ᠡᠯ᠎ᠡ ᠬᠥᠮᠥᠨ ᠬᠡᠷᠡᠭᠯᠡᠬᠦ ᠨᠢᠭᠡᠴᠡ᠄ | ᠲᠣᠭᠲᠠᠬᠤ ᠰᠢᠶᠠᠨ ᠤ ︽ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ︾ ᠶᠢᠨ ᠠᠵᠢᠯ ᠤᠨ | ᠪᠠᠶᠢᠷᠢᠯᠠᠭᠤᠯᠤᠯᠲᠠ ᠶᠢ ᠭᠦᠨᠵᠡᠭᠡᠢ ᠲᠦᠯᠬᠢᠨ ᠠᠬᠢᠭᠤᠯᠵᠤ᠂ ᠬᠥᠮᠥᠨ ᠬᠡᠷᠡᠭᠯᠡᠬᠦ ᠨᠢᠭᠡᠴᠡ ᠪᠣᠯᠣᠨ ᠠᠵᠢᠯ | ᠡᠷᠢᠭᠰᠡᠳ ᠤᠨ ᠨᠡᠪᠲᠡᠷᠡᠯᠴᠡᠨ ᠰᠣᠯᠢᠯᠴᠠᠬᠤ ᠲᠠᠪᠴᠠᠩ ᠢ ᠤᠯᠠᠮ ᠨᠢᠭᠡ ᠠᠯᠬᠤᠮ ᠪᠠᠶᠢᠭᠤᠯᠤᠨ᠂ ᠪᠥᠬᠦ ᠰᠢᠶᠠᠨ ᠤ | ᠠᠵᠤ ᠠᠬᠤᠢ ᠨᠡᠶᠢᠭᠡᠮ ᠤᠨ ᠬᠥᠭᠵᠢᠯᠲᠡ ᠪᠣᠯᠣᠨ ᠠᠷᠠᠳ ᠤᠨ ᠠᠮᠢᠳᠤᠷᠠᠯ ᠤᠨ ᠰᠠᠶᠢᠵᠢᠷᠠᠯᠲᠠ ᠳᠤ ᠬᠦᠴᠦᠨ | ᠨᠡᠮᠡᠷᠢᠯᠡᠬᠦ ᠶᠢᠨ ᠲᠥᠯᠥᠭᠡ᠂ ᠰᠢᠶᠠᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠭᠢᠯᠡᠵᠦ᠂ | ᠰᠢᠶᠠᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠳᠠᠭᠠᠭᠠᠨ | ᠡᠷᠭᠢᠯᠡᠭᠰᠡᠨ 2025 ᠣᠨ ᠤ ︽ᠬᠠᠪᠤᠷ ᠤᠨ ᠰᠠᠯᠬᠢᠨ ᠤ ᠠᠵᠢᠯᠯᠠᠭ᠎ᠠ︾ ᠶᠢᠨ ᠲᠤᠰᠬᠠᠢ ᠠᠵᠢᠯᠲᠠᠨ ᠡᠯᠰᠡᠬᠦ | ᠴᠤᠭᠯᠠᠭᠠᠨ ᠢ 2025 ᠣᠨ ᠤ 2 ᠳ᠋ᠤᠭᠠᠷ ᠰᠠᠷ᠎ᠠ ᠶᠢᠨ ᠰᠡᠭᠦᠯᠴᠢ ᠠᠴᠠ 3 ᠰᠠᠷ᠎ᠠ ᠶᠢᠨ ᠡᠬᠢ ᠪᠣᠯᠲᠠᠯ᠎ᠠ | ᠡᠷᠭᠢᠯᠡᠬᠦ ᠪᠠᠷ ᠪᠠᠶᠢᠨ᠎ᠠ᠃ ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠤ ᠵᠣᠷᠢᠯᠭ᠎ᠠ ᠨᠢ ᠬᠦᠯᠦᠰᠦᠨ | ᠠᠵᠢᠯᠳᠠᠨ᠂ ᠥᠩᠭᠡᠷᠡᠭᠰᠡᠨ ᠬᠤᠭᠤᠴᠠᠭᠠᠨ ᠤ ᠳᠡᠭᠡᠳᠦ ᠰᠤᠷᠭᠠᠭᠤᠯᠢ ᠲᠡᠭᠦᠰᠦᠭᠰᠡᠳ᠂ ᠴᠡᠷᠢᠭ ᠠᠴᠠ ᠬᠠᠯᠠᠭᠳᠠᠭᠰᠠᠳ | ᠂ ᠠᠵᠢᠯ ᠣᠯᠬᠤ ᠳᠤ ᠬᠦᠴᠢᠷᠲᠡᠢ ᠬᠥᠮᠥᠰ ᠵᠢᠴᠢ ᠥᠷᠭᠡᠨ ᠣᠯᠠᠨ ᠨᠡᠶᠢᠭᠡᠮ ᠤᠨ ᠠᠵᠢᠯ ᠡᠷᠢᠭᠰᠡᠳ ᠲᠤ ᠣᠯᠠᠨ | ᠶᠠᠩᠵᠤ ᠶᠢᠨ ᠠᠵᠢᠯ ᠤᠨ ᠪᠠᠶᠢᠷᠢ ᠬᠠᠩᠭᠠᠵᠤ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠪᠣᠳᠠᠲᠠᠢ ᠬᠡᠷᠡᠭᠴᠡᠭᠡ ᠶᠢ | ᠬᠠᠩᠭᠠᠬᠤ ᠶᠢᠨ ᠲᠥᠯᠥᠭᠡ ᠶᠤᠮ᠃ ᠲᠠᠨ ᠤ ᠨᠢᠭᠡᠴᠡ ᠶᠢ ᠲᠣᠭᠲᠠᠬᠤ ᠰᠢᠶᠠᠨ ᠤ 2025 ᠣᠨ ᠤ ︽ᠬᠠᠪᠤᠷ ᠤᠨ | ᠰᠠᠯᠬᠢᠨ ᠤ ᠠᠵᠢᠯᠯᠠᠭ᠎ᠠ︾ ᠶᠢᠨ ᠲᠤᠰᠬᠠᠢ ᠠᠵᠢᠯᠲᠠᠨ ᠡᠯᠰᠡᠬᠦ ᠬᠤᠷᠠᠯ ᠳᠤ ᠢᠳᠡᠪᠬᠢᠳᠢ ᠤᠷᠤᠯᠴᠠᠬᠤ ᠶᠢ ᠴᠢᠩ | ᠰᠡᠳᠬᠢᠯ ᠠᠴᠠ ᠪᠠᠨ ᠤᠷᠢᠵᠤ ᠪᠠᠶᠢᠨ᠎ᠠ᠃ | ᠨᠢᠭᠡ᠂ ᠠᠵᠢᠯᠯᠠᠭ᠎ᠠ ᠶᠢᠨ ᠨᠡᠷᠡᠶᠢᠳᠦᠯ | ᠲᠣᠭᠲᠠᠬᠤ ᠰᠢᠶᠠᠨ ᠤ 2025 ᠣᠨ ᠤ ︽ᠬᠠᠪᠤᠷ ᠤᠨ ᠰᠠᠯᠬᠢᠨ ᠤ ᠠᠵᠢᠯᠯᠠᠭ᠎ᠠ︾ ᠶᠢᠨ ᠲᠤᠰᠬᠠᠢ | ᠠᠵᠢᠯᠲᠠᠨ ᠡᠯᠰᠡᠬᠦ ᠬᠤᠷᠠᠯ | ᠬᠤᠶᠠᠷ᠂ ᠠᠵᠢᠯᠯᠠᠭᠠᠨ ᠤ ᠴᠠᠭ | 2025 ᠣᠨ ᠤ 2 ᠳ᠋ᠤᠭᠠᠷ ᠰᠠᠷ᠎ᠠ ᠶᠢᠨ ᠰᠡᠭᠦᠯᠴᠢ ᠠᠴᠠ 3 ᠰᠠᠷ᠎ᠠ ᠶᠢᠨ ᠡᠬᠢ ᠪᠣᠯᠲᠠᠯᠠᠬᠢ | ᠬᠤᠭᠤᠴᠠᠭᠠᠨ ᠳᠤ᠂ ᠪᠣᠳᠠᠲᠠᠢ ᠴᠠᠭ ᠢ ᠣᠯᠠᠨ ᠨᠡᠶᠢᠲᠡ ᠶᠢᠨ ᠳ᠋ᠤᠭᠠᠷ ᠵᠢᠴᠢ ᠪᠤᠰᠤᠳ ᠵᠠᠰᠠᠭ ᠤᠨ ᠶᠠᠪᠤᠳᠠᠯ ᠤᠨ | ᠲᠠᠪᠴᠠᠩ ᠤᠨ ᠵᠠᠭᠤᠴᠢᠯᠠᠭᠤᠷ ᠤᠨ ᠨᠡᠶᠢᠲᠡᠯᠡᠬᠦ ᠶᠢ ᠠᠩᠬᠠᠷᠤᠭᠠᠷᠠᠢ᠃ | ᠭᠤᠷᠪᠠ᠂ ᠠᠵᠢᠯᠯᠠᠭᠠᠨ ᠤ ᠬᠠᠶ᠋ᠢᠭ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠲᠣᠭᠲᠠᠬᠤ ᠰᠢᠶᠠᠨ | ᠳᠥᠷᠪᠡ᠂ ᠠᠵᠢᠯᠯᠠᠭᠠᠨ ᠤ ᠬᠡᠯᠪᠡᠷᠢ | ᠰᠦᠯᠵᠢᠶᠡᠨ ᠳᠡᠭᠡᠷ᠎ᠡ ᠰᠢᠭᠤᠳ ᠨᠡᠪᠳᠡᠷᠡᠭᠦᠯᠬᠦ + ᠰᠦᠯᠵᠢᠶᠡᠨ ᠭᠠᠳᠠᠨ᠎ᠠ ᠲᠤᠬᠠᠢ ᠶᠢᠨ ᠲᠠᠯᠠᠪᠤᠷ ᠲᠤ ᠤᠷᠢᠵᠤ | ᠬᠡᠷᠡᠭᠯᠡᠬᠦ | ᠲᠠᠪᠤ᠂ ᠦᠢᠯᠡᠴᠢᠯᠡᠬᠦ ᠡᠲᠡᠭᠡᠳ | ︵ᠨᠢᠭᠡ︶ ᠬᠦᠯᠦᠰᠦᠨ ᠠᠵᠢᠯᠴᠢᠨ | ︵ᠬᠤᠶᠠᠷ︶ ᠥᠩᠭᠡᠷᠡᠭᠰᠡᠨ ᠬᠤᠭᠤᠴᠠᠭᠠᠨ ᠤ ᠳᠡᠭᠡᠳᠦ ᠰᠤᠷᠭᠠᠭᠤᠯᠢ ᠲᠡᠭᠦᠰᠦᠭᠰᠡᠳ︔ | ︵ᠭᠤᠷᠪᠠ︶ ᠴᠡᠷᠢᠭ ᠤᠨ ᠠᠯᠪᠠᠨ ᠠᠴᠠ ᠪᠠᠭᠤᠭᠰᠠᠳ︔ | ︵ᠳᠥᠷᠪᠡ︶ ᠠᠵᠢᠯ ᠣᠯᠬᠤ ᠳᠤ ᠬᠦᠴᠢᠷᠲᠡᠢ ᠬᠥᠮᠥᠰ︔ | ︵ᠲᠠᠪᠤ︶ ᠡᠯ᠎ᠡ ᠲᠥᠷᠥᠯ ᠤᠨ ᠨᠡᠶᠢᠭᠡᠮ ᠤᠨ ᠠᠵᠢᠯ ᠡᠷᠢᠭᠰᠡᠳ︔ | ︵ᠵᠢᠷᠭᠤᠭ᠎ᠠ︶ ᠠᠵᠢᠯᠲᠠᠨ ᠡᠯᠰᠡᠬᠦ ᠬᠡᠷᠡᠭᠴᠡᠭᠡ ᠱᠠᠭᠠᠷᠳᠠᠯᠭ᠎ᠠ ᠲᠠᠢ ᠡᠯ᠎ᠡ ᠲᠥᠷᠥᠯ ᠤᠨ ᠠᠵᠢᠯᠴᠢᠨ ᠬᠡᠷᠡᠭᠯᠡᠬᠦ | ᠠᠵᠤ ᠠᠬᠤᠶᠢᠯᠠᠯ᠃ | ᠵᠢᠷᠭᠤᠭ᠎ᠠ᠂ ᠬᠤᠷᠠᠯ ᠳᠤ ᠣᠷᠣᠯᠴᠠᠬᠤ ᠠᠷᠭ᠎ᠠ ᠮᠠᠶ᠋ᠢᠭ | ᠬᠤᠷᠠᠯ ᠳᠤ ᠣᠷᠣᠯᠴᠠᠭᠰᠠᠨ ᠨᠢᠭᠡᠴᠡ ᠠᠴᠠ 2025 ᠣᠨ ᠤ 3 ᠳ᠋ᠤᠭᠠᠷ ᠰᠠᠷ᠎ᠠ ᠶᠢᠨ 10 ᠤ ᠡᠳᠦᠷ ᠠᠴᠠ | ᠡᠮᠦᠨ᠎ᠡ ︽ᠲᠣᠭᠲᠠᠬᠤ ᠰᠢᠶᠠᠨ ᠤ 2025 ᠣᠨ ᠤ ︿ᠬᠠᠪᠤᠷ ᠤᠨ ᠰᠠᠯᠬᠢᠨ ᠤ ᠠᠵᠢᠯᠯᠠᠭ᠎ᠠ﹀ ᠶᠢᠨ ᠲᠤᠰᠬᠠᠢ | ᠠᠵᠢᠯᠲᠠᠨ ᠡᠯᠰᠡᠬᠦ ᠬᠤᠷᠠᠯ ᠤᠨ ᠨᠡᠷ᠎ᠡ ᠮᠡᠳᠡᠭᠦᠯᠬᠦ ᠬᠦᠰᠦᠨᠦᠭᠲᠦ︾ ︵ᠳᠠᠭᠠᠯᠳᠤᠭᠤᠯᠤᠯ ᠳᠤ ᠦᠵᠡ︶ ᠶᠢ | ᠪᠠᠭᠤᠯᠭᠠᠨ ᠠᠪᠬᠤ ᠶᠢᠨ ᠬᠠᠮᠲᠤ ᠲᠠᠭᠯᠠᠵᠤ᠂ 136716557@qqq ᠳᠤ ᠢᠯᠡᠭᠡᠭᠡᠷᠡᠢ᠃ | ᠳᠣᠯᠤᠭ᠎ᠠ᠂ ᠬᠠᠷᠢᠯᠴᠠᠬᠤ ᠠᠷᠭ᠎ᠠ ᠮᠠᠶ᠋ᠢᠭ | ᠬᠠᠷᠢᠯᠴᠠᠬᠤ ᠬᠥᠮᠥᠨ᠄ ᠭᠦᠸᠧ ᠳ᠋ᠦᠩ | ᠬᠠᠷᠢᠯᠴᠠᠬᠤ ᠤᠲᠠᠰᠤ᠄ 0471 — 8528706 | ᠢᠮᠧᠯ᠄ 136716557@qq.com | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ |