70 ᠬᠤᠲᠠ ᠶᠢᠨ 1 ᠳ᠋ᠤᠭᠡᠷ ᠰᠠᠷ᠎ᠠ ᠶᠢᠨ ᠭᠡᠷ ᠪᠠᠶᠢᠰᠢᠩ ᠤᠨ ᠦᠨ᠎ᠡ ᠶᠢᠨ ᠲᠤᠭ᠎ᠠ ᠪᠠᠷᠢᠮᠳᠡ ᠶᠢ ᠨᠡᠶᠢᠳᠡᠯᠡᠪᠡ
ᠨᠡᠶᠢᠲᠡᠯᠡᠭᠰᠡᠨ ᠴᠠᠭ᠄
2025/2/24
      2025 ᠣᠨ ᠤ 1 ᠳ᠋ᠤᠭᠡᠷ ᠰᠠᠷ᠎ᠠ ᠳᠤ᠂ ᠲᠣᠮᠣ ᠳᠤᠮᠳᠠ 70 ᠬᠤᠲᠠ ᠶᠢᠨ ᠳᠣᠲᠣᠷ᠎ᠠ᠂ ᠨᠢᠭᠡᠳᠦᠭᠡᠷ ᠲᠡᠰ ᠤᠨ ᠬᠤᠲᠠ ᠶᠢᠨ ᠲᠠᠸᠠᠷ ᠤᠨ ᠣᠷᠣᠨ ᠰᠠᠭᠤᠴᠠ ᠶᠢᠨ ᠪᠣᠷᠣᠯᠠᠭᠤᠯᠤᠯᠲᠠ ᠶᠢᠨ ᠦᠨ᠎ᠡ ᠲᠦᠷᠦᠭᠦᠸ ᠰᠠᠷ᠎ᠠ ᠶᠢᠨ  ᠬᠢ ᠠᠴᠠ ᠦᠷᠭᠦᠯᠵᠢᠯᠡᠨ ᠥᠰᠴᠦ᠂ ᠬᠤᠶᠠᠳᠤᠭᠠᠷ᠂ ᠭᠤᠷᠪᠠᠳᠤᠭᠠᠷ ᠲᠡᠰ ᠤᠨ ᠬᠤᠲᠠ ᠲᠦᠷᠦᠭᠦᠸ ᠰᠠᠷ᠎ᠠ ᠶᠢᠨ  ᠬᠢ ᠠᠴᠠ ᠶᠡᠷᠦᠩᠬᠡᠢ ᠳᠡᠭᠡᠨ ᠵᠢᠭᠠᠬᠠᠨ ᠪᠠᠭᠤᠷᠠᠪᠠ︔ ᠨᠢᠭᠡᠳᠦᠭᠡᠷ ᠬᠤᠶᠠᠳᠤᠭᠠᠷ ᠭᠤᠷᠪᠠᠳᠤᠭᠠᠷ ᠲᠡᠰ ᠤᠨ ᠬᠤᠲᠠ ᠶᠢᠨ ᠠᠳᠠᠯᠢ ᠬᠤᠭᠤᠴᠠᠭᠠᠨ ᠤ ᠬᠢ ᠠᠴᠠ ᠪᠠᠭᠤᠷᠠᠭᠰᠠᠨ ᠬᠡᠮᠵᠢᠶ᠎ᠡ ᠨᠢ ᠴᠥᠮ ᠦᠷᠭᠦᠯᠵᠢᠯᠡᠨ ᠪᠠᠭᠠᠰᠤᠭᠰᠠᠨ ᠪᠠᠶᠢᠨ᠎ᠠ᠃      ᠨᠢᠭᠡᠳᠦᠭᠡᠷ ᠲᠡᠰ ᠤᠨ ᠬᠤᠲᠠ ᠶᠢᠨ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠣᠷᠣᠨ ᠰᠠᠭᠤᠴᠠ ᠶᠢᠨ ᠪᠣᠷᠣᠯᠠᠭᠤᠯᠤᠯᠲᠠ ᠶᠢᠨ ᠦᠨ᠎ᠡ ᠲᠦᠷᠦᠭᠦᠸ ᠰᠠᠷ᠎ᠠ ᠶᠢᠨ ᠬᠢ ᠠᠴᠠ 0.1% ᠪᠠᠷ ᠥᠰᠴᠦ᠂ ᠥᠰᠦᠯᠲᠡ ᠶᠢᠨ ᠬᠡᠮᠵᠢᠶ᠎ᠡ ᠨᠢ ᠲᠦᠷᠦᠭᠦᠸ ᠰᠠᠷ᠎ᠠ ᠶᠢᠨ ᠬᠢ ᠠᠴᠠ 0.1% ᠢᠶᠠᠷ ᠪᠠᠭᠤᠷᠠᠵᠠᠢ᠃ ᠡᠭᠦᠨ ᠳᠤ ᠪᠡᠭᠡᠵᠢᠩ 0.4% ᠪᠠᠷ ᠪᠠᠭᠤᠷᠠᠵᠤ᠂ ᠭᠤᠸᠠᠩᠵᠸᠦ ᠦᠰᠦᠭᠰᠡᠨ ᠦᠭᠡᠢ ᠪᠠᠭᠤᠷᠠᠭᠰᠠᠨ ᠦᠭᠡᠢ᠂ ᠱᠠᠩᠬᠠᠢ ᠪᠣᠯᠣᠨ ᠱᠧᠨᠵᠧᠨ ᠲᠣᠰ ᠲᠣᠰ 0.6% ᠪᠠ 0.2% ᠢᠶᠠᠷ ᠥᠰᠴᠡᠢ᠃ ᠨᠢᠭᠡᠳᠦᠭᠡᠷ ᠲᠡᠰ ᠤᠨ ᠬᠤᠲᠠ ᠶᠢᠨ ᠭᠠᠷ ᠳᠠᠮᠵᠢᠭᠰᠠᠨ ᠣᠷᠣᠨ ᠰᠠᠭᠤᠴᠠ ᠶᠢᠨ ᠪᠣᠷᠣᠯᠠᠭᠤᠯᠤᠯᠲᠠ ᠶᠢᠨ ᠦᠨ᠎ᠡ ᠲᠦᠷᠦᠭᠦᠸ ᠰᠠᠷ᠎ᠠ ᠶᠢᠨ ᠬᠢ ᠠᠴᠠ 0.1% ᠪᠠᠷ ᠥᠰᠴᠦ᠂ ᠥᠰᠦᠯᠲᠡ ᠶᠢᠨ ᠬᠡᠮᠵᠢᠶ᠎ᠡ ᠨᠢ ᠲᠦᠷᠦᠭᠦᠸ ᠰᠠᠷ᠎ᠠ ᠶᠢᠨ ᠬᠢ ᠠᠴᠠ 0.2 % ᠢᠶᠠᠷ ᠪᠠᠭᠤᠷᠠᠪᠠ᠃ ᠡᠭᠦᠨ ᠳᠤ᠂ ᠪᠡᠭᠡᠵᠢᠩ᠂ ᠱᠠᠩᠬᠠᠢ ᠪᠠ ᠱᠧᠨᠵᠧᠨ ᠲᠣᠰ ᠲᠣᠰ 0.1%᠂ 0.4% ᠪᠠ 0.4% ᠪᠠᠷ ᠥᠰᠴᠦ᠂ ᠭᠤᠸᠠᠩᠵᠸᠦ 0.2% ᠢᠶᠠᠷ ᠪᠠᠭᠤᠷᠠᠪᠠ᠃      ᠬᠤᠶᠠᠳᠤᠭᠠᠷ ᠳᠡᠰ ᠤᠨ ᠬᠤᠳᠠ ᠶᠢᠨ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠣᠷᠣᠨ ᠰᠠᠭᠤᠴᠠ ᠶᠢᠨ ᠪᠣᠷᠤᠯᠠᠭᠤᠯᠭ᠎ᠠ ᠶᠢᠨ ᠦᠨ᠎ᠡ ᠳᠡᠭᠡᠷ᠎ᠡ ᠰᠠᠷ᠎ᠠ ᠶᠢᠨ ᠬᠢ ᠲᠠᠢ ᠠᠳᠠᠯᠢ ᠪᠠᠶᠢᠭᠰᠠᠨ ᠠᠴᠠ ᠪᠠᠨ 0.1% ᠪᠠᠷ ᠥᠰᠴᠦ᠂ 2023 ᠣᠨ ᠤ 6 ᠳ᠋ᠤᠭᠠᠷ ᠰᠠᠷ᠎ᠠ ᠠᠴᠠ ᠨᠠᠰᠢ ᠠᠩᠬ᠎ᠠ ᠤᠳᠠᠭ᠎ᠠ ᠥᠰᠴᠡᠢ︔ ᠭᠠᠷ ᠳᠠᠮᠵᠢᠭᠰᠠᠨ ᠣᠷᠣᠨ ᠰᠠᠭᠤᠴᠠ ᠲᠦᠷᠦᠭᠦᠸ ᠰᠠᠷ᠎ᠠ ᠶᠢᠨ ᠬᠢ ᠠᠴᠠ 0.3% ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ ᠲᠦᠷᠦᠭᠦᠸ ᠰᠠᠷ᠎ᠠ ᠶᠢᠨ ᠬᠢ ᠲᠠᠢ ᠠᠳᠠᠯᠢ ᠪᠣᠯᠵᠠᠢ᠃ ᠭᠤᠷᠪᠠᠳᠤᠭᠠᠷ ᠲᠡᠰ ᠤᠨ ᠬᠤᠲᠠ ᠶᠢᠨ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠣᠷᠣᠨ ᠰᠠᠭᠤᠴᠠ ᠪᠠ ᠭᠠᠷ ᠳᠠᠮᠵᠢᠭᠰᠠᠨ ᠣᠷᠣᠨ ᠰᠠᠭᠤᠴᠠ ᠶᠢᠨ ᠪᠣᠷᠣᠯᠠᠭᠤᠯᠤᠯᠲᠠ ᠶᠢᠨ ᠦᠨ᠎ᠡ ᠲᠦᠷᠦᠭᠦᠸ ᠰᠠᠷ᠎ᠠ ᠶᠢᠨ ᠬᠢ ᠠᠴᠠ ᠲᠣᠰ ᠲᠣᠰ 0.2% ᠪᠠ 0.4% ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ ᠴᠥᠮ ᠲᠦᠷᠦᠭᠦᠸ ᠰᠠᠷ᠎ᠠ ᠶᠢᠨ ᠬᠢ ᠲᠠᠢ ᠠᠳᠠᠯᠢ ᠪᠣᠯᠵᠠᠢ᠃      1 ᠳ᠋ᠤᠭᠡᠷ ᠰᠠᠷ᠎ᠠ ᠳᠤ᠂ ᠲᠣᠮᠣ ᠳᠤᠮᠳᠠ 70 ᠬᠤᠲᠠ ᠶᠢᠨ ᠳᠣᠲᠣᠷ᠎ᠠ᠂ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠣᠷᠣᠨ ᠰᠠᠭᠤᠴᠠ ᠶᠢᠨ ᠪᠣᠷᠣᠯᠠᠭᠤᠯᠤᠯᠲᠠ ᠶᠢᠨ ᠦᠨ᠎ᠡ ᠲᠦᠷᠦᠭᠦᠸ ᠰᠠᠷ᠎ᠠ ᠶᠢᠨ ᠬᠢ ᠠᠴᠠ ᠪᠠᠨ ᠥᠰᠦᠭᠰᠡᠨ ᠬᠤᠲᠠ 24 ᠪᠠᠶᠢᠵᠤ᠂ ᠲᠦᠷᠦᠭᠦᠸ ᠰᠠᠷ᠎ᠠ ᠶᠢᠨ ᠬᠢ ᠠᠴᠠ 1 ᠬᠤᠳᠠ ᠨᠡᠮᠡᠭᠳᠡᠵᠡᠢ︔ ᠭᠠᠷ ᠳᠠᠮᠵᠢᠭᠰᠠᠨ ᠣᠷᠣᠨ ᠰᠠᠭᠤᠴᠠ ᠲᠦᠷᠦᠭᠦᠸ ᠰᠠᠷ᠎ᠠ ᠶᠢᠨ ᠬᠢ ᠠᠴᠠ ᠪᠠᠨ ᠥᠰᠦᠭᠰᠡᠨ ᠬᠤᠲᠠ 7 ᠪᠠᠶᠢᠵᠤ᠂ ᠲᠦᠷᠦᠭᠦᠸ ᠰᠠᠷ᠎ᠠ ᠶᠢᠨ ᠬᠢ ᠠᠴᠠ 2 ᠬᠠᠰᠤᠭᠳᠠᠵᠠᠢ᠃      ᠨᠢᠭᠡᠳᠦᠭᠡᠷ ᠲᠡᠰ ᠤᠨ ᠬᠤᠲᠠ ᠶᠢᠨ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠣᠷᠣᠨ ᠰᠠᠭᠤᠴᠠ ᠶᠢᠨ ᠪᠣᠷᠣᠯᠠᠭᠤᠯᠤᠯᠲᠠ ᠶᠢᠨ ᠦᠨ᠎ᠡ ᠠᠳᠠᠯᠢ ᠬᠤᠭᠤᠴᠠᠭᠠᠨ ᠤ ᠬᠢ ᠠᠴᠠ 3.4% ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ ᠲᠦᠷᠦᠭᠦᠸ ᠰᠠᠷ᠎ᠠ ᠶᠢᠨ ᠬᠢ ᠠᠴᠠ 0.4 % ᠢᠶᠠᠷ ᠪᠠᠭᠠᠰᠴᠠᠢ᠃ ᠡᠭᠦᠨ ᠳᠤ ᠪᠡᠭᠡᠵᠢᠩ᠂ ᠭᠤᠸᠠᠩᠵᠸᠦ ᠪᠣᠯᠣᠨ ᠱᠧᠨᠵᠧᠨ ᠲᠣᠰ ᠲᠣᠰ 5.7%᠂ 8.4% ᠪᠠ 5.2% ᠢᠶᠠᠷ ᠪᠠᠭᠤᠷᠠᠵᠤ᠂ ᠱᠠᠩᠬᠠᠢ 5.6% ᠪᠠᠷ ᠥᠰᠴᠡᠢ᠃ ᠨᠢᠭᠡᠳᠦᠭᠡᠷ ᠲᠡᠰ ᠤᠨ ᠬᠤᠲᠠ ᠶᠢᠨ ᠭᠠᠷ ᠳᠠᠮᠵᠢᠭᠰᠠᠨ ᠣᠷᠣᠨ ᠰᠠᠭᠤᠴᠠ ᠶᠢᠨ ᠪᠣᠷᠣᠯᠠᠭᠤᠯᠤᠯᠲᠠ ᠶᠢᠨ ᠦᠨ᠎ᠡ ᠠᠳᠠᠯᠢ ᠬᠤᠭᠤᠴᠠᠭᠠᠨ ᠤ ᠬᠢ ᠠᠴᠠ 5.6% ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ ᠲᠦᠷᠦᠭᠦᠸ ᠰᠠᠷ᠎ᠠ ᠶᠢᠨ ᠬᠢ ᠠᠴᠠ 1.1% ᠢᠶᠠᠷ ᠪᠠᠭᠠᠰᠴᠠᠢ᠂ ᠡᠭᠦᠨ ᠳᠤ ᠪᠡᠭᠡᠵᠢᠩ᠂ ᠱᠠᠩᠬᠠᠢ᠂ ᠭᠤᠸᠠᠩᠵᠸᠦ ᠪᠠ ᠱᠧᠨᠵᠧᠨ ᠲᠣᠰ ᠲᠣᠰ 3.8%᠂ 2.3%᠂ 10.0% ᠪᠠ 6.1% ᠪᠠᠷ ᠪᠠᠭᠤᠷᠠᠵᠠᠢ᠃      ᠬᠤᠶᠠᠳᠤᠭᠠᠷ ᠲᠡᠰ ᠤᠨ ᠬᠤᠲᠠ ᠶᠢᠨ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠣᠷᠣᠨ ᠰᠠᠭᠤᠴᠠ ᠶᠢᠨ ᠪᠣᠷᠣᠯᠠᠭᠤᠯᠤᠯᠲᠠ ᠶᠢᠨ ᠦᠨ᠎ᠡ ᠠᠳᠠᠯᠢ ᠬᠤᠭᠤᠴᠠᠭᠠᠨ ᠤ ᠬᠢ ᠠᠴᠠ 5.0% ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ ᠲᠦᠷᠦᠭᠦᠸ ᠰᠠᠷ᠎ᠠ ᠶᠢᠨ ᠬᠢ ᠠᠴᠠ 0.4 % ᠢᠶᠠᠷ ᠪᠠᠭᠤᠷᠠᠵᠠᠢ︔ ᠭᠠᠷ ᠳᠠᠮᠵᠢᠭᠰᠠᠨ ᠣᠷᠣᠨ ᠰᠠᠭᠤᠴᠠ ᠠᠳᠠᠯᠢ ᠬᠤᠭᠤᠴᠠᠭᠠᠨ ᠤ ᠬᠢ ᠠᠴᠠ 7.6% ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ ᠲᠦᠷᠦᠭᠦᠸ ᠰᠠᠷ᠎ᠠ ᠶᠢᠨ ᠬᠢ ᠠᠴᠠ 0.3 % ᠢᠶᠠᠷ ᠪᠠᠭᠠᠰᠴᠠᠢ᠃ ᠭᠤᠷᠪᠠᠳᠤᠭᠠᠷ ᠲᠡᠰ ᠤᠨ ᠬᠤᠲᠠ ᠶᠢᠨ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠣᠷᠣᠨ ᠰᠠᠭᠤᠴᠠ ᠪᠠ ᠭᠠᠷ ᠳᠠᠮᠵᠢᠭᠰᠠᠨ ᠣᠷᠣᠨ ᠰᠠᠭᠤᠴᠠ ᠶᠢᠨ ᠪᠣᠷᠣᠯᠠᠭᠤᠯᠤᠯᠲᠠ ᠶᠢᠨ ᠦᠨ᠎ᠡ ᠠᠳᠠᠯᠢ ᠬᠤᠭᠤᠴᠠᠭᠠᠨ ᠤ ᠬᠢ ᠠᠴᠠ ᠲᠣᠰ ᠲᠣᠰ 6.0% ᠪᠠ 8.2% ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ ᠴᠥᠮ ᠲᠦᠷᠦᠭᠦᠸ ᠰᠠᠷ᠎ᠠ ᠶᠢᠨ ᠬᠢ ᠠᠴᠠ 0.2% ᠲᠤ ᠬᠦᠷᠴᠡᠢ᠃      ᠲᠠᠶᠢᠯᠪᠤᠷᠢ᠄      ᠲᠣᠮᠣ ᠳᠤᠮᠳᠠ 70 ᠬᠤᠲᠠ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠦᠨ᠎ᠡ ᠬᠠᠩᠰᠢ ᠶᠢᠨ ᠪᠦᠷᠢᠳᠬᠡᠯ ᠤᠨ ᠨᠢᠭᠡᠳᠦᠭᠡᠷ ᠬᠤᠶᠠᠳᠤᠭᠠᠷ ᠭᠤᠷᠪᠠᠳᠤᠭᠠᠷ ᠳᠡᠰ ᠤᠨ ᠬᠤᠲᠠ ᠢᠶᠠᠷ ᠬᠤᠪᠢᠶᠠᠷᠢᠯᠠᠪᠠᠯ᠄ ᠨᠢᠭᠡᠳᠦᠭᠡᠷ ᠳᠡᠰ ᠤᠨ ᠬᠤᠲᠠ ᠭᠡᠳᠡᠭ ᠨᠢ ᠪᠡᠭᠡᠵᠢᠩ᠂ ᠱᠠᠩᠬᠠᠢ᠂ ᠭᠤᠸᠠᠩᠵᠸᠦ᠂ ᠱᠧᠨᠵᠧᠨ ᠵᠡᠷᠭᠡ 4 ᠬᠤᠲᠠ ᠶᠢ ᠵᠢᠭᠠᠵᠤ ᠪᠣᠶ ︔ ᠬᠤᠶᠠᠳᠤᠭᠠᠷ ᠳᠡᠰ ᠤᠨ ᠬᠤᠲᠠ ᠭᠡᠳᠡᠭ ᠨᠢ ᠲᠢᠶᠠᠨᠵᠢᠨ᠂ ᠱᠢ ᠵᠢᠶᠠ ᠵᠤᠸᠠᠩ᠂ ᠲᠠᠶᠢᠶᠤᠸᠠᠨ᠂ ᠬᠥᠬᠡᠬᠤᠲᠠ᠂ ᠮᠦᠭᠳᠡᠨ᠂ ᠳ᠋ᠠᠯᠢᠶᠠᠨ᠂ ᠴᠠᠩᠴᠦ᠋ᠨ᠂ ᠬᠠᠷᠪᠢᠨ᠂ ᠨᠠᠨᠵᠢᠩ᠂ ᠬᠠᠩᠵᠧᠦ᠂ ᠨᠢᠩᠪᠦ᠋ᠸᠧ᠂ ᠾᠧᠹᠧᠢ᠂ ᠹᠦᠵᠧᠦ᠂ ᠰᠢᠶᠠᠮᠧᠨ᠂ ᠨᠠᠨᠴᠠᠩ᠂ ᠵᠢᠨᠠᠨ᠂ ᠴᠢᠩᠳᠣᠣ᠂ ᠵᠧᠩᠵᠧᠦ᠂ ᠦᠬᠠᠨ᠂ ᠴᠠᠩᠱᠠ᠂ ᠨᠠᠨᠨᠢᠩ᠂ ᠬᠠᠶᠢᠺᠧᠦ᠂ ᠴᠦᠩᠴᠢᠩ ᠂ ᠴᠧᠩᠳᠦ᠋᠂ ᠭᠦᠢᠶᠠᠩ᠂ ᠺᠦᠨᠮᠢᠩ᠂ ᠰᠢ ᠠᠨ᠂ ᠯᠠᠨᠵᠧᠦ᠂ ᠰᠢᠨᠢᠩ᠂ ᠢᠷᠭᠠᠢ ᠂ ᠦᠷᠦᠮᠴᠢ ᠵᠡᠷᠭᠡ 31 ᠬᠤᠲᠠ  ᠶᠢ ᠵᠢᠭᠠᠵᠤ ᠪᠤᠶ᠃ ᠭᠤᠷᠪᠠᠳᠤᠭᠠᠷ ᠲᠡᠰ ᠤᠨ ᠬᠤᠲᠠ ᠭᠡᠳᠡᠭ ᠨᠢ ᠲᠠᠩᠱᠠᠨ᠂ ᠴᠢᠨ ᠬᠤᠸᠠᠩ ᠳ᠋ᠣᠣ᠂ ᠪᠤᠭᠤᠲᠤ᠂ ᠳ᠋ᠠᠨ ᠳ᠋ᠦᠩ᠂ ᠵᠢᠨᠵᠧᠦ᠂ ᠭᠢᠷᠢᠨ᠂ ᠮᠦᠳᠠᠨᠵᠢᠶᠠᠩ᠂ ᠥᠰᠢ᠂ ᠰᠢᠦ᠋ᠢᠵᠸᠤ᠂ ᠶᠠᠩᠵᠸᠤ᠂ ᠸᠧᠨᠵᠸᠤ᠂ ᠶᠢᠨ ᠬᠤᠸᠠ᠂ ᠪᠸᠡᠭᠪᠦ᠋᠂ ᠠᠨᠴᠢᠩ᠂ ᠴᠢᠤᠸᠠᠨᠵᠸᠦ᠂ ᠵᠢᠦᠵᠢᠶᠠᠩ᠂ ᠭᠠᠨᠵᠸᠤ᠂ ᠶᠠᠨᠲ᠋ᠠᠢ᠂ ᠵᠢᠨᠢᠩ᠂ ᠯᠦᠸᠧᠶᠠᠩ᠂ ᠫᠢᠩ ᠳ᠋ᠢᠩ ᠱᠠᠨ᠂ ᠢᠴᠠᠩ᠂ ᠰᠢᠶᠠᠩᠶᠠᠩ᠂ ᠶᠦᠸᠧᠶᠠᠩ᠂ ᠴᠠᠩ ᠳ᠋ᠧ᠂ ᠱᠤᠤ ᠭᠤᠸᠠᠨ᠂ ᠵᠠᠨᠵᠢᠶᠠᠩ᠂ ᠾᠦᠢᠵᠸᠤ᠂ ᠭᠦᠢᠯᠢᠨ ᠂ ᠪᠸᠢᠢᠬᠠᠢ᠂ ᠰᠠᠨᠶᠠ᠂ ᠯᠦᠵᠸᠤ᠂ ᠨᠠᠨᠴᠦ᠋ᠡᠭ᠂ ᠽᠦᠨ ᠢ᠂ ᠳ᠋ᠠᠯᠢ ᠵᠡᠷᠭᠡ 35 ᠬᠤᠲᠠ ᠶᠢ ᠵᠢᠭᠠᠵᠤ ᠪᠠᠶᠢᠨ᠎ᠠ᠃ ᠢᠷᠡᠯᠲᠡ᠄ ᠲᠥᠪ ᠲᠧᠯᠸᠢᠰ ᠤᠨ ᠰᠣᠨᠢᠨ ᠮᠡᠳᠡᠭᠡ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1