ᠲᠢᠶᠠᠨ ᠽᠠᠩ ᠪᠠᠶᠠᠷ
ᠨᠡᠶᠢᠲᠡᠯᠡᠭᠰᠡᠨ ᠴᠠᠭ᠄
2025/2/24
       ᠲᠢᠶᠠᠨ ᠽᠠᠩ ᠪᠠᠶᠠᠷ ᠪᠣᠯ ᠳᠤᠮᠳᠠᠳᠤ ᠤᠯᠤᠰ ᠤᠨ ᠠᠷᠠᠳ ᠤᠨ ᠰᠢᠨ᠎ᠡ ᠵᠢᠯ ᠳᠤ ᠲᠠᠪᠤᠨ ᠲᠠᠷᠢᠶ᠎ᠠ ᠡᠯᠪᠡᠭ ᠬᠤᠷᠢᠶᠠᠯᠲᠠ ᠣᠯᠬᠤ ᠶᠢ ᠪᠡᠯᠭᠡᠳᠡᠭᠰᠡᠨ ᠪᠠᠶᠠᠷ ᠤᠨ ᠡᠳᠦᠷ ᠶᠤᠮ᠃ ᠪᠢᠯᠢᠭ ᠤᠨ ᠤᠯᠠᠷᠢᠯ ᠤᠨ ᠴᠠᠭᠠᠨ ᠰᠠᠷ᠎ᠠ ᠶᠢᠨ ᠬᠤᠷᠢᠨ ᠤ ᠡᠳᠦᠷ ᠢ ᠪᠠᠭ᠎ᠠ ᠲᠢᠶᠠᠨ ᠽᠠᠩ ᠪᠠᠶᠠᠷ᠂ ᠴᠠᠭᠠᠨ ᠰᠠᠷ᠎ᠠ ᠶᠢᠨ ᠬᠤᠷᠢᠨ ᠲᠠᠪᠤᠨ ᠤ ᠡᠳᠦᠷ ᠢ  ᠤᠯᠠᠮᠵᠢᠯᠠᠯᠳᠦ ᠲᠢᠶᠠᠨ ᠽᠠᠩ ᠪᠠᠶᠠᠷ ᠭᠡᠳᠡᠭ᠂ ᠲᠣᠭᠲᠠᠬᠤ ᠰᠢᠶᠠᠨ ᠳᠤ ᠤᠯᠠᠮᠵᠢᠯᠠᠭᠳᠠᠵᠤ ᠢᠷᠡᠭᠰᠡᠨ ᠲᠢᠶᠠᠨ ᠽᠠᠩ ᠪᠠᠶᠠᠷ ᠤᠨ ᠡᠳᠦᠷ ᠤᠨ ᠵᠠᠩ ᠦᠢᠯᠡ ᠪᠤᠯ ᠬᠦᠷᠢᠶᠡᠨ ᠳᠣᠲᠣᠷ᠎ᠠ ᠪᠤᠶᠤ ᠲᠠᠯᠠᠪᠤᠷ ᠲᠤ ᠳᠡᠪᠢᠭᠦᠷ ᠲᠤ ᠡᠪᠡᠰᠦ ᠮᠣᠳᠣᠨ ᠤ ᠦᠨᠡᠰᠦ ᠬᠢᠵᠦ᠂ ᠰᠢᠳᠠᠮ ᠢᠶᠠᠷ ᠵᠢᠭᠳᠡ ᠲᠣᠭᠰᠢᠵᠤ᠂ ᠭᠠᠵᠠᠷ ᠳᠡᠭᠡᠷ᠎ᠡ ᠠᠮᠤ ᠪᠤᠳᠠᠭᠠᠨ ᠤ ᠬᠥᠮᠥᠷᠭᠡ ᠭᠡᠰᠡᠨ ᠤᠳᠬ᠎ᠠ ᠲᠠᠢ ᠵᠢᠷᠤᠭ ᠢ ᠰᠠᠴᠤᠵᠤ᠂ ᠬᠠᠵᠠᠭᠤ ᠳᠤᠨᠢ ᠱᠠᠲᠤ᠂ ᠮᠠᠯᠲᠠᠭᠤᠷ᠂ ᠱᠦᠭᠦᠷ᠂ ᠳᠡᠪᠢᠭᠦᠷ᠂ ᠤᠳᠬᠤᠭᠤᠷ ᠵᠡᠷᠭᠡ ᠶᠢᠨ ᠲᠠᠷᠢᠶᠠᠯᠠᠩ ᠤᠨ ᠪᠠᠭᠠᠵᠢ ᠶᠢᠨ ᠵᠢᠷᠤᠭ ᠢ ᠵᠢᠷᠤᠳᠠᠭ᠃ ᠪᠠᠭ᠎ᠠ ᠲᠢᠶᠠᠨ ᠽᠠᠩ ᠪᠠᠶᠠᠷ ᠡᠳᠦᠷ ᠤᠨ ︽ᠠᠮᠤ ᠪᠤᠳᠠᠭᠠᠨ ᠤ ᠬᠥᠮᠥᠷᠭᠡ︾ ᠨᠢ ᠵᠣᠨ ᠤ ᠤᠯᠠᠷᠢᠯ ᠤᠨ ᠡᠯᠪᠡᠭ ᠬᠤᠷᠢᠶᠠᠯᠲᠠ ᠶᠢ ᠪᠡᠯᠭᠡᠳᠡᠵᠦ᠂ ᠭᠤᠤᠯ ᠳᠤᠨᠢ ᠪᠠᠭ᠎ᠠ ᠬᠡᠮᠵᠢᠶᠡᠨ ᠤ ᠵᠣᠨ ᠤ ᠠᠮᠤ ᠪᠤᠳᠠᠭ᠎ᠠ ᠲᠠᠯᠪᠢᠨ᠎ᠠ᠃ ᠤᠯᠠᠮᠵᠢᠯᠠᠯᠳᠦ ᠲᠢᠶᠠᠨ ᠽᠠᠩ ᠪᠠᠶᠠᠷ ᠡᠳᠦᠷ ᠤᠨ ︽ᠠᠮᠤ ᠪᠤᠳᠠᠭᠠᠨ ᠤ ᠬᠥᠮᠥᠷᠭᠡ︾ ᠨᠢ ᠨᠠᠮᠤᠷ ᠤᠨ ᠡᠯᠪᠡᠭ ᠬᠤᠷᠢᠶᠠᠯᠲᠠ ᠶᠢ ᠪᠡᠯᠭᠡᠳᠡᠵᠦ᠂ ᠨᠠᠮᠤᠷ ᠤᠨ ᠠᠮᠤ ᠪᠤᠳᠠᠭ᠎ᠠ ᠪᠠᠨ ᠲᠠᠯᠪᠢᠵᠤ᠂ ᠬᠠᠮᠤᠭ ᠰᠡᠭᠦᠯ ᠳᠤᠨᠢ ᠡᠰᠢ ᠰᠦᠷᠡᠯ ᠢᠶᠠᠷ ᠢᠶᠠᠨ ᠳᠠᠷᠤᠳᠠᠭ᠂ ᠡᠭᠦᠨ ᠢ ᠬᠥᠮᠥᠷᠭᠡ ᠳᠠᠷᠤᠬᠤ ᠭᠡᠳᠡᠭ᠃ ᠲᠢᠶᠠᠨ ᠽᠠᠩ ᠪᠠᠶᠠᠷ ᠨᠢ ᠦᠨᠡᠨ ᠳᠡᠭᠡᠨ ᠬᠥᠮᠥᠰ ᠤᠨ ᠨᠢᠭᠡ ᠵᠦᠢᠯ ᠤᠨ ᠰᠠᠶᠢᠨ ᠰᠠᠶᠢᠬᠠᠨ ᠪᠡᠯᠭᠡᠳᠡᠯ ᠨᠠᠶᠢᠳᠠᠯᠭ᠎ᠠ ᠪᠣᠯᠣᠨ᠎ᠠ᠂ ᠪᠣᠷᠣᠭᠠᠨ ᠬᠤᠷ᠎ᠠ ᠲᠡᠭᠰᠢ᠂ ᠲᠠᠪᠤᠨ ᠲᠠᠷᠢᠶ᠎ᠠ ᠡᠯᠪᠡᠭ ᠬᠤᠷᠢᠶᠠᠯᠲᠠ ᠲᠠᠢ᠂ ᠠᠮᠤ ᠪᠤᠳᠠᠭ᠎ᠠ ᠡᠯᠪᠡᠭ ᠳᠡᠯᠪᠡᠭ᠂ ᠢᠳᠡᠵᠦ ᠡᠮᠦᠰᠬᠦ ᠪᠠᠷ ᠡᠯᠪᠡᠭ ᠳᠡᠯᠪᠡᠭ᠂ ᠰᠢᠨ᠎ᠡ ᠵᠢᠯ ᠳᠤ ᠡᠯᠪᠡᠭ ᠬᠤᠷᠢᠶᠠᠯᠲᠠ ᠣᠯᠬᠤ ᠶᠢ ᠬᠦᠰᠡᠭᠰᠡᠨ ᠵᠦᠩᠨᠡᠯ ᠪᠤᠯᠤᠨ᠎ᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1