ᠭᠡᠷ ᠪᠠᠶᠢᠰᠢᠩ ᠭᠠᠵᠠᠷ ᠬᠦᠷᠦᠩᠭᠡ ᠶᠢᠨ ᠵᠢᠭᠡᠯᠡᠯᠭᠡ ᠶᠢᠨ ᠨᠡᠮᠡᠭᠳᠡᠯ ᠲᠠᠬᠢᠨ ᠲᠡᠭᠡᠭᠰᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2025/2/24
      ᠲᠦᠷᠦᠭᠦᠬᠡᠨ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠨᠡᠶᠢᠲᠡᠯᠡᠭᠰᠡᠨ ᠲᠤᠭ᠎ᠠ ᠪᠦᠷᠢᠳᠬᠡᠯ ᠤᠨ ᠮᠡᠳᠡᠭᠦᠯᠦᠯᠲᠡ ᠳᠤ ᠢᠯᠡᠷᠡᠭᠦᠯᠦᠭᠰᠡᠨ ᠢᠶᠠᠷ᠂ 2024 ᠣᠨ ᠤ ᠳᠥᠷᠪᠡᠳᠦᠭᠡᠷ ᠤᠯᠠᠷᠢᠯ ᠤᠨ ᠡᠴᠦᠰ ᠲᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰᠤᠨ ᠤ ᠡᠯ᠎ᠡ ᠵᠦᠢᠯ ᠤᠨ ᠵᠢᠭᠡᠯᠡᠯᠭᠡ ᠶᠢᠨ ᠦᠯᠡᠳᠡᠪᠦᠷᠢ 255.68 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.6% ᠪᠠᠷ ᠨᠡᠮᠡᠭᠳᠡᠨ᠂ ᠪᠥᠬᠦ ᠵᠢᠯ ᠤᠨ ᠠᠷᠠᠳ ᠤᠨ ᠵᠣᠭᠤᠰᠤᠨ ᠤ ᠵᠢᠭᠡᠯᠡᠯᠭᠡ 18.09 ᠲᠦᠮᠡᠨ ᠳ᠋ᠦᠩᠰᠢᠭᠤᠷ ᠲᠥᠭᠦᠷᠢᠭ ᠨᠡᠮᠡᠭᠳᠡᠵᠡᠢ᠃       ᠮᠡᠳᠡᠭᠦᠯᠦᠯᠲᠡ ᠳᠤ ᠢᠯᠡᠷᠡᠭᠦᠯᠦᠭᠰᠡᠨ ᠢᠶᠠᠷ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠢᠭᠡᠯᠡᠯᠭᠡ ᠶᠢᠨ ᠨᠡᠮᠡᠭᠳᠡᠯ ᠲᠠᠬᠢᠨ ᠲᠡᠭᠡᠭᠰᠢᠯᠡᠵᠦ ᠪᠠᠶᠢᠨ᠎ᠠ᠃ 2024 ᠣᠨ ᠤ ᠳᠥᠷᠪᠡᠳᠦᠭᠡᠷ ᠤᠯᠠᠷᠢᠯ ᠤᠨ ᠡᠴᠦᠰ ᠲᠤ᠂ ᠠᠷᠠᠳ ᠤᠨ ᠵᠣᠭᠤᠰ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠵᠢᠭᠡᠯᠡᠯᠭᠡ ᠶᠢᠨ ᠦᠯᠡᠳᠡᠪᠦᠷᠢ 13.56 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.2% ᠢᠶᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠲᠦᠷᠦᠭᠦᠸ ᠵᠢᠯ ᠤᠨ ᠡᠴᠦᠰ ᠤᠨ ᠬᠢ ᠠᠴᠠ 1.7 ᠵᠠᠭᠤᠨ ᠤ ᠨᠢᠭᠡᠴᠢ ᠥᠨᠳᠥᠷ ᠪᠣᠯᠵᠤ᠂ ᠪᠥᠬᠦ ᠵᠢᠯ ᠳᠤ 4125 ᠳ᠋ᠦᠩᠰᠢᠭᠤᠷ ᠲᠥᠭᠦᠷᠢᠭ ᠨᠡᠮᠡᠭᠳᠡᠵᠡᠢ᠃ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠦᠯᠡᠳᠡᠪᠦᠷᠢ 37.68 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.3% ᠪᠠᠷ ᠪᠠᠭᠤᠷᠠᠵᠤ᠂ ᠨᠡᠮᠡᠭᠳᠡᠯ ᠤᠨ ᠬᠤᠷᠳᠤᠴᠠ ᠨᠢ ᠲᠦᠷᠦᠭᠦᠸ ᠵᠢᠯ ᠤᠨ ᠡᠴᠦᠰ ᠤᠨ ᠬᠢ ᠠᠴᠠ 0.3 ᠵᠠᠭᠤᠨ ᠤ ᠨᠢᠭᠡᠴᠢ ᠥᠨᠳᠥᠷ ᠪᠣᠯᠪᠠ᠃ ᠠᠷᠠᠳ ᠤᠨ ᠵᠣᠭᠤᠰ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠵᠢᠭᠡᠯᠡᠯᠭᠡ ᠶᠢᠨ ᠦᠯᠡᠳᠡᠪᠦᠷᠢ ᠲᠤᠭ᠎ᠠ 52.8 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.2% ᠢᠶᠠᠷ ᠪᠠᠭᠤᠷᠠᠵᠤ᠂ ᠨᠡᠮᠡᠭᠳᠡᠯ ᠤᠨ ᠬᠤᠷᠳᠤᠴᠠ ᠨᠢ ᠲᠦᠷᠦᠭᠦᠸ ᠵᠢᠯ ᠤᠨ ᠡᠴᠦᠰ ᠤᠨ ᠬᠢ ᠠᠴᠠ 0.8 ᠵᠠᠭᠤᠨ ᠤ ᠨᠢᠭᠡᠴᠢ ᠥᠨᠳᠥᠷ ᠪᠣᠯᠪᠠ᠃       ᠰᠠᠭᠤᠭᠠᠯᠢ ᠠᠷᠠᠳ ᠤᠨ ᠬᠡᠷᠡᠭᠯᠡᠭᠡᠨ ᠤ ᠵᠢᠭᠡᠯᠡᠯᠭᠡ ᠴᠦ ᠨᠡᠮᠡᠭᠳᠡᠯ ᠢᠶᠠᠨ ᠪᠠᠲᠤᠯᠠᠵᠤ ᠪᠠᠶᠢᠨ᠎ᠠ᠃ 2024 ᠣᠨ ᠤ ᠳᠥᠷᠪᠡᠳᠦᠭᠡᠷ ᠤᠯᠠᠷᠢᠯ ᠤᠨ ᠡᠴᠦᠰ ᠲᠤ᠂ ᠭᠠᠳᠠᠭᠠᠳᠤ ᠶᠢᠨ ᠵᠣᠭᠤᠰᠤᠨ ᠤ ᠰᠠᠭᠤᠭᠠᠯᠢ ᠠᠷᠠᠳ ᠤᠨ ᠵᠢᠭᠡᠯᠡᠯᠭᠡ ᠶᠢᠨ ᠦᠯᠡᠳᠡᠪᠦᠷᠢ 82.84 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 3.4% ᠪᠠᠷ ᠨᠡᠮᠡᠭᠳᠡᠨ᠂ ᠪᠥᠬᠦ ᠵᠢᠯ ᠳᠤ 2.72 ᠲᠦᠮᠡᠨ ᠳ᠋ᠦᠩᠰᠢᠭᠤᠷ ᠲᠥᠭᠦᠷᠢᠭ ᠨᠡᠮᠡᠭᠳᠡᠵᠡᠢ᠃ ᠡᠭᠦᠨ ᠳᠤ᠂ ᠡᠵᠡᠩᠨᠡᠯᠲᠡ ᠶᠢᠨ ᠴᠢᠨᠠᠷᠲᠠᠢ ᠵᠢᠭᠡᠯᠡᠯᠭᠡ ᠶᠢᠨ ᠦᠯᠡᠳᠡᠪᠦᠷᠢ 24.14 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9% ᠪᠠᠷ ᠨᠡᠮᠡᠭᠳᠡᠨ᠂ ᠪᠥᠬᠦ ᠵᠢᠯ ᠳᠤ 1.98 ᠲᠦᠮᠡᠨ ᠳ᠋ᠦᠩᠰᠢᠭᠤᠷ ᠲᠥᠭᠦᠷᠢᠭ ᠨᠡᠮᠡᠭᠳᠡᠵᠡᠢ᠃ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢ ᠪᠠᠭᠲᠠᠭᠠᠬᠤ ᠦᠭᠡᠢ ᠬᠡᠷᠡᠭᠯᠡᠭᠡᠨ ᠤ ᠴᠢᠨᠠᠷᠲᠠᠢ ᠵᠢᠭᠡᠯᠡᠯᠭᠡ ᠶᠢᠨ ᠦᠯᠡᠳᠡᠪᠦᠷᠢ ᠲᠤᠭ᠎ᠠ 21.01 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.2% ᠨᠡᠮᠡᠭᠳᠡᠨ᠂ ᠪᠥᠬᠦ ᠵᠢᠯ ᠳᠤ 1.24 ᠲᠦᠮᠡᠨ ᠳ᠋ᠦᠩᠰᠢᠭᠤᠷ ᠲᠥᠭᠦᠷᠢᠭ ᠨᠡᠮᠡᠭᠳᠡᠪᠡ᠃      2024 ᠣᠨ ᠤ ᠳᠥᠷᠪᠡᠳᠦᠭᠡᠷ ᠤᠯᠠᠷᠢᠯ ᠤᠨ ᠡᠴᠦᠰ ᠲᠤ᠂ ᠵᠢᠭᠡᠯᠡᠯᠭᠡ ᠶᠢᠨ ᠳᠡᠮᠵᠢᠯᠭᠡ ᠭᠥᠷᠳᠡᠭᠰᠡᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ 26.25 ᠲᠦᠮᠡ ᠪᠠᠶᠢᠵᠤ᠂ ᠵᠢᠭᠡᠯᠡᠯᠭᠡ ᠣᠯᠣᠭᠰᠠᠨ ᠨᠣᠷᠮ᠎ᠠ ᠨᠢ 46.9% ᠪᠠᠶᠢᠵᠤ᠂ ᠲᠦᠷᠦᠭᠦᠸ ᠵᠢᠯ ᠤᠨ ᠠᠳᠠᠯᠢ ᠬᠤᠭᠤᠴᠠᠭᠠᠨ ᠤ ᠬᠢ ᠠᠴᠠ 2.1 ᠵᠠᠭᠤᠨ ᠤ ᠨᠢᠭᠡᠴᠢ ᠥᠨᠳᠥᠷ ᠪᠣᠯᠵᠠᠢ᠃ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ ᠤᠨ ᠡᠬᠡ ᠮᠥᠩᠭᠦ ᠪᠠ ᠭᠠᠳᠠᠭᠠᠳᠤ ᠵᠣᠭᠤᠰᠤᠨ ᠤ ᠵᠢᠭᠡᠯᠡᠯᠭᠡ ᠶᠢᠨ ᠦᠯᠡᠳᠡᠪᠦᠷᠢ ᠲᠤᠭ᠎ᠠ 3.27 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 21.2% ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠡᠯ᠎ᠡ ᠵᠦᠢᠯ ᠤᠨ ᠵᠢᠭᠡᠯᠡᠯᠭᠡ ᠠᠴᠠ 14 ᠵᠠᠭᠤᠨ ᠤ ᠨᠢᠭᠡᠴᠢ ᠥᠨᠳᠥᠷ ᠪᠣᠯᠪᠠ᠃ ᠵᠢᠭᠡᠯᠡᠯᠭᠡ ᠶᠢᠨ ᠳᠡᠮᠵᠢᠯᠭᠡ ᠣᠯᠣᠭᠰᠠᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 25.81 ᠲᠦᠮᠡ ᠪᠠᠶᠢᠵᠤ ᠂ ᠵᠢᠭᠡᠯᠡᠯᠭᠡ ᠣᠯᠣᠭᠰᠠᠨ ᠨᠣᠷᠮ᠎ᠠ ᠨᠢ 55.7% ᠪᠠᠶᠢᠵᠤ᠂ ᠲᠦᠷᠦᠭᠦᠸ ᠵᠢᠯ ᠤᠨ ᠠᠳᠠᠯᠢ ᠬᠤᠭᠤᠴᠠᠭᠠᠨ ᠤ  ᠬᠢ ᠠᠴᠠ 1.9 ᠵᠠᠭᠤᠨ ᠤ ᠨᠢᠭᠡᠴᠢ ᠥᠨᠳᠥᠷ ᠪᠣᠯᠵᠠᠢ᠃ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠡᠬᠡ ᠮᠥᠩᠭᠦ ᠪᠠ ᠭᠠᠳᠠᠭᠠᠳᠤ ᠵᠣᠭᠤᠰᠤᠨ ᠤ ᠵᠢᠭᠡᠯᠡᠯᠭᠡ ᠶᠢᠨ ᠦᠯᠡᠳᠡᠪᠦᠷᠢ ᠲᠤᠭ᠎ᠠ 15.63 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.5% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠡᠯ᠎ᠡ ᠵᠦᠢᠯ ᠤᠨ ᠵᠢᠭᠡᠯᠡᠯᠭᠡ ᠠᠴᠠ 0.3 ᠵᠠᠭᠤᠨ ᠤ ᠨᠢᠭᠡᠴᠢ ᠥᠨᠳᠥᠷ ᠪᠣᠯᠪᠠ᠃ ᠢᠷᠡᠯᠲᠡ᠄ ᠠᠵᠤ ᠠᠬᠤᠢ ᠶᠢᠨ ᠡᠳᠦᠷ ᠤᠨ ᠰᠣᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1