ᠲᠣᠭᠲᠠᠬᠤ ᠰᠢᠶᠠᠨ᠄ ᠲᠥᠷᠥ ᠶᠢᠨ ᠪᠣᠳᠣᠯᠭ᠎ᠠ ᠶᠢ ᠬᠦᠷᠭᠡᠨ ᠬᠦᠴᠢᠷ ᠠᠰᠠᠭᠤᠳᠠᠯ ᠢ ᠰᠢᠢᠳᠪᠦᠷᠢᠯᠡᠵᠦ ︽ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡ ᠶᠢ ᠲᠦᠮᠡᠨ ᠡᠷᠦᠬᠡ ᠳᠤ ᠬᠦᠷᠭᠡᠨ᠎ᠡ︾ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2025/2/23
      ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ  ᠶᠢ ᠭᠦᠨᠵᠡᠭᠡᠢ ᠲᠤᠭᠤᠰᠢᠯᠠᠭᠤᠯᠵᠦ᠂ ᠥᠪᠡᠷᠲᠡᠭᠡᠨ ᠵᠠᠰᠠᠬᠤ ᠣᠷᠣᠨ ᠪᠠ ᠮᠠᠨ ᠤ ᠬᠤᠲᠠ ᠶᠢᠨ ︽ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ︾ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡᠨ ᠤ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠳᠬᠠᠨ᠂ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢᠨ ᠲᠦᠯᠦᠭᠡ᠂ 2 ᠳ᠋ᠤᠭᠠᠷ ᠰᠠᠷ᠎ᠠ ᠶᠢᠨ 19 ᠤ ᠡᠳᠦᠷ᠂ ᠲᠣᠭᠲᠠᠬᠤ ᠰᠢᠶᠠᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ︽ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡ ᠶᠢ ᠲᠦᠮᠡᠨ ᠡᠷᠦᠬᠡ ᠳᠤ ᠬᠦᠷᠭᠡᠬᠦ︾ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠲᠥᠷᠥ ᠶᠢᠨ ᠪᠣᠳᠣᠯᠭ᠎ᠠ ᠬᠦᠷᠭᠡᠬᠦ᠂ ᠬᠦᠴᠢᠷ ᠠᠰᠠᠭᠤᠳᠠᠯ ᠢ ᠰᠢᠢᠳᠪᠦᠷᠢᠯᠡᠬᠦ᠂ ᠦᠢᠯᠡᠴᠢᠯᠡᠭᠡ ᠶᠢ ᠰᠢᠯᠢᠳᠡᠭᠵᠢᠭᠦᠯᠬᠦ ᠪᠠᠷ ᠳᠠᠮᠵᠢᠭᠤᠯᠤᠨ᠂ ᠠᠷᠠᠳ ᠤᠨ ᠡᠵᠡᠩᠨᠡᠭᠰᠡᠨ ᠠᠵᠤ ᠠᠬᠤᠶᠢᠯᠠᠯ ᠳᠤ ᠪᠥᠬᠦ ᠲᠠᠯ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠳᠡᠮᠵᠢᠯᠭᠡ ᠪᠠ ᠦᠢᠯᠡᠴᠢᠯᠡᠭᠡ ᠬᠠᠩᠭᠠᠪᠠ᠃       ᠲᠥᠷᠥ ᠶᠢᠨ ᠪᠣᠳᠣᠯᠭ᠎ᠠ ᠶᠢ ᠨᠢᠭᠤᠷᠲᠠᠨ ᠬᠦᠷᠭᠡᠵᠦ᠂ ᠠᠵᠤ ᠠᠬᠤᠶᠢᠯᠠᠯ ᠤᠨ ︽ᠰᠢᠨ᠎ᠡ︾ ᠶᠢ ᠪᠠᠷᠢᠮᠲᠠᠯᠠᠨ ᠤᠷᠤᠭᠰᠢᠯᠠᠬᠤ ᠳᠤ ᠬᠦᠴᠦᠨ ᠨᠡᠮᠡᠷᠢᠯᠡᠨ᠎ᠡ      ᠠᠵᠢᠯᠯᠠᠭ᠎ᠠ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠠᠵᠢᠯᠳᠠᠨ ᠠᠴᠠ ᠤᠯᠤᠰ ᠤᠨ ᠪᠠ ᠣᠷᠣᠨ ᠨᠤᠲᠤᠭ ᠤᠨ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠰᠢᠨ᠎ᠡ ᠬᠤᠪᠢᠷᠠᠯᠲᠠ᠂ ᠰᠢᠨ᠎ᠡ ᠠᠷᠭ᠎ᠠ ᠬᠡᠮᠵᠢᠶ᠎ᠡ ᠶᠢᠨ ᠲᠤᠬᠠᠢ ᠨᠠᠷᠢᠨ ᠲᠠᠶᠢᠯᠪᠤᠷᠢᠯᠠᠯᠲᠠ ᠬᠢᠵᠦ᠂ ᠠᠷᠠᠳ ᠤᠨ ᠡᠵᠡᠩᠨᠡᠭᠰᠡᠨ ᠠᠵᠤ ᠠᠬᠤᠶᠢᠯᠠᠯ ᠳᠤ ᠦᠵᠡᠭᠦᠯᠬᠦ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠴᠢᠬᠤᠯᠠ ᠴᠢᠨᠠᠷ ᠢ ᠴᠢᠬᠤᠯᠠᠴᠢᠯᠠᠭᠰᠠᠨ ᠪᠥᠭᠡᠳ ᠠᠵᠤ ᠠᠬᠤᠶᠢᠯᠠᠯ ᠤᠳ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠬᠡᠷᠬᠢᠨ ᠨᠡᠩ ᠰᠠᠶᠢᠨ ᠠᠰᠢᠭᠯᠠᠬᠤ᠂ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠬᠦ᠂ ᠠᠵᠢᠯᠲᠠᠨ ᠤ ᠠᠰᠠᠷᠠᠮᠵᠢ ᠶᠢ ᠳᠡᠭᠡᠭᠰᠢᠯᠡᠭᠦᠯᠬᠦ ᠵᠡᠷᠭᠡ ᠠᠵᠢᠯ ᠤᠨ ᠲᠤᠬᠠᠢ ᠭᠦᠨᠵᠡᠭᠡᠢ ᠲᠠᠶᠢᠯᠪᠤᠷᠢᠯᠠᠯᠲᠠ ᠬᠢᠵᠦ᠂ ᠠᠷᠠᠳ ᠤᠨ ᠡᠵᠡᠩᠨᠡᠭᠰᠡᠨ ᠠᠵᠤ ᠠᠬᠤᠶᠢᠯᠠᠯ ᠢ ᠨᠡᠶᠢᠭᠡᠮ ᠤᠨ ᠪᠠᠲᠤᠯᠠᠭ᠎ᠠ ᠶᠢᠨ ᠲᠠᠯ᠎ᠠ ᠪᠠᠷ ᠬᠢ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠶᠢᠨ ᠲᠤᠬᠠᠢ ᠨᠡᠩ ᠲᠣᠳᠣᠷᠬᠠᠢ ᠲᠠᠨᠢᠯᠲᠠ ᠲᠠᠢ ᠪᠣᠯᠭᠠᠵᠠᠢ᠃ ᠬᠤᠷᠠᠯ ᠳᠤ ᠣᠷᠣᠯᠴᠠᠭᠰᠠᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠠᠷ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠤᠬᠠᠭᠤᠯᠤᠨ ᠲᠠᠶᠢᠯᠪᠤᠷᠢᠯᠠᠯᠲᠠ ᠨᠢ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠲᠤᠬᠠᠢ ᠮᠠᠰᠢ ᠨᠠᠷᠢᠨ ᠲᠣᠳᠣᠷᠬᠠᠢ ᠪᠠᠶᠢᠵᠤ᠂ ᠪᠣᠳᠠᠲᠠᠢ ᠬᠡᠷᠡᠭ ᠤᠨ ᠵᠢᠱᠢᠶ᠎ᠡ ᠶᠢ ᠪᠠᠭᠲᠠᠭᠠᠭᠰᠠᠨ ᠮᠥᠷᠲᠡᠭᠡᠨ ᠪᠠᠰᠠ ᠦᠢᠯᠡᠳᠦᠯᠭᠡ ᠶᠢ ᠵᠢᠯᠤᠭᠤᠳᠴᠤ ᠴᠢᠳᠠᠨ᠎ᠠ᠂ ᠡᠨᠡ ᠨᠢ ᠬᠤᠶᠢᠰᠢᠳᠠ ᠶᠢᠨ ᠠᠵᠢᠯ ᠢᠶᠠᠨ ᠥᠷᠨᠢᠭᠦᠯᠬᠦ ᠳᠤ ᠬᠦᠴᠦᠲᠡᠢ ᠲᠥᠷᠥ ᠶᠢᠨ ᠪᠣᠳᠣᠯᠭ᠎ᠠ ᠶᠢᠨ ᠳᠡᠮᠵᠢᠯᠭᠡ ᠬᠠᠩᠭᠠᠭᠰᠠᠨ ᠪᠠᠶᠢᠨ᠎ᠠ ᠭᠡᠵᠡᠢ᠃      ᠠᠵᠢᠯᠯᠠᠭ᠎ᠠ ᠶᠢᠨ ᠳᠤᠮᠳᠠ᠂ ᠨᠡᠶᠢᠭᠡᠮ ᠤᠨ ᠪᠠᠲᠤᠯᠠᠭ᠎ᠠ ᠶᠢᠨ ᠠᠵᠢᠯᠲᠠᠳ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠠᠷᠠᠳ ᠤᠨ ᠡᠵᠡᠩᠨᠡᠭᠰᠡᠨ ᠠᠵᠤ ᠠᠬᠤᠶᠢᠯᠠᠯ ᠳᠤ ᠲᠤᠯᠭᠠᠷᠠᠵᠤ ᠪᠠᠶᠢᠭ᠎ᠠ ᠬᠤᠯᠪᠣᠭᠳᠠᠯ ᠪᠦᠬᠦᠢ ᠨᠡᠶᠢᠭᠡᠮ ᠤᠨ ᠪᠠᠲᠤᠯᠠᠭ᠎ᠠ ᠶᠢᠨ ᠠᠵᠢᠯ ᠤᠨ ᠠᠰᠠᠭᠤᠳᠠᠯ ᠢ ᠭᠦᠨᠵᠡᠭᠡᠢ ᠰᠤᠳᠤᠯᠤᠨ ᠶᠠᠷᠢᠯᠴᠠᠵᠤ᠂ ᠠᠵᠤ ᠠᠬᠤᠶᠢᠯᠠᠯ ᠤᠨ ᠨᠡᠶᠢᠭᠡᠮ ᠤᠨ ᠳᠠᠭᠠᠳᠬᠠᠯ ᠤᠨ ᠲᠤᠰᠢᠶᠠᠬᠤ᠂ ᠬᠠᠷᠠᠭᠠᠯᠵᠠᠯ ᠬᠦᠷᠳᠡᠬᠦ᠂ ᠠᠵᠤ ᠠᠬᠤᠶᠢᠯᠠᠯ ᠤᠨ ᠣᠨ ᠤ ᠮᠥᠩᠭᠦ᠂ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠭᠠᠷᠭᠠᠬᠤ ᠵᠡᠷᠭᠡ ᠲᠠᠯ᠎ᠠ ᠪᠠᠷ ᠲᠤᠯᠭᠠᠷᠠᠭᠰᠠᠨ ᠬᠦᠴᠢᠷ ᠠᠰᠠᠭᠤᠳᠠᠯ ᠳᠤ ᠴᠢᠭᠯᠡᠭᠦᠯᠦᠨ᠂ ᠠᠰᠠᠭᠤᠳᠠᠯ ᠤᠨ ᠲᠣᠳᠣᠷᠬᠠᠢ ᠬᠠᠭᠤᠳᠠᠰᠤ ᠶᠢ ᠡᠮᠬᠢᠯᠡᠨ ᠭᠠᠷᠭᠠᠬᠤ ᠶᠢᠨ ᠬᠠᠮᠲᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠦᠨᠡᠨ ᠬᠦ ᠬᠡᠷᠡᠭᠵᠢᠭᠦᠯᠵᠦ ᠪᠣᠯᠬᠤᠶᠢᠴᠠ ᠰᠢᠢᠳᠪᠦᠷᠢᠯᠡᠬᠦ ᠲᠥᠰᠥᠯ ᠢ ᠬᠠᠩᠭᠠᠭᠰᠠᠨ ᠪᠠᠶᠢᠨ᠎ᠠ᠃ ᠡᠭᠦᠨ ᠠᠴᠠ ᠭᠠᠳᠠᠨ᠎ᠠ᠂ ᠠᠵᠢᠯᠯᠠᠭ᠎ᠠ ᠨᠢ ᠪᠠᠰᠠ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠡᠶᠢᠭᠡᠮ ᠤᠨ ᠪᠠᠲᠤᠯᠠᠭ᠎ᠠ ᠶᠢᠨ ᠬᠠᠷᠢᠴᠠᠭ᠎ᠠ ᠶᠢ ᠬᠡᠷᠬᠢᠨ ᠨᠠᠩ ᠰᠠᠶᠢᠲᠤᠷ ᠰᠢᠢᠳᠪᠦᠷᠢᠯᠡᠬᠦ᠂ ᠨᠡᠶᠢᠭᠡᠮ ᠤᠨ ᠪᠠᠲᠤᠯᠠᠭ᠎ᠠ ᠶᠢᠨ ᠠᠶᠤᠯ ᠲᠦᠭᠰᠢᠭᠦᠷᠢ ᠶᠢ ᠰᠡᠷᠭᠡᠶᠢᠯᠡᠬᠦ ᠵᠡᠷᠭᠡ ᠠᠰᠠᠭᠤᠳᠠᠯ ᠳᠤ ᠨᠠᠷᠢᠨ ᠨᠢᠮᠪᠠᠢ ᠵᠢᠯᠣᠭᠤᠳᠤᠯᠭ᠎ᠠ ᠬᠢᠵᠦ᠂ ᠠᠵᠤ ᠠᠬᠤᠶᠢᠯᠠᠯ ᠢ ᠬᠠᠪᠰᠤᠷᠤᠨ ᠬᠤᠶᠢᠰᠢᠳᠠ ᠶᠢᠨ ᠵᠣᠪᠠᠨᠢᠯ ᠢ ᠨᠢ ᠰᠢᠢᠳᠪᠦᠷᠢᠯᠡᠵᠦ ᠥᠭᠭᠦᠭᠰᠡᠨ ᠪᠠᠶᠢᠨ᠎ᠠ᠃      ᠰᠡᠳᠬᠢᠯ ᠤᠨ ᠤᠭ ᠠᠴᠠ ᠪᠠᠨ ᠦᠢᠯᠡᠴᠢᠯᠡᠵᠦ᠂ ᠠᠵᠤ ᠠᠬᠤᠶᠢᠯᠠᠯ ᠤᠨ ᠬᠥᠭᠵᠢᠯᠲᠡ ᠶᠢ ᠲᠦᠷᠭᠡᠳᠬᠡᠨ᠎ᠡ      ᠨᠡᠶᠢᠭᠡᠮ ᠤᠨ ᠳᠠᠭᠠᠳᠬᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠪᠠᠲᠤᠯᠠᠭ᠎ᠠ ᠶᠢᠨ ᠬᠢᠷᠢ ᠲᠦᠪᠰᠢᠨ ᠢ ᠤᠯᠠᠮ ᠴᠢᠨᠠᠭᠰᠢᠳᠠ ᠰᠢᠯᠢᠳᠡᠭᠵᠢᠭᠦᠯᠬᠦ ᠶᠢᠨ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡᠨ ᠤ ᠲᠣᠣᠷ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠲᠤᠬᠠᠢ ᠶᠢᠨ ᠲᠠᠯᠠᠪᠤᠷ ᠲᠤ ᠠᠰᠠᠭᠤᠨ ᠯᠠᠪᠯᠠᠬᠤ ᠲᠠᠪᠴᠠᠩ ᠭᠠᠷᠭᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ︽ᠨᠢᠭᠡ ᠳᠤ ᠨᠢᠭᠡ︾ ᠶᠢᠨ ᠠᠰᠠᠭᠤᠨ ᠯᠠᠪᠯᠠᠬᠤ ᠦᠢᠯᠡᠴᠢᠯᠡᠭᠡ ᠬᠠᠩᠭᠠᠵᠤ᠂ ᠤᠲᠠᠰᠤ᠂ ᠵᠢᠷᠭᠢᠶ᠎ᠡ ᠶᠢᠨ ᠪᠦᠯᠦᠭᠯᠡᠯ ᠵᠡᠷᠭᠡ ᠠᠷᠭ᠎ᠠ ᠵᠠᠮ ᠢᠶᠠᠷ ᠠᠵᠤ ᠠᠬᠤᠶᠢᠯᠠᠯ ᠳᠤ ᠪᠦᠬᠦ ᠡᠳᠦᠷ ᠤᠨ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡᠨ ᠤ ᠳᠡᠮᠵᠢᠯᠭᠡ ᠬᠠᠩᠭᠠᠵᠤ᠂ ᠠᠵᠤ ᠠᠬᠤᠶᠢᠯᠠᠯ ᠳᠤ ᠠᠰᠠᠭᠤᠳᠠᠯ ᠲᠤᠯᠭᠠᠷᠠᠪᠠᠯ ᠴᠠᠭ ᠲᠤᠬᠠᠢ ᠳᠤᠨᠢ ᠰᠢᠢᠳᠪᠦᠷᠢᠯᠡᠭᠳᠡᠬᠦ ᠶᠢ ᠪᠠᠲᠤᠯᠠᠵᠤ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ ᠠᠵᠤ ᠠᠬᠤᠶᠢᠯᠠᠯ ᠤᠨ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠤᠨ᠎ᠠ᠃ ︽ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡ ᠶᠢ ᠲᠦᠷᠭᠡᠨ ᠭᠦᠢᠴᠡᠳᠬᠡᠬᠦ ᠠᠵᠢᠯᠯᠠᠭ᠎ᠠ︾ ᠶᠢ ᠯᠠᠪᠳᠠᠭᠤᠨ ᠪᠠᠲᠤᠲᠠᠢ ᠥᠷᠨᠢᠭᠦᠯᠵᠦ᠂ ᠬᠤᠯᠪᠣᠭᠳᠠᠬᠤ ᠵᠦᠢᠯᠡᠰ ᠢ ︽ᠳᠠᠭᠠᠭᠠᠨ ᠠᠪᠴᠤ ᠭᠦᠢᠴᠡᠳᠬᠡᠬᠦ︾᠂ ᠥᠨᠳᠥᠷ ᠳᠠᠪᠲᠠᠮᠵᠢᠲᠤ ᠵᠦᠢᠯᠡᠰ ᠢ ︽ᠲᠦᠷᠭᠡᠨ ᠭᠦᠢᠴᠡᠳᠬᠡᠬᠦ︾᠂ ᠪᠣᠶ ᠪᠦᠬᠦᠢ ᠵᠦᠢᠯᠡᠰ ᠢ ︽ᠲᠥᠬᠦᠮ ᠠᠪᠰᠠᠷᠬᠠᠨ ᠢᠶᠠᠷ ᠭᠦᠢᠴᠡᠳᠬᠡᠬᠦ︾ ᠪᠠᠷ ᠳᠠᠮᠵᠢᠭᠤᠯᠤᠨ᠂ ᠠᠵᠢᠯ ᠶᠠᠪᠤᠳᠠᠯ ᠤᠨ ᠦᠷ᠎ᠡ ᠪᠦᠲᠦᠮᠵᠢ ᠪᠠ ᠦᠢᠯᠡᠴᠢᠯᠡᠭᠡᠨ ᠤ ᠣᠶᠢᠯᠠᠭᠠᠯᠲᠠ ᠶᠢ ᠲᠤᠶᠢᠯ ᠤᠨ ᠶᠡᠭᠡ ᠪᠠᠷ ᠳᠡᠭᠡᠭᠰᠢᠯᠡᠭᠦᠯᠵᠦ᠂ ᠠᠷᠠᠳ ᠤᠨ ᠡᠵᠡᠩᠨᠡᠭᠰᠡᠨ ᠠᠵᠤ ᠠᠬᠤᠶᠢᠯᠠᠯ ᠳᠤ ᠨᠠᠩ ᠰᠢᠯᠢᠳᠡᠭ ᠪᠥᠭᠡᠳ ᠳᠥᠭᠦᠮ ᠳᠥᠲᠡ ᠦᠢᠯᠡᠴᠢᠯᠡᠭᠡ ᠬᠠᠩᠭᠠᠨ᠎ᠠ᠃      ᠲᠣᠰ ᠤᠳᠠᠭᠠᠨ ᠤ ︽ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡ ᠶᠢ ᠲᠦᠮᠡᠨ ᠡᠷᠦᠬᠡ ᠳᠤ ᠬᠦᠷᠭᠡᠬᠦ︾ ᠠᠵᠢᠯᠯᠠᠭ᠎ᠠ ᠨᠢ ᠦᠢᠯᠡᠴᠢᠯᠡᠭᠡᠨ ᠤ ᠲᠠᠰ ᠳᠠᠷᠠᠭᠠᠯᠠᠯ ᠢ ᠰᠢᠯᠢᠳᠡᠭᠵᠢᠭᠦᠯᠵᠦ᠂ ᠠᠷᠠᠳ ᠤᠨ ᠡᠵᠡᠩᠨᠡᠭᠰᠡᠨ ᠠᠵᠤ ᠠᠬᠤᠶᠢᠯᠠᠯ ᠳᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠦᠭᠰᠡᠨ ᠢᠶᠠᠷ ᠪᠠᠷᠠᠬᠤ ᠦᠭᠡᠢ ᠠᠵᠤ ᠠᠬᠤᠶᠢᠯᠠᠯ ᠢ ᠬᠠᠪᠰᠤᠷᠤᠨ ᠪᠣᠳᠠᠲᠠᠢ ᠬᠦᠴᠢᠷ ᠠᠰᠠᠭᠤᠳᠠᠯ ᠢ ᠨᠢ ᠰᠢᠢᠳᠪᠦᠷᠢᠯᠡᠵᠦ ᠥᠭᠭᠦᠭᠰᠡᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠲᠣᠭᠲᠠᠬᠤ ᠰᠢᠶᠠᠨ ᠤ ᠬᠥᠮᠥᠨ ᠤ ᠬᠦᠴᠦᠨ ᠤ ᠡᠬᠢ ᠪᠠᠶᠠᠯᠢᠭ ᠪᠣᠯᠣᠨ ᠨᠡᠶᠢᠭᠡᠮ ᠤᠨ ᠪᠠᠳᠤᠯᠠᠭ᠎ᠠ ᠶᠢᠨ ᠲᠣᠪᠴᠢᠶ᠎ᠠ ᠵᠠᠰᠠᠭ ᠠᠵᠤ ᠠᠬᠤᠶᠢᠯᠠᠯ ᠤᠨ ᠣᠯᠣᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠠᠵᠤ ᠠᠬᠤᠶᠢᠯᠠᠯ ᠤᠨ ᠪᠠᠴᠢᠮ ᠬᠦᠴᠢᠷ ᠵᠣᠪᠠᠭᠤᠷᠢ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠲᠤ ᠲᠦᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠰᠢᠨ᠎ᠡ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠳᠤ ᠦᠷᠭᠦᠯᠵᠢᠯᠡᠨ ᠬᠦᠴᠦᠲᠡᠢ ᠳᠡᠮᠵᠢᠯᠭᠡ ᠬᠠᠩᠭᠠᠨ᠎ᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1