ᠲᠣᠭᠲᠠᠬᠤ ᠰᠢᠶᠠᠨ ᠤ 2025 ᠣᠨ ᠤ ᠡᠷᠳᠡᠨᠢ ᠰᠢᠰᠢ ᠶᠢᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/2/23
      ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠲᠤᠤᠱᠯᠠᠭᠤᠯᠵᠤ ᠂ ᠰᠢᠨ᠎ᠡ ᠨᠢᠭᠡ ᠡᠭᠡᠯᠵᠢ ᠶᠢᠨ ᠮᠢᠩᠭᠠᠨ ᠳ᠋ᠦᠩᠰᠢᠭᠤᠷ ᠵᠢᠩ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ 2 ᠳ᠋ᠤᠭᠠᠷ ᠰᠠᠷ᠎ᠠ ᠶᠢᠨ 19  ᠤ ᠡᠳᠦᠷ᠂ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠠᠴᠠ ᠡᠷᠬᠢᠯᠡᠭᠰᠡᠨ ᠲᠣᠭᠲᠠᠬᠤ ᠰᠢᠶᠠᠨ ᠤ 2025 ᠣᠨ ᠤ ᠡᠷᠳᠡᠨᠢ ᠰᠢᠰᠢ ᠶᠢᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠬᠤᠷᠠᠯ ᠬᠤᠷᠠᠯᠳᠤᠵᠠᠢ᠃ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠤᠨ ᠠᠵᠢᠯᠲᠠᠨ᠂ ᠬᠤᠷᠰᠢᠶᠠᠵᠢᠯ ᠤᠨ ᠬᠠᠷᠢᠭᠤᠴᠠᠯᠭᠠᠲᠠᠨ᠂ ᠲᠠᠷᠢᠮᠠᠯ ᠤᠨ ᠵᠢᠱᠢᠶ᠎ᠡ ᠦᠵᠡᠭᠦᠯᠬᠦ ᠡᠷᠦᠬᠡ ᠵᠡᠷᠭᠡ 80 ᠭᠠᠷᠤᠢ ᠬᠥᠮᠥᠨ ᠪᠣᠯᠪᠠᠰᠤᠷᠠᠯ ᠳᠤ ᠣᠷᠣᠯᠴᠠᠵᠠᠢ᠃      ᠪᠣᠯᠪᠠᠰᠤᠷᠠᠯ ᠤᠨ ᠬᠤᠷᠠᠯ ᠳᠡᠭᠡᠷ᠎ᠡ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠠᠷᠢᠮᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ ᠰᠤᠳᠤᠯᠤᠭᠴᠢ ᠯᠢ ᠱᠤᠤ ᠺᠦᠨ ᠲᠤᠰᠬᠠᠢ ᠰᠡᠳᠦᠪ ᠢᠶᠠᠷ ᠬᠢᠴᠢᠶᠡᠯᠯᠡᠪᠡ᠃ ᠲᠡᠷᠡ ︽ᠡᠷᠳᠡᠨᠢ ᠰᠢᠰᠢ ᠶᠢᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠢᠨᠵᠧᠨᠧᠷᠢᠩ ᠪᠣᠯᠣᠨ ᠬᠡᠷᠡᠭᠵᠢᠭᠦᠯᠦᠯᠲᠡ ᠶᠢᠨ ᠦᠷ᠎ᠡ ᠪᠦᠲᠦᠮᠵᠢ︾᠂ ︽ᠡᠷᠳᠡᠨᠢ ᠰᠢᠰᠢ ᠶᠢ ᠨᠢᠭᠲᠠ ᠲᠠᠷᠢᠵᠦ ᠥᠨᠳᠥᠷ ᠤᠨᠠᠯᠲᠠ ᠶᠢ ᠤᠨᠢᠨ ᠳᠡᠭᠡᠷ᠎ᠡ ᠨᠢ ᠲᠣᠬᠢᠷᠠᠭᠤᠯᠤᠨ ᠡᠵᠡᠮᠳᠡᠬᠦ ᠮᠡᠷᠭᠡᠵᠢᠯ︾ ᠵᠢᠴᠢ ︽ᠵᠠᠩᠭᠢᠯᠠᠭ᠎ᠠ ᠶᠢᠨ ᠮᠡᠷᠭᠡᠵᠢᠯ ᠤᠨ ᠭᠤᠭᠴᠤᠭ᠎ᠠ ᠵᠢᠴᠢ ᠬᠡᠷᠡᠭᠯᠡᠭᠡᠨ ᠤ ᠠᠩᠬᠠᠷᠬᠤ ᠵᠦᠢᠯᠡᠰ︾ ᠵᠡᠷᠭᠡ ᠭᠤᠷᠪᠠᠨ ᠲᠠᠯ᠎ᠠ ᠶᠢᠨ ᠲᠣᠭᠤᠷᠢᠨ ᠳᠤ᠂ ᠡᠷᠳᠡᠨᠢ ᠰᠢᠰᠢ ᠶᠢᠨ ᠲᠠᠷᠢᠮᠠᠯ ᠤᠨ ᠬᠤᠰᠢᠭᠤᠷᠠᠯ ᠮᠡᠷᠭᠡᠵᠢᠯ ᠪᠣᠯᠣᠨ ᠦᠢᠯᠡᠳᠦᠯᠭᠡ ᠶᠢᠨ ᠲᠤᠷᠰᠢᠯᠭ᠎ᠠ ᠶᠢ ᠭᠦᠨᠵᠡᠭᠡᠢ ᠪᠥᠭᠡᠳ ᠣᠶᠢᠯᠠᠭᠠᠮᠵᠢᠲᠠᠢ ᠪᠠᠷ ᠲᠠᠶᠢᠯᠪᠤᠷᠢᠯᠠᠪᠠ᠃ ᠬᠤᠷᠠᠯ ᠳᠤ ᠣᠷᠣᠯᠴᠠᠭᠰᠠᠳ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠪᠤᠯᠪᠠᠰᠤᠷᠠᠯ ᠢᠶᠠᠷ ᠳᠡᠮᠵᠢᠨ᠂ ᠡᠷᠳᠡᠨᠢ ᠰᠢᠰᠢ ᠶᠢ ᠨᠢᠭᠲᠠ ᠳᠠᠷᠢᠵᠤ ᠨᠠᠷᠢᠯᠢᠭ ᠣᠨᠣᠴᠠᠲᠠᠢ ᠪᠠᠷ ᠲᠣᠬᠢᠷᠠᠭᠤᠯᠤᠨ ᠡᠵᠡᠮᠳᠡᠬᠦ ᠥᠨᠳᠥᠷ ᠤᠨᠠᠯᠲᠠ ᠶᠢᠨ ᠮᠡᠷᠭᠡᠵᠢᠯ ᠢ ᠨᠠᠩ ᠭᠦᠨᠵᠡᠭᠡᠢ ᠣᠶᠢᠯᠠᠭᠠᠨ ᠡᠵᠡᠮᠰᠢᠵᠦ᠂ ᠡᠷᠳᠡᠨᠢ ᠰᠢᠰᠢ ᠶᠢᠨ ᠭᠠᠷᠤᠯᠲᠠ ᠶᠢ ᠨᠡᠮᠡᠭᠳᠡᠭᠦᠯᠵᠦ ᠣᠷᠣᠯᠭ᠎ᠠ ᠶᠢ ᠨᠡᠮᠡᠭᠳᠡᠭᠦᠯᠬᠦ ᠳᠤ ᠢᠲᠡᠭᠡᠯ ᠲᠡᠭᠦᠯᠳᠡᠷ ᠪᠠᠶᠢᠨ᠎ᠠ ᠭᠡᠵᠡᠢ᠃      ᠳᠠᠷᠠᠭᠠᠴᠢ ᠶᠢᠨ ᠠᠯᠬᠤᠮ ᠳᠤ᠂ ᠲᠣᠭᠲᠠᠬᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠲᠤᠰ ᠤᠳᠠᠭᠠᠨ ᠤ ᠪᠣᠯᠪᠠᠰᠤᠷᠠᠯ ᠤᠨ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠯᠢ ᠱᠣᠣ ᠺᠦᠨ ᠰᠤᠳᠤᠯᠤᠭᠴᠢ ᠶᠢᠨ ᠪᠦᠯᠬᠦᠮ ᠯᠦᠭᠡ ᠶᠢᠨ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠡᠷᠳᠡᠨᠢ ᠰᠢᠰᠢ ᠶᠢᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠢᠨᠵᠧᠨᠧᠷᠢᠩ ᠤᠨ ᠲᠥᠷᠥᠯ ᠵᠦᠢᠯ ᠤᠨ ᠬᠡᠷᠡᠭᠵᠢᠭᠦᠯᠦᠯᠲᠡ ᠶᠢ ᠡᠷᠳᠡᠨᠢ ᠰᠢᠰᠢ ᠶᠢᠨ ᠤᠨᠠᠯᠲᠠ ᠶᠢ ᠨᠡᠮᠡᠭᠳᠡᠭᠦᠯᠬᠦ ᠭᠤᠣᠯᠳᠠᠯᠭ᠎ᠠ ᠶᠢ ᠲᠠᠯᠠᠪᠠᠢ ᠨᠢᠭᠡᠴᠢ ᠶᠢᠨ ᠤᠨᠠᠯᠲᠠ ᠶᠢ ᠶᠡᠭᠡ ᠬᠡᠪᠴᠢᠶ᠎ᠡ ᠪᠠᠷ ᠳᠡᠭᠡᠭᠰᠢᠯᠡᠭᠦᠯᠬᠦ ᠳᠡᠭᠡᠷ᠎ᠡ ᠲᠠᠯᠪᠢᠵᠤ᠂ ᠭᠠᠵᠠᠷ᠂ ᠤᠰᠤᠨ ᠤ ᠲᠥᠷᠥᠯ᠂ ᠮᠠᠰᠢᠨ᠂ ᠮᠡᠷᠭᠡᠵᠢᠯ ᠵᠡᠷᠭᠡ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠬᠦᠴᠦᠨ ᠵᠦᠢᠯ ᠢ ᠠᠭᠤᠰᠤᠯᠴᠠᠭᠤᠯᠤᠨ᠂ ︽ᠨᠢᠭᠲᠠ ᠪᠣᠯᠭᠠᠬᠤ᠂ ᠬᠤᠷᠠᠭᠤᠯᠬᠤ᠂ ᠨᠠᠷᠢᠯᠢᠭ ᠣᠨᠣᠴᠠᠲᠠᠢ ᠪᠠᠶᠢᠯᠭᠠᠬᠤ᠂ ᠪᠣᠳᠠᠲᠠᠶᠢᠵᠢᠭᠤᠯᠬᠤ︾ ᠳᠥᠷᠪᠡᠨ ᠮᠡᠷᠭᠡᠵᠢᠯ ᠤᠨ ᠭᠤᠭᠴᠤᠭ᠎ᠠ ᠶᠢ ᠲᠣᠪᠤᠶᠢᠯᠭᠠᠨ᠂ ᠪᠣᠬᠢᠷᠲᠤᠯ ᠦᠭᠡᠢ ᠬᠥᠭᠵᠢᠯᠲᠡ ᠶᠢᠨ ᠣᠨᠣᠯᠵᠢᠬᠤᠨ ᠢ ᠢᠯᠡᠷᠡᠭᠦᠯᠵᠦ᠂ ᠡᠷᠳᠡᠨᠢ ᠰᠢᠰᠢ ᠶᠢᠨ ᠤᠨᠠᠯᠲᠠ ᠶᠢ ᠶᠡᠭᠡ ᠬᠡᠪᠴᠢᠶ᠎ᠡ ᠪᠠᠷ ᠲᠡᠩᠴᠡᠭᠦᠷᠢᠲᠡᠢ ᠨᠡᠮᠡᠭᠳᠡᠭᠦᠯᠬᠦ ᠶᠢ ᠳᠠᠶᠢᠴᠢᠯᠠᠨ ᠪᠡᠶᠡᠯᠡᠭᠦᠯᠵᠦ᠂ ᠡᠷᠳᠡᠨᠢ ᠰᠢᠰᠢ ᠶᠢᠨ ᠦᠢᠯᠡᠳᠪᠦᠷᠢᠯᠡᠯ ᠤᠨ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠳᠬᠠᠨ᠂ ᠠᠮᠤ ᠪᠤᠳᠠᠭᠠᠨ ᠤ ᠠᠮᠤᠷ ᠲᠦᠪᠰᠢᠨ ᠤ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠳᠤ ᠨᠠᠩ ᠣᠯᠠᠨ ᠬᠦᠴᠦᠨ ᠴᠢᠳᠠᠯ ᠢᠶᠠᠨ ᠨᠡᠮᠡᠷᠢᠯᠡᠨ᠎ᠡ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1