢᠯ ᠤᠨ ᠬᠠᠮᠲᠤ ᠶᠢᠨ ᠭᠡᠷ᠎ᠡ︶ ᠶᠢ ᠲᠣᠭᠲᠠᠭᠠᠨ᠎ᠠ᠃ ᠭᠠᠷ ᠤᠨ ᠥᠰᠥᠭ ᠵᠢᠷᠤᠭᠰᠠᠨ ᠡᠯ᠎ᠡ ᠵᠦᠢᠯ ᠤᠨ ᠭᠡᠷ᠎ᠡ ᠶᠢ ᠠᠵᠢᠯᠲᠠᠨ ᠠᠵᠢᠯᠴᠢᠨ ᠤ ᠲᠥᠯᠥᠭᠡᠯᠡᠭᠴᠢᠳ ᠤᠨ ᠶᠡᠭᠡ ᠬᠤᠷᠠᠯ ᠪᠤᠶᠤ ᠪᠥᠬᠦ ᠠᠵᠢᠯᠲᠠᠨ ᠠᠵᠢᠯᠴᠢᠨ ᠤ ᠶᠡᠭᠡ ᠬᠤᠷᠠᠯ ᠢᠶᠠᠷ ᠬᠢᠨᠠᠨ ᠶᠠᠷᠢᠯᠴᠠᠭᠤᠯᠵᠤ ᠪᠠᠲᠤᠯᠠᠭᠤᠯᠤᠭᠰᠠᠨ ᠤ ᠳᠠᠷᠠᠭᠠᠬᠢ ᠲᠤᠯᠤᠭᠠᠨ ᠡᠳᠦᠷ ᠤᠨ ᠳᠣᠲᠣᠷ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠤ ᠬᠠᠤᠯᠢ ᠶᠣᠰᠣᠨ ᠤ ᠬᠢᠨᠠᠨ ᠪᠠᠶᠢᠴᠠᠭᠠᠯᠲᠠ ᠶᠢ ᠴᠠᠭ ᠲᠤᠬᠠᠢ ᠳᠤᠨᠢ ᠮᠡᠳᠡᠭᠦᠯᠦᠨ ᠬᠦᠷᠭᠡᠵᠦ᠂ ᠰᠦᠯᠵᠢᠶᠡᠨ ᠳᠡᠭᠡᠷ᠎ᠡ ᠳᠠᠩᠰᠠᠯᠠᠭᠤᠯᠤᠨ᠎ᠠ᠂ ᠭᠡᠷ᠎ᠡ ᠬᠦᠴᠦᠨ ᠲᠠᠢ ᠪᠣᠯᠤᠭᠰᠠᠨ ᠤ ᠳᠠᠷᠠᠭᠠᠬᠢ ᠠᠷᠪᠠᠨ ᠡᠳᠦᠷ ᠤᠨ ᠳᠣᠲᠣᠷ᠎ᠠ ᠪᠥᠬᠦ ᠠᠵᠢᠯᠲᠠᠨ ᠠᠵᠢᠯᠴᠢᠨ ᠳᠤ ᠵᠠᠷᠯᠠᠨ ᠨᠡᠶᠢᠲᠡᠯᠡᠬᠦ ᠶᠢᠨ ᠬᠠᠮᠲᠤ ᠳᠡᠭᠡᠳᠦ ᠱᠠᠲᠤᠨ ᠤ ᠠᠵᠢᠯᠴᠢᠨ ᠤ ᠡᠪᠯᠡᠯ ᠳᠤ ᠮᠡᠳᠡᠭᠦᠯᠦᠨ ᠳᠠᠩᠰᠠᠯᠠᠭᠤᠯᠬᠤ ᠬᠡᠷᠡᠭᠲᠡᠢ᠃      ᠭᠤᠷᠪᠠ᠂ ᠨᠥᠬᠦᠴᠡᠯ ᠪᠦᠷᠢᠯᠳᠦᠭᠦᠯᠦᠭᠰᠡᠨ ᠠᠵᠢᠯ ᠲᠦᠷᠦᠯ᠂ ᠣᠷᠣᠨ ᠪᠦᠰᠡ ᠳᠤ ᠠᠵᠢᠯ ᠲᠦᠷᠦᠯ᠂ ᠣᠷᠣᠨ ᠪᠦᠰᠡ ᠶᠢᠨ ᠴᠢᠨᠠᠷᠲᠠᠢ ᠬᠠᠮᠲᠤ ᠶᠢᠨ ᠵᠥᠪᠳᠡᠯᠴᠡᠭᠡ ᠶᠢ ᠥᠷᠨᠢᠭᠦᠯᠵᠦ᠂ ᠠᠵᠢᠯ ᠲᠦᠷᠦᠯ ᠪᠤᠶᠤ ᠣᠷᠣᠨ ᠪᠦᠰᠡ ᠶᠢᠨ ᠴᠢᠨᠠᠷᠲᠠᠢ ᠬᠠᠮᠲᠤ ᠶᠢᠨ ᠭᠡᠷ᠎ᠡ ᠪᠠ ᠴᠠᠯᠢᠩ ᠤᠨ ᠲᠤᠰᠬᠠᠢ ᠵᠦᠢᠯ ᠤᠨ ᠬᠠᠮᠲᠤ ᠶᠢᠨ ᠭᠡᠷ᠎ᠡ ᠲᠣᠭᠲᠠᠭᠠᠬᠤ ᠬᠡᠷᠡᠭᠲᠡᠢ᠃ ᠲᠤᠰᠠᠭᠠᠷ ᠵᠥᠪᠳᠡᠯᠴᠡᠨ ᠬᠠᠮᠲᠤ ᠶᠢᠨ ᠭᠡᠷ᠎ᠡ ᠲᠣᠭᠲᠠᠬᠤ ᠳᠤ ᠬᠦᠴᠢᠷᠲᠡᠢ ᠵᠢᠵᠢᠭ ᠪᠢᠴᠢᠯ ᠠᠵᠤ ᠠᠬᠤᠶᠢᠯᠠᠯ ᠨᠢ ᠲᠣᠰ ᠣᠷᠣᠨ ᠪᠦᠰᠡ ᠪᠤᠶᠤ ᠠᠵᠢᠯ ᠲᠥᠷᠥᠯ ᠤᠨ ᠢᠶᠠᠨ ᠬᠠᠮᠲᠤᠪᠠᠷ ᠵᠥᠪᠳᠡᠯᠴᠡᠬᠦ ᠳᠤ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠣᠷᠣᠯᠴᠠᠬᠤ ᠬᠡᠷᠡᠭᠲᠡᠢ᠃      ᠳᠥᠷᠪᠡ᠂ ᠲᠦᠷᠭᠡᠨ ᠬᠦᠷᠭᠡᠯᠲᠡ᠂ ᠵᠠᠬᠢᠶᠠᠯᠠᠭ᠎ᠠ ᠶᠢᠨ ᠬᠤᠭᠤᠯᠠ᠂ ᠰᠦᠯᠵᠢᠶ᠎ᠡ ᠪᠠᠷ ᠰᠢᠭᠤᠳ ᠨᠡᠪᠲᠡᠷᠡᠭᠦᠯᠬᠦ ᠵᠡᠷᠭᠡ ᠠᠵᠢᠯ ᠣᠯᠭᠤᠯᠲᠠ ᠶᠢᠨ ᠰᠢᠨ᠎ᠡ ᠬᠡᠯᠪᠡᠷᠢ ᠪᠠᠶᠢᠳᠠᠯ ᠲᠠᠢ ᠠᠵᠢᠯᠴᠢᠨ ᠬᠡᠷᠡᠭᠯᠡᠬᠦ ᠠᠵᠤ ᠠᠬᠤᠶᠢᠯᠠᠯ ᠪᠣᠯᠣᠨ ᠠᠵᠢᠯᠴᠢᠨ ᠤ ᠡᠪᠯᠡᠯ ᠠᠵᠢᠯ ᠲᠦᠷᠦᠯ ᠤᠨ ᠴᠢᠨᠠᠷᠲᠠᠢ ᠬᠠᠮᠲᠤ ᠶᠢᠨ ᠵᠥᠪᠳᠡᠯᠴᠡᠭᠡ ᠥᠷᠨᠢᠭᠦᠯᠬᠦ ᠪᠠᠷ ᠳᠠᠮᠵᠢᠭᠤᠯᠤᠨ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠲᠠᠢ ᠬᠥᠳᠡᠯᠮᠦᠷᠢᠴᠢᠨ ᠤ ᠡᠷᠬᠡ ᠠᠰᠢᠭ ᠲᠤ ᠬᠤᠯᠪᠣᠭᠳᠠᠬᠤ ᠵᠦᠢᠯᠡᠰ ᠤᠨ ᠲᠤᠬᠠᠢ ᠵᠥᠪᠳᠡᠯᠴᠡᠭᠡ ᠥᠷᠨᠢᠭᠦᠯᠵᠦ᠂ ᠠᠵᠢᠯ ᠲᠦᠷᠦᠯ ᠤᠨ ᠠᠵᠢᠯᠴᠢᠨ ᠬᠡᠷᠡᠭᠯᠡᠬᠦ ᠬᠡᠯᠪᠡᠷᠢ ᠶᠢ ᠵᠢᠷᠤᠮᠵᠢᠭᠤᠯᠤᠨ᠂ ᠬᠥᠳᠡᠯᠮᠦᠷᠢ ᠶᠢᠨ ᠪᠠᠷᠢᠮᠵᠢᠶ᠎ᠠ ᠶᠢ ᠵᠦᠢ ᠵᠣᠬᠢᠰᠲᠠᠢ ᠲᠣᠭᠲᠠᠭᠠᠬᠤ ᠶᠢ ᠰᠠᠨᠠᠭᠠᠴᠢᠯᠠᠨ᠎ᠠ᠃ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠥᠳᠡᠯᠮᠦᠷᠢᠴᠢᠳ ᠤᠨ ᠬᠥᠳᠡᠯᠮᠦᠷᠢ ᠶᠢᠨ ᠪᠠᠲᠤᠯᠠᠭ᠎ᠠ ᠶᠢᠨ ᠡᠷᠬᠡ ᠠᠰᠢᠭ ᠢ ᠦᠨᠡᠨ ᠬᠦ ᠬᠠᠮᠠᠭᠠᠯᠠᠵᠤ᠂ ᠲᠠᠪᠴᠠᠩ ᠤᠨ ᠠᠵᠤ ᠠᠬᠤᠢ ᠶᠢᠨ ᠵᠢᠷᠤᠮᠵᠢᠯ ᠲᠠᠢ ᠪᠥᠭᠡᠳ ᠡᠷᠡᠭᠦᠯ ᠢᠶᠠᠷ ᠦᠷᠭᠦᠯᠵᠢᠯᠡᠨ ᠬᠥᠭᠵᠢᠬᠦ ᠶᠢ ᠠᠬᠢᠭᠤᠯᠤᠨ᠎ᠠ᠃      ᠲᠠᠪᠤ᠂ ᠬᠠᠮᠲᠤ ᠪᠠᠷ ᠵᠥᠪᠳᠡᠯᠴᠡᠬᠦ ᠠᠵᠢᠯ ᠢ ᠥᠷᠨᠢᠭᠦᠯᠬᠦ ᠪᠠ ᠭᠡᠷ᠎ᠡ ᠶᠢ ᠭᠦᠢᠴᠡᠳᠬᠡᠬᠦ ᠶᠠᠪᠤᠴᠠ ᠳᠤ ᠬᠦᠴᠢᠷᠳᠡᠯ ᠲᠤᠯᠭᠠᠷᠠᠬᠤ ᠦᠶ᠎ᠡ ᠳᠤ᠂ ᠴᠠᠭ ᠲᠤᠬᠠᠢ ᠳᠤᠨᠢ ᠳᠡᠭᠡᠳᠦ ᠱᠠᠲᠤᠨ ᠤ ᠠᠵᠢᠯᠴᠢᠨ ᠤ ᠡᠪᠯᠡᠯ᠂ ᠲᠤᠬᠠᠢ ᠶᠢᠨ ᠭᠠᠵᠠᠷ ᠤᠨ ᠬᠥᠮᠥᠨ ᠤ ᠬᠦᠴᠦᠨ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠪᠠ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢ ᠤᠷᠢᠵᠤ ᠵᠢᠯᠣᠭᠤᠳᠤᠯᠭ᠎ᠠ᠂ ᠬᠠᠪᠰᠤᠷᠤᠯᠭ᠎ᠠ ᠪᠠ ᠵᠣᠬᠢᠴᠠᠭᠤᠯᠭ᠎ᠠ ᠬᠢᠯᠭᠡᠨ᠎ᠡ᠂ ᠠᠵᠤ ᠠᠬᠤᠶᠢᠯᠠᠯ ᠵᠦᠢ ᠶᠣᠰᠣᠨ ᠤ ᠰᠢᠯᠲᠠᠭᠠᠨ ᠦᠭᠡᠢ ᠪᠠᠷ ᠬᠠᠮᠲᠤ ᠪᠠᠷ ᠵᠥᠪᠳᠡᠯᠴᠡᠬᠦ ᠶᠢ ᠲᠡᠪᠴᠢᠬᠦ ᠪᠤᠶᠤ ᠤᠳᠠᠭᠠᠰᠢᠷᠠᠭᠤᠯᠵᠤ ᠪᠣᠯᠬᠤ ᠦᠭᠡᠢ᠃ ᠪᠦᠬᠦ ᠰᠢᠶᠠᠨ ᠤ ᠥᠷᠭᠡᠨ ᠤᠯᠠᠨ ᠬᠥᠮᠥᠨ ᠬᠡᠷᠡᠭᠯᠡᠬᠦ ᠨᠢᠭᠡᠴᠡ ᠪᠣᠯᠣᠨ ᠬᠥᠳᠡᠯᠮᠦᠷᠢᠴᠢᠳ ᠬᠠᠮᠲᠤᠪᠠᠷ ᠴᠢᠷᠮᠠᠶᠢᠵᠤ ᠪᠠᠶᠢᠭᠠᠳ ᠡᠶ᠎ᠡ ᠵᠣᠬᠢᠴᠠᠩᠭᠤᠢ ᠬᠥᠳᠡᠯᠮᠦᠷᠢ ᠶᠢᠨ ᠬᠠᠷᠢᠴᠠᠭ᠎ᠠ ᠶᠢ ᠬᠠᠮᠲᠤᠪᠠᠷ ᠪᠠᠶᠢᠭᠤᠯᠤᠶ᠎ᠠ︕      ᠣᠨᠴᠠᠭᠠᠶᠢᠯᠠᠨ ᠮᠡᠳᠡᠭᠳᠡᠪᠡ          ᠲᠣᠭᠲᠠᠬᠤ ᠰᠢᠶᠠᠨ ᠤ ᠠᠵᠢᠯᠴᠢᠨ ᠤ ᠶᠡᠷᠦᠩᠬᠡᠢ ᠡᠪᠯᠡᠯ               2025 ᠣᠨ ᠤ 2 ᠳ᠋ᠤᠭᠠᠷ ᠰᠠᠷ᠎ᠠ ᠶᠢᠨ 17 ᠤ ᠡᠳᠦᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1