2 ᠳ᠋ᠤᠭᠠᠷ ᠰᠠᠷ᠎ᠠ ᠶᠢᠨ 19 ᠤ ᠡᠳᠦᠷ᠂ ᠲᠣᠭᠲᠠᠬᠤ ᠰᠢᠶᠠᠨ ᠤ ᠨᠠᠮ ᠤᠨ ᠬᠤᠷᠢᠶᠠᠨ ᠤ ᠨᠢᠭᠡᠳᠦᠮᠡᠯ | ᠹᠷᠣᠨᠲ ᠤᠨ ᠬᠡᠯᠲᠡᠰ᠂ ᠲᠣᠭᠲᠠᠬᠤ ᠰᠢᠶᠠᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠠᠴᠠ ᠭᠤᠤᠯᠴᠢᠯᠠᠨ | ᠡᠷᠭᠢᠯᠡᠭᠰᠡᠨ ︽ᠲᠡᠦᠬᠡ ᠶᠢᠨ ᠳᠤᠷᠠᠰᠬᠠᠯᠲᠤ ᠵᠦᠢᠯᠡᠰ ᠤᠨ ᠲᠤᠬᠠᠢ ᠥᠭᠦᠯᠡᠯᠲᠡ︾ ᠶᠢᠨ ᠰᠦᠯᠵᠢᠶᠡᠨ ᠤ ᠨᠢᠭᠡᠳᠦᠮᠡᠯ | ᠹᠷᠣᠨᠲ ᠤᠨ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠰᠢᠶᠠᠨ ᠤ ᠮᠦᠽᠧᠢ ᠳᠤ ᠵᠢᠩᠬᠢᠨᠢ ᠪᠠᠷ ᠡᠬᠢᠯᠡᠪᠡ᠃ | ᠠᠵᠢᠯᠯᠠᠭ᠎ᠠ ᠶᠢᠨ ᠳᠤᠮᠳᠠ᠂ 20 ᠭᠤᠣᠯ ᠨᠡᠪᠲᠡᠷᠡᠭᠦᠯᠦᠭᠴᠢ 8 ᠲᠡᠦᠬᠡ ᠰᠣᠶᠣᠯ ᠤᠨ ᠡᠷᠳᠡᠮᠲᠡᠨ ᠲᠠᠢ ᠬᠠᠮᠲᠤ | ᠰᠢᠶᠠᠨ ᠤ ᠮᠦᠽᠧᠢ᠂ ᠤᠮᠠᠷᠠᠲᠤ ᠶᠢᠨ ᠰᠣᠶᠣᠯ ᠤᠨ ᠤᠷᠳᠤ ᠬᠤᠩᠭᠢᠯ ᠵᠢᠴᠢ ᠶᠦᠨ ᠵᠦᠩ ᠵᠢᠶᠦ᠋ᠨ ᠤ ᠭᠤᠣᠯ | ᠰᠡᠳᠦᠪᠲᠦ ᠰᠣᠶᠣᠯ ᠤᠨ ᠴᠡᠴᠡᠷᠯᠢᠭ ᠲᠤ ᠬᠦᠷᠴᠦ᠂ ᠵᠢᠪᠦᠯᠳᠡ ᠮᠠᠶ᠋ᠢᠭ ᠤᠨ ᠲᠣᠭᠤᠷᠢᠨ ᠦᠵᠡᠬᠦ᠂ ᠲᠡᠦᠬᠡ ᠶᠢᠨ | ᠳᠤᠷᠠᠰᠬᠠᠯᠲᠤ ᠵᠦᠢᠯᠡᠰ ᠤᠨ ᠦᠯᠢᠭᠡᠷ ᠤᠨ ᠲᠠᠶᠢᠯᠤᠮᠵᠢ ᠪᠣᠯᠣᠨ ᠰᠢᠨ᠎ᠡ ᠵᠠᠭᠤᠴᠢᠯᠠᠭᠤᠷ ᠤᠨ ᠳᠠᠮᠵᠢᠭᠤᠯᠭ᠎ᠠ ᠶᠢᠨ | ᠤᠷ᠎ᠠ ᠮᠡᠷᠭᠡᠵᠢᠯ ᠤᠨ ᠰᠣᠯᠢᠯᠴᠠᠭ᠎ᠠ ᠪᠠᠷ ᠳᠠᠮᠵᠢᠭᠤᠯᠵᠤ᠂ ︽ᠲᠡᠦᠬᠡ ᠶᠢᠨ ᠳᠤᠷᠠᠰᠬᠠᠯᠲᠤ ᠵᠦᠢᠯᠡᠰ ᠢ ᠠᠮᠢᠯᠠᠭᠤᠯᠬᠤ︾ | ᠰᠢᠨ᠎ᠡ ᠶᠢ ᠡᠭᠦᠳᠬᠦ ᠢᠯᠡᠳᠬᠡᠯᠲᠡ ᠶᠢ ᠬᠠᠶᠢᠨ ᠰᠦᠪᠡᠭᠴᠢᠯᠡᠵᠡᠢ᠃ | ︽ᠠᠵᠢᠯᠯᠠᠭ᠎ᠠ ᠨᠢ ᠰᠦᠯᠵᠢᠶᠡᠨ ᠤ ᠬᠥᠮᠥᠰ ᠲᠤ ᠰᠣᠶᠣᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ᠂ | ᠰᠢᠭᠤᠳ ᠨᠡᠪᠲᠡᠷᠡᠭᠦᠯᠬᠦ ᠠᠭᠤᠯᠭ᠎ᠠ ᠶᠢ ᠪᠠᠶᠠᠯᠢᠭᠵᠢᠭᠤᠯᠬᠤ ᠲᠠᠪᠴᠠᠩ ᠢ ᠪᠠᠶᠢᠭᠤᠯᠵᠤ ᠥᠭᠭᠦᠭᠰᠡᠨ ᠢᠶᠠᠷ ᠪᠠᠷᠠᠬᠤ | ᠦᠭᠡᠢ ᠪᠠᠰᠠ ᠰᠢᠨ᠎ᠡ ᠵᠠᠭᠤᠴᠢᠯᠠᠭᠤᠷ ᠤᠨ ᠵᠢᠭᠰᠠᠭᠠᠯ ᠢᠶᠠᠷ ᠳᠠᠮᠵᠢᠭᠤᠯᠤᠨ ᠲᠤᠭᠳᠠᠬᠤ ᠰᠢᠶᠠᠨ ᠤ ᠮᠢᠩᠭᠠᠨ ᠣᠨ ᠤ | ᠶᠦᠨ ᠵᠦᠩ ᠰᠣᠶᠣᠯ᠂ ᠬᠠᠳᠤᠨ ᠭᠤᠣᠯ ᠤᠨ ᠰᠣᠶᠣᠯ ᠢ ᠤᠯᠠᠮᠵᠢᠯᠠᠵᠤ᠂ ᠤᠮᠠᠷᠠᠲᠤ ᠬᠢᠯᠢ ᠶᠢᠨ ᠰᠣᠶᠣᠯ ᠤᠨ | ᠲᠦᠷᠦᠯ ᠲᠡᠮᠳᠡᠭ ᠤᠨ ᠪᠠᠶᠢᠭᠤᠯᠤᠯᠲᠠ ᠪᠣᠯᠣᠨ ᠰᠣᠶᠣᠯ ᠵᠤᠭᠠᠴᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠵᠠᠢ︾ | ᠭᠡᠵᠦ ᠰᠢᠶᠠᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ ᠷᠧᠨ ᠯᠸ ᠫᠢᠩ | ᠰᠤᠷᠪᠤᠯᠵᠢᠯᠠᠭᠴᠢ ᠳᠤ ᠬᠡᠯᠡᠪᠡ᠃ | ︽ᠮᠦᠽᠧᠢ ᠶᠢ ᠲᠣᠭᠤᠷᠢᠨ ᠦᠵᠡᠵᠦ᠂ ᠮᠢᠩᠭᠠᠨ ᠵᠢᠯ ᠤᠨ ᠲᠡᠦᠬᠡ ᠶᠢᠨ ᠳᠤᠷᠠᠰᠬᠠᠯᠲᠤ ᠵᠦᠢᠯᠡᠰ ᠢᠶᠠᠷ | ᠳᠠᠮᠵᠢᠨ ᠪᠢᠳᠡ ᠶᠦᠨ ᠵᠦᠩ ᠤᠨ ᠬᠥᠭᠵᠢᠯᠲᠡ ᠶᠢᠨ ᠶᠠᠪᠤᠴᠠ ᠶᠢ ᠣᠶᠢᠯᠠᠭᠠᠵᠤ᠂ ᠶᠦᠨ ᠵᠦᠩ ᠡᠷᠲᠡᠨ ᠤ | ᠬᠤᠳᠠ ᠶᠢᠨ ᠮᠢᠩᠭᠠᠨ ᠵᠢᠯ ᠤᠨ ᠬᠥᠭᠵᠢᠯᠲᠡ ᠪᠣᠯᠣᠨ ᠠᠭᠤᠰᠤᠯᠴᠠᠯ ᠤᠨ ᠲᠡᠦᠬᠡ ᠨᠢ ᠴᠥᠮ ᠲᠡᠦᠬᠡ ᠶᠢᠨ | ᠳᠤᠷᠠᠰᠬᠠᠯᠲᠤ ᠵᠦᠢᠯᠡᠰ ᠤᠨ ᠳᠤᠮᠳᠠ ᠭᠡᠷᠡᠴᠢᠯᠡᠭᠳᠡᠪᠡ᠃ ᠢᠷᠡᠭᠡᠳᠦᠢ ᠳᠤ ᠪᠢᠳᠡ ᠨᠡᠩ ᠤᠯᠠᠨ ᠲᠤᠭᠳᠠᠬᠤ ᠶᠢᠨ | ᠦᠯᠢᠭᠡᠷ ᠢ ᠶᠠᠷᠢᠨ᠎ᠠ᠂ ᠵᠢᠱᠢᠶᠡᠯᠡᠪᠡᠯ ᠳ᠋ᠦᠩ ᠱᠧᠩ ᠸᠧᠢ ᠶᠢᠨ ᠬᠠᠭᠤᠴᠢᠨ ᠬᠤᠳᠠ᠂ ᠾᠧ ᠺᠧᠦ ᠶᠢᠨ ᠡᠷᠲᠡᠨ ᠤ | ᠪᠠᠯᠭᠠᠰᠤ᠂ ᠶᠦᠨ ᠵᠦᠩ ᠬᠤᠳᠠ᠂ ᠬᠠᠳᠤᠨ ᠭᠤᠣᠯ ᠤᠨ ᠵᠠᠩ ᠦᠢᠯᠡ ᠶᠢᠨ ᠰᠣᠶᠣᠯ ᠵᠡᠷᠭᠡ ᠨᠢ ᠲᠡᠦᠬᠡ ᠶᠢᠨ | ᠳᠤᠷᠠᠰᠬᠠᠯᠲᠤ ᠵᠦᠢᠯᠡᠰ ᠢ ᠵᠢᠩᠬᠢᠨᠢ ︿ᠠᠮᠢᠵᠢᠷᠠᠭᠤᠯᠬᠤ﹀ ᠪᠣᠯᠭᠠᠵᠤ᠂ ᠨᠡᠩ ᠤᠯᠠᠨ ᠬᠥᠮᠥᠰ ᠢ ᠮᠢᠨᠤ ᠨᠤᠲᠤᠭ ︱ | ᠮᠢᠩᠭᠠᠨ ᠣᠨ ᠤ ᠡᠷᠲᠡᠨ ᠤ ᠶᠦᠨ ᠵᠦᠩ᠂ ᠷᠢᠳᠢ ᠰᠢᠳᠢ ᠲᠠᠢ ᠲᠤᠭᠳᠠᠬᠤ ᠳᠤ ᠳᠠᠳᠠᠨ ᠣᠷᠣᠭᠤᠯᠤᠨ᠎ᠠ︾ ᠭᠡᠵᠦ | ᠬᠤᠪᠢ ᠶᠢᠨ ᠵᠠᠭᠤᠴᠢᠯᠠᠭᠤᠷ ᠤᠨ ᠬᠥᠮᠥᠨ ᠸᠠᠩ ᠨᠠ ᠰᠤᠷᠪᠤᠯᠵᠢᠯᠠᠭᠴᠢ ᠳᠤ ᠬᠡᠯᠡᠵᠡᠢ᠃ | ᠣᠶᠢᠯᠠᠭᠠᠭᠰᠠᠨ ᠢᠶᠠᠷ᠂ ︽ᠲᠡᠦᠬᠡ ᠶᠢᠨ ᠳᠤᠷᠠᠰᠬᠠᠯᠲᠤ ᠵᠦᠢᠯᠡᠰ ᠤᠨ ᠲᠤᠬᠠᠢ ᠶᠠᠷᠢᠬᠤ ᠳᠠᠭᠠᠨ ︿ᠲᠡᠦᠬᠡ ᠶᠢᠨ | ᠲᠤᠷᠠᠰᠬᠠᠯᠳᠦ ᠵᠦᠢᠯᠡᠰ ᠤᠨ ᠲᠤᠬᠠᠢ ᠦᠭᠦᠯᠡᠯᠳᠡ ᠪᠣᠯ ᠲᠣᠭᠲᠠᠬᠤ ᠰᠢᠶᠠᠨ ᠤ ᠨᠢᠭᠡᠳᠦᠮᠡᠯ ᠹᠷᠣᠨᠲ ᠤᠨ ︿ | ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ﹀ ᠰᠢᠷᠢᠰ ᠠᠵᠢᠯᠯᠠᠭ᠎ᠠ ᠶᠢᠨ ᠠᠩᠬᠠᠨ ᠤ ᠥᠷᠲᠡᠭᠡ | ᠮᠥᠨ᠂ ᠵᠠᠯᠭᠠᠭᠠᠳ ︽ᠪᠣᠳᠠᠰ ᠤᠨ ᠪᠤᠰᠤ ᠰᠣᠶᠣᠯ ᠤᠨ ᠥᠪ ᠤᠨ ᠲᠤᠰᠬᠠᠢ ᠵᠦᠢᠯᠡᠰ︾ ︽ᠬᠥᠳᠡᠭᠡ ᠲᠣᠰᠬᠤᠨ ᠤ | ᠰᠢᠯᠢᠳᠡᠭ ᠦᠢᠯᠡᠳᠬᠦᠨ ᠤ ᠲᠤᠰᠬᠠᠢ ᠵᠦᠢᠯᠡᠰ︾ ᠵᠡᠷᠭᠡ ᠠᠵᠢᠯᠯᠠᠭ᠎ᠠ ᠶᠢ ᠵᠠᠯᠭᠠᠭ᠎ᠠ ᠪᠠᠷ ᠥᠷᠨᠢᠭᠦᠯᠵᠦ᠂ | ᠰᠦᠯᠵᠢᠶᠡᠨ ᠤ ᠬᠥᠮᠥᠰ ᠤᠨ ᠤᠯᠠᠮᠵᠢᠯᠠᠬᠤ ᠳᠠᠪᠠᠭᠤᠯᠢᠭ ᠢ ᠦᠷᠭᠦᠯᠵᠢᠯᠡᠨ ᠪᠠᠳᠠᠷᠠᠭᠤᠯᠵᠤ᠂ ᠰᠣᠶᠣᠯ ᠢᠶᠠᠷ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠤ ᠦᠢᠯᠡᠰ ᠢ ᠲᠠᠰ ᠳᠡᠪᠰᠢᠭᠦᠯᠵᠦ᠂ ᠰᠢᠨ᠎ᠡ ᠴᠠᠭ ᠦᠶ᠎ᠡ ᠶᠢᠨ | ᠤᠮᠠᠷᠠᠲᠤ ᠶᠢᠨ ᠴᠢᠨᠠᠷ ᠰᠠᠶᠢᠲᠠᠢ ᠬᠥᠭᠵᠢᠯᠲᠡ ᠳᠤ ᠨᠢᠭᠡᠳᠦᠮᠡᠯ ᠹᠷᠣᠨᠲ ᠤᠨ ᠰᠢᠨ᠎ᠡ ᠬᠥᠳᠡᠯᠭᠡᠭᠴᠢ ᠡᠨᠧᠷᠭᠢ ᠨᠡᠮᠡᠷᠢᠯᠡᠬᠦ | ᠪᠣᠯᠣᠨ᠎ᠠ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ | |