ᠭᠡᠷ ᠪᠠᠶᠢᠰᠢᠩ ᠲᠦᠷᠢᠶᠡᠰᠦᠯᠡᠬᠦ ᠳᠤ ᠰᠠᠨᠠᠭᠠᠴᠢᠯᠠᠭ᠎ᠠ ᠠᠴᠠ ᠪᠠᠨ ᠮᠡᠳᠡᠭᠦᠯᠵᠦ ᠳᠠᠩᠰᠠᠯᠠᠭᠤᠯᠬᠤ ᠬᠡᠷᠡᠭᠳᠡᠢ
ᠨᠡᠶᠢᠲᠡᠯᠡᠭᠰᠡᠨ ᠴᠠᠭ᠄
2025/2/18
      ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠪᠡᠯ᠂ ᠭᠡᠷ ᠪᠠᠶᠢᠰᠢᠩ ᠲᠦᠷᠢᠶᠡᠰᠦᠯᠡᠭᠦᠯᠦᠭᠴᠢ ᠨᠢ ᠲᠦᠷᠢᠶᠡᠰᠦᠯᠡᠬᠦ ᠭᠡᠷ ᠪᠠᠶᠢᠰᠢᠩ ᠤᠨ ᠮᠡᠳᠡᠭᠡ ᠵᠠᠩᠭᠢ ᠪᠠ ᠲᠦᠷᠢᠶᠡᠰᠦᠯᠡᠭᠴᠢ ᠶᠢᠨ ᠮᠡᠳᠡᠭᠡ ᠵᠠᠩᠭᠢ ᠶᠢ ᠦᠨᠡᠨ ᠮᠥᠨ ᠢᠶᠠᠷ ᠨᠢ ᠳᠠᠩᠰᠠᠯᠠᠬᠤ ᠶᠢᠨ ᠬᠠᠮᠲᠤ ᠭᠡᠷ ᠪᠠᠶᠢᠰᠢᠩ ᠤᠨ ᠠᠶᠤᠯᠭᠦᠢ ᠬᠡᠷᠡᠭᠯᠡᠯᠲᠡ ᠶᠢ ᠦᠨᠡᠨ ᠬᠦ ᠪᠠᠲᠤᠯᠠᠬᠤ ᠬᠡᠷᠡᠭᠲᠡᠢ᠃ ᠭᠡᠷ ᠪᠠᠶᠢᠰᠢᠩ ᠲᠦᠷᠢᠶᠡᠰᠦᠯᠡᠭᠦᠯᠦᠭᠴᠢ ᠪᠠ ᠲᠦᠷᠢᠶᠡᠰᠦᠯᠡᠭᠴᠢ ᠨᠢ ᠰᠠᠨᠠᠭᠠᠴᠢᠯᠠᠭ᠎ᠠ ᠠᠴᠠ ᠪᠠᠨ ᠮᠡᠳᠡᠭᠦᠯᠵᠦ ᠳᠠᠩᠰᠠᠯᠠᠭᠤᠯᠬᠤ ᠠᠮᠤᠷ ᠢ ᠬᠠᠮᠠᠭᠠᠯᠠᠬᠤ ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠢ᠃      2 ᠳ᠋ᠤᠭᠠᠷ ᠰᠠᠷ᠎ᠠ ᠶᠢᠨ 7 ᠤ ᠡᠳᠦᠷ᠂ ᠬᠠᠢ ᠳ᠋ᠢᠶᠠᠨ ᠬᠤᠪᠢᠶᠠᠷᠢ ᠲᠣᠪᠴᠢᠶ᠎ᠠ ᠶᠢᠨ ᠵᠥᠩ ᠭᠤᠸᠠᠨ ᠼᠦᠨ ᠪᠠᠷᠠᠭᠤᠨ ᠲᠣᠭᠤᠷᠢᠭ ᠤᠨ ᠲᠣᠮᠢᠯᠠᠭᠰᠠᠨ ᠰᠠᠯᠪᠤᠷᠢ ᠶᠢᠨ ᠨᠡᠶᠢᠭᠡᠮ ᠲᠣᠭᠤᠷᠢᠭ ᠤᠨ ᠠᠷᠠᠳ ᠤᠨ ᠴᠠᠭᠳᠠᠭ᠎ᠠ ᠨᠡᠶᠢᠭᠡᠮ ᠲᠣᠭᠤᠷᠢᠭ ᠲᠤ ᠪᠠᠶᠢᠴᠠᠭᠠᠯᠲᠠ ᠬᠢᠬᠦ ᠳᠡᠭᠡᠨ᠂ ᠲᠦᠷᠢᠶᠡᠰᠦᠯᠡᠭᠦᠯᠦᠭᠴᠢ ᠱᠧᠨ ᠣᠪᠣᠭᠲᠤ ᠲᠦᠷᠢᠶᠡᠰᠦᠯᠡᠭᠴᠢ ᠶᠢᠨ ᠮᠡᠳᠡᠭᠡ ᠵᠠᠩᠭᠢ ᠶᠢ ᠲᠣᠭᠲᠠᠭᠠᠯ ᠶᠣᠰᠣᠭᠠᠷ ᠳᠠᠩᠰᠠᠯᠠᠭᠤᠯᠤᠭᠰᠠᠨ ᠦᠭᠡᠢ ᠪᠠᠶᠢᠬᠤ ᠶᠢ ᠣᠯᠵᠤ ᠮᠠᠲᠠᠵᠠᠢ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠢᠳᠬᠡᠯ ᠤᠨ ᠬᠠᠤᠯᠢ︾ ᠶᠢᠨ ᠲᠠᠪᠢᠨ ᠳᠣᠯᠣᠳᠤᠭᠠᠷ ᠵᠦᠢᠯ ᠤᠨ ᠨᠢᠭᠡᠳᠦᠭᠡᠷ ᠵᠤᠷᠪᠤᠰ ᠤᠨ ᠲᠣᠭᠲᠠᠭᠠᠯ ᠢ ᠦᠨᠳᠦᠰᠦᠯᠡᠨ᠂ ᠬᠠᠢ ᠳ᠋ᠢᠶᠠᠨ ᠲᠣᠭᠤᠷᠢᠭ ᠤᠨ ᠴᠠᠭᠳᠠᠭᠠᠨ ᠤ ᠲᠠᠯ᠎ᠠ ᠶᠢᠨ ᠬᠢᠨ ᠱᠧᠨ ᠣᠪᠣᠭᠲᠤ ᠶᠢ ᠵᠣᠭᠤᠰ ᠢᠶᠠᠷ ᠲᠣᠷᠭᠠᠬᠤ ᠰᠢᠢᠳᠭᠡᠯ ᠥᠭᠪᠡ᠃      2 ᠳ᠋ᠤᠭᠠᠷ ᠰᠠᠷ᠎ᠠ ᠶᠢᠨ 9 ᠤ ᠡᠳᠦᠷ᠂ ᠲᠦᠩᠵᠧᠦ ᠬᠤᠪᠢᠶᠠᠷᠢ ᠲᠣᠪᠴᠢᠶ᠎ᠠ ᠶᠢᠨ ᠯᠠᠩ ᠹᠦ᠋ ᠲᠣᠮᠢᠯᠠᠭᠰᠠᠨ ᠰᠠᠯᠪᠤᠷᠢ ᠰᠢ ᠵᠢᠢ ᠪᠠᠯᠭᠠᠰᠤᠨ ᠤ ᠯᠣᠣ ᠵᠤᠸᠠᠩ ᠬᠤ᠋ ᠲᠤᠰᠬᠤᠨ ᠳᠤ ᠲᠦᠷᠢᠶᠡᠰᠦᠨ ᠭᠡᠷ ᠪᠠᠶᠢᠰᠢᠩ ᠳᠤ ᠪᠠᠶᠢᠴᠠᠭᠠᠯᠲᠠ ᠬᠢᠬᠦ ᠦᠶ᠎ᠡ ᠳᠤ᠂ ᠲᠦᠷᠢᠶᠡᠰᠦᠯᠡᠭᠦᠯᠦᠭᠴᠢ ᠵᠠᠩ ᠣᠪᠣᠭᠲᠤ ᠲᠦᠷᠢᠶᠡᠰᠦᠯᠡᠭᠴᠢ ᠶᠢᠨ ᠮᠡᠳᠡᠭᠡ ᠵᠠᠩᠭᠢ ᠶᠢ ᠲᠣᠭᠲᠠᠭᠠᠯ ᠶᠣᠰᠣᠭᠠᠷ ᠳᠠᠩᠰᠠᠯᠠᠭᠤᠯᠤᠭᠰᠠᠨ ᠦᠭᠡᠢ ᠪᠠᠶᠢᠬᠤ ᠶᠢ ᠣᠯᠵᠤ ᠮᠡᠳᠡᠪᠡ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠵᠠᠩ ᠣᠪᠣᠭᠲᠤ ᠶᠢ ᠬᠠᠤᠯᠢ ᠶᠣᠰᠣᠭᠠᠷ ᠵᠣᠭᠤᠰ ᠢᠶᠠᠷ ᠲᠣᠷᠭᠠᠬᠤ ᠰᠢᠢᠳᠭᠡᠯ ᠥᠭᠪᠡ᠃      ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ᠄      ︽ᠪᠡᠭᠡᠵᠢᠩ ᠬᠤᠳᠠ ᠶᠢᠨ ᠣᠷᠣᠨ ᠰᠠᠭᠤᠴᠠ ᠶᠢᠨ ᠲᠦᠷᠢᠶᠡᠰᠦᠯᠡᠯ ᠤᠨ ᠳᠦᠷᠢᠮ︾ ᠤᠨ ᠠᠷᠪᠠ ᠶᠢᠰᠦᠳᠦᠭᠡᠷ ᠵᠦᠢᠯ ᠤᠨ ᠨᠢᠭᠡᠳᠦᠭᠡᠷ ᠵᠤᠷᠪᠤᠰ ᠲᠤ᠂ ᠲᠦᠷᠢᠶᠡᠰᠦᠯᠡᠭᠦᠯᠦᠭᠴᠢ ᠨᠢ ᠪᠡᠶ᠎ᠡ ᠶᠢᠨ ᠦᠨᠡᠮᠯᠡᠯ ᠤᠨ ᠮᠠᠲ᠋ᠧᠷᠢᠶᠠᠯ ᠬᠠᠩᠭᠠᠭᠰᠠᠨ ᠦᠭᠡᠢ ᠬᠥᠮᠥᠨ ᠳᠤ ᠣᠷᠣᠨ ᠰᠠᠭᠤᠴᠠ ᠲᠦᠷᠢᠶᠡᠰᠦᠯᠡᠭᠦᠯᠵᠦ ᠪᠣᠯᠬᠤ ᠦᠭᠡᠢ ᠭᠡᠵᠦ ᠲᠣᠭᠲᠠᠭᠠᠵᠠᠢ᠃      ︽ᠪᠡᠭᠡᠵᠢᠩ ᠬᠤᠳᠠ ᠶᠢᠨ ᠣᠷᠣᠨ ᠰᠠᠭᠤᠴᠠ ᠶᠢᠨ ᠲᠦᠷᠢᠶᠡᠰᠦᠯᠡᠯ ᠤᠨ ᠳᠦᠷᠢᠮ︾ ᠤᠨ ᠬᠤᠷᠢᠳᠤᠭᠠᠷ ᠵᠦᠢᠯ ᠤᠨ ᠨᠢᠭᠡᠳᠦᠭᠡᠷ ᠵᠤᠷᠪᠤᠰ ᠲᠤ᠂ ᠲᠦᠷᠢᠶᠡᠰᠦᠯᠡᠭᠴᠢ ᠨᠢ ᠲᠦᠷᠢᠶᠡᠰᠦᠯᠡᠭᠦᠯᠦᠭᠴᠢ ᠳᠤ ᠪᠡᠶ᠎ᠡ ᠶᠢᠨ ᠬᠢᠷᠢ ᠬᠡᠮ ᠤᠨ ᠭᠡᠷᠡᠴᠢ ᠮᠠᠲ᠋ᠧᠷᠢᠶᠠᠯ ᠢ ᠬᠠᠩᠭᠠᠬᠤ ᠬᠡᠷᠡᠭᠲᠡᠢ ᠭᠡᠵᠦ ᠲᠣᠭᠲᠠᠭᠠᠵᠠᠢ᠃      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠢᠳᠭᠡᠯ ᠤᠨ ᠬᠠᠤᠯᠢ︾ ᠶᠢᠨ ᠲᠠᠪᠢᠨ ᠳᠣᠯᠣᠳᠤᠭᠠᠷ ᠵᠦᠢᠯ ᠤᠨ ᠨᠢᠭᠡᠳᠦᠭᠡᠷ ᠵᠤᠷᠪᠤᠰ ᠲᠤ᠂ ᠲᠦᠷᠢᠶᠡᠰᠦᠯᠡᠭᠦᠯᠦᠭᠴᠢ ᠨᠢ ᠭᠡᠷ ᠪᠠᠶᠢᠰᠢᠩ ᠢᠶᠠᠨ ᠪᠡᠶ᠎ᠡ ᠶᠢᠨ ᠭᠡᠷᠡᠴᠢ ᠦᠨᠡᠮᠯᠡᠯ ᠦᠭᠡᠢ ᠬᠥᠮᠥᠨ ᠳᠤ ᠲᠦᠷᠢᠶᠡᠰᠦᠯᠡᠨ ᠥᠭᠴᠦ ᠰᠠᠭᠤᠯᠭᠠᠬᠤ ᠪᠤᠶᠤ ᠲᠦᠷᠢᠶᠡᠰᠦᠯᠡᠭᠴᠢ ᠶᠢᠨ ᠣᠪᠣᠭ ᠨᠡᠷ᠎ᠡ᠂ ᠪᠡᠶ᠎ᠡ ᠶᠢᠨ ᠭᠡᠷᠡᠴᠢ ᠦᠨᠡᠮᠯᠡᠯ ᠤᠨ ᠲᠦᠷᠦᠯ ᠵᠦᠢᠯ ᠪᠠ ᠨᠣᠮᠧᠷ ᠢ ᠲᠣᠭᠲᠠᠭᠠᠯ ᠶᠣᠰᠣᠭᠠᠷ ᠲᠠᠩᠰᠠᠯᠠᠭᠤᠯᠤᠭᠰᠠᠨ ᠦᠭᠡᠢ ᠪᠠᠶᠢᠪᠠᠯ᠂ ᠬᠤᠶᠠᠷ ᠵᠠᠭᠤᠨ ᠲᠥᠭᠦᠷᠢᠭ ᠠᠴᠠ ᠳᠡᠭᠡᠭᠰᠢ ᠲᠠᠪᠤᠨ ᠵᠠᠭᠤᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠤᠷᠭᠠᠨ᠎ᠠ ᠭᠡᠵᠦ ᠲᠤᠭᠳᠠᠭᠠᠵᠠᠢ᠃ ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ    
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1