ᠬᠤᠪᠢ ᠶᠢᠨ ᠵᠠᠭᠤᠴᠢᠯᠠᠭᠤᠷ ᠤᠨ ᠡᠩᠨᠡᠭᠡ ᠶᠢ ᠵᠢᠷᠤᠮᠵᠢᠭᠤᠯᠤᠨ ᠬᠠᠮᠢᠶᠠᠷᠬᠤ ᠪᠠ ᠪᠦᠲᠦᠮᠵᠢᠲᠡᠢ ᠪᠠᠷ | ᠬᠥᠲᠥᠯᠥᠨ ᠵᠢᠯᠤᠭᠤᠳᠬᠤ ᠶᠢ ᠴᠢᠨᠠᠭᠰᠢᠳᠠ ᠴᠢᠩᠭᠠᠳᠬᠠᠬᠤ ᠶᠢᠨ ᠲᠥᠯᠥᠭᠡ᠂ 2025 ᠣᠨ ᠤ 2ᠳ᠋ᠤᠭᠠᠷ | ᠰᠠᠷ᠎ᠠ ᠶᠢᠨ 19 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠲᠠᠬᠤ ᠰᠢᠶᠠᠨ ᠤ ᠬᠤᠷᠢᠶ᠎ᠠ ᠶᠢᠨ | ᠤᠬᠠᠭᠤᠯᠬᠤ ᠬᠡᠯᠲᠡᠰ᠂ ᠰᠢᠶᠠᠨ ᠤ ᠰᠦᠯᠵᠢᠶᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ | ᠵᠢᠯᠤᠭᠤᠳᠬᠤ ᠲᠥᠪ᠂ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠴᠠᠭᠳᠠᠭᠠᠨ ᠤ ᠰᠠᠯᠪᠤᠷᠢ ᠶᠡᠭᠡ | ᠠᠩᠭᠢ ᠬᠠᠮᠲᠤᠷᠠᠨ ᠬᠤᠪᠢ ᠶᠢᠨ ᠵᠠᠭᠤᠴᠢᠯᠠᠭᠤᠷ ᠤᠨ ᠶᠠᠷᠢᠯᠴᠠᠬᠤ ᠬᠤᠷᠠᠯ ᠵᠢᠴᠢ ᠰᠦᠯᠵᠢᠶᠡᠨ ᠤ ᠶᠠᠷᠢᠶ᠎ᠠ | ᠬᠡᠯᠡᠯᠴᠡᠭᠡ ᠶᠢ ᠬᠥᠲᠥᠯᠥᠨ ᠵᠢᠯᠤᠭᠤᠳᠬᠤ ᠪᠣᠯᠪᠠᠰᠤᠷᠠᠯ ᠤᠨ ᠬᠤᠷᠠᠯ ᠢ ᠥᠷᠨᠢᠭᠦᠯᠵᠡᠢ᠃ | ᠬᠤᠷᠠᠯ ᠳᠡᠭᠡᠷ᠎ᠡ᠂ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠴᠠᠭᠳᠠᠭᠠᠨ ᠤ ᠰᠠᠯᠪᠤᠷᠢ | ᠠᠩᠭᠢ ᠶᠢᠨ ᠬᠠᠷᠢᠭᠤᠴᠠᠯᠭᠠᠲᠠᠨ ︽ᠢᠨᠲ᠋ᠧᠷ ᠰᠦᠯᠵᠢᠶᠡᠨ ᠤ ᠬᠡᠷᠡᠭᠯᠡᠭᠴᠢ ᠶᠢᠨ ᠲᠠᠩᠰᠠᠨ ᠨᠣᠮᠧᠷ ᠤᠨ ᠮᠡᠳᠡᠭᠡ | ᠵᠠᠩᠭᠢ ᠶᠢᠨ ᠬᠠᠮᠢᠶᠠᠷᠤᠯᠲᠠ ᠶᠢᠨ ᠲᠣᠭᠲᠠᠭᠠᠯ︾ ︽ᠰᠦᠯᠵᠢᠶᠡᠨ ᠤ ᠮᠡᠳᠡᠭᠡ ᠵᠠᠩᠭᠢ ᠶᠢᠨ ᠠᠭᠤᠯᠭ᠎ᠠ ᠶᠢᠨ ᠠᠮᠢ | ᠠᠬᠤᠢ ᠶᠢᠨ ᠵᠠᠰᠠᠯᠲᠠ ᠶᠢᠨ ᠲᠣᠭᠲᠠᠭᠠᠯ︾ ᠵᠡᠷᠭᠡ ᠰᠦᠯᠵᠢᠶᠡᠨ ᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ | ᠲᠣᠭᠲᠠᠭᠠᠯ ᠢ ᠲᠣᠳᠣᠷᠬᠠᠶᠢᠯᠠᠨ ᠲᠠᠶᠢᠯᠪᠤᠷᠢᠯᠠᠭᠰᠠᠨ ᠪᠥᠭᠡᠳ ᠣᠶᠢᠷ᠎ᠠ ᠶᠢᠨ ᠬᠤᠭᠤᠴᠠᠭᠠᠨ ᠳᠤ ᠬᠤᠪᠢ ᠶᠢᠨ | ᠵᠠᠭᠤᠴᠢᠯᠠᠭᠤᠷ ᠤᠨ ᠰᠦᠯᠵᠢᠶᠡᠨ ᠤ ᠬᠠᠯᠠᠭᠤᠨ ᠴᠡᠭ ᠤᠨ ᠬᠡᠷᠡᠭ ᠲᠤ ᠣᠷᠣᠯᠴᠠᠭᠰᠠᠨ ᠨᠡᠶᠢᠲᠡᠯᠢᠭ ᠬᠡᠷᠡᠭ ᠤᠨ | ᠵᠢᠱᠢᠶ᠎ᠡ ᠶᠢ ᠵᠠᠷᠯᠠᠨ ᠮᠡᠳᠡᠭᠳᠡᠪᠡ᠃ ᠰᠢᠶᠠᠨ ᠤ ᠰᠦᠯᠵᠢᠶᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ | ᠵᠢᠯᠤᠭᠤᠳᠬᠤ ᠲᠥᠪ ᠠᠴᠠ ᠬᠤᠪᠢ ᠶᠢᠨ ᠵᠠᠭᠤᠴᠢᠯᠠᠭᠤᠷ ᠤᠨ ᠨᠡᠪᠲᠡᠷᠡᠭᠦᠯᠦᠭᠴᠢ ᠶᠢ ᠵᠣᠬᠢᠶᠠᠨ ᠪᠠᠶᠢᠭᠤᠯᠵᠤ ︽ | ᠲᠣᠭᠲᠠᠬᠤ ᠰᠢᠶᠠᠨ ᠤ ᠬᠤᠪᠢ ᠶᠢᠨ ᠵᠠᠭᠤᠴᠢᠯᠠᠭᠤᠷ ᠤᠨ ᠨᠡᠪᠲᠡᠷᠡᠭᠦᠯᠦᠭᠴᠢ ᠶᠢᠨ ᠮᠡᠳᠡᠭᠳᠡᠯ ᠤᠨ ᠪᠢᠴᠢᠭ︾ ᠲᠤ | ᠭᠠᠷ ᠤᠨ ᠦᠰᠦᠭ ᠵᠢᠷᠤᠭᠰᠠᠨ ᠪᠥᠭᠡᠳ ᠬᠤᠪᠢ ᠶᠢᠨ ᠵᠠᠭᠤᠴᠢᠯᠠᠭᠤᠷ ᠤᠨ ᠲᠥᠯᠥᠭᠡᠯᠡᠭᠴᠢᠳ ᠲᠤ ᠰᠠᠨᠠᠭᠠᠴᠢᠯᠠᠭ᠎ᠠ | ᠭᠠᠷᠭᠠᠵᠤ᠂ ᠤᠯᠠᠨ ᠢᠶᠠᠷ ᠢᠶᠠᠨ ᠴᠤᠤᠷᠬᠠᠯ ᠢ ᠢᠲᠡᠭᠡᠬᠦ ᠦᠭᠡᠢ᠂ ᠴᠤᠤᠷᠬᠠᠯ ᠢ ᠳᠠᠮᠵᠢᠭᠤᠯᠬᠤ ᠦᠭᠡᠢ᠂ ᠢᠳᠡᠪᠬᠢ | ᠬᠦᠴᠦᠨ ᠢ ᠢᠳᠡᠪᠬᠢᠲᠡᠢ ᠳᠠᠮᠵᠢᠭᠤᠯᠵᠤ᠂ ᠲᠣᠭᠲᠠᠬᠤ ᠰᠢᠶᠠᠨ ᠤ ᠦᠯᠢᠭᠡᠷ ᠢ ᠰᠠᠶᠢᠲᠤᠷ ᠶᠠᠷᠢᠵᠤ᠂ ᠰᠢᠶᠠᠨ ᠤ | ᠪᠦᠰᠡ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ | ᠡᠷᠭᠦᠬᠦ ᠶᠢ ᠬᠦᠰᠡᠪᠡ᠃ | ᠰᠠᠨᠠᠯ ᠢᠶᠠᠨ ᠰᠣᠯᠢᠯᠴᠠᠬᠤ ᠶᠠᠪᠤᠴᠠ ᠳᠤ᠂ ᠬᠤᠪᠢ ᠶᠢᠨ ᠵᠠᠭᠤᠴᠢᠯᠠᠭᠤᠷ ᠤᠨ ᠲᠥᠯᠥᠭᠡᠯᠡᠭᠴᠢᠳ | ᠪᠤᠳᠤᠭᠰᠠᠨ ᠢᠶᠠᠨ ᠠᠭᠤᠵᠢᠷᠠᠲᠠᠯ᠎ᠠ ᠶᠠᠷᠢᠵᠤ᠂ ᠲᠣᠰ ᠲᠣᠰ ᠤᠨ ᠡᠵᠡᠩᠨᠡᠯᠲᠡ ᠶᠢᠨ ᠶᠠᠪᠤᠴᠠ ᠳᠠᠬᠢ ᠲᠤᠷᠰᠢᠯᠭ᠎ᠠ ᠪᠠ | ᠣᠯᠣᠯᠲᠠ ᠲᠥᠷᠥᠭᠳᠡᠯ ᠢᠶᠠᠨ ᠬᠤᠪᠢᠶᠠᠯᠴᠠᠬᠤ ᠶᠢᠨ ᠬᠠᠮᠲᠤ ᠠᠭᠤᠯᠭ᠎ᠠ ᠶᠢᠨ ᠶᠠᠰᠤ ᠴᠢᠨᠠᠷ ᠢ ᠬᠡᠷᠬᠢᠨ ᠳᠡᠭᠡᠭᠰᠢᠯᠡᠭᠦᠯᠬᠦ᠂ | ᠵᠠᠰᠠᠭ ᠤᠨ ᠣᠷᠳᠣᠨ ᠤ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠬᠠᠮᠵᠢᠯᠴᠠᠭ᠎ᠠ ᠶᠢ ᠬᠡᠷᠬᠢᠨ ᠴᠢᠩᠭᠠᠳᠬᠠᠬᠤ | ᠵᠡᠷᠭᠡ ᠲᠠᠯ᠎ᠠ ᠪᠠᠷ ᠡᠷᠬᠢᠮ ᠨᠠᠨᠳᠢᠨ ᠰᠠᠨᠠᠯ ᠪᠠ ᠰᠠᠨᠠᠭᠤᠯᠭ᠎ᠠ ᠳᠤᠷᠠᠳᠤᠭᠰᠠᠨ ᠪᠠᠶᠢᠨ᠎ᠠ᠃ ᠬᠤᠪᠢ ᠶᠢᠨ | ᠵᠠᠭᠤᠴᠢᠯᠠᠭᠤᠷ ᠤᠨ ᠲᠥᠯᠥᠭᠡᠯᠡᠭᠴᠢ ᠶᠢᠨ ᠳᠤᠷᠠᠳᠤᠭᠰᠠᠨ ᠮᠠᠳᠠᠭ ᠲᠠᠢ ᠠᠰᠠᠭᠤᠳᠠᠯ ᠪᠠ ᠬᠦᠴᠢᠷᠳᠡᠯ ᠳᠤ ᠴᠢᠭᠯᠡᠭᠦᠯᠦᠨ᠂ | ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠢᠶᠠᠨ ᠤ ᠰᠦᠯᠵᠢᠶᠡᠨ ᠤ ᠠᠮᠤᠷ ᠲᠦᠪᠰᠢᠨ ᠤ ᠪᠠᠴᠢᠮ | ᠪᠠᠶᠢᠳᠠᠯ ᠢ ᠠᠷᠭᠠᠴᠠᠬᠤ ᠵᠢᠯᠤᠭᠤᠳᠬᠤ ᠲᠥᠪ᠂ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ | ᠴᠠᠭᠳᠠᠭᠠᠨ ᠤ ᠰᠠᠯᠪᠤᠷᠢ ᠠᠩᠭᠢ ᠶᠢᠨ ᠬᠠᠮᠢᠶ᠎ᠠ ᠪᠦᠬᠦᠢ ᠬᠥᠮᠥᠰ ᠨᠢᠭᠡᠳ ᠨᠢᠭᠡ ᠪᠠᠷ ᠬᠠᠷᠢᠭᠤᠯᠲᠠ ᠥᠭᠭᠦᠭᠰᠡᠨ | ᠪᠥᠭᠡᠳ ᠦᠢᠯᠡᠴᠢᠯᠡᠭᠡ ᠪᠠᠨ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠬᠤᠪᠢ ᠶᠢᠨ ᠵᠠᠭᠤᠴᠢᠯᠠᠭᠤᠷ ᠤᠨ | ᠬᠥᠭᠵᠢᠯᠲᠡ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠵᠤ ᠥᠭᠭᠦᠨ᠎ᠡ ᠭᠡᠵᠦ ᠢᠯᠡᠷᠬᠡᠶᠢᠯᠡᠪᠡ᠃ | ᠬᠤᠷᠠᠯ ᠤᠨ ᠳᠠᠷᠠᠭ᠎ᠠ᠂ ᠰᠢᠶᠠᠨ ᠤ ᠰᠦᠯᠵᠢᠶᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ | ᠵᠢᠯᠤᠭᠤᠳᠬᠤ ᠲᠥᠪ᠂ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠴᠠᠭᠳᠠᠭᠠᠨ ᠤ ᠰᠠᠯᠪᠤᠷᠢ | ᠠᠩᠭᠢ ᠶᠢᠨ ᠬᠢᠨ ᠬᠠᠤᠯᠢ ᠴᠠᠭᠠᠵᠠ ᠳᠤ ᠬᠤᠯᠪᠣᠭᠳᠠᠭᠰᠠᠨ ᠬᠡᠷᠡᠭ ᠤᠨ ᠦᠨᠡᠨ ᠪᠣᠳᠠᠲᠠᠢ ᠪᠤᠰᠤ ᠴᠤᠤᠷᠬᠠᠯ ᠤᠨ | ᠮᠡᠳᠡᠭᠡ ᠵᠠᠩᠭᠢ ᠶᠢ ᠨᠡᠶᠢᠲᠡᠯᠡᠭᠰᠡᠨ 3 ᠬᠤᠪᠢ ᠶᠢᠨ ᠵᠠᠭᠤᠴᠢᠯᠠᠭᠤᠷ ᠤᠨ ᠭᠤᠣᠯ ᠨᠡᠪᠲᠡᠷᠡᠭᠦᠯᠦᠭᠴᠢ ᠲᠠᠢ ᠪᠣᠯᠵᠣᠨ | ᠶᠠᠷᠢᠯᠴᠠᠪᠠ᠃ ᠪᠣᠯᠵᠣᠨ ᠶᠠᠷᠢᠯᠴᠠᠬᠤ ᠪᠠᠷ ᠳᠡᠮᠵᠢᠨ᠂ 3 ᠬᠤᠪᠢ ᠶᠢᠨ ᠵᠠᠭᠤᠴᠢᠯᠠᠭᠤᠷ ᠤᠨ ᠭᠤᠣᠯ ᠨᠡᠪᠲᠡᠷᠡᠭᠦᠯᠦᠭᠴᠢ | ᠥᠪᠡᠷ ᠤᠨ ᠪᠤᠷᠤᠭᠤ ᠦᠶᠯᠡ ᠠᠵᠢᠯᠯᠠᠭ᠎ᠠ ᠪᠠᠨ ᠭᠦᠨᠵᠡᠭᠡᠢ ᠲᠠᠨᠢᠵᠤ᠂ ᠬᠤᠯᠪᠣᠭᠳᠠᠯ ᠪᠦᠬᠦᠢ ᠠᠰᠠᠭᠤᠳᠠᠯ ᠢ ᠪᠥᠬᠦ | ᠲᠠᠯ᠎ᠠ ᠪᠠᠷ ᠥᠪᠡᠰᠦᠪᠡᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ ᠢᠨᠲ᠋ᠧᠷ ᠰᠦᠯᠵᠢᠶᠡᠨ ᠤ ᠬᠠᠤᠯᠢ | ᠴᠠᠭᠠᠵᠠ ᠬᠠᠤᠯᠢ ᠲᠣᠭᠲᠠᠭᠠᠯ ᠤᠨ ᠰᠤᠷᠤᠯᠴᠠᠯᠭ᠎ᠠ ᠪᠠᠨ ᠴᠢᠩᠭᠠᠳᠬᠠᠵᠤ᠂ ᠡᠶᠢᠮᠦᠷᠬᠦ ᠪᠠᠶᠢᠳᠠᠯ ᠳᠠᠭᠢᠵᠤ ᠡᠭᠦᠰᠬᠦ ᠶᠢ | ᠬᠤᠷᠢᠭᠯᠠᠨ᠎ᠠ ᠭᠡᠵᠦ ᠢᠯᠡᠷᠬᠡᠶᠢᠯᠡᠪᠡ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ | |